ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ | ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠪᠥᠬᠦ ᠣᠷᠣᠨ ᠤ 12 ᠠᠶᠢᠮᠠᠭ ᠬᠤᠲᠠ ᠶᠢᠨ ᠵᠠᠰᠠᠭ ᠤᠨ | ᠣᠷᠳᠣᠨ ᠤ ᠰᠠᠭᠤᠭ᠎ᠠ ᠬᠤᠲᠠ ᠶᠢᠨ ᠠᠭᠠᠷ ᠮᠠᠨᠲᠠᠯ ᠤᠨ ᠶᠠᠰᠤ ᠴᠢᠨᠠᠷ ᠤᠨ ᠳᠤᠮᠳᠠᠴᠢ ᠪᠠᠷᠢᠮᠵᠢᠶ᠎ᠠ ᠳᠤ ᠬᠦᠷᠦᠭᠰᠡᠨ | ᠡᠳᠦᠷ ᠤᠨ ᠲᠤᠭ᠎ᠠ ᠶᠢᠨ ᠬᠠᠷᠢᠴᠠᠯ ᠨᠢ 83.6%᠂ ᠬᠦᠨᠳᠦ ᠪᠣᠬᠢᠷᠲᠤᠯ ᠠᠴᠠ ᠳᠡᠭᠡᠭᠰᠢᠬᠢ ᠡᠳᠦᠷ ᠤᠨ ᠲᠤᠭ᠎ᠠ ᠶᠢᠨ | ᠬᠠᠷᠢᠴᠠᠯ ᠨᠢ 2.0% ᠪᠣᠯᠤᠨ᠎ᠠ᠃ ᠪᠣᠬᠢᠷᠲᠤᠯ ᠪᠣᠳᠠᠰ ᠤᠨ ᠨᠠᠷᠢᠨ ᠮᠥᠬᠦᠯᠢᠭᠲᠦ ᠪᠣᠳᠠᠰ PM 2.5 ᠶᠢᠨ | ᠵᠢᠯ ᠤᠨ ᠳᠤᠮᠳᠠᠴᠢ ᠥᠳᠬᠡᠴᠡ ᠨᠢ 31 ᠮᠢᠺᠷᠤᠭ᠍ᠷᠡᠮ/ᠪᠣᠰᠤᠭ᠎ᠠ ᠳᠥᠷᠪᠡᠯᠵᠢᠨ ᠮᠧᠲᠷ᠂ ᠬᠦᠬᠦᠷ ᠤᠨ ᠳᠠᠪᠬᠤᠷ | ᠢᠰᠦᠯ ᠨᠢ 17 ᠮᠢᠺᠷᠤᠭ᠍ᠷᠡᠮ/ᠪᠣᠰᠤᠭ᠎ᠠ ᠳᠥᠷᠪᠡᠯᠵᠢᠨ ᠮᠧᠲᠷ᠂ ᠠᠽᠣᠲ ᠤᠨ ᠳᠠᠪᠬᠤᠷ ᠢᠰᠦᠯ ᠨᠢ 23 | ᠮᠢᠺᠷᠤᠭ᠍ᠷᠡᠮ/ᠪᠣᠰᠤᠭ᠎ᠠ ᠳᠥᠷᠪᠡᠯᠵᠢᠨ ᠮᠧᠲᠷ᠂ ᠣᠽᠣᠨ ᠨᠢ 146 ᠮᠢᠺᠷᠤᠭ᠍ᠷᠡᠮ/ᠪᠣᠰᠤᠭ᠎ᠠ ᠳᠥᠷᠪᠡᠯᠵᠢᠨ ᠮᠧᠲᠷ᠂ | ᠨᠡᠭᠦᠷᠡᠰᠦᠲᠥ᠋ᠷᠥᠭᠴᠢ ᠶᠢᠨ ᠳᠠᠩ ᠢᠰᠦᠯ ᠨᠢ 1.3 ᠮᠢᠺᠷᠤᠭ᠍ᠷᠡᠮ/ᠪᠣᠰᠤᠭ᠎ᠠ ᠳᠥᠷᠪᠡᠯᠵᠢᠨ ᠮᠧᠲᠷ ᠪᠣᠯᠵᠤ᠂ ᠴᠥᠮ | ᠪᠠᠷᠢᠮᠵᠢᠶ᠎ᠠ ᠳᠤ ᠬᠦᠷᠴᠦ᠂ ᠪᠥᠬᠦ ᠣᠷᠣᠨ ᠤ ᠣᠷᠴᠢᠨ ᠲᠣᠭᠤᠷᠢᠨ ᠤ ᠠᠭᠠᠷ ᠮᠠᠨᠲᠠᠯ ᠤᠨ ᠴᠢᠨᠠᠷ ᠴᠢᠨᠰᠠᠭ᠎ᠠ ᠵᠣᠬᠢᠬᠤ | ᠬᠡᠮᠵᠢᠶ᠎ᠡ ᠪᠠᠷ ᠰᠠᠶᠢᠵᠢᠷᠠᠪᠠ᠃ | ᠡᠳᠦᠷ ᠢᠷᠡᠬᠦᠶ᠎ᠡ ᠴᠡᠪᠡᠷ ᠲᠤᠩᠭᠠᠯᠠᠭ ᠠᠭᠠᠷ ᠲᠠᠢ ᠪᠠᠶᠢᠯᠭᠠᠬᠤ ᠶᠢ ᠪᠡᠶᠡᠯᠡᠭᠦᠯᠦᠭᠰᠡᠨ ᠠᠴᠠ ᠭᠠᠳᠠᠨ᠎ᠠ᠂ | 2018 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠰᠢᠰᠲ᠋ᠧᠮ ᠤᠨ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠴᠥᠮ ᠯᠠᠪᠳᠠᠭᠤᠨ ᠪᠠᠲᠤᠲᠠᠶ ᠠᠬᠢᠭᠤᠯᠤᠭᠰᠠᠨ | ᠪᠥᠭᠡᠳ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠠᠴᠠ ︽ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠪᠣᠯᠤᠨ ᠴᠠᠶᠢᠶ᠋ᠢᠦ ᠲᠣᠰᠣ ᠰᠢᠲᠠᠭᠠᠬᠤ ᠠᠴᠢᠶᠠᠨ ᠤ ᠮᠠᠰᠢᠨ᠂ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ᠂ ᠲᠠᠷᠠᠬᠠᠢ ᠨᠡᠭᠦᠷᠡᠰᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢᠨ ᠲᠥᠰᠦᠯ ᠢ ᠲᠣᠭᠲᠠᠭᠠᠨ ᠨᠡᠶᠢᠲᠡᠯᠡᠵᠦ᠂ 3 ᠰᠠᠷ᠎ᠠ ᠶᠢᠨ ᠬᠤᠭᠤᠴᠠᠭ᠎ᠠ ᠲᠠᠢ ︽ᠠᠯᠬᠤᠮ | ᠳᠠᠷᠠᠭᠠᠯᠠᠬᠤ ᠬᠡᠯᠪᠡᠷᠢ ︾ ᠶᠢᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠭᠤᠣᠯᠳᠠᠯᠭ᠎ᠠ ᠲᠠᠢ ᠭᠠᠵᠠᠷ ᠣᠷᠣᠨ ᠪᠣᠯᠤᠨ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠠᠭᠠᠷ | ᠮᠠᠨᠳᠠᠯ ᠤᠨ ᠪᠣᠬᠢᠷᠲᠤᠯ ᠢ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠪᠥᠬᠦ ᠣᠷᠣᠨ ᠤ | ᠲᠠᠷᠠᠬᠠᠶ ᠪᠤᠲᠠᠷᠬᠠᠶ ᠨᠡᠭᠦᠷᠡᠰᠦ ᠶᠢ ᠨᠡᠶᠢᠲᠡ 64.2 ᠲᠦᠮᠡᠨ ᠲᠣᠨ ᠪᠠᠭᠠᠰᠬᠠᠵᠤ᠂ ᠳᠡᠭᠳᠡᠮᠡᠬᠡᠢ ᠴᠢᠨᠠᠷᠲᠠᠶ ᠣᠷᠭᠠᠨᠢᠭ | ᠪᠣᠳᠠᠰ ᠢ ᠵᠠᠰᠠᠬᠤ 35 ᠲᠥᠷᠥᠯ ᠵᠦᠶᠯ ᠢ ᠬᠡᠷᠡᠭᠵᠢᠭᠦᠯᠵᠦ᠂ 30 ᠲᠦᠮᠡᠨ ᠺᠢᠯᠣᠸᠠᠲ ᠠᠴᠠ ᠳᠡᠭᠡᠭᠰᠢᠬᠢ | ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ 32 ᠰᠠᠭᠤᠷᠢ 1259 ᠲᠦᠮᠡᠨ ᠺᠢᠯᠣᠸᠠᠲ ᠪᠡᠶᠡᠯᠡᠭᠦᠯᠵᠦ᠂ ᠲᠤᠰᠬᠠᠶ ᠣᠷᠣᠨ ᠤ ᠳᠡᠰ ᠤᠨ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠲᠤ ᠦᠯᠡᠳᠡᠵᠦ ᠪᠦᠬᠦᠢ 127 ᠰᠠᠭᠤᠷᠢ 10 ᠲᠣᠨ | ᠠᠭᠤᠷ / ᠴᠠᠭ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ ᠪᠦᠬᠦᠨ ᠢ ᠰᠢᠭᠰᠢᠭᠳᠡᠭᠦᠯᠪᠡ᠃ | ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠳᠤ 398 ᠭᠤᠤᠯᠳᠠᠯᠭ᠎ᠠ ᠲᠠᠢ ᠵᠠᠰᠠᠬᠤ ᠲᠥᠷᠥᠯ ᠵᠦᠶᠯ ᠢ | ᠪᠡᠶᠡᠯᠡᠭᠦᠯᠵᠦ᠂ ᠦᠬᠠᠢ ᠬᠤᠲᠠ ᠶᠢᠨ ᠲᠥᠪ ᠣᠷᠣᠨ ᠤ PM10᠂ PM2.5 ᠶᠢᠨ ᠳᠤᠮᠳᠠᠴᠢ ᠥᠳᠬᠡᠴᠡ | ᠠᠳᠠᠯᠢ ᠬᠤᠭᠤᠴᠠᠭᠠᠨ ᠤ ᠬᠢ ᠠᠴᠠ ᠲᠤᠰ ᠲᠤᠰ 6.6% ᠪᠠ 9.3% ᠪᠠᠷ ᠪᠠᠭᠤᠷᠠᠪᠠ᠃ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠪᠡᠷᠬᠡ ᠰᠡᠳᠦᠪ ᠢ ᠰᠢᠶᠳᠪᠦᠷᠢᠯᠡᠬᠦ ᠭᠤᠷᠪᠠᠨ ᠵᠢᠯ ᠤᠨ ᠲᠥᠯᠥᠪᠯᠡᠭᠡ︾ ᠶᠢ ᠲᠣᠭᠲᠠᠭᠠᠨ ᠨᠡᠶᠢᠲᠡᠯᠡᠵᠦ᠂ ᠤᠰᠤᠨ ᠤ | ᠣᠷᠴᠢᠨ ᠠᠬᠤᠢ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ ᠵᠠᠳᠠᠯᠤᠯᠲᠠ ᠬᠢᠬᠦ᠂ ᠵᠠᠷᠯᠠᠨ ᠮᠡᠳᠡᠭᠳᠡᠵᠦ | ᠤᠷᠢᠳᠴᠢᠯᠠᠨ ᠰᠡᠷᠡᠮᠵᠢᠯᠡᠭᠦᠯᠬᠦ ᠳᠦᠷᠢᠮ ᠢ ᠲᠡᠭᠦᠯᠳᠡᠷᠵᠢᠭᠦᠯᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ 1002 ᠵᠠᠭᠠᠭᠯᠠᠨ ᠲᠣᠭᠲᠠᠭᠠᠵᠤ᠂ 13 ᠬᠡᠰᠡᠭ ᠬᠠᠷ᠎ᠠ | ᠦᠮᠡᠬᠡᠶ ᠣᠰᠣᠨ ᠴᠣᠭᠴᠠ ᠶᠢ ᠵᠠᠰᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰᠣ ᠨᠡᠮᠡᠬᠦ | ᠥᠷᠲᠡᠭᠡ ᠶᠢᠨ ᠭᠠᠵᠠᠷ ᠳᠣᠤᠷᠠᠬᠢ ᠲᠣᠰᠣᠨ ᠰᠠᠪᠠ ᠶᠢᠨ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢ ᠨᠡᠶᠢᠲᠡ 1. | 06 ᠲᠦᠮᠡᠨ ᠬᠤᠪᠢ ᠬᠡᠷᠡᠭᠵᠢᠭᠦᠯᠵᠦ᠂ 358 ᠪᠠᠶᠢᠭᠤᠯᠤᠮᠵᠢᠲᠤ ᠲᠣᠰᠬᠤᠨ ᠳᠤ ᠣᠷᠴᠢᠨ ᠠᠬᠤᠶ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠡᠶᠡᠯᠡᠭᠦᠯᠪᠡ᠃ ︽ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ | ︾ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ | ᠬᠥᠯᠥᠨ ᠨᠠᠭᠤᠷ ᠤᠨ ᠨᠠᠭᠤᠷ ᠤᠨ ᠲᠠᠯᠠᠪᠠᠢ ᠨᠢ 2012 ᠣᠨ ᠤ ᠬᠢ ᠠᠴᠠ 291 ᠲᠡᠭᠰᠢ ᠳᠥᠷᠪᠡᠯᠵᠢᠨ ᠺᠢᠯᠣᠮᠧᠲᠷ | ᠥᠷᠭᠡᠳᠴᠦ᠂ ᠤᠯᠢᠶᠠᠰᠤᠲᠠᠢ ᠨᠠᠭᠤᠷ ᠤᠨ ᠪᠦᠬᠦᠯᠢ ᠴᠣᠭᠴᠠ ᠶᠢᠨ ᠤᠰᠤᠨ ᠤ ᠴᠢᠨᠠᠷ ᠨᠢ 2014 ᠣᠨ ᠤ ᠮᠠᠭᠤ | V ᠲᠥᠷᠥᠯ ᠠᠴᠠ IV ᠲᠥᠷᠥᠯ ᠳᠤ ᠬᠦᠷᠲᠡᠯ᠎ᠡ ᠳᠡᠭᠡᠭᠰᠢᠯᠡᠭᠦᠯᠵᠦ᠂ ᠳᠠᠭ᠋ᠠ ᠶᠢᠨ ᠨᠠᠭᠤᠷ ᠤᠨ ᠤᠰᠤᠨ ᠤ ᠲᠦᠪᠰᠢᠨ | ᠳᠣᠷᠣᠭᠰᠢᠯᠠᠬᠤ ᠬᠠᠨᠳᠤᠰᠢ ᠶᠢ ᠠᠩᠬ᠎ᠠ ᠠᠯᠬᠤᠮ ᠬᠤᠷᠢᠭᠯᠠᠪᠠ᠃ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠥᠪᠥᠷ ᠮᠣᠩᠭᠤᠯ ᠣᠷᠣᠨ ︽ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠲᠥᠯᠥᠪᠯᠡᠭᠡ︾ | ᠶᠢ ᠲᠣᠭᠲᠠᠭᠠᠨ ᠨᠡᠶᠢᠲᠡᠯᠡᠭᠰᠡᠨ ᠪᠥᠭᠡᠳ ᠪᠦᠬᠦ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ | ᠰᠢᠷᠣᠢ ᠶᠢᠨ ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠬᠤ ᠠᠵᠢᠯ ᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠶ ᠶᠢ ᠨᠠᠷᠢᠨ | ᠪᠠᠶᠢᠴᠠᠭᠠᠬᠤ ᠠᠵᠢᠯ ᠢ ᠲᠦᠯᠬᠢᠨ ᠠᠬᠢᠭᠤᠯᠵᠤ᠂ 2263 ᠠᠵᠤ ᠠᠬᠤᠶᠢᠯᠠᠯ ᠤᠨ ᠮᠡᠳᠡᠭᠡ ᠵᠠᠩᠭᠢ ᠶᠢ ᠴᠤᠭᠯᠠᠭᠤᠯᠬᠤ | ᠡᠭᠦᠷᠭᠡ ᠶᠢ ᠪᠡᠶᠡᠯᠡᠭᠦᠯᠪᠡ᠃ ᠪᠣᠬᠢᠷᠲᠤᠭᠰᠠᠨ ᠭᠠᠵᠠᠷ ᠤᠨ ᠬᠤᠯᠪᠣᠭᠠᠯᠠᠨ ᠬᠦᠳᠡᠯᠦᠯᠴᠡᠭᠰᠡᠨ ᠬᠠᠮᠢᠶᠠᠷᠤᠯᠲᠠ ᠶᠢ | ᠴᠢᠩᠭᠠᠳᠬᠠᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ | ᠲᠠᠯᠠᠪᠤᠷ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠺᠠᠳ᠋ᠮᠢ ᠳᠤ ᠬᠤᠯᠪᠣᠭᠳᠠᠬᠤ ᠠᠵᠢᠯ | ᠲᠥᠷᠥᠯ ᠤᠨ ᠪᠣᠬᠢᠷᠲᠤᠯ ᠤᠨ ᠡᠬᠢ ᠶᠢ ᠲᠤᠰᠬᠠᠶ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠦᠨᠳᠦ | ᠲᠡᠮᠦᠷᠯᠢᠭ ᠲᠤ ᠬᠤᠯᠪᠣᠭᠳᠠᠬᠤ ᠪᠥᠬᠦ ᠰᠢᠰᠲ᠋ᠧᠮ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ | ᠨᠠᠷᠢᠨ ᠳᠠᠩᠰᠠ ᠶᠢ ᠪᠠᠶᠢᠭᠤᠯᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ | ᠪᠦᠲᠦᠮᠵᠢᠲᠡᠶ ᠬᠠᠮᠢᠶᠠᠷᠤᠨ ᠡᠵᠡᠮᠳᠡᠪᠡ᠃ | ᠡᠬᠢ ᠰᠤᠷᠪᠤᠯᠵᠢ ᠠᠴᠠ ᠨᠢ ᠬᠠᠮᠢᠶᠠᠷᠤᠨ ᠡᠵᠡᠮᠳᠡᠬᠦ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠥᠪᠡᠷᠲᠡᠭᠡᠨ ᠵᠠᠰᠠᠬᠤ ᠣᠷᠣᠨ ᠤ ︽13 · 5︾ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠪᠠᠶᠢᠯᠳᠤᠬᠤ | ᠪᠣᠳᠣᠯᠭ᠎ᠠ ᠶᠢᠨ ᠣᠷᠴᠢᠨ ᠲᠣᠭᠤᠷᠢᠨ ᠤ ᠦᠨᠡᠯᠡᠯᠲᠡ ᠪᠠ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ ᠵᠡᠷᠭᠡ ᠶᠢ | ᠨᠠᠶᠢᠷᠠᠭᠤᠯᠤᠨ ᠵᠣᠬᠢᠶᠠᠵᠤ ᠳᠠᠭᠤᠰᠬᠠᠪᠠ᠃ ︽ᠪᠥᠬᠦ ᠣᠷᠣᠨ ᠤ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ | ᠲᠡᠭᠦᠨ ᠠᠴᠠ ᠳᠡᠭᠡᠭᠰᠢᠬᠢ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ | ᠬᠡᠷᠡᠭᠵᠢᠭᠦᠯᠬᠦ ᠨᠣᠷᠮ᠎ᠠ ᠶᠢ 77% ᠪᠣᠯᠲᠠᠯ᠎ᠠ ᠳᠡᠭᠡᠭᠰᠢᠯᠡᠭᠦᠯᠪᠡ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠨᠥᠯᠥᠭᠡᠨ ᠤ ᠦᠨᠡᠯᠡᠯᠲᠡ ᠶᠢ ᠬᠢᠨᠠᠨ | ᠵᠥᠪᠰᠢᠶᠡᠷᠡᠬᠦ ᠴᠠᠭ ᠤᠨ ᠬᠢᠵᠠᠭᠠᠷ ᠢ ᠤᠤᠯ ᠳᠤ ᠪᠠᠨ 60 ᠡᠳᠦᠷ ᠪᠠᠶᠢᠬᠰᠠᠨ ᠠᠴᠠ ᠪᠤᠭᠤᠨᠢᠰᠬᠠᠭᠠᠳ 30 ᠡᠳᠦᠷ | ᠪᠤᠯᠭᠠᠪᠠ᠃ ᠴᠢᠬᠤᠯᠠ ᠶᠡᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠤᠯᠳᠠᠯᠭ᠎ᠠ ᠲᠠᠢ ᠲᠣᠬᠢᠷᠠᠭᠤᠯᠤᠭᠰᠠᠨ 439 | ᠵᠦᠶᠯ ᠤᠨ ᠴᠢᠬᠤᠯᠠ ᠶᠡᠭᠡ ᠲᠥᠷᠥᠯ ᠵᠦᠢᠯ ᠤᠨ ᠨᠢᠭᠡᠨᠲᠡ 338 ᠲᠥᠷᠥᠯ ᠵᠦᠶᠯ ᠢ ᠣᠷᠴᠢᠨ ᠲᠣᠭᠤᠷᠢᠨ ᠤ | ᠦᠨᠡᠯᠡᠯᠲᠡ ᠪᠠᠷ ᠬᠢᠨᠠᠨ ᠵᠦᠪᠰᠢᠶᠡᠷᠡᠭᠦᠯᠪᠡ᠃ | ᠠᠮᠢ ᠠᠬᠤᠢ ᠶᠢᠨ ᠬᠤᠷᠢᠭ᠎ᠠ ᠱᠤᠭᠤᠮ ᠤᠨ ᠲᠠᠯ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠲᠣᠭᠲᠠᠭᠠᠬᠤ ᠠᠵᠢᠯ ᠢ ᠲᠦᠷᠭᠡᠳᠬᠡᠵᠦ᠂ ︽ | ᠥᠪᠥᠷ ᠮᠣᠩᠭᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠲᠣᠭᠲᠠᠭᠠᠬᠤ ᠲᠥᠰᠦᠯ︾ ᠢ | ᠨᠠᠶᠢᠷᠠᠭᠤᠯᠤᠨ ᠵᠣᠬᠢᠶᠠᠭᠠᠳ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ︽ᠨᠣᠭᠤᠭᠠᠨ ᠪᠠᠮᠪᠠᠢ 2018︾ ᠬᠢᠨᠠᠯᠲᠠ ᠲᠠᠯᠪᠢᠵᠤ ᠪᠠᠶᠢᠴᠠᠭᠠᠬᠤ ᠲᠤᠰᠬᠠᠶ ᠠᠵᠢᠯᠯᠠᠭ᠎ᠠ ᠶᠢ | ᠥᠷᠨᠢᠭᠦᠯᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ 663 ᠦᠢᠯᠡᠳᠪᠦᠷᠢ ᠠᠭᠤᠷᠬᠠᠶ ᠶᠢᠨ | ᠲᠥᠷᠥᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭ᠎ᠠ ᠶᠢ ᠢᠯᠭᠠᠷᠠᠭᠤᠯᠤᠨ ᠴᠡᠭᠴᠡᠯᠡᠬᠦ ᠠᠵᠢᠯ ᠢ | ᠲᠦᠯᠬᠢᠨ ᠠᠬᠢᠭᠤᠯᠵᠤ᠂ ᠨᠡᠭᠡᠭᠡᠨ ᠮᠠᠯᠲᠠᠬᠤ ᠪᠠ ᠬᠠᠶᠢᠨ ᠰᠢᠨᠵᠢᠯᠡᠬᠦ ᠠᠵᠤ ᠠᠬᠤᠶᠢᠯᠠᠯ ᠢ ᠨᠢᠭᠡᠨᠲᠡ 544 ᠶᠢ | ᠤᠬᠤᠷᠢᠭᠤᠯᠤᠨ ᠭᠠᠷᠭᠠᠵᠤ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠢ 32 ᠶᠢ ᠴᠡᠭᠴᠡᠯᠡᠨ ᠥᠭᠡᠷᠡᠴᠢᠯᠡᠵᠦ᠂ | 31 ᠶᠢ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠤᠭᠠᠪᠠ᠃ | ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ︽ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ︾ ᠤᠨ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠵᠡᠷᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠪᠥᠬᠦ ᠣᠷᠣᠨ ᠳᠤ ᠨᠡᠶᠢᠢᠲᠡ | 3912 ᠬᠤᠪᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠰᠢᠶᠳᠪᠦᠷᠢᠯᠡᠵᠦ᠂ 4.93 | ᠳ᠋ᠦᠩᠰᠢᠭᠤᠷ ᠲᠥᠭᠦᠷᠢᠭ ᠵᠣᠭᠤᠰ ᠢᠶᠠᠷ ᠲᠣᠷᠭᠠᠵᠤ᠂ ᠰᠢᠨ᠎ᠡ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠤᠯᠢ ᠳᠤ | ᠲᠣᠬᠢᠷᠠᠭᠰᠠᠨ ᠬᠡᠷᠡᠭ ᠵᠢᠴᠢ ᠰᠢᠯᠵᠢᠭᠦᠯᠦᠨ ᠬᠦᠷᠭᠡᠭᠰᠡᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ 686 ᠬᠤᠪᠢ | ᠪᠠᠶᠢᠴᠠᠭᠠᠨ ᠰᠢᠶᠳᠪᠦᠷᠢᠯᠡᠪᠡ᠃ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠪᠥᠬᠦ ᠣᠷᠣᠨ ᠤ ᠰᠠᠴᠤᠷᠠᠭ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠴᠥᠮ᠎ᠡ ᠶᠢᠨ ᠠᠰᠢᠭᠯᠠᠯᠲᠠ ᠶᠢᠨ 147 ᠨᠢᠭᠡᠴᠡ᠂ 1691 ᠰᠠᠴᠤᠷᠠᠭ | ᠡᠭᠦᠰᠬᠡᠭᠴᠢ ᠶᠢ ᠪᠠᠶᠢᠴᠠᠭᠠᠪᠠ᠃ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠲᠠᠶ | ᠬᠠᠶᠠᠭᠳᠠᠮᠠᠯ ᠪᠣᠳᠠᠰ ᠢ 20.2 ᠲᠦᠮᠡᠨ ᠲᠣᠨ ᠰᠢᠯᠵᠢᠭᠦᠯᠦᠨ ᠭᠠᠷᠭᠠᠵᠤ᠂ 28.6 ᠲᠦᠮᠡᠨ ᠲᠣᠨ ᠰᠢᠯᠵᠢᠭᠦᠯᠦᠨ | ᠣᠷᠣᠭᠤᠯᠪᠠ᠃ | 2018 ᠣᠨ ᠳᠤ᠂ ᠥᠪᠥᠷ ᠮᠣᠩᠭᠤᠯ ᠤᠨᠥᠪᠡᠷᠲᠡᠭᠡᠨ ᠵᠠᠰᠠᠬᠤ ᠣᠷᠣᠨ ᠤ ︽12369︾ ᠤᠲᠠᠰᠤ ᠪᠠᠷ | ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ 3298 ᠠᠰᠠᠭᠤᠳᠠᠯ ᠢ ᠬᠦᠯᠢᠶᠡᠨ ᠠᠪᠴᠤ ᠰᠢᠶᠳᠪᠦᠷᠢᠯᠡᠵᠦ᠂ | 3107 ᠬᠡᠷᠡᠭ ᠢ ᠰᠢᠶᠳᠪᠦᠷᠢᠯᠡᠵᠦ ᠳᠠᠭᠤᠰᠬᠠᠪᠠ᠃ ᠣᠷᠴᠢᠨ ᠠᠬᠤᠢ ᠶᠢᠨ ᠵᠠᠬᠢᠳᠠᠯ ᠰᠤᠷᠪᠤᠯᠵᠢᠯᠠᠯ ᠤᠨ ᠳᠠᠯᠳᠠ | ᠭᠡᠮ ᠢ ᠶᠡᠬᠡᠪᠡᠷ ᠵᠢᠭᠰᠠᠭᠠᠨ ᠪᠠᠶᠢᠴᠠᠭᠠᠬᠤ ᠪᠠ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠤᠯᠠᠨ | ᠲᠦᠮᠡᠨ ᠤ ᠵᠠᠬᠢᠳᠠᠯ ᠰᠤᠷᠪᠤᠯᠵᠢᠯᠠᠯ ᠢ 164 ᠬᠤᠪᠢ ᠬᠦᠯᠢᠶᠡᠨ ᠠᠪᠴᠤ ᠰᠢᠶᠳᠪᠦᠷᠢᠯᠡᠵᠦ᠂ 160 ᠬᠤᠪᠢ ᠶᠢ ᠨᠢ | ᠰᠢᠶᠳᠪᠦᠷᠢᠯᠡᠵᠦ ᠳᠠᠭᠤᠰᠬᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠬᠦ ᠳᠤ ᠪᠠᠨ᠄ 2019 ᠣᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠤᠬᠠᠢ ᠲᠦᠪ ᠠᠴᠠ ᠪᠠᠭᠤᠯᠭᠠᠬᠰᠠᠨ ᠡᠭᠦᠷᠭᠡ ᠶᠢ ᠡᠷᠡᠰ ᠨᠠᠶᠢᠳᠠᠪᠤᠷᠢᠵᠢᠭᠤᠯᠬᠤ᠂ ᠪᠠᠶᠢᠭᠠᠯᠢ ᠶᠢᠨ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ | ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ | ᠪᠠᠬᠢᠵᠢᠭᠦᠯᠦᠨ᠎ᠡ ᠭᠡᠯᠡ᠃ |