ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠬᠯᠠᠭᠠᠨ ᠠᠮᠵᠢᠯᠳᠠ ᠲᠠᠢ ᠲᠠᠬᠦᠰᠪᠡ
ᠨᠡᠶᠢᠲᠡᠯᠡᠭᠰᠡᠨ ᠴᠠᠭ᠄
2019/2/21
      2 ᠳ᠋ᠤᠭᠠᠷ ᠰᠠᠷ᠎ᠠ ᠶᠢᠨ 20᠎ ᠤ ᠡᠳᠦᠷ ᠤᠨ ᠥᠳᠡ ᠶᠢᠨ ᠬᠤᠶᠢᠨ᠎ᠠ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠲᠡᠬᠦᠰᠬᠦ ᠶᠤᠰᠤᠯᠠᠯ ᠥᠪᠥᠷ ᠮᠤᠩᠭᠤᠯ ᠤᠨ ᠮᠥᠰᠥᠨ ᠲᠡᠭᠡᠷᠡᠬᠢ ᠬᠥᠳᠡᠯᠭᠡᠭᠡᠨ ᠤ ᠪᠤᠯᠪᠠᠰᠤᠷᠠᠯ ᠤᠨ ᠲᠥᠪ ᠲᠤ ᠶᠠᠪᠤᠬᠳᠠᠪᠠ᠃      ᠥᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ 2ᠳ᠋ᠤᠭᠠᠷ ᠰᠠᠷ᠎ᠠ ᠶᠢᠨ 16 — 20᠎ ᠤ ᠡᠳᠤᠷ ᠪᠤᠯᠳᠠᠯ᠎ᠠ ᠬᠥᠯᠥᠨ ᠪᠤᠶᠢᠷ ᠬᠤᠳᠠ ᠳᠤ ᠶᠠᠪᠤᠬᠳᠠᠪᠠ᠃ ᠪᠥᠬᠦ ᠤᠷᠤᠨ ᠤ ᠡᠯ᠎ᠠ ᠠᠶᠢᠮᠠᠬ ᠬᠤᠳᠠ᠂ ᠬᠤᠰᠢᠭᠤ ᠰᠢᠶᠠᠨ ᠬᠤᠳᠠ ᠲᠤᠭᠤᠷᠢᠬ᠂ ᠠᠵᠢᠯ ᠲᠥᠷᠥᠯ ᠤᠨ ᠪᠡᠶ᠎ᠠ ᠶᠢᠨ ᠲᠠᠮᠢᠷ ᠤᠨ ᠨᠡᠶᠢᠭᠡᠮᠯᠢᠭ ᠵᠢᠴᠢ ᠠᠵᠤ ᠠᠬᠤᠢᠢᠯᠠᠯ ᠠᠵᠢᠯ ᠥᠢᠯᠡᠰ ᠤᠨ ᠪᠠᠶᠢᠭᠤᠯᠭ᠎ᠠ ᠶᠢᠨ ᠲᠠᠮᠢᠷᠴᠢᠨ᠂ ᠲᠠᠰᠬᠠᠯᠵᠢᠭᠤᠯᠤᠬᠴᠢ᠂ ᠲᠠᠭᠠᠭᠤᠯᠤᠬᠴᠢ ᠵᠢᠴᠢ ᠤᠷᠤᠯᠳᠤᠭᠠᠨ ᠤ ᠬᠢᠨᠠᠬᠴᠢ᠂ ᠠᠵᠢᠯᠳᠠᠨ᠂ ᠵᠠᠭᠤᠴᠢᠯᠠᠭᠤᠷ ᠤᠨ ᠰᠤᠷᠪᠤᠯᠵᠢᠯᠠᠬᠴᠢ ᠨᠡᠶᠢᠳᠠ 3000 ᠭᠠᠷᠤᠢ ᠬᠥᠮᠤᠨ ᠲᠥᠷᠭᠡᠨ ᠲᠠᠰᠢᠯᠳᠠ᠂ ᠤᠢᠢᠷ᠎ᠠ ᠵᠠᠢ ᠶᠢᠨ ᠲᠥᠷᠭᠡᠨ ᠲᠠᠰᠢᠯᠳᠠ᠂ ᠭᠡᠭᠡᠷᠡᠯᠡᠨ ᠴᠠᠨᠠᠯᠠᠬᠤ᠂ ᠠᠭᠤᠯᠠᠨ ᠳᠤ ᠴᠠᠨᠠᠯᠠᠬᠤ᠂ ᠴᠠᠰᠤᠨ ᠪᠠᠶᠢᠯᠳᠤᠭᠠᠨ᠂ ᠴᠠᠰᠤᠨ ᠲᠡᠭᠡᠷᠡᠬᠢ ᠴᠢᠭᠯᠡᠯᠳᠤ ᠤᠷᠤᠯᠳᠤᠭᠠᠨ᠂ ᠴᠠᠰᠤᠨ ᠲᠡᠭᠡᠷᠡᠬᠢ ᠬᠥᠯ ᠪᠥᠮᠪᠦᠭᠡ᠂ ᠮᠥᠰᠤᠨ ᠪᠥᠮᠪᠦᠭᠡ᠂ ᠮᠥᠰᠥᠨ ᠲᠡᠭᠡᠷᠡᠬᠢ ᠯᠤᠤᠳᠤ ᠤᠡᠭᠭᠤᠴᠠ ᠵᠡᠷᠭᠡ 9 ᠲᠤᠮᠤ ᠲᠥᠷᠥᠯ ᠤᠨ ᠥᠷᠢᠰᠥᠯᠳᠤᠬᠡᠨᠳᠤ ᠲᠤᠭᠤᠢᠢᠯᠠᠩ ᠤᠨ ᠲᠠᠮᠢᠷᠴᠢᠳ ᠪᠠ ᠤᠯᠠᠨ ᠲᠥᠮᠡᠨᠴᠢ ᠲᠤᠭᠤᠢᠢᠯᠠᠩ ᠤᠨ ᠤᠷᠤᠯᠳᠤᠭᠠᠨ ᠤ ᠲᠠᠮᠢᠷᠴᠢᠳ ᠤᠷᠤᠯᠳᠤᠭᠠᠨ ᠤ ᠶᠠᠪᠤᠳᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯ ᠳᠤ ᠤᠷᠤᠯᠴᠠᠪᠠ᠃ ᠲᠠᠮᠢᠷᠴᠢᠳ ᠤᠨ ᠬᠤᠷᠴᠠ ᠰᠢᠷᠤᠬᠦᠨ ᠤᠷᠤᠯᠳᠤᠭᠠᠨ ᠢᠶᠠᠷ ᠲᠠᠮᠵᠢᠨ᠂ ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠴᠤᠬᠯᠠᠭᠠᠨ ᠳᠤ ᠡᠴᠤᠰ ᠲᠤ 90 ᠠᠯᠳᠠᠨ ᠮᠧᠳᠠᠯ᠂ 85 ᠮᠥᠡᠭᠭᠦᠨ ᠮᠧᠳᠠᠯ᠂ 83 ᠬᠥᠷᠡᠯ ᠮᠧᠳᠠᠯ ᠤᠨ ᠡᠵᠡᠨ ᠲᠤᠳᠤᠷᠠᠵᠥ᠂ ᠨᠡᠶᠢᠳᠠ 258 ᠱᠠᠩᠨᠡᠯ ᠤᠨ ᠲᠡᠮᠳᠡᠭ ᠢ ᠲᠠᠮᠢᠷᠴᠢᠳ ᠲᠤ ᠭᠠᠷᠳᠠᠭᠤᠯᠪᠠ᠃      ᠬᠥᠯᠥᠨ ᠪᠤᠶᠢᠷ ᠬᠤᠳᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ᠂ ᠰᠢᠯᠢ ᠶᠢᠨ ᠭᠤᠤᠯ ᠠᠶᠢᠮᠠᠬ ᠤᠨ ᠰᠤᠶᠤᠯ ᠪᠡᠶ᠎ᠠ ᠶᠢᠨ ᠲᠠᠮᠢᠷ ᠵᠢᠭᠤᠯᠴᠢᠯᠠᠯ ᠷᠡᠳᠢᠣ᠋ ᠲᠧᠯᠸᠢᠰ ᠤᠨ ᠲᠤᠪᠴᠢᠶ᠎ᠠ ᠥᠷᠢᠰᠥᠯᠳᠥᠭᠡᠨᠳᠤ ᠤᠷᠤᠯᠳᠤᠭᠠᠨ ᠤ ᠵᠤᠬᠢᠶᠠᠨ ᠪᠠᠶᠢᠭᠤᠯᠤᠯᠳᠠ ᠶᠢᠨ  ᠰᠢᠯᠢᠳᠡᠭ ᠱᠠᠩᠨᠠᠯ ᠬᠥᠷᠳᠡᠵᠥ᠂ ᠬᠥᠯᠥᠨ ᠪᠤᠶᠢᠷ ᠬᠤᠳᠠ ᠶᠢᠨ ᠲᠥᠯᠥᠭᠡᠯᠡᠭᠴᠢ ᠶᠢᠨ ᠪᠥᠯᠬᠦᠮ᠂ ᠬᠥᠬᠡᠬᠤᠳᠠ ᠶᠢᠨ ᠲᠥᠯᠥᠭᠡᠯᠡᠭᠴᠢ ᠶᠢᠨ ᠪᠥᠯᠬᠦᠮ ᠵᠡᠷᠭᠡ 9 ᠲᠥᠯᠥᠭᠡᠯᠡᠭᠴᠢ ᠶᠢᠨ ᠪᠥᠯᠬᠦᠮ ᠥᠷᠢᠰᠥᠯᠳᠤᠬᠡᠨᠳᠤ ᠤᠷᠤᠯᠳᠤᠭᠠᠨ ᠤ ᠬᠠᠮᠳᠤ ᠨᠢᠬᠡᠴᠢ ᠶᠢᠨ ᠰᠢᠯᠢᠳᠡᠭ ᠱᠠᠩᠨᠠᠯ᠂ ᠬᠥᠬᠡᠬᠤᠳᠠ ᠶᠢᠨ ᠲᠥᠯᠥᠭᠡᠯᠡᠭᠴᠢ ᠶᠢᠨ ᠪᠥᠯᠬᠦᠮ᠂ ᠪᠤᠭᠤᠳᠤ ᠬᠤᠳᠠ ᠶᠢᠨ ᠲᠥᠯᠥᠭᠡᠯᠡᠭᠴᠢ ᠶᠢᠨ ᠪᠥᠯᠬᠦᠮ ᠵᠡᠷᠭᠡ 14 ᠲᠥᠯᠥᠭᠡᠯᠡᠭᠴᠢ ᠶᠢᠨ ᠪᠥᠯᠬᠦᠮ ᠪᠡᠶ᠎ᠠ ᠶᠢᠨ ᠲᠠᠮᠢᠷ ᠎ ᠤᠨ ᠶᠤᠰᠤ ᠰᠤᠷᠳᠠᠬᠤᠨ ᠤ ᠱᠠᠩᠨᠠᠯ᠂ ᠬᠥᠬᠡᠬᠤᠳᠠ ᠶᠢᠨ ᠲᠥᠯᠥᠭᠡᠯᠡᠭᠴᠢ ᠶᠢᠨ ᠪᠥᠯᠬᠦᠮ᠂ ᠬᠢᠨᠭ᠍ᠭᠠᠨ ᠠᠶᠢᠮᠠᠬ ᠤᠨ ᠲᠥᠯᠥᠭᠡᠯᠡᠭᠴᠢ ᠶᠢᠨ ᠪᠥᠯᠬᠦᠮ ᠵᠡᠷᠭᠡ 32 ᠲᠥᠯᠥᠭᠡᠯᠡᠭᠴᠢ ᠶᠢᠨ ᠪᠥᠯᠬᠦᠮ ᠬᠠᠮᠳᠤ ᠨᠢᠬᠡᠴᠢ ᠶᠢᠨ ᠢᠷᠡᠭᠤ ᠠᠯᠳᠠᠷ ᠢ ᠬᠥᠷᠳᠡᠪᠠ᠃      ᠥᠪᠡᠷᠳᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠪᠡᠶ᠎ᠡ ᠶᠢᠨ ᠲᠠᠮᠢᠷ ᠎ ᠤᠨ ᠴᠤᠬᠯᠠᠭᠠᠠ ᠪᠤᠯ ᠮᠠᠨ ᠤ ᠤᠷᠤᠨ ᠤ ᠡᠪᠤᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠬᠥᠭᠵᠢᠯᠳᠠ ᠶᠢᠨ ᠲᠥᠪᠰᠢᠨ ᠢ ᠪᠠᠶᠢᠴᠠᠭᠠᠨ ᠰᠢᠯᠭᠠᠬᠰᠠᠨ ᠴᠤᠬᠯᠠᠭᠠᠨ᠂ ᠨᠠᠩ ᠴᠢᠬᠤᠯᠠ ᠨᠢ ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠢ ᠤᠬᠳᠤᠬᠰᠠᠨ ᠤᠳᠤᠷᠢᠳᠬᠠᠯ ᠬᠥᠭᠵᠢᠮ᠂ ᠲᠤᠮᠤ ᠰᠤᠷᠢᠯᠳᠠ ᠪᠤᠯᠬᠤ ᠶᠤᠮ᠃ ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠴᠤᠬᠯᠠᠭᠠᠨ ᠢ ᠠᠮᠵᠢᠯᠳᠠ ᠲᠠᠢ ᠡᠷᠬᠢᠯᠡᠭᠰᠡᠨ ᠨᠢ ᠪᠥᠬᠦ ᠤᠷᠤᠨ ᠤ ᠡᠪᠤᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠤᠯᠤᠬᠰᠠᠨ ᠥᠷ᠎ᠠ ᠪᠥᠳᠥᠮᠵᠢ ᠶᠢ ᠪᠥᠬᠦ ᠲᠠᠯ᠎ᠠ ᠪᠠᠷ ᠢᠯᠡᠷᠡᠬᠦᠯᠵᠥ᠂ ᠠᠷᠪᠠᠨ ᠲᠥᠷᠪᠡᠳᠤᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠪᠡᠯᠡᠳᠭᠡᠯ ᠠᠵᠢᠯ ᠳᠤ ᠲᠤᠷᠰᠢᠯᠭ᠎ᠠ ᠬᠤᠷᠠᠮᠳᠤᠭᠤᠯᠤᠨ᠂ ᠲᠠᠮᠢᠷᠴᠢᠳ ᠤᠨ ᠡᠩᠨᠡᠭᠡ ᠶᠢ ᠪᠤᠯᠪᠠᠰᠤᠷᠠᠭᠤᠯᠵᠥ᠂ ᠪᠥᠬᠦ ᠤᠷᠤᠨ ᠤ ᠪᠡᠶ᠎ᠠ ᠶᠢᠨ ᠲᠡᠮᠢᠷ ᠤᠨ ᠠᠵᠢᠯ ᠥᠢᠯᠡᠰ ᠤᠨ ᠬᠥᠭᠵᠢᠯᠳᠠ ᠶᠢ ᠤᠯᠠᠮ ᠨᠢᠬᠡ ᠠᠯᠬᠤᠮ ᠠᠬᠢᠭᠤᠯᠬᠤ ᠳᠤ ᠢᠳᠡᠪᠬᠢᠳᠠᠢ ᠮᠥᠷᠳᠡᠭᠡᠨ ᠠᠯᠤᠰ ᠬᠡᠳᠤ ᠶᠢᠨ ᠨᠥᠯᠥᠭᠡ ᠥᠵᠡᠬᠦᠯᠬᠦ ᠨᠢ ᠯᠠᠪᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号