ᠡᠨᠡ ᠵᠢᠯ ᠥᠪᠥᠷ ᠮᠣᠩᠭᠤᠯ ︽ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ 6 ᠲᠠᠯ᠎ᠠ ᠪᠠᠷ ᠡᠷᠴᠢᠮᠯᠡᠨ ᠰᠢᠢᠳᠪᠦᠷᠢᠯᠡᠬᠦ ᠪᠠᠷ ᠪᠣᠢ
ᠨᠡᠶᠢᠲᠡᠯᠡᠭᠰᠡᠨ ᠴᠠᠭ᠄
2019/2/21
     ᠣᠳᠣᠬᠠᠨ ᠳᠤ᠂ ᠮᠠᠨ ᠤ ᠣᠷᠣᠨ ᠤ ᠡᠮ ᠡᠮᠨᠡᠯᠭᠡ ᠶᠢᠨ ᠦᠨᠳᠦᠰᠦᠨ ᠦᠢᠯᠡᠴᠢᠯᠡᠭᠡᠨ ᠤ ᠬᠦᠷᠦᠯᠴᠡᠬᠦ᠋ᠢᠴᠡ ᠴᠢᠨᠠᠷ ᠶᠡᠭᠡ ᠪᠠᠷ ᠨᠡᠮᠡᠭᠳᠡᠵᠡᠢ᠂ ᠭᠡᠪᠡᠴᠦ ᠴᠢᠨᠠᠷᠯᠢᠭ ᠡᠬᠢ ᠪᠠᠶᠠᠯᠢᠭ ᠴᠤᠬᠠᠭ᠂ ᠲᠠᠷᠬᠠᠯᠲᠠ ᠨᠢ ᠲᠡᠭᠰᠢ ᠪᠤᠰᠤ᠂ ᠪᠦᠲᠦᠴᠡ ᠨᠢ ᠵᠦᠢ ᠵᠤᠬᠢᠰ ᠦᠭᠡᠢ ᠪᠠᠶᠢᠵᠤ᠂ ︽ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠨᠢ ᠭᠤᠣᠯᠳᠠᠭᠤ ᠤᠯᠠᠨ ᠲᠦᠮᠡᠨ ᠣᠷᠣᠨ ᠤ ᠳᠣᠲᠣᠷ᠎ᠠ ᠭᠠᠳᠠᠨᠠᠬᠢ ᠲᠣᠮᠣ ᠬᠤᠲᠠ ᠶᠢᠨ ᠲᠣᠮᠣ ᠡᠮᠨᠡᠯᠭᠡ ᠶᠢᠨ ᠲᠤᠰᠬᠠᠶ ᠮᠡᠷᠭᠡᠵᠢᠯᠲᠡᠨ ᠢᠶᠠᠷ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠨ᠎ᠡ᠃ ᠡᠨᠡ ᠵᠢᠯ ᠮᠠᠨ ᠤ ᠣᠷᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ 6 ᠲᠠᠯ᠎ᠠ ᠪᠠᠷ ᠡᠷᠴᠢᠮᠯᠡᠨ ᠰᠢᠢᠳᠪᠦᠷᠢᠯᠡᠬᠦ ᠪᠠᠷ ᠪᠣᠢ᠃      ᠨᠢᠭᠡ ᠳᠤ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠤᠷᠠᠳᠤᠭᠰᠠᠨ ︽ᠲᠥᠯᠥᠪᠵᠢᠭᠦᠯᠦᠨ ᠬᠥᠭᠵᠢᠭᠦᠯᠬᠦ᠂ ᠲᠣᠭᠤᠷᠢᠭ ᠬᠤᠪᠢᠶᠠᠨ ᠬᠡᠰᠡᠭ ᠢ ᠳᠠᠭᠠᠭᠠᠴᠢᠯᠠᠬᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂ ᠠᠵᠢᠯ ᠲᠥᠷᠥᠯ ᠢᠶᠠᠷ ᠨᠢ ᠬᠢᠨᠠᠨ ᠬᠠᠮᠢᠶᠠᠷᠬᠤ︾ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠡᠳᠬᠢᠴᠡ ᠪᠠᠷ᠂ ᠡᠮᠬᠢᠯᠡᠭᠰᠡᠨ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡ ᠶᠢᠨ ᠵᠠᠭᠪᠤᠷ ᠢ ᠶᠡᠬᠡᠪᠡᠷ ᠲᠦᠯᠬᠢᠨ ᠠᠬᠢᠭᠤᠯᠤᠨ᠎ᠠ᠃ ᠬᠤᠶᠠᠷ ᠲᠤ ᠬᠤᠰᠢᠭᠤ ᠰᠢᠶᠠᠨ ᠤ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ᠤ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠤᠨ ᠬᠤᠰᠢᠭᠤ ᠰᠢᠶᠠᠨ ᠠᠴᠠ ᠪᠠᠨ ᠭᠠᠷᠬᠤ ᠦᠭᠡᠢ ᠪᠠᠷ ᠡᠪᠡᠳᠴᠢᠨ ᠦᠵᠡᠭᠦᠯᠬᠦ ᠶᠢ ᠪᠡᠶᠡᠯᠡᠭᠦᠯᠬᠦ ᠶᠢᠨ ᠴᠢᠬᠤᠯᠠ ᠵᠠᠩᠭᠢᠯᠠᠭ᠎ᠠ ᠮᠥᠨ᠃ ᠡᠯ᠎ᠡ ᠭᠠᠵᠠᠷ ᠤᠨ ᠬᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠨᠡᠬᠦ ᠰᠠᠯᠠᠭ᠎ᠠ ᠲᠥᠷᠥᠯ ᠤᠨ ᠲᠣᠬᠢᠷᠠᠭᠤᠯᠤᠯᠲᠠ ᠶᠢ ᠪᠦᠷᠢᠨᠰᠢᠭᠦᠯᠵᠦ᠂ ᠭᠤᠣᠯ ᠪᠣᠯᠬᠤ ᠲᠤᠰᠬᠠᠶ ᠡᠮᠴᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠳᠠᠪᠠᠭᠤᠯᠢᠭ ᠲᠤᠰᠬᠠᠶ ᠡᠮᠴᠢᠯᠡᠭᠡᠨ ᠤ ᠰᠠᠯᠠᠭ᠎ᠠ ᠶᠢ ᠪᠥᠲᠥᠭᠡᠨ ᠪᠠᠶᠢᠭᠤᠯᠵᠤ᠂ ᠦᠮᠡᠨ᠂ ᠵᠢᠷᠦᠬᠡ ᠲᠠᠷᠢᠬᠢᠨ ᠰᠤᠳᠠᠯ ᠤᠨ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠵᠡᠷᠭᠡ ᠶᠢ ᠣᠨᠣᠰᠢᠯᠠᠨ ᠡᠮᠨᠡᠬᠦ ᠴᠢᠳᠠᠪᠤᠷᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠵᠦ᠂ 90%᠎ ᠠᠴᠠ ᠳᠡᠭᠡᠭᠰᠢᠬᠢ ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠦᠨᠳᠦᠰᠦᠨ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠵᠤ᠂ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠥᠪᠰᠢᠨ ᠢᠶᠠᠷ ᠨᠡᠯᠢᠶᠡᠳ ᠥᠨᠳᠥᠷ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢ ᠠᠬᠢᠭᠤᠯᠵᠤ ᠪᠠᠶᠢᠭᠠᠳ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠱᠠᠭᠠᠷᠳᠠᠯᠭ᠎ᠠ ᠳᠤ ᠬᠦᠷᠦᠭᠦᠯᠵᠦ᠂ ᠮᠠᠯᠴᠢᠨ ᠲᠠᠷᠢᠶᠠᠴᠢᠨ ᠤ 90%᠎ ᠶᠢᠨ ᠡᠪᠡᠳᠴᠢᠨ ᠢ ᠰᠢᠶᠠᠨ ᠤ ᠬᠡᠪᠴᠢᠶᠡᠨ ᠳᠣᠲᠣᠷ᠎ᠠ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠡᠮ ᠡᠮᠨᠡᠯᠭᠡ ᠶᠢᠨ ᠪᠠᠶᠢᠭᠤᠯᠤᠮᠵᠢ ᠵᠡᠷᠭᠡ ᠭᠤᠷᠪᠠᠨ ᠱᠠᠲᠤᠨ ᠤ ᠶᠠᠰᠤ ᠴᠢᠨᠠᠷ ᠢ ᠬᠢᠨᠠᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠶᠠᠰᠤ ᠴᠢᠨᠠᠷ ᠢ ᠬᠢᠨᠠᠨ ᠡᠵᠡᠮᠳᠡᠬᠦ ᠠᠵᠢᠯ ᠢ ᠴᠢᠩᠭᠠᠳᠬᠠᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠲᠦᠷᠪᠡ ᠳᠤ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠢᠨᠲ᠋ᠧᠷ ᠰᠦᠯᠵᠢᠶᠡᠨ ᠤ ᠡᠮᠴᠢᠯᠡᠭᠡᠨ ᠤ ᠲᠦᠷᠦᠯ ᠵᠦᠢᠯ ᠪᠣᠯᠤᠨ ︽ᠭᠤᠷᠪᠠᠨ ᠬᠥᠮᠥᠷᠭᠡ ᠨᠢᠭᠡ ᠺᠠᠷᠲ︾᠎ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠨ᠂ ᠠᠶᠢᠮᠠᠭ ᠬᠤᠲᠠ ᠶᠢᠨ ᠣᠷᠣᠨ ᠪᠦᠰᠡ ᠶᠢᠨ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠡᠷᠡᠭᠦᠯ ᠮᠠᠨᠳᠤ ᠶᠢᠨ ᠡᠯᠧᠺᠲᠷᠣᠨ ᠨᠣᠮᠧᠷ ᠤᠨ ᠬᠡᠷᠡᠭᠯᠡᠭᠡᠨ ᠢ ᠪᠣᠶ ᠪᠥᠬᠦᠶ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠳᠤ ᠪᠦᠷᠬᠦᠭᠦᠯᠦᠨ᠎ᠡ᠃ ᠪᠥᠬᠦ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦᠨ ᠳᠤ ᠴᠦᠮ ᠺᠣᠳ᠋ ᠢᠶᠠᠷ ᠡᠪᠡᠳᠴᠢᠨ ᠦᠵᠡᠭᠦᠯᠬᠦ ᠶᠢ ᠪᠡᠶᠡᠯᠡᠭᠦᠯᠦᠨ᠂ 80%᠎ ᠠᠴᠠ ᠳᠡᠭᠡᠭᠰᠢᠬᠢ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠡᠯᠧᠺᠲᠷᠣᠨ ᠨᠣᠮᠧᠷ ᠣᠯᠭᠤᠬᠤ ᠪᠠᠷ ᠴᠢᠷᠮᠠᠶᠢᠬᠤ ᠶᠢᠨ ᠬᠠᠮᠲᠤ ᠡᠪᠡᠳᠴᠢᠨ ᠦᠵᠡᠭᠦᠯᠬᠦ ᠺᠠᠷᠲ ᠢ ᠬᠦᠴᠦᠨ ᠥᠬᠡᠶ ᠪᠣᠯᠭᠠᠨ᠎ᠠ᠃ ᠲᠠᠪᠤ ᠳᠤ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠢ ᠦᠨᠡᠨ ᠪᠣᠳᠠᠲᠠᠢ ᠨᠠᠷᠢᠯᠢᠭ ᠬᠢᠨ᠎ᠡ᠃ ᠭᠡᠷ᠎ᠡ ᠲᠣᠭᠲᠠᠭᠰᠠᠨ ᠭᠡᠷ ᠪᠦᠯᠢ ᠶᠢᠨ ᠡᠮᠴᠢ ᠨᠢ ᠡᠪᠡᠳᠴᠢᠨ ᠦᠵᠡᠵᠦ ᠴᠢᠳᠠᠬᠤ᠂ ᠡᠪᠡᠳᠴᠢᠨ ᠢ ᠰᠠᠶᠢᠨ ᠦᠵᠡᠬᠦ ᠶᠢ ᠦᠨᠡᠨ ᠬᠦ ᠪᠠᠲᠤᠯᠠᠵᠦ᠂ ᠢᠯᠠᠩᠭᠤᠶ᠎ᠠ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠬᠦ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡᠨ ᠤ ᠴᠢᠳᠠᠪᠤᠷᠢ ᠲᠠᠢ ᠪᠠᠶᠢᠯᠭᠠᠵᠤ᠂  ︽ᠢᠨᠲ᠋ᠧᠷ ᠰᠦᠯᠵᠢᠶ᠎ᠡ +︾ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠢ ᠲᠦᠷᠭᠡᠳᠬᠡᠨ ᠠᠬᠢᠭᠤᠯᠵᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠮᠡᠳᠡᠭᠡ ᠵᠠᠩᠬᠢᠴᠢᠯᠬᠠᠰᠠᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠵᠢᠷᠭᠤᠭ᠎ᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠡᠷᠳᠡᠮ ᠰᠢᠨᠵᠢᠯᠡᠭᠡᠨ ᠤ ᠲᠠᠭᠠᠭᠤᠯᠤᠭᠴᠢ ᠶᠢ ᠬᠥᠮᠦᠵᠢᠭᠦᠯᠬᠦ ᠶᠢ ᠲᠥᠷᠭᠡᠳᠬᠡᠨ᠎ᠡ᠃ ︽ᠡᠮᠴᠢᠯᠡᠬᠦ ᠵᠢᠭᠠᠨ ᠰᠤᠷᠭᠠᠬᠤ ᠬᠠᠮᠵᠢᠯᠴᠠᠭ᠎ᠠ︾᠎ ᠶᠢᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠡᠮᠨᠡᠯᠭᠡ ᠶᠢᠨ ᠠᠵᠢᠯᠲᠠᠳ ᠦᠨᠳᠦᠰᠦᠨ ᠱᠠᠲᠤᠨ ᠤ ᠪᠠᠶᠢᠭᠤᠯᠤᠮᠵᠢ ᠳᠤ ᠠᠵᠢᠯ ᠦᠢᠯᠡᠰ ᠪᠦᠲᠦᠭᠡᠬᠦ ᠎ ᠶᠢ ᠵᠣᠷᠢᠭᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠤᠨ ᠣᠷᠴᠢᠨ ᠲᠣᠭᠤᠷᠢᠨ᠂ ᠴᠠᠯᠢᠩ ᠬᠥᠯᠥᠰᠥ᠂ ᠲᠤᠰᠬᠠᠢ ᠮᠡᠷᠭᠡᠵᠢᠯ ᠤᠨ ᠬᠥᠭᠵᠢᠯᠲᠡ᠂ ᠡᠪᠡᠳᠴᠢᠨ ᠦᠵᠡᠭᠦᠯᠬᠦ ᠡᠮᠬᠢ ᠵᠢᠷᠤᠮ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠰᠠᠶᠢᠨ ᠨᠥᠬᠦᠴᠡᠯ ᠪᠦᠷᠢᠯᠳᠦᠭᠦᠯᠦᠨ ᠥᠭᠴᠦ᠂ ᠡᠮ ᠡᠮᠨᠡᠯᠭᠡ ᠶᠢᠨ ᠠᠵᠢᠯᠲᠠᠨ ᠢ ᠲᠠᠭᠠᠯᠠᠮᠵᠢᠲᠠᠶ᠂ ᠰᠠᠨᠠᠭ᠎ᠠ ᠠᠮᠤᠷ ᠰᠡᠳᠭᠢᠯ ᠲᠠᠶᠢᠪᠤᠭᠤ ᠪᠠᠷ ᠡᠪᠡᠳᠴᠢᠲᠡᠨ ᠳᠤ ᠦᠢᠯᠡᠴᠢᠯᠡᠭᠦᠯᠦᠨ᠎ᠡ᠃ ︽ᠡᠮᠨᠡᠯᠭᠡ ᠶᠢᠨ ᠬᠤᠷᠢᠶ᠎ᠠ ᠨᠢᠭᠡᠪᠦᠷᠢ ᠳᠤ ᠴᠥᠮ ᠣᠲᠠᠴᠢ ᠡᠮᠴᠢ ᠲᠠᠢ ᠪᠦᠭᠡᠳ ᠣᠲᠠᠴᠢ ᠡᠮᠴᠢ ᠣᠯᠠᠨ ᠪᠣᠯᠣᠭᠰᠠᠭᠠᠷ᠂ ᠤᠯᠠᠨ ᠲᠦᠮᠡᠨ ᠤ ︿ᠡᠪᠡᠳᠴᠢᠨ ᠦᠵᠡᠭᠦᠯᠬᠦ ᠳᠤ ᠬᠦᠴᠢᠷᠲᠡᠢ﹀ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠬᠤᠪᠢᠷᠠᠭᠤᠯᠬᠤ ᠴᠢᠳᠠᠨ᠎ᠠ︾ ᠬᠡᠮᠡᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ ᠢᠲᠡᠭᠡᠯ ᠳᠦᠭᠦᠷᠡᠩ ᠬᠡᠯᠡᠵᠦ ᠪᠢᠯᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号