| | ᠰᠤᠷᠪᠤᠯᠵᠢᠯᠠᠭᠰᠠᠨ ᠴᠠᠭ᠄ | 2019 ᠣᠨ ᠤ 01 ᠳ᠋ᠦ᠋ᠭᠡᠷ ᠰᠠᠷ᠎ᠠ ᠶᠢᠨ 07 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠲᠣᠪᠴᠢᠶᠠᠨ ᠳᠠᠷᠤᠭ᠎ᠠ ᠲᠠᠨ ᠡᠾᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ ᠶᠡᠷᠦᠩᠬᠡᠶᠢᠯᠡᠬᠦ | ᠬᠢᠭᠡᠳ ᠲᠥᠷᠥᠯ ᠬᠤᠪᠢᠶᠠᠬᠤ ᠶᠢ ᠬᠠᠷᠢᠯᠴᠠᠨ ᠤᠶᠠᠯᠳᠤᠭᠤᠯᠤᠭᠰᠠᠨ ᠬᠤᠪᠢ ᠬᠥᠮᠥᠨ ᠤ ᠠᠰᠢᠭ ᠣᠯᠵᠠᠪᠤᠷᠢ ᠶᠢᠨ | ᠭᠠᠶᠢᠯᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠡᠨᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ | ᠣᠷᠣᠭᠰᠠᠨ ᠠᠬᠤᠢ ᠪᠠᠶᠢᠳᠠᠯ ᠳᠣᠣᠷ᠎ᠠ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠴᠠ | ᠡᠭᠦᠰᠦᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠤᠨ ᠡᠷᠬᠡ ᠲᠡᠭᠰᠢ | ᠪᠥᠭᠡᠳ ᠲᠥᠪ ᠭᠤᠣᠯᠴᠢ ᠶᠢ ᠪᠡᠶᠡᠯᠡᠭᠦᠯᠦᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢᠶᠠᠷ ᠪᠦᠬᠦ | ᠠᠷᠠᠳ ᠲᠦᠮᠡᠨ ᠳᠤ ᠨᠡᠩ ᠣᠯᠠᠨ ᠨᠡᠩ ᠡᠷᠬᠡ ᠲᠡᠭᠰᠢ ᠠᠰᠢᠭ ᠬᠦᠷᠲᠡᠭᠡᠬᠦ ᠪᠠᠷ ᠲᠣᠭᠲᠠᠭᠠᠭᠰᠠᠨ ᠨᠢᠭᠡ ᠵᠦᠢᠯ ᠤᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠵᠤ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ | ᠥᠭᠡᠷᠡᠴᠢᠯᠡᠯᠲᠡ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠳᠤ ᠪᠦᠷ ᠮᠠᠰᠢ ᠴᠢᠬᠤᠯᠠ ᠠᠴᠢ | ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠳᠠᠷᠤᠭ᠎ᠠ ᠲᠠᠨ ᠡᠾᠧᠩ ᠢ ᠤᠷᠢᠵᠤ᠂ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠥᠭᠡᠷᠡᠴᠢᠯᠡᠯᠲᠡ᠂ ᠣᠨᠴᠠᠭᠠᠶᠢᠯᠠᠨ ᠲᠤᠰ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠥᠭᠡᠷᠡᠴᠢᠯᠡᠯᠲᠡ ᠳᠤ ᠠᠩᠬ᠎ᠠ ᠤᠳᠠᠭ᠎ᠠ ᠲᠣᠬᠢᠷᠠᠭᠤᠯᠤᠭᠰᠠᠨ ᠵᠢᠷᠭᠤᠭᠠᠨ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠰᠦᠯᠵᠢᠶᠡᠨ ᠤ ᠠᠨᠳᠠ ᠨᠠᠷ ᠲᠠᠢ ᠰᠦᠯᠵᠢᠶ᠎ᠡ ᠪᠠᠷ ᠰᠠᠨᠠᠯ | ᠰᠣᠯᠢᠯᠴᠠᠭᠤᠯᠬᠤ ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠴᠢᠨᠢ ᠪᠠᠶᠠᠷᠯᠠᠨ ᠤᠭᠲᠤᠵᠤ ᠪᠠᠶᠢᠨ᠎ᠠ᠃ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ | ᠮᠠᠨ ᠤ ᠤᠯᠤᠰ ᠶᠡᠷᠦᠩᠬᠡᠶᠢᠯᠡᠬᠦ ᠬᠢᠭᠡᠳ ᠲᠥᠷᠥᠯ ᠬᠤᠪᠢᠶᠠᠬᠤ ᠶᠢ ᠬᠠᠷᠢᠯᠴᠠᠨ ᠤᠶᠠᠯᠳᠤᠭᠤᠯᠤᠭᠰᠠᠨ ᠬᠤᠪᠢ | ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠡᠨᠡ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ ᠠᠬᠤᠢ ᠪᠠᠶᠢᠳᠠᠯ ᠳᠣᠣᠷ᠎ᠠ᠂ ᠠᠵᠤ ᠠᠬᠤᠢ ᠶᠢᠨ ᠴᠢᠨᠠᠷᠯᠢᠭ | ᠬᠥᠭᠵᠢᠯᠲᠡ ᠶᠢ ᠠᠬᠢᠭᠤᠯᠬᠤ ᠠᠴᠠ ᠡᠭᠦᠰᠦᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠵᠤ᠂ | ᠨᠡᠶᠢᠭᠡᠮ ᠤᠨ ᠡᠷᠬᠡ ᠲᠡᠭᠰᠢ ᠪᠥᠭᠡᠳ ᠲᠥᠪ ᠭᠤᠣᠯᠴᠢ ᠶᠢ ᠪᠡᠶᠡᠯᠡᠭᠦᠯᠦᠨ᠂ ᠥᠭᠡᠷᠡᠴᠢᠯᠡᠯᠲᠡ ᠬᠥᠭᠵᠢᠯᠲᠡ ᠶᠢᠨ | ᠦᠷ᠎ᠡ ᠪᠦᠲᠦᠭᠡᠯ ᠢᠶᠠᠷ ᠪᠦᠬᠦ ᠠᠷᠠᠳ ᠲᠦᠮᠡᠨ ᠳᠤ ᠨᠡᠩ ᠣᠯᠠᠨ ᠨᠡᠩ ᠡᠷᠬᠡ ᠲᠡᠭᠰᠢ ᠠᠰᠢᠭ ᠬᠦᠷᠲᠡᠭᠡᠬᠦ ᠪᠠᠷ | ᠲᠣᠭᠲᠠᠭᠠᠭᠰᠠᠨ ᠨᠢᠭᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠵᠤ᠂ ᠡᠳ᠋ ᠤᠨ ᠵᠠᠰᠠᠭ ᠤᠨ | ᠭᠠᠶᠢᠯᠢ ᠲᠠᠲᠠᠪᠤᠷᠢ ᠶᠢᠨ ᠥᠭᠡᠷᠡᠴᠢᠯᠡᠯᠲᠡ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠳᠤ ᠪᠦᠷ | ᠮᠠᠰᠢ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠲᠠᠨ ᠡᠾᠧᠩ ᠢ ᠤᠷᠢᠵᠤ᠂ ᠲᠡᠭᠦᠨ ᠢᠶᠠᠷ ᠥᠷᠭᠡᠨ ᠣᠯᠠᠨ ᠰᠦᠯᠵᠢᠶᠡᠨ ᠤ | ᠠᠨᠳᠠ ᠲᠠᠢ ︽ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠶᠠᠪᠤᠳᠠᠯ ᠤᠳ︾ | ᠤᠨ ᠲᠤᠬᠠᠢ ᠰᠠᠨᠠᠯ ᠰᠣᠯᠢᠯᠴᠠᠭᠤᠯᠬᠤ ᠶᠢᠨ ᠬᠠᠮᠲᠤ᠂ ᠣᠯᠠᠨ ᠤ ᠠᠰᠠᠭᠤᠯᠲᠠ ᠶᠢ ᠬᠠᠷᠢᠭᠤᠯᠤᠭᠤᠯᠬᠤ ᠪᠠᠷ ᠪᠣᠯᠣᠯ᠎ᠠ᠃ | ᠲᠠᠨ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠲᠠᠨ ᠡᠾᠧᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ | ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠡᠮᠦᠨ᠎ᠡ ᠠᠴᠠ᠂ ᠥᠷᠭᠡᠨ ᠣᠯᠠᠨ ᠰᠦᠯᠵᠢᠶᠡᠨ ᠤ ᠠᠨᠳᠠ ᠶᠢᠨ ᠨᠢᠭᠡ ᠵᠢᠯ ᠤᠨ ᠲᠤᠷᠰᠢ ᠪᠦᠬᠦ | ᠣᠷᠣᠨ ᠤ ᠭᠠᠶᠢᠯᠢ ᠶᠢᠨ ᠶᠠᠪᠤᠳᠠᠯ ᠤᠨ ᠠᠵᠢᠯ ᠢ ᠣᠶᠢᠯᠠᠭᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠪᠠᠶᠠᠷᠯᠠᠵᠤ | ᠪᠠᠶᠢᠨ᠎ᠠ᠃ ᠬᠠᠮᠲᠤ ᠳᠤ ᠨᠢ ᠰᠦᠯᠵᠢᠶᠡᠨ ᠤ ᠠᠨᠳᠠ ᠨᠠᠷ ᠤᠨ ᠰᠢᠨ᠎ᠡ ᠨᠢᠭᠡ ᠵᠢᠯ ᠳᠤ ᠪᠠᠨ ᠪᠡᠶ᠎ᠡ ᠮᠠᠬᠠᠪᠤᠳ ᠡᠷᠡᠭᠦᠯ | ᠴᠢᠭᠢᠷᠠᠭ᠂ ᠠᠵᠢᠯ ᠦᠢᠯᠡᠰ ᠤᠷᠤᠭᠰᠢᠲᠠᠢ᠂ ᠭᠡᠷ ᠬᠤᠲᠠᠯᠠᠭᠠᠷ ᠪᠠᠶᠠᠷ ᠵᠢᠷᠭᠠᠯ ᠲᠠᠢ ᠪᠠᠶᠢᠬᠤ ᠶᠢ ᠬᠦᠰᠡᠨ ᠵᠥᠩᠨᠡᠵᠦ | ᠪᠠᠶᠢᠨ᠎ᠠ᠃ | ᠬᠥᠲᠥᠯᠥᠭᠴᠢ᠄ | ᠲᠠᠨ ᠲᠣᠪᠴᠢᠶᠠᠨ ᠳᠠᠷᠤᠭ᠎ᠠ ᠶᠢᠨ ᠬᠦᠰᠡᠯ ᠵᠥᠩᠨᠡᠯ ᠳᠤ ᠪᠠᠶᠠᠷᠯᠠᠯ᠎ᠠ᠃ ᠡᠨᠡ ᠤᠳᠠᠭᠠᠨ ᠤ ᠬᠤᠪᠢ ᠬᠥᠮᠥᠨ ᠤ | ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠶᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠨᠡᠶᠢᠭᠡᠮ ᠢᠶᠠᠷ ᠢᠶᠠᠨ ᠠᠩᠬᠠᠷᠤᠨ | ᠬᠠᠯᠠᠮᠵᠢᠯᠠᠵᠤ᠂ ᠭᠠᠶᠢᠯᠢ ᠲᠤᠰᠢᠶᠠᠭᠴᠢ ᠨᠢᠭᠡᠪᠦᠷᠢ ᠲᠤᠩ ᠬᠦᠰᠡᠨ ᠡᠷᠡᠮᠡᠯᠵᠡᠵᠦ ᠪᠠᠶᠢᠨ᠎ᠠ᠃ ᠲᠡᠭᠡᠪᠡᠯ᠂ ᠡᠩ | ᠲᠡᠷᠢᠭᠦᠨ ᠳᠤ ᠲᠠ ᠲᠤᠰ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ | ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠶᠢ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠡᠾᠧᠩ᠄ | ᠲᠡᠭᠡᠶ᠎ᠡ᠂ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠪᠣᠯ ᠣᠳᠣᠬᠠᠨ ᠤ ᠮᠠᠨ ᠤ ᠤᠯᠤᠰ ᠤᠨ | ᠥᠷᠲᠡᠭ ᠨᠡᠮᠡᠭᠳᠡᠯ ᠤᠨ ᠭᠠᠶᠢᠯᠢ ᠪᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠳᠠᠷᠠᠭᠠᠬᠢ | ᠭᠤᠷᠪᠠᠳᠤᠭᠠᠷ ᠶᠡᠭᠡ ᠭᠠᠶᠢᠯᠢ ᠶᠢᠨ ᠵᠦᠢᠯ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠶᠢ ᠬᠤᠷᠠᠮᠳᠤᠭᠤᠯᠬᠤ᠂ | ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ | ᠡᠨᠡ ᠤᠳᠠᠭ᠎ᠠ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠤᠯᠢ ᠳᠤ ᠵᠠᠰᠠᠪᠤᠷᠢ ᠣᠷᠣᠭᠤᠯᠬᠤ ᠳᠤ᠂ | ᠰᠦᠢᠳᠬᠡᠯ ᠬᠠᠰᠤᠬᠤ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠨᠡᠮᠡᠭᠳᠡᠭᠦᠯᠬᠦ | ᠪᠠ ᠭᠠᠶᠢᠯᠢ ᠶᠢᠨ ᠨᠣᠷᠮ᠎ᠠ ᠶᠢᠨ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠭᠠᠶᠢᠯᠢ | ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ ᠳᠠᠷᠤᠭᠠᠰᠤ ᠶᠢ ᠦᠨᠡᠨ ᠬᠦ ᠬᠥᠩᠭᠡᠯᠡᠭᠰᠡᠨ ᠨᠢ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠣᠳᠠᠲᠤ ᠠᠵᠢᠯᠯᠠᠭ᠎ᠠ ᠪᠣᠯᠬᠤ ᠪᠠᠷ ᠪᠠᠷᠠᠬᠤ ᠦᠭᠡᠢ᠂ ᠠᠷᠠᠳ ᠤᠨ ᠰᠡᠳᠬᠢᠯ ᠠᠷᠠᠳ ᠤᠨ ᠰᠠᠨᠠᠭ᠎ᠠ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠢᠨ᠎ᠡ ᠴᠠᠭ ᠤᠨ ᠪᠠᠶᠢᠳᠠᠯ ᠰᠢᠨ᠎ᠡ ᠱᠠᠭᠠᠷᠳᠠᠯᠭ᠎ᠠ ᠲᠠᠢ ᠨᠡᠶᠢᠴᠡᠭᠦᠯᠦᠭᠰᠡᠨ | ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ︔ ᠭᠠᠶᠢᠯᠢ ᠲᠤᠰᠢᠶᠠᠭᠴᠢᠳ ᠤᠨ ᠳᠠᠷᠤᠭᠠᠰᠤ ᠶᠢ ᠵᠦᠢ | ᠵᠣᠬᠢᠰᠲᠠᠢ ᠪᠠᠷ ᠬᠥᠩᠭᠡᠯᠡᠭᠰᠡᠨ ᠢᠶᠠᠷ ᠪᠠᠷᠠᠬᠤ ᠦᠭᠡᠢ᠂ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ | ᠭᠠᠶᠢᠯᠢ ᠲᠠᠲᠠᠪᠤᠷᠢ ᠶᠢᠨ ᠳᠦᠷᠢᠮ ᠢ ᠪᠠᠶᠢᠭᠤᠯᠬᠤ ᠳᠤ ᠰᠠᠭᠤᠷᠢ ᠲᠠᠯᠪᠢᠪᠠ︔ ᠠᠷᠠᠳ ᠲᠦᠮᠡᠨ ᠢᠶᠠᠷ ᠲᠥᠪ | ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠲᠠᠢ ᠨᠡᠶᠢᠴᠡᠬᠦ ᠪᠠᠷ ᠪᠠᠷᠠᠬᠤ ᠦᠭᠡᠢ᠂ ᠬᠡᠷᠡᠭᠯᠡᠭᠡ ᠶᠢ ᠬᠥᠲᠥᠯᠥᠨ | ᠳᠠᠶᠢᠴᠢᠯᠠᠬᠤ ᠪᠠᠷ ᠭᠤᠣᠯ ᠪᠣᠯᠭᠠᠭᠰᠠᠨ ᠣᠳᠣ ᠦᠶ᠎ᠡ ᠶᠢᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠬᠤ ᠳᠤ | ᠠᠰᠢᠭᠲᠠᠢ ᠪᠠᠶᠢᠳᠠᠭ᠃ ᠪᠦᠬᠦ ᠤᠯᠤᠰ ᠤᠨ ᠬᠠᠷᠠᠭᠠᠰᠤ ᠠᠴᠠ ᠠᠪᠴᠤ ᠦᠵᠡᠪᠡᠯ᠂ ᠬᠤᠪᠢ ᠬᠥᠮᠥᠨ ᠤ ᠠᠰᠢᠭ | ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠨᠢ ᠡᠳ᠋ ᠤᠨ ᠵᠠᠰᠠᠭ ᠤᠨ ᠣᠷᠣᠯᠭ᠎ᠠ ᠶᠢ ᠬᠤᠷᠠᠮᠳᠤᠭᠤᠯᠬᠤ᠂ | ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠵᠡᠷᠭᠡ ᠲᠠᠯ᠎ᠠ ᠪᠠᠷ ᠬᠢ ᠬᠤᠪᠢ ᠬᠥᠮᠥᠨ ᠤ ᠠᠰᠢᠭ | ᠣᠯᠵᠠᠪᠤᠷᠢ ᠶᠢᠨ ᠭᠠᠶᠢᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠭᠰᠠᠨ᠂ ᠨᠢᠭᠡᠨ ᠤᠳᠠᠭᠠᠨ ᠤ | ᠴᠢᠬᠤᠯᠠ ᠬᠥᠰᠢᠶ᠎ᠡ ᠳᠤᠷᠠᠰᠬᠠᠯ ᠤᠨ ᠮᠠᠶ᠋ᠢᠭ ᠤᠨ ᠥᠭᠡᠷᠡᠴᠢᠯᠡᠯᠲᠡ ᠪᠣᠯᠣᠨ᠎ᠠ᠃ | ᠬᠥᠲᠥᠯᠥᠭᠴᠢ᠄ | ᠲᠤᠰ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠳᠤ ᠶᠠᠮᠠᠷ | ᠶᠠᠮᠠᠷ ᠭᠢᠯᠠᠰ ᠴᠡᠭ ᠪᠠᠶᠢᠬᠤ ᠶᠢ ᠣᠯᠠᠨ ᠳᠤ ᠶᠠᠷᠢᠭᠠᠳ ᠥᠭᠭᠦᠨ᠎ᠡ ᠦᠦ︖ | ᠲᠠᠨ ᠡᠾᠧᠩ᠄ | ᠥᠩᠭᠡᠷᠡᠭᠰᠡᠨ ᠤ ᠥᠭᠡᠷᠡᠴᠢᠯᠡᠯᠲᠡ ᠨᠦᠭᠦᠳ ᠲᠠᠢ ᠬᠠᠷᠢᠴᠠᠭᠤᠯᠪᠠᠯ᠂ ᠡᠨᠡ ᠤᠳᠠᠭᠠᠨ ᠤ ᠬᠤᠪᠢ ᠬᠥᠮᠥᠨ ᠤ | ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠬᠤᠪᠢᠷᠠᠯᠲᠠ ᠨᠢ ᠮᠠᠰᠢ ᠶᠡᠭᠡ᠂ ᠭᠢᠯᠠᠰ ᠴᠡᠭ ᠨᠢ ᠮᠠᠰᠢ | ᠣᠯᠠᠨ ᠪᠠᠶᠢᠵᠤ᠂ ᠬᠤᠷᠢᠶᠠᠩᠭᠤᠶᠢᠯᠠᠪᠠᠯ ᠳᠣᠣᠷᠠᠬᠢ ᠵᠢᠷᠭᠤᠭᠠᠨ ᠶᠡᠭᠡ ᠭᠢᠯᠠᠰ ᠴᠡᠭ ᠪᠠᠶᠢᠨ᠎ᠠ᠄ ᠨᠢᠭᠡ ᠳᠤ᠂ | ᠶᠡᠷᠦᠩᠬᠡᠶᠢᠯᠡᠭᠰᠡᠨ ᠠᠰᠢᠭ ᠣᠯᠵᠠᠪᠤᠷᠢ ᠠᠴᠠ ᠵᠢᠯ ᠢᠶᠠᠷ ᠭᠠᠶᠢᠯᠢ ᠲᠠᠲᠠᠪᠤᠷᠢᠯᠠᠬᠤ ᠳᠦᠷᠢᠮ ᠢ ᠪᠠᠶᠢᠭᠤᠯᠪᠠ᠃ ᠡᠨᠡ | ᠤᠳᠠᠭᠠᠨ ᠤ ᠥᠭᠡᠷᠡᠴᠢᠯᠡᠯᠲᠡ ᠨᠢ ᠴᠠᠯᠢᠩ ᠮᠥᠩᠭᠦ᠂ ᠬᠥᠳᠡᠯᠮᠦᠷᠢ ᠬᠦᠴᠦᠨ ᠤ ᠣᠯᠭᠤᠮᠵᠢ᠂ ᠡᠬᠡ ᠪᠢᠴᠢᠭ ᠤᠨ | ᠬᠠᠷᠠᠮᠵᠢ ᠪᠠ ᠣᠨᠴᠠ ᠵᠥᠪᠰᠢᠶᠡᠷᠡᠭᠰᠡᠨ ᠡᠷᠬᠡ ᠶᠢᠨ ᠬᠡᠷᠡᠭᠯᠡᠬᠦ ᠰᠦᠢᠳᠬᠡᠯ 4 ᠵᠦᠢᠯ ᠤᠨ ᠬᠥᠳᠡᠯᠮᠦᠷᠢ ᠶᠢᠨ | ᠴᠢᠨᠠᠷᠲᠠᠢ ᠠᠰᠢᠭ ᠣᠯᠵᠠᠪᠤᠷᠢ ᠶᠢ ᠶᠡᠷᠦᠩᠬᠡᠶᠢᠯᠡᠨ ᠭᠠᠶᠢᠯᠢ ᠲᠠᠲᠠᠪᠤᠷᠢᠯᠠᠬᠤ ᠬᠡᠪᠴᠢᠶᠡᠨ ᠳᠤ ᠣᠷᠣᠭᠤᠯᠤᠨ ᠵᠢᠯ ᠢᠶᠠᠷ | ᠭᠠᠶᠢᠯᠢ ᠪᠣᠳᠣᠵᠤ᠂ ᠳᠠᠪᠠᠭᠤᠯᠵᠤ ᠠᠬᠢᠭᠤᠯᠤᠨ ᠪᠣᠳᠣᠬᠤ ᠨᠢᠭᠡᠳᠦᠯᠲᠡᠢ ᠭᠠᠶᠢᠯᠢ ᠶᠢᠨ ᠨᠣᠷᠮ᠎ᠠ ᠶᠢ ᠲᠣᠬᠢᠷᠠᠭᠤᠯᠤᠨ | ᠬᠡᠷᠡᠭᠯᠡᠵᠦ᠂ ︽ᠣᠷᠣᠯᠠᠨ ᠰᠠᠭᠤᠳᠬᠠᠵᠤ ᠣᠷᠣᠯᠠᠨ ᠲᠤᠰᠢᠶᠠᠬᠤ᠂ ᠥᠪᠡᠰᠦᠪᠡᠨ ᠭᠤᠶᠤᠴᠢᠯᠠᠨ ᠮᠡᠳᠡᠭᠦᠯᠬᠦ᠂ | ᠨᠡᠶᠢᠯᠡᠭᠦᠯᠦᠨ ᠲᠣᠭᠠᠴᠠᠵᠤ ᠨᠠᠷᠢᠪᠴᠢᠯᠠᠨ ᠲᠤᠰᠢᠶᠠᠬᠤ᠂ ᠦᠯᠡᠳᠡᠭᠰᠡᠨ ᠢ ᠨᠢ ᠪᠤᠴᠠᠭᠠᠵᠤ ᠳᠤᠲᠠᠭᠤᠳᠠᠭᠰᠠᠨ ᠢ ᠨᠢ | ᠨᠥᠬᠦᠬᠦ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠠᠵᠢᠯ ᠶᠠᠪᠤᠳᠠᠯ ᠤᠨ ᠳᠠᠷᠠᠭ᠎ᠠ ᠰᠤᠭᠤᠴᠢᠨ ᠪᠠᠶᠢᠴᠠᠭᠠᠬᠤ︾ ᠶᠢ | ᠬᠡᠷᠡᠭᠵᠢᠭᠦᠯᠪᠡ᠃ ᠡᠶᠢᠮᠦᠷᠬᠦᠦ ᠳᠦᠷᠢᠮ ᠨᠢ ᠴᠢᠳᠠᠪᠤᠷᠢ ᠢ ᠨᠢ ᠦᠵᠡᠵᠦ ᠭᠠᠶᠢᠯᠢ ᠲᠠᠲᠠᠪᠤᠷᠢᠯᠠᠬᠤ᠂ ᠭᠠᠶᠢᠯᠢ ᠶᠢᠨ | ᠳᠠᠷᠤᠭᠠᠰᠤ ᠶᠢ ᠡᠷᠬᠡ ᠲᠡᠭᠰᠢ ᠪᠣᠯᠭᠠᠬᠤ ᠵᠠᠷᠴᠢᠮ ᠢ ᠨᠡᠩ ᠭᠦᠢᠴᠡᠳ ᠢᠯᠡᠷᠡᠭᠦᠯᠪᠡ᠃ ᠬᠤᠶᠠᠷ ᠲᠤ᠂ ᠬᠠᠰᠤᠨ | ᠦᠭᠡᠶᠢᠰᠬᠡᠬᠦ ᠰᠦᠢᠳᠬᠡᠯ ᠤᠨ ᠦᠨᠳᠦᠰᠦᠨ ᠪᠠᠷᠢᠮᠵᠢᠶ᠎ᠠ ᠶᠢ ᠲᠣᠬᠢᠷᠠᠮᠵᠢᠲᠠᠢ ᠳᠡᠭᠡᠭᠰᠢᠯᠡᠭᠦᠯᠪᠡ᠃ ᠶᠡᠷᠦᠩᠬᠡᠶᠢᠯᠡᠭᠰᠡᠨ | ᠠᠰᠢᠭ ᠣᠯᠵᠠᠪᠤᠷᠢ ᠶᠢᠨ ᠬᠠᠰᠤᠨ ᠦᠭᠡᠶᠢᠰᠬᠡᠬᠦ ᠰᠦᠢᠳᠬᠡᠯ ᠤᠨ ᠦᠨᠳᠦᠰᠦᠨ ᠪᠠᠷᠢᠮᠵᠢᠶ᠎ᠠ ᠶᠢ ᠤᠤᠯ ᠤᠨ ᠬᠥᠮᠥᠨ | ᠨᠢᠭᠡᠪᠦᠷᠢ ᠶᠢᠨ ᠰᠠᠷ᠎ᠠ ᠶᠢᠨ 3500 ᠲᠥᠭᠦᠷᠢᠭ ᠢ ᠳᠡᠭᠡᠭᠰᠢᠯᠡᠭᠦᠯᠦᠭᠡᠳ 5000 ᠲᠥᠭᠦᠷᠢᠭ ︵ᠬᠥᠮᠥᠨ | ᠨᠢᠭᠡᠪᠦᠷᠢ ᠶᠢᠨ ᠵᠢᠯ ᠤᠨ 6 ᠲᠦᠮᠡᠨ ᠲᠥᠭᠦᠷᠢᠭ︶ ᠪᠣᠯᠭᠠᠪᠠ᠃ ᠡᠨᠡ ᠨᠢ ᠳᠤᠮᠳᠠ ᠳᠣᠣᠷ᠎ᠠ ᠣᠷᠣᠯᠭ᠎ᠠ ᠲᠠᠢ | ᠬᠥᠮᠥᠰ ᠤᠨ ᠳᠠᠷᠤᠭᠠᠰᠤ ᠶᠢ ᠬᠥᠩᠭᠡᠷᠡᠭᠦᠯᠬᠦ᠂ ᠬᠤᠪᠢ ᠬᠥᠮᠥᠨ ᠤ ᠬᠡᠷᠡᠭᠯᠡᠭᠡ ᠶᠢ ᠳᠠᠶᠢᠴᠢᠯᠠᠬᠤ᠂ ᠣᠷᠣᠯᠭ᠎ᠠ ᠶᠢᠨ | ᠵᠥᠷᠢᠶ᠎ᠡ ᠶᠢ ᠪᠠᠭᠠᠰᠬᠠᠬᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠪᠦᠷ | ᠢᠳᠡᠪᠬᠢᠲᠡᠢ ᠦᠷ᠎ᠡ ᠨᠥᠯᠥᠭᠡ ᠦᠵᠡᠭᠦᠯᠦᠨ᠎ᠡ᠃ ᠭᠤᠷᠪᠠ ᠳᠤ᠂ ᠠᠩᠬ᠎ᠠ ᠤᠳᠠᠭ᠎ᠠ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠢ ᠲᠣᠬᠢᠷᠠᠭᠤᠯᠪᠠ᠃ ᠡᠨᠡ ᠤᠳᠠᠭᠠᠨ ᠤ ᠥᠭᠡᠷᠡᠴᠢᠯᠡᠯᠲᠡ ᠨᠢ᠂ ᠠᠷᠠᠳ ᠲᠦᠮᠡᠨ ᠤ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠵᠠᠷᠤᠯᠭ᠎ᠠ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠦᠷ᠎ᠡ ᠬᠡᠦᠬᠡᠳ ᠤᠨ ᠰᠤᠷᠭᠠᠨ | ᠬᠥᠮᠥᠵᠢᠯ᠂ ᠦᠷᠭᠦᠯᠵᠢᠯᠡᠯ ᠰᠤᠷᠭᠠᠨ ᠬᠥᠮᠥᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠦ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠤ ᠠᠰᠠᠷᠠᠮᠵᠢ 6 | ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠨᠡᠮᠡᠨ ᠲᠣᠬᠢᠷᠠᠭᠤᠯᠪᠠ᠃ ᠡᠶᠢᠮᠦᠷᠬᠦᠦ ᠲᠣᠬᠢᠷᠠᠭᠤᠯᠤᠯᠲᠠ ᠨᠢ ᠬᠤᠪᠢ | ᠬᠥᠮᠥᠨ ᠤ ᠵᠠᠷᠤᠯᠭ᠎ᠠ ᠶᠢᠨ ᠵᠥᠷᠢᠶᠡᠲᠦ ᠴᠢᠨᠠᠷ ᠪᠠ ᠭᠠᠶᠢᠯᠢ ᠲᠠᠲᠠᠪᠤᠷᠢ ᠶᠢᠨ ᠴᠢᠳᠠᠪᠤᠷᠢ ᠶᠢᠨ ᠡᠭᠦᠷᠭᠡᠯᠡᠯ ᠤᠨ | ᠵᠠᠷᠴᠢᠮ ᠢ ᠨᠡᠩ ᠭᠦᠢᠴᠡᠳ ᠢᠯᠡᠷᠡᠭᠦᠯᠦᠨ᠂ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠵᠠᠷᠴᠢᠮ ᠲᠠᠢ | ᠨᠡᠩ ᠨᠡᠶᠢᠴᠡᠵᠦ᠂ ᠬᠡᠦᠬᠡᠳ ᠤᠨ ᠠᠰᠠᠷᠠᠮᠵᠢ ᠬᠦᠷᠲᠡᠵᠦ ᠳᠡᠶᠢᠯᠬᠦ᠂ ᠰᠤᠷᠬᠤ ᠠᠴᠠ ᠰᠤᠷᠭᠠᠨ ᠬᠥᠮᠥᠵᠢᠯ ᠬᠦᠷᠲᠡᠵᠦ | ᠳᠡᠶᠢᠯᠬᠦ᠂ ᠡᠪᠡᠳᠴᠢᠨ ᠢᠶᠠᠨ ᠦᠵᠡᠭᠦᠯᠵᠦ ᠳᠡᠶᠢᠯᠬᠦ᠂ ᠰᠠᠭᠤᠬᠤ ᠠᠴᠠ ᠣᠷᠣᠨ ᠰᠠᠭᠤᠴᠠ ᠪᠠᠶᠢᠬᠤ ᠶᠢ ᠪᠠᠲᠤᠯᠠᠬᠤ᠂ | ᠥᠲᠡᠯᠬᠦ ᠳᠤ ᠠᠰᠠᠷᠠᠮᠵᠢ ᠬᠠᠷᠠᠭᠠᠯᠵᠠᠯ ᠬᠦᠷᠲᠡᠵᠦ ᠳᠡᠶᠢᠯᠬᠦ ᠶᠢ ᠪᠡᠶᠡᠯᠡᠭᠦᠯᠬᠦ ᠳᠤ ᠠᠰᠢᠭᠲᠠᠢ ᠪᠠᠶᠢᠳᠠᠭ᠃ | ᠲᠠᠨ ᠡᠾᠧᠩ᠄ | ᠳᠥᠷᠪᠡ ᠳᠤ᠂ ᠭᠠᠶᠢᠯᠢ ᠶᠢᠨ ᠨᠣᠷᠮ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠪᠡ᠃ ᠡᠨᠡ | ᠤᠳᠠᠭᠠᠨ ᠤ ᠥᠭᠡᠷᠡᠴᠢᠯᠡᠯᠲᠡ ᠨᠢ᠂ ᠬᠥᠳᠡᠯᠮᠦᠷᠢ ᠶᠢᠨ ᠴᠢᠨᠠᠷᠲᠠᠢ ᠠᠰᠢᠭ ᠣᠯᠵᠠᠪᠤᠷᠢ ᠳᠤ᠂ ᠣᠳᠣ ᠶᠢᠨ | ᠬᠡᠷᠡᠭᠵᠢᠭᠦᠯᠵᠦ ᠪᠠᠶᠢᠭ᠎ᠠ ᠴᠠᠯᠢᠩ ᠤᠨ ᠠᠰᠢᠭ ᠣᠯᠵᠠᠪᠤᠷᠢ ᠶᠢᠨ 3% — 45% ᠭᠡᠬᠦ ᠳᠣᠯᠣᠭᠠᠨ ᠳᠡᠰ ᠤᠨ | ᠳᠠᠪᠠᠭᠤᠯᠵᠤ ᠠᠬᠢᠭᠤᠯᠤᠨ ᠪᠣᠳᠣᠬᠤ ᠭᠠᠶᠢᠯᠢ ᠪᠠᠷ ᠰᠠᠭᠤᠷᠢ ᠪᠣᠯᠭᠠᠵᠤ᠂ 3%᠂ 10%᠂ 20% ᠭᠤᠷᠪᠠᠨ | ᠳᠡᠰ ᠤᠨ ᠳᠣᠣᠷ᠎ᠠ ᠭᠠᠶᠢᠯᠢ ᠶᠢᠨ ᠨᠣᠷᠮ᠎ᠠ ᠶᠢᠨ ᠳᠡᠰ ᠤᠨ ᠵᠥᠷᠢᠶ᠎ᠡ ᠶᠢ ᠶᠡᠬᠡᠰᠬᠡᠵᠦ᠂ 25% ᠶᠢᠨ ᠭᠠᠶᠢᠯᠢ ᠶᠢᠨ | ᠨᠣᠷᠮ᠎ᠠ ᠶᠢᠨ ᠳᠡᠰ ᠤᠨ ᠵᠥᠷᠢᠶ᠎ᠡ ᠶᠢ ᠲᠣᠬᠢᠷᠠᠯᠴᠠᠭᠤᠯᠤᠨ ᠪᠠᠭᠠᠰᠬᠠᠵᠤ᠂ 30%᠂ 35%᠂ 45% ᠭᠤᠷᠪᠠᠨ | ᠳᠡᠰ ᠤᠨ ᠨᠡᠯᠢᠶᠡᠳ ᠥᠨᠳᠥᠷ ᠭᠠᠶᠢᠯᠢ ᠶᠢᠨ ᠨᠣᠷᠮ᠎ᠠ ᠶᠢᠨ ᠳᠡᠰ ᠤᠨ ᠵᠥᠷᠢᠶ᠎ᠡ ᠶᠢ ᠬᠤᠪᠢᠷᠠᠭᠤᠯᠬᠤ ᠦᠭᠡᠢ ᠶᠢ | ᠪᠠᠲᠤᠯᠠᠪᠠ︔ ᠡᠵᠡᠩᠨᠡᠯᠲᠡ ᠶᠢᠨ ᠴᠢᠨᠠᠷᠲᠠᠢ ᠠᠰᠢᠭ ᠣᠯᠵᠠᠪᠤᠷᠢ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ 5% — | 35% ᠭᠡᠬᠦ ᠲᠠᠪᠤᠨ ᠳᠡᠰ ᠤᠨ ᠳᠠᠪᠠᠭᠤᠯᠵᠤ ᠠᠬᠢᠭᠤᠯᠤᠨ ᠪᠣᠳᠣᠬᠤ ᠭᠠᠶᠢᠯᠢ ᠶᠢᠨ ᠨᠣᠷᠮ᠎ᠠ ᠶᠢ ᠪᠠᠲᠤᠯᠠᠭᠰᠠᠨ | ᠰᠠᠭᠤᠷᠢᠨ ᠳᠡᠭᠡᠷ᠎ᠡ᠂ ᠡᠯ᠎ᠡ ᠳᠡᠰ ᠳᠠᠪᠬᠤᠷᠭ᠎ᠠ ᠶᠢᠨ ᠭᠠᠶᠢᠯᠢ ᠶᠢᠨ ᠨᠣᠷᠮ᠎ᠠ ᠶᠢᠨ ᠳᠡᠰ ᠤᠨ ᠵᠥᠷᠢᠶ᠎ᠡ ᠶᠢ ᠥᠷᠭᠡᠳᠬᠡᠪᠡ︔ | ᠡᠳ᠋ ᠬᠥᠷᠥᠩᠭᠡ ᠶᠢᠨ ᠴᠢᠨᠠᠷᠲᠠᠢ ᠠᠰᠢᠭ ᠣᠯᠵᠠᠪᠤᠷᠢ ᠳᠤ᠂ 20% ᠶᠢᠨ ᠬᠠᠷᠢᠴᠠᠯ ᠤᠨ ᠭᠠᠶᠢᠯᠢ ᠶᠢᠨ ᠨᠣᠷᠮ᠎ᠠ ᠶᠢ | ᠬᠤᠪᠢᠷᠠᠭᠤᠯᠬᠤ ᠦᠭᠡᠢ ᠶᠢ ᠪᠠᠲᠤᠯᠠᠨ᠎ᠠ᠃ ᠡᠶᠢᠮᠦᠷᠬᠦᠦ ᠲᠣᠬᠢᠷᠠᠭᠤᠯᠤᠯᠲᠠ ᠨᠢ ᠭᠠᠶᠢᠯᠢ ᠶᠢᠨ ᠨᠣᠷᠮ᠎ᠠ ᠶᠢᠨ | ᠪᠦᠲᠦᠴᠡ ᠶᠢ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠣᠯᠭᠠᠵᠤ᠂ ᠬᠤᠪᠢ ᠬᠥᠮᠥᠨ ᠤ ᠠᠰᠢᠭ | ᠣᠯᠵᠠᠪᠤᠷᠢ ᠶᠢᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ ᠴᠢᠳᠠᠨ᠎ᠠ᠃ ᠲᠠᠪᠤ ᠳᠤ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠵᠤᠷᠪᠤᠰ ᠨᠡᠮᠡᠨ ᠲᠣᠬᠢᠷᠠᠭᠤᠯᠪᠠ᠃ | ᠬᠤᠪᠢ ᠬᠥᠮᠥᠨ ᠤ ᠲᠤᠰᠠᠭᠠᠷ ᠰᠣᠯᠢᠯᠴᠠᠬᠤ ᠵᠠᠷᠴᠢᠮ ᠢ ᠵᠢᠷᠤᠮᠯᠠᠬᠤ ᠦᠭᠡᠢ ᠪᠠᠷ ᠡᠳ᠋ ᠬᠥᠷᠥᠩᠭᠡ ᠪᠠᠨ ᠰᠢᠯᠵᠢᠭᠦᠯᠦᠨ | ᠬᠤᠳᠠᠯᠳᠤᠬᠤ᠂ ᠬᠢᠯᠢ ᠶᠢᠨ ᠭᠠᠳᠠᠨᠠᠬᠢ ᠭᠠᠶᠢᠯᠢ ᠠᠴᠠ ᠵᠠᠶᠢᠯᠠᠬᠤ ᠭᠠᠵᠠᠷ ᠢᠶᠠᠷ ᠳᠠᠮᠵᠢᠭᠤᠯᠤᠨ ᠭᠠᠶᠢᠯᠢ ᠠᠴᠠ | ᠵᠠᠶᠢᠯᠠᠬᠤ᠂ ᠵᠦᠢ ᠵᠣᠬᠢᠰ ᠦᠭᠡᠢ ᠬᠤᠳᠠᠯᠳᠤᠭᠠᠨ ᠤ ᠲᠣᠬᠢᠷᠠᠭᠤᠯᠤᠯᠲᠠ ᠶᠢ ᠬᠡᠷᠡᠭᠵᠢᠭᠦᠯᠦᠨ ᠵᠦᠢ ᠵᠣᠬᠢᠰ ᠦᠭᠡᠢ ᠪᠠᠷ | ᠭᠠᠶᠢᠯᠢ ᠲᠠᠲᠠᠪᠤᠷᠢ ᠶᠢᠨ ᠠᠰᠢᠭ ᠣᠯᠵᠠ ᠣᠯᠬᠤ ᠵᠡᠷᠭᠡ ᠭᠠᠶᠢᠯᠢ ᠠᠴᠠ ᠵᠠᠶᠢᠯᠠᠬᠤ ᠦᠢᠯᠡ ᠠᠵᠢᠯᠯᠠᠭ᠎ᠠ ᠳᠤ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠵᠦᠢ ᠵᠣᠬᠢᠰᠲᠠᠢ ᠠᠷᠭ᠎ᠠ ᠪᠠᠷ ᠭᠠᠶᠢᠯᠢ ᠲᠤᠰᠢᠶᠠᠯᠭᠠᠬᠤ | ᠲᠣᠬᠢᠷᠠᠭᠤᠯᠤᠯᠲᠠ ᠬᠢᠬᠦ ᠡᠷᠬᠡ ᠣᠯᠭᠤᠪᠠ᠃ ᠡᠶᠢᠮᠦᠷᠬᠦᠦ ᠳᠦᠷᠢᠮ ᠤᠨ ᠲᠣᠬᠢᠷᠠᠭᠤᠯᠤᠯᠲᠠ ᠨᠢ᠂ ᠪᠠᠶᠢᠭᠠᠯᠢᠯᠢᠭ | ᠬᠥᠮᠥᠨ ᠤ ᠭᠠᠶᠢᠯᠢ ᠲᠠᠲᠠᠪᠤᠷᠢ ᠶᠢᠨ ᠲᠥᠯᠥᠪᠯᠡᠭᠡ ᠪᠠᠷ ᠳᠠᠮᠵᠢᠭᠤᠯᠤᠨ ᠭᠠᠶᠢᠯᠢ ᠲᠤᠰᠢᠶᠠᠬᠤ ᠡᠭᠦᠷᠭᠡ ᠠᠴᠠ ᠵᠠᠶᠢᠯᠬᠤ | ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠤᠯᠤᠰ ᠤᠨ ᠭᠠᠶᠢᠯᠢ ᠲᠠᠲᠠᠪᠤᠷᠢ ᠶᠢᠨ ᠡᠷᠬᠡ ᠠᠰᠢᠭ ᠢ | ᠬᠠᠮᠠᠭᠠᠯᠠᠵᠤ ᠪᠣᠯᠣᠨ᠎ᠠ᠃ ᠵᠢᠷᠭᠤᠭ᠎ᠠ ᠳᠤ᠂ ᠲᠠᠲᠠᠪᠤᠷᠢᠯᠠᠨ ᠬᠠᠮᠢᠶᠠᠷᠬᠤ ᠲᠥᠬᠦᠷ ᠳᠦᠷᠢᠮ ᠢ ᠪᠠᠶᠢᠭᠤᠯᠤᠨ | ᠪᠦᠷᠢᠨᠰᠢᠭᠦᠯᠪᠡ᠃ ᠡᠨᠡ ᠤᠳᠠᠭᠠᠨ ᠤ ᠥᠭᠡᠷᠡᠴᠢᠯᠡᠯᠲᠡ ᠨᠢ᠂ ᠲᠠᠲᠠᠪᠤᠷᠢᠯᠠᠨ ᠬᠠᠮᠢᠶᠠᠷᠬᠤ ᠰᠠᠭᠤᠷᠢ ᠶᠢᠨ ᠴᠢᠨᠠᠷᠲᠠᠢ | ᠠᠵᠢᠯᠯᠠᠭᠠᠨ ᠪᠠ ᠳᠦᠷᠢᠮ ᠳᠤ ᠰᠢᠨ᠎ᠡ ᠶᠢ ᠡᠭᠦᠳᠬᠦ ᠶᠢ ᠴᠢᠬᠤᠯᠠᠴᠢᠯᠠᠨ ᠦᠵᠡᠵᠦ᠂ ᠪᠠᠶᠢᠭᠠᠯᠢᠯᠢᠭ ᠬᠥᠮᠥᠨ ᠤ ᠭᠠᠶᠢᠯᠢ | ᠲᠤᠰᠢᠶᠠᠭᠴᠢ ᠶᠢᠨ ᠢᠯᠭᠠᠨ ᠲᠣᠳᠣᠯᠠᠬᠤ ᠨᠣᠮᠧᠷ᠂ ᠬᠤᠪᠢ ᠬᠥᠮᠥᠨ ᠤ ᠪᠡᠶ᠎ᠡ ᠪᠠᠨ ᠳᠠᠭᠠᠭᠠᠵᠤ ᠭᠤᠶᠤᠴᠢᠯᠠᠨ | ᠮᠡᠳᠡᠭᠦᠯᠬᠦ᠂ ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ᠂ ᠰᠠᠯᠠᠭ᠎ᠠ ᠮᠥᠴᠢᠷ ᠤᠳ ᠤᠨ ᠮᠡᠳᠡᠭᠡ ᠵᠠᠩᠭᠢ ᠪᠠᠨ | ᠬᠠᠮᠲᠤ ᠳᠤ ᠪᠠᠨ ᠬᠦᠷᠲᠡᠬᠦ᠂ ᠰᠠᠯᠠᠭ᠎ᠠ ᠮᠥᠴᠢᠷ ᠤᠳ ᠤᠨ ᠡᠬᠢ ᠢᠷᠡᠯᠲᠡ ᠠᠴᠠ ᠨᠢ ᠵᠣᠬᠢᠴᠠᠭᠤᠯᠤᠨ ᠬᠠᠮᠲᠤ ᠪᠠᠷ | ᠬᠠᠮᠢᠶᠠᠷᠬᠤ ᠪᠠ ︽ᠮᠡᠳᠡᠭᠡ ᠵᠠᠩᠭᠢ + ᠢᠲᠡᠭᠡᠮᠵᠢ︾ ᠶᠢᠨ ︽ᠬᠤᠣᠰ ᠢᠲᠡᠭᠡᠯ︾ ᠤᠨ ᠬᠠᠮᠢᠶᠠᠷᠤᠯᠲᠠ ᠶᠢ | ᠴᠢᠬᠤᠯᠠᠴᠢᠯᠠᠨ ᠪᠠᠶᠢᠭᠤᠯᠵᠤ᠂ ᠰᠢᠨ᠎ᠡ ᠭᠠᠶᠢᠯᠢ ᠶᠢᠨ ᠳᠦᠷᠢᠮ ᠶᠢ ᠤᠷᠤᠭᠰᠢᠲᠠᠢ ᠪᠠᠷ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠳᠤ ᠪᠠᠲᠤᠯᠠᠭ᠎ᠠ ᠬᠠᠩᠭᠠᠨ᠎ᠠ᠃ | ᠬᠥᠲᠥᠯᠥᠭᠴᠢ᠄ | ᠡᠮᠦᠨ᠎ᠡ ᠬᠡᠰᠡᠭ ᠬᠤᠭᠤᠴᠠᠭᠠᠨ ᠳᠤ᠂ ᠪᠢᠳᠡ ᠨᠢᠭᠡᠨᠲᠡ ᠰᠦᠢᠳᠬᠡᠯ ᠬᠠᠰᠤᠬᠤ ᠪᠠᠷᠢᠮᠵᠢᠶ᠎ᠠ ᠶᠢ | ᠳᠡᠭᠡᠭᠰᠢᠯᠡᠭᠦᠯᠵᠦ᠂ ᠭᠠᠶᠢᠯᠢ ᠶᠢᠨ ᠨᠣᠷᠮ᠎ᠠ ᠶᠢᠨ ᠪᠦᠲᠦᠴᠡ ᠶᠢ ᠰᠢᠯᠢᠳᠡᠭᠵᠢᠭᠦᠯᠦᠭᠰᠡᠨ ᠠᠴᠠ ᠣᠯᠣᠭᠰᠠᠨ ᠪᠣᠳᠠᠲᠤ | ᠠᠰᠢᠭ ᠬᠦᠷᠲᠡᠭᠡᠯ ᠢ ᠬᠦᠷᠲᠡᠪᠡ᠃ ᠮᠢᠨᠤ ᠪᠣᠳᠣᠬᠤ ᠪᠠᠷ᠂ ᠥᠷᠭᠡᠨ ᠣᠯᠠᠨ ᠰᠦᠯᠵᠢᠶᠡᠨ ᠤ ᠠᠨᠳᠠ ᠶᠢᠨ | ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠨᠢ ᠲᠠᠨ ᠤ ᠰᠠᠶ᠋ᠢᠬᠠᠨ ᠤ ᠳᠤᠷᠠᠳᠤᠭᠰᠠᠨ ᠡᠳᠡᠭᠡᠷ ᠲᠤᠰᠬᠠᠢ ᠵᠦᠢᠯ ᠤᠨ | ᠨᠡᠮᠡᠯᠲᠡ ᠰᠠᠭᠤᠳᠬᠠᠯ ᠢ ᠴᠣᠬᠤᠮ ᠶᠠᠭᠠᠬᠢᠵᠤ ᠬᠠᠰᠤᠬᠤ ᠶᠠᠪᠤᠳᠠᠯ ᠪᠣᠯᠣᠨ᠎ᠠ᠃ ᠡᠩ ᠲᠡᠷᠢᠭᠦᠨ ᠳᠤ ᠲᠠ ᠦᠷ᠎ᠡ | ᠬᠡᠦᠬᠡᠳ ᠤᠨ ᠰᠤᠷᠭᠠᠨ ᠬᠥᠮᠥᠵᠢᠯ ᠭᠡᠬᠦ ᠡᠨᠡ ᠬᠦ ᠬᠡᠰᠡᠭ ᠨᠡᠮᠡᠯᠲᠡ ᠰᠠᠭᠤᠳᠬᠠᠯ ᠢ ᠶᠠᠭᠠᠬᠢᠵᠤ ᠬᠠᠰᠤᠬᠤ ᠲᠤᠬᠠᠢ | ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠡᠾᠧᠩ᠄ | ᠭᠠᠶᠢᠯᠢ ᠲᠤᠰᠢᠶᠠᠭᠴᠢ ᠶᠢᠨ ᠦᠷ᠎ᠡ ᠬᠡᠦᠬᠡᠳ ᠨᠢ ᠬᠡᠷᠪᠡ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠥᠵᠢᠯ ᠪᠠ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠥᠵᠢᠯ ᠤᠨ ᠱᠠᠲᠤᠨ ᠳᠤ ᠪᠠᠶᠢᠪᠠᠯ᠂ ᠦᠷ᠎ᠡ ᠬᠡᠦᠬᠡᠳ ᠨᠢ | ᠬᠢᠯᠢ ᠶᠢᠨ ᠳᠣᠲᠣᠭᠠᠳᠤ ᠳᠤ᠂ ᠡᠰᠡᠬᠦᠯ᠎ᠡ ᠬᠢᠯᠢ ᠶᠢᠨ ᠭᠠᠳᠠᠨ᠎ᠠ ᠰᠤᠷᠭᠠᠨ ᠬᠥᠮᠥᠵᠢᠯ ᠬᠦᠷᠲᠡᠭᠰᠡᠨ ᠴᠤ ᠲᠡᠷᠡ᠂ | ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ᠂ ᠡᠰᠡᠬᠦᠯ᠎ᠡ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠴᠤ | ᠭᠡᠰᠡᠨ᠂ ᠪᠦᠷ ᠦᠷ᠎ᠡ ᠬᠡᠦᠬᠡᠳ ᠤᠨ ᠰᠤᠷᠭᠠᠨ ᠬᠥᠮᠥᠵᠢᠯ ᠤᠨ ᠬᠠᠰᠤᠯᠲᠠ ᠰᠠᠭᠤᠳᠬᠠᠯ ᠢ ᠬᠦᠷᠲᠡᠵᠦ ᠪᠣᠯᠣᠨ᠎ᠠ᠃ | ᠳᠠᠷᠤᠢ ᠭᠠᠶᠢᠯᠢ ᠲᠤᠰᠢᠶᠠᠭᠴᠢ ᠶᠢᠨ ᠦᠷ᠎ᠡ ᠬᠡᠦᠬᠡᠳ ᠨᠢ ᠪᠦᠬᠦᠯᠢ 3 ᠨᠠᠰᠤ ᠠᠴᠠ ᠳ᠋ᠣᠺᠲ᠋ᠣᠷᠠᠨᠲ ᠤᠨ ᠰᠤᠳᠤᠯᠬᠤ | ᠰᠤᠷᠤᠭᠴᠢ ᠲᠡᠭᠦᠰᠬᠦ ᠬᠦᠷᠲᠡᠯᠡᠬᠢ ᠬᠤᠭᠤᠴᠠᠭ᠎ᠠ ︵3 ᠨᠠᠰᠤ ᠠᠴᠠ ᠪᠠᠭ᠎ᠠ ᠰᠤᠷᠭᠠᠭᠤᠯᠢ ᠳᠤ ᠣᠷᠣᠬᠤ ᠠᠴᠠ | ᠡᠮᠦᠨᠡᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠱᠠᠲᠤ ᠦᠶ᠎ᠡ᠂ ᠪᠠᠭ᠎ᠠ ᠰᠤᠷᠭᠠᠭᠤᠯᠢ ᠪᠠ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠱᠠᠲᠤ ᠦᠶ᠎ᠡ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠮᠡᠷᠭᠡᠵᠢᠯ ᠤᠨ ᠠᠵᠢᠯᠴᠢᠨ ᠤ ᠰᠤᠷᠭᠠᠭᠤᠯᠢ ᠵᠡᠷᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠥᠵᠢᠯ ᠤᠨ ᠱᠠᠲᠤ ᠦᠶ᠎ᠡ᠂ ᠲᠤᠰᠬᠠᠢ ᠮᠡᠷᠭᠡᠵᠢᠯ ᠤᠨ ᠠᠩᠭᠢ᠂ ᠦᠨᠳᠦᠰᠦᠨ ᠠᠩᠭᠢ᠂ ᠠᠰᠫᠢᠷᠠᠨᠲ ᠪᠠ | ᠳ᠋ᠣᠺᠲ᠋ᠣᠷᠠᠨᠲ ᠤᠨ ᠰᠤᠳᠤᠯᠬᠤ ᠰᠤᠷᠤᠭᠴᠢ ᠶᠢᠨ ᠰᠤᠷᠭᠠᠨ ᠬᠥᠮᠥᠵᠢᠯ ᠵᠡᠷᠭᠡ ᠳᠡᠭᠡᠳᠦ ᠵᠡᠷᠭᠡ ᠶᠢᠨ ᠰᠤᠷᠭᠠᠨ | ᠬᠥᠮᠥᠵᠢᠯ ᠤᠨ ᠱᠠᠲᠤ ᠦᠶ᠎ᠡ ᠶᠢ ᠪᠠᠭᠲᠠᠭᠠᠨ᠎ᠠ︶᠂ ᠦᠷ᠎ᠡ ᠬᠡᠦᠬᠡᠳ ᠨᠢᠭᠡᠪᠦᠷᠢ ᠶᠢᠨ ᠰᠠᠷ᠎ᠠ ᠳᠤ 1000 ᠲᠥᠭᠦᠷᠢᠭ | ᠬᠠᠰᠤᠨ ᠰᠠᠭᠤᠳᠬᠠᠵᠤ᠂ ᠬᠠᠰᠤᠨ ᠰᠠᠭᠤᠳᠬᠠᠬᠤ ᠨᠥᠬᠦᠴᠡᠯ ᠳᠤ ᠨᠡᠶᠢᠴᠡᠭᠰᠡᠨ ᠬᠡᠳᠦᠨ ᠦᠷ᠎ᠡ ᠬᠡᠦᠬᠡᠳ ᠪᠠᠶᠢᠪᠠᠯ᠂ | ᠦᠷ᠎ᠡ ᠬᠡᠦᠬᠡᠳ ᠨᠢᠭᠡᠪᠦᠷᠢ ᠨᠢ ᠪᠦᠷ ᠬᠠᠰᠤᠯᠲᠠ ᠰᠠᠭᠤᠳᠬᠠᠯ ᠢ ᠬᠦᠷᠲᠡᠵᠦ ᠪᠣᠯᠣᠨ᠎ᠠ᠃ ᠬᠠᠰᠤᠨ ᠰᠠᠭᠤᠳᠬᠠᠬᠤ | ᠬᠥᠮᠥᠨ ᠢ ᠡᠴᠢᠭᠡ ᠡᠬᠡ ᠬᠤᠶᠠᠷ ᠲᠠᠯ᠎ᠠ ᠠᠴᠠ ᠰᠣᠩᠭᠤᠨ ᠲᠣᠭᠲᠠᠭᠠᠨ᠎ᠠ᠃ ᠡᠴᠢᠭᠡ ᠡᠬᠡ ᠶᠢᠨ ᠨᠢᠭᠡ ᠲᠠᠯ᠎ᠠ ᠠᠴᠠ | ᠬᠠᠰᠤᠨ ᠰᠠᠭᠤᠳᠬᠠᠬᠤ ᠪᠠᠷᠢᠮᠵᠢᠶ᠎ᠠ ᠶᠢᠨ 100% ᠪᠠᠷ ᠬᠠᠰᠤᠨ ᠰᠠᠭᠤᠳᠬᠠᠬᠤ ᠶᠢ ᠰᠣᠩᠭᠤᠵᠤ ᠪᠣᠯᠬᠤ ᠪᠠᠷ ᠪᠠᠷᠠᠬᠤ | ᠦᠭᠡᠢ᠂ ᠡᠴᠢᠭᠡ ᠡᠬᠡ ᠬᠤᠶᠠᠷ ᠲᠠᠯ᠎ᠠ ᠠᠴᠠ ᠲᠤᠰ ᠲᠤᠰ ᠬᠠᠰᠤᠨ ᠰᠠᠭᠤᠳᠬᠠᠬᠤ ᠪᠠᠷᠢᠮᠵᠢᠶ᠎ᠠ ᠶᠢᠨ 50% ᠪᠠᠷ | ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠃ ᠬᠠᠰᠤᠨ ᠰᠠᠭᠤᠳᠬᠠᠬᠤ ᠠᠷᠭ᠎ᠠ ᠬᠡᠯᠪᠡᠷᠢ ᠪᠠᠨ | ᠲᠣᠭᠲᠠᠭᠠᠭᠰᠠᠨ ᠤ ᠳᠠᠷᠠᠭ᠎ᠠ᠂ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ ᠬᠤᠪᠢᠷᠠᠭᠤᠯᠵᠤ ᠪᠣᠯᠬᠤ ᠦᠭᠡᠢ᠃ | ᠵᠢᠱᠢᠶᠡᠯᠡᠪᠡᠯ᠂ ᠨᠢᠭᠡ ᠭᠡᠷ ᠲᠤ ᠬᠤᠶᠠᠷ ᠬᠡᠦᠬᠡᠳ ᠪᠠᠶᠢᠵᠤ᠂ ᠨᠢᠭᠡ ᠬᠡᠦᠬᠡᠳ ᠨᠢ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠤᠷᠤᠯᠴᠠᠨ᠂ ᠨᠢᠭᠡ ᠬᠡᠦᠬᠡᠳ ᠨᠢ ᠬᠡᠦᠬᠡᠳ ᠤᠨ ᠴᠡᠴᠡᠷᠯᠢᠭ ᠲᠤ ᠣᠷᠣᠭᠰᠠᠨ | ᠮᠥᠷᠲᠡᠭᠡᠨ ᠨᠢᠭᠡᠨᠲᠡ ᠪᠦᠬᠦᠯᠢ 3 ᠨᠠᠰᠤ ᠬᠦᠷᠦᠭᠰᠡᠨ ᠪᠣᠯ᠂ ᠬᠡᠦᠬᠡᠳ ᠤᠨ ᠡᠴᠢᠭᠡ ᠡᠬᠡ ᠨᠢ ᠳᠤᠷ᠎ᠠ ᠶᠢᠨ ᠨᠢᠭᠡ | ᠲᠠᠯ᠎ᠠ ᠪᠠᠨ ᠰᠣᠩᠭᠤᠵᠤ ᠰᠠᠷ᠎ᠠ ᠪᠦᠷᠢ 2000 ᠲᠥᠭᠦᠷᠢᠭ ᠬᠠᠰᠤᠨ ᠰᠠᠭᠤᠳᠬᠠᠵᠤ ᠪᠣᠯᠣᠨ᠎ᠠ᠂ ᠪᠠᠰᠠ ᠡᠴᠢᠭᠡ᠂ | ᠡᠬᠡ ᠬᠤᠶᠠᠷ ᠠᠴᠠ ᠲᠤᠰ ᠲᠤᠰ 1000 ᠲᠥᠭᠦᠷᠢᠭ ᠬᠠᠰᠤᠨ ᠰᠠᠭᠤᠳᠬᠠᠵᠤ ᠪᠣᠯᠣᠨ᠎ᠠ᠃ | ᠬᠥᠲᠥᠯᠥᠭᠴᠢ᠄ | ᠲᠡᠭᠡᠪᠡᠯ᠂ ᠦᠷᠭᠦᠯᠵᠢᠯᠡᠯ ᠰᠤᠷᠭᠠᠨ ᠬᠥᠮᠥᠵᠢᠯ ᠬᠦᠷᠲᠡᠬᠦ ᠳᠤ ᠶᠠᠭᠠᠬᠢᠵᠤ ᠬᠠᠰᠤᠨ ᠰᠠᠭᠤᠳᠬᠠᠬᠤ ᠪᠣᠢ︖ | ᠲᠠᠨ ᠡᠾᠧᠩ᠄ | ᠭᠠᠶᠢᠯᠢ ᠲᠤᠰᠢᠶᠠᠭᠴᠢ ᠬᠡᠷᠪᠡ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠦᠷᠭᠦᠯᠵᠢᠯᠡᠯ ᠰᠤᠷᠭᠠᠨ | ᠬᠥᠮᠥᠵᠢᠯ ᠬᠦᠷᠲᠡᠪᠡᠯ᠂ ᠰᠠᠷ᠎ᠠ ᠪᠦᠷᠢ 400 ᠲᠥᠭᠦᠷᠢᠭ ᠬᠠᠰᠤᠨ ᠰᠠᠭᠤᠳᠬᠠᠵᠤ᠂ ᠠᠳᠠᠯᠢᠬᠠᠨ ᠨᠢᠭᠡᠨ | ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠦᠷᠭᠦᠯᠵᠢᠯᠡᠯ ᠰᠤᠷᠭᠠᠨ ᠬᠥᠮᠥᠵᠢᠯ ᠤᠨ ᠬᠠᠰᠤᠨ | ᠰᠠᠭᠤᠳᠬᠠᠬᠤ ᠬᠤᠭᠤᠴᠠᠭᠠᠨ ᠤ ᠬᠢᠵᠠᠭᠠᠷ ᠨᠢ 48 ᠰᠠᠷ᠎ᠠ ᠠᠴᠠ ᠬᠡᠲᠦᠷᠡᠵᠦ ᠪᠣᠯᠬᠤ ᠦᠭᠡᠢ︔ ᠭᠠᠶᠢᠯᠢ | ᠲᠤᠰᠢᠶᠠᠭᠴᠢ ᠬᠡᠷᠪᠡ ᠠᠵᠢᠯ ᠮᠡᠷᠭᠡᠵᠢᠯ ᠤᠨ ᠬᠢᠷᠢ ᠭᠡᠮ ᠤᠨ ᠦᠷᠭᠦᠯᠵᠢᠯᠡᠯ ᠰᠤᠷᠭᠠᠨ ᠬᠥᠮᠥᠵᠢᠯ ᠬᠦᠷᠲᠡᠪᠡᠯ᠂ ᠬᠠᠮᠢᠶ᠎ᠠ | ᠪᠦᠬᠦᠢ ᠦᠨᠡᠮᠯᠡᠯ ᠣᠯᠣᠭᠰᠠᠨ ᠲᠤᠬᠠᠢ ᠶᠢᠨ ᠵᠢᠯ ᠳᠤ᠂ 3600 ᠲᠥᠭᠦᠷᠢᠭ ᠤᠨ ᠲᠣᠭᠲᠠᠭᠰᠠᠨ ᠲᠤᠭ᠎ᠠ ᠶᠣᠰᠣᠭᠠᠷ | ᠬᠠᠰᠤᠨ ᠰᠠᠭᠤᠳᠬᠠᠨ᠎ᠠ᠃ ᠲᠡᠭᠦᠨ ᠤ ᠳᠣᠲᠣᠷ᠎ᠠ᠂ ᠠᠵᠢᠯ ᠮᠡᠷᠭᠡᠵᠢᠯ ᠤᠨ ᠬᠢᠷᠢ ᠭᠡᠮ ᠤᠨ ᠪᠣᠳᠠᠲᠠᠢ ᠬᠡᠪᠴᠢᠶ᠎ᠡ ᠶᠢ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡᠯᠡᠭᠰᠡᠨ | ᠤᠯᠤᠰ ᠤᠨ ᠠᠵᠢᠯ ᠮᠡᠷᠭᠡᠵᠢᠯ ᠤᠨ ᠬᠢᠷᠢ ᠭᠡᠮ ᠤᠨ ᠭᠠᠷᠴᠠᠭ ᠢᠶᠠᠷ ᠪᠠᠷᠢᠮᠵᠢᠶ᠎ᠠ ᠪᠣᠯᠭᠠᠨ᠎ᠠ᠃ ᠦᠷᠭᠦᠯᠵᠢᠯᠡᠯ ᠰᠤᠷᠭᠠᠨ | ᠬᠥᠮᠥᠵᠢᠯ ᠤᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠶᠡᠷᠦ ᠳᠤ ᠪᠠᠨ ᠬᠤᠪᠢ ᠬᠥᠮᠥᠨ ᠠᠴᠠ ᠬᠠᠰᠤᠨ | ᠰᠠᠭᠤᠳᠬᠠᠨ᠎ᠠ᠃ ᠭᠠᠶᠢᠯᠢ ᠲᠤᠰᠢᠶᠠᠭᠴᠢ ᠬᠡᠷᠪᠡ ᠦᠨᠳᠦᠰᠦᠨ ᠠᠩᠭᠢ ᠵᠢᠴᠢ ᠳᠣᠷᠣᠭᠰᠢᠬᠢ ᠰᠤᠷᠤᠯᠭ᠎ᠠ ᠶᠢᠨ ᠨᠠᠮᠲᠠᠷ | ︵ᠡᠷᠳᠡᠮ ᠤᠨ ᠴᠣᠯᠠ︶ ᠤᠨ ᠦᠷᠭᠦᠯᠵᠢᠯᠡᠯ ᠰᠤᠷᠭᠠᠨ ᠬᠥᠮᠥᠵᠢᠯ ᠬᠦᠷᠲᠡᠵᠦ᠂ ᠲᠣᠭᠲᠠᠭᠰᠠᠨ ᠬᠠᠰᠤᠨ | ᠰᠠᠭᠤᠳᠬᠠᠬᠤ ᠨᠥᠬᠦᠴᠡᠯ ᠳᠤ ᠨᠡᠶᠢᠴᠡᠭᠰᠡᠨ ᠪᠣᠯ᠂ ᠲᠡᠭᠦᠨ ᠤ ᠡᠴᠢᠭᠡ ᠡᠬᠡ ᠠᠴᠠ ᠬᠠᠰᠤᠨ ᠰᠠᠭᠤᠳᠬᠠᠬᠤ ᠶᠢ | ᠰᠣᠩᠭᠤᠵᠤ ᠪᠣᠯᠣᠨ᠎ᠠ᠂ ᠪᠠᠰᠠ ᠬᠤᠪᠢ ᠬᠥᠮᠥᠨ ᠠᠴᠠ ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠃ | ᠬᠥᠲᠥᠯᠥᠭᠴᠢ᠄ | ᠣᠳᠣᠬᠠᠨ ᠳᠤ᠂ ᠣᠷᠣᠨ ᠰᠠᠭᠤᠴᠠ ᠶᠢᠨ ᠵᠢᠭᠡᠯᠡᠯᠭᠡ ᠨᠢ ᠭᠡᠷ ᠪᠦᠯᠢ ᠨᠢᠭᠡᠪᠦᠷᠢ ᠶᠢᠨ ᠨᠡᠯᠢᠶᠡᠳ ᠶᠡᠭᠡ ᠬᠡᠰᠡᠭ | ᠵᠠᠷᠤᠯᠭ᠎ᠠ ᠭᠡᠵᠦ ᠬᠡᠯᠡᠵᠦ ᠪᠣᠯᠣᠨ᠎ᠠ᠃ ᠲᠡᠭᠡᠪᠡᠯ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢ ᠴᠣᠬᠤᠮ | ᠶᠠᠭᠠᠬᠢᠵᠦ ᠬᠠᠰᠤᠨ ᠰᠠᠭᠤᠳᠬᠠᠬᠤ ᠶᠢ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠡᠾᠧᠩ᠄ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠬᠠᠰᠤᠨ ᠰᠠᠭᠤᠳᠬᠠᠬᠤ ᠬᠡᠪᠴᠢᠶ᠎ᠡ ᠪᠣᠯ | ᠥᠪᠡᠷ ᠢᠶᠠᠨ ᠪᠤᠶᠤ ᠬᠠᠨᠢ ᠨᠥᠬᠦᠷ᠂ ᠲᠤᠰᠠᠭᠠᠷ ᠪᠤᠶᠤ ᠬᠠᠮᠲᠤ ᠪᠠᠷ ᠬᠤᠳᠠᠯᠳᠤᠭᠠᠨ ᠤ ᠪᠠᠩᠬᠢ ᠪᠤᠶᠤ ᠣᠷᠣᠨ | ᠰᠠᠭᠤᠴᠠ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ | ᠬᠡᠷᠡᠭᠯᠡᠵᠦ᠂ ᠥᠪᠡᠷ ᠢᠶᠠᠨ ᠪᠤᠶᠤ ᠬᠠᠨᠢ ᠨᠥᠬᠦᠷ ᠲᠤ ᠪᠠᠨ ᠳᠤᠮᠳᠠᠳᠤ ᠤᠯᠤᠰ ᠤᠨ ᠬᠢᠯᠢ ᠳᠠᠬᠢ ᠣᠷᠣᠨ ᠰᠠᠭᠤᠴᠠ ᠶᠢ | ᠬᠤᠳᠠᠯᠳᠤᠨ ᠠᠪᠤᠭᠰᠠᠨ ᠠᠴᠠ ᠡᠭᠦᠰᠦᠭᠰᠡᠨ ᠬᠠᠮᠤᠭ ᠤᠨ ᠲᠦᠷᠦᠭᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ | ᠬᠦᠦ ᠮᠥᠩᠭᠦ ᠶᠢᠨ ᠵᠠᠷᠤᠯᠭ᠎ᠠ ᠪᠣᠯᠣᠨ᠎ᠠ᠃ ᠭᠠᠶᠢᠯᠢ ᠲᠤᠰᠢᠶᠠᠭᠴᠢ ᠵᠥᠪᠬᠡᠨ ᠨᠢᠭᠡ ᠯᠡ ᠤᠳᠠᠭ᠎ᠠ ᠬᠠᠮᠤᠭ ᠤᠨ | ᠲᠦᠷᠦᠭᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠠᠴᠠ ᠬᠠᠰᠤᠯᠲᠠ ᠰᠠᠭᠤᠳᠬᠠᠯ ᠢ ᠬᠦᠷᠲᠡᠨ᠎ᠡ᠃ | ᠵᠢᠭᠡᠯᠡᠯᠭᠡ ᠶᠢᠨ ᠭᠡᠷ᠎ᠡ ᠲᠣᠭᠲᠠᠵᠤ ᠡᠬᠢᠯᠡᠨ ᠵᠢᠭᠡᠯᠡᠯᠭᠡ ᠶᠢᠨ ᠮᠥᠩᠭᠦ ᠪᠠᠨ ᠪᠤᠴᠠᠭᠠᠭᠰᠠᠨ ᠲᠤᠬᠠᠢ ᠶᠢᠨ ᠰᠠᠷ᠎ᠠ ᠠᠴᠠ | ᠵᠢᠭᠡᠯᠡᠯᠭᠡ ᠪᠠᠨ ᠪᠦᠬᠦᠨ ᠢ ᠲᠥᠯᠥᠵᠦ ᠳᠠᠭᠤᠰᠬᠠᠭᠰᠠᠨ ᠪᠤᠶᠤ ᠵᠢᠭᠡᠯᠡᠯᠭᠡ ᠶᠢᠨ ᠭᠡᠷ᠎ᠡ ᠪᠠᠨ ᠵᠣᠭᠰᠣᠭᠠᠭᠰᠠᠨ | ᠲᠤᠬᠠᠢ ᠶᠢᠨ ᠰᠠᠷ᠎ᠠ ᠬᠦᠷᠲᠡᠯ᠎ᠡ᠂ ᠰᠠᠷ᠎ᠠ ᠪᠦᠷᠢ 1000 ᠲᠥᠭᠦᠷᠢᠭ ᠬᠠᠰᠤᠨ ᠰᠠᠭᠤᠳᠬᠠᠵᠤ ᠪᠣᠯᠣᠨ᠎ᠠ᠂ ᠬᠠᠰᠤᠨ | ᠰᠠᠭᠤᠳᠬᠠᠬᠤ ᠬᠤᠭᠤᠴᠠᠭᠠᠨ ᠤ ᠬᠢᠵᠠᠭᠠᠷ ᠨᠢ ᠬᠠᠮᠤᠭ ᠤᠨ ᠤᠷᠲᠤ ᠳᠤ ᠪᠠᠨ 240 ᠰᠠᠷ᠎ᠠ ᠠᠴᠠ ᠬᠡᠲᠦᠷᠡᠵᠦ ᠪᠣᠯᠬᠤ | ᠦᠭᠡᠢ᠃ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠡᠯᠡᠯᠴᠡᠨ ᠲᠣᠭᠲᠠᠵᠤ᠂ ᠬᠤᠶᠠᠭᠤᠯᠠ ᠶᠢᠨ ᠨᠢᠭᠡ ᠲᠠᠯ᠎ᠠ ᠠᠴᠠ | ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠂ ᠪᠣᠳᠠᠲᠠᠢ ᠬᠠᠰᠤᠨ ᠰᠠᠭᠤᠳᠬᠠᠬᠤ ᠠᠷᠭ᠎ᠠ ᠬᠡᠯᠪᠡᠷᠢ ᠶᠢ ᠨᠢᠭᠡ | ᠭᠠᠶᠢᠯᠢ ᠲᠤᠰᠢᠶᠠᠬᠤ ᠣᠨ ᠤ ᠳᠣᠲᠣᠷ᠎ᠠ ᠬᠤᠪᠢᠷᠠᠭᠤᠯᠬᠤ ᠦᠭᠡᠢ᠃ ᠡᠷ᠎ᠡ ᠡᠮ᠎ᠡ ᠬᠤᠶᠠᠷ ᠲᠠᠯ᠎ᠠ ᠶᠢᠨ | ᠬᠤᠷᠢᠮᠯᠠᠬᠤ ᠠᠴᠠ ᠡᠮᠦᠨ᠎ᠡ ᠲᠤᠰ ᠲᠤᠰ ᠣᠷᠣᠨ ᠰᠠᠭᠤᠴᠠ ᠬᠤᠳᠠᠯᠳᠤᠨ ᠠᠪᠬᠤ ᠳᠤ ᠡᠭᠦᠰᠦᠭᠰᠡᠨ ᠬᠠᠮᠤᠭ ᠤᠨ | ᠲᠦᠷᠦᠭᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠶᠢ ᠬᠤᠷᠢᠮᠯᠠᠭᠰᠠᠨ ᠤ ᠳᠠᠷᠠᠭ᠎ᠠ᠂ | ᠬᠤᠳᠠᠯᠳᠤᠨ ᠠᠪᠤᠭᠰᠠᠨ ᠳᠤᠷ᠎ᠠ ᠶᠢᠨ ᠨᠢᠭᠡ ᠣᠷᠣᠨ ᠰᠠᠭᠤᠴᠠ ᠶᠢ ᠰᠣᠩᠭᠤᠵᠤ᠂ ᠬᠤᠳᠠᠯᠳᠤᠨ ᠠᠪᠤᠭᠰᠠᠨ | ᠲᠠᠯ᠎ᠠ ᠠᠴᠠ ᠬᠠᠰᠤᠨ ᠰᠠᠭᠤᠳᠬᠠᠬᠤ ᠪᠠᠷᠢᠮᠵᠢᠶ᠎ᠠ ᠶᠢᠨ 100% ᠪᠠᠷ ᠬᠠᠰᠤᠨ ᠰᠠᠭᠤᠳᠬᠠᠵᠤ ᠪᠣᠯᠣᠨ᠎ᠠ᠂ ᠪᠠᠰᠠ | ᠡᠷ᠎ᠡ ᠡᠮ᠎ᠡ ᠬᠤᠶᠠᠷ ᠲᠠᠯ᠎ᠠ ᠠᠴᠠ ᠥᠪᠡᠷ ᠥᠪᠡᠷ ᠤᠨ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠬᠠᠰᠤᠨ | ᠰᠠᠭᠤᠳᠬᠠᠬᠤ ᠪᠠᠷᠢᠮᠵᠢᠶ᠎ᠠ ᠶᠢᠨ 50% ᠪᠠᠷ ᠲᠤᠰ ᠲᠤᠰ ᠬᠠᠰᠤᠨ ᠰᠠᠭᠤᠳᠬᠠᠵᠤ ᠪᠣᠯᠣᠨ᠎ᠠ᠂ ᠪᠣᠳᠠᠲᠠᠢ ᠬᠠᠰᠤᠨ | ᠰᠠᠭᠤᠳᠬᠠᠬᠤ ᠠᠷᠭ᠎ᠠ ᠬᠡᠯᠪᠡᠷᠢ ᠶᠢ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ ᠬᠤᠪᠢᠷᠠᠭᠤᠯᠬᠤ ᠪᠣᠯᠬᠤ ᠦᠭᠡᠢ᠃ | ᠬᠥᠲᠥᠯᠥᠭᠴᠢ᠄ | ᠣᠷᠣᠨ ᠰᠠᠭᠤᠴᠠ ᠶᠢ ᠳᠤᠷᠠᠳᠬᠤ ᠲᠠᠢ ᠵᠡᠷᠭᠡ᠂ ᠵᠠᠷᠢᠮ ᠰᠦᠯᠵᠢᠶᠡᠨ ᠤ ᠠᠨᠳᠠ ᠣᠷᠣᠨ ᠰᠠᠭᠤᠴᠠ | ᠲᠦᠷᠢᠶᠡᠰᠦᠯᠡᠬᠦ ᠶᠠᠪᠤᠳᠠᠯ ᠢ ᠠᠩᠬᠠᠷᠬᠤ ᠪᠣᠯᠣᠨ᠎ᠠ᠂ ᠲᠡᠭᠡᠪᠡᠯ ᠲᠦᠷᠢᠶᠡᠰᠦᠨ ᠮᠥᠩᠭᠦ ᠶᠢ ᠬᠠᠰᠤᠨ ᠰᠠᠭᠤᠳᠬᠠᠵᠤ | ᠪᠣᠯᠣᠨ᠎ᠠ ᠦᠦ︖ | ᠲᠠᠨ ᠡᠾᠧᠩ᠄ | ᠭᠠᠶᠢᠯᠢ ᠲᠤᠰᠢᠶᠠᠭᠴᠢ ᠶᠢᠨ ᠭᠤᠣᠯ ᠠᠵᠢᠯᠯᠠᠵᠤ ᠪᠠᠶᠢᠭ᠎ᠠ ᠬᠤᠲᠠ ᠳᠤ ᠥᠪᠡᠷ ᠤᠨ ᠣᠷᠣᠨ ᠰᠠᠭᠤᠴᠠ | ᠦᠭᠡᠢ ᠠᠴᠠ ᠪᠣᠯᠵᠤ ᠡᠭᠦᠰᠦᠭᠰᠡᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠣᠷᠣᠨ | ᠰᠠᠭᠤᠴᠠ ᠲᠦᠷᠢᠶᠡᠰᠦᠯᠡᠬᠦ ᠭᠡᠷ᠎ᠡ ᠲᠣᠭᠲᠠᠭᠰᠠᠨ ᠲᠦᠷᠢᠶᠡᠰᠦᠯᠡᠭᠴᠢ ᠠᠴᠠ ᠬᠠᠰᠤᠨ ᠰᠠᠭᠤᠳᠬᠠᠨ᠎ᠠ᠃ ᠰᠢᠭᠤᠳ | ᠬᠠᠷᠢᠶ᠎ᠠ ᠬᠤᠲᠠ᠂ ᠮᠤᠵᠢ ᠶᠢᠨ ᠲᠥᠪ ︵ᠣᠷᠣᠨ ᠤ ᠲᠥᠪ︶ ᠬᠤᠲᠠ᠂ ᠠᠰ ᠲᠤ ᠪᠠᠨ ᠲᠥᠯᠥᠪᠯᠡᠭᠡ ᠬᠢᠬᠦ ᠬᠤᠲᠠ | ᠵᠢᠴᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠪᠤᠰᠤᠳ ᠬᠤᠲᠠ ᠳᠤ᠂ ᠰᠠᠷ᠎ᠠ ᠪᠦᠷᠢ 1500 | ᠲᠥᠭᠦᠷᠢᠭ ᠬᠠᠰᠤᠨ ᠰᠠᠭᠤᠳᠬᠠᠨ᠎ᠠ︔ ᠳᠡᠭᠡᠷ᠎ᠡ ᠶᠠᠷᠢᠭᠰᠠᠨ ᠬᠤᠲᠠ ᠠᠴᠠ ᠭᠠᠳᠠᠨ᠎ᠠ᠂ ᠬᠤᠲᠠ ᠶᠢᠨ ᠬᠠᠷᠢᠶ᠎ᠠ | ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ ᠨᠢ 100 ᠲᠦᠮᠡ ᠶᠢ ᠳᠠᠪᠠᠭᠰᠠᠨ ᠬᠤᠲᠠ ᠳᠤ᠂ | ᠰᠠᠷ᠎ᠠ ᠪᠦᠷᠢ 1100 ᠲᠥᠭᠦᠷᠢᠭ ᠬᠠᠰᠤᠨ ᠰᠠᠭᠤᠳᠬᠠᠨ᠎ᠠ︔ ᠬᠤᠲᠠ ᠶᠢᠨ ᠬᠠᠷᠢᠶ᠎ᠠ ᠲᠣᠭᠤᠷᠢᠭ ᠤᠨ ᠡᠷᠦᠬᠡ | ᠠᠮᠠ ᠶᠢᠨ ᠬᠠᠷᠢᠶ᠎ᠠ ᠲᠠᠢ ᠬᠥᠮᠥᠨ ᠠᠮᠠ ᠨᠢ 100 ᠲᠦᠮᠡ ᠬᠦᠷᠬᠦ ᠦᠭᠡᠢ ᠬᠤᠲᠠ ᠳᠤ᠂ ᠰᠠᠷ᠎ᠠ ᠪᠦᠷᠢ 800 | ᠲᠥᠭᠦᠷᠢᠭ ᠬᠠᠰᠤᠨ ᠰᠠᠭᠤᠳᠬᠠᠨ᠎ᠠ᠃ ᠬᠡᠷᠪᠡ ᠡᠷ᠎ᠡ ᠡᠮ᠎ᠡ ᠬᠤᠶᠠᠷ ᠲᠠᠯ᠎ᠠ ᠶᠢᠨ ᠭᠤᠣᠯ ᠠᠵᠢᠯᠯᠠᠵᠤ ᠪᠠᠶᠢᠭ᠎ᠠ ᠬᠤᠲᠠ | ᠨᠢ ᠠᠳᠠᠯᠢᠬᠠᠨ ᠪᠣᠯ᠂ ᠵᠥᠪᠬᠡᠨ ᠨᠢᠭᠡ ᠲᠠᠯ᠎ᠠ ᠠᠴᠠ ᠬᠠᠰᠤᠨ ᠰᠠᠭᠤᠳᠬᠠᠨ᠎ᠠ᠃ ᠬᠠᠰᠤᠨ ᠰᠠᠭᠤᠳᠬᠠᠬᠤ | ᠬᠤᠭᠤᠴᠠᠭᠠᠨ ᠤ ᠬᠢᠵᠠᠭᠠᠷ ᠨᠢ ᠲᠦᠷᠢᠶᠡᠰᠦᠯᠡᠬᠦ ᠭᠡᠷ᠎ᠡ ︵ᠬᠡᠯᠡᠯᠴᠡᠭᠡᠷ︶ ᠲᠣᠭᠲᠠᠭᠰᠠᠨ ᠭᠡᠷ ᠪᠠᠶᠢᠰᠢᠩ | ᠲᠦᠷᠢᠶᠡᠰᠦᠯᠡᠬᠦ ᠬᠤᠭᠤᠴᠠᠭ᠎ᠠ ᠡᠬᠢᠯᠡᠭᠰᠡᠨ ᠲᠤᠬᠠᠢ ᠶᠢᠨ ᠰᠠᠷ᠎ᠠ ᠠᠴᠠ ᠲᠦᠷᠢᠶᠡᠰᠦᠯᠡᠬᠦ ᠬᠤᠭᠤᠴᠠᠭ᠎ᠠ ᠳᠠᠭᠤᠰᠬᠤ | ᠲᠤᠬᠠᠢ ᠶᠢᠨ ᠰᠠᠷ᠎ᠠ ᠪᠣᠯᠲᠠᠯᠠᠬᠢ ᠬᠤᠭᠤᠴᠠᠭ᠎ᠠ ᠪᠣᠯᠣᠨ᠎ᠠ᠃ ᠤᠷᠢᠳᠴᠢᠯᠠᠨ ᠭᠡᠷ᠎ᠡ ᠪᠠᠨ ᠵᠣᠭᠰᠣᠭᠠᠪᠠᠯ᠂ ᠪᠣᠳᠠᠲᠠᠢ | ᠲᠦᠷᠢᠶᠡᠰᠦᠯᠡᠭᠰᠡᠨ ᠬᠤᠭᠤᠴᠠᠭᠠᠨ ᠤ ᠬᠢᠵᠠᠭᠠᠷ ᠢᠶᠠᠷ ᠪᠠᠷᠢᠮᠵᠢᠶ᠎ᠠ ᠪᠣᠯᠭᠠᠨ᠎ᠠ᠃ ᠠᠩᠬᠠᠷᠬᠤ ᠴᠢᠬᠤᠯᠠᠲᠠᠢ ᠵᠦᠢᠯ | ᠭᠡᠪᠡᠯ᠂ ᠭᠠᠶᠢᠯᠢ ᠲᠤᠰᠢᠶᠠᠭᠴᠢ ᠵᠢᠴᠢ ᠬᠠᠨᠢ ᠨᠥᠬᠦᠷ ᠨᠢ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ | ᠬᠠᠮᠲᠤ ᠳᠤ ᠪᠠᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠪᠠ ᠣᠷᠣᠨ ᠰᠠᠭᠤᠴᠠ ᠶᠢᠨ ᠲᠦᠷᠢᠶᠡᠰᠦᠨ | ᠮᠥᠩᠭᠦ ᠶᠢᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠲᠤᠰ ᠲᠤᠰ ᠬᠦᠷᠲᠡᠵᠦ ᠪᠣᠯᠬᠤ ᠦᠭᠡᠢ᠃ | ᠬᠥᠲᠥᠯᠥᠭᠴᠢ᠄ | ᠥᠷᠭᠡᠨ ᠣᠯᠠᠨ ᠰᠦᠯᠵᠢᠶᠡᠨ ᠤ ᠠᠨᠳᠠ ᠶᠢᠨ ᠮᠠᠰᠢ ᠠᠩᠬᠠᠷᠤᠯ ᠲᠠᠯᠪᠢᠵᠤ ᠪᠠᠶᠢᠭ᠎ᠠ ᠪᠠᠰᠠ ᠨᠢᠭᠡᠨ ᠰᠡᠳᠦᠪ | ᠪᠣᠯ ᠳᠠᠷᠤᠢ ᠲᠤᠰ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠶᠢᠨ | ᠨᠠᠰᠤᠲᠠᠨ ᠢᠶᠠᠨ ᠠᠰᠠᠷᠠᠬᠤ ᠵᠠᠷᠤᠯᠭ᠎ᠠ ᠶᠢ ᠴᠤ ᠬᠠᠰᠤᠨ ᠰᠠᠭᠤᠳᠬᠠᠬᠤ ᠬᠡᠪᠴᠢᠶᠡᠨ ᠳᠤ ᠣᠷᠣᠭᠤᠯᠤᠭᠰᠠᠨ ᠶᠠᠪᠤᠳᠠᠯ | ᠪᠣᠯᠣᠨ᠎ᠠ᠃ ᠨᠠᠰᠤᠲᠠᠨ ᠢᠶᠠᠨ ᠠᠰᠠᠷᠠᠬᠤ ᠡᠨᠡ ᠬᠦ ᠵᠦᠢᠯ ᠤᠨ ᠵᠠᠷᠤᠯᠭ᠎ᠠ ᠶᠢ ᠴᠣᠬᠤᠮ ᠶᠠᠭᠠᠬᠢᠵᠤ ᠲᠣᠭᠲᠠᠭᠠᠬᠤ ᠶᠢ | ᠲᠠᠨᠢᠯᠴᠠᠭᠤᠯᠤᠭᠠᠳ ᠥᠭᠭᠦᠨ᠎ᠡ ᠦᠦ︖ | ᠲᠠᠨ ᠡᠾᠧᠩ᠄ | ᠡᠩ ᠲᠡᠷᠢᠭᠦᠨ ᠳᠤ᠂ ᠠᠰᠠᠷᠠᠭᠳᠠᠭᠴᠢ ᠭᠡᠳᠡᠭ ᠪᠣᠯ ᠪᠦᠬᠦᠯᠢ 60 ᠨᠠᠰᠤ ᠬᠦᠷᠦᠭᠰᠡᠨ ᠡᠴᠢᠭᠡ ᠡᠬᠡ᠂ ᠵᠢᠴᠢ | ᠦᠷ᠎ᠡ ᠬᠡᠦᠬᠡᠳ ᠨᠢ ᠪᠦᠷ ᠨᠢᠭᠡᠨᠲᠡ ᠨᠠᠰᠤ ᠪᠠᠷᠠᠭᠰᠠᠨ ᠪᠦᠬᠦᠯᠢ 60 ᠨᠠᠰᠤ ᠬᠦᠷᠦᠭᠰᠡᠨ ᠡᠪᠦᠭᠡ ᠡᠮᠡᠭᠡ᠂ ᠨᠠᠭᠠᠴᠤ | ᠡᠪᠦᠭᠡ ᠨᠠᠭᠠᠴᠤ ᠡᠮᠡᠭᠡ ᠶᠢ ᠵᠢᠭᠠᠵᠤ ᠪᠠᠶᠢᠨ᠎ᠠ᠃ ᠳᠡᠳ᠋ᠯᠡᠪᠡᠯ᠂ ᠭᠠᠶᠢᠯᠢ ᠲᠤᠰᠢᠶᠠᠭᠴᠢ ᠨᠢ ᠦᠷ᠎ᠡ ᠶᠢᠨ ᠭᠠᠭᠴᠠ | ᠬᠡᠦᠬᠡᠳ ᠪᠣᠯ᠂ ᠰᠠᠷ᠎ᠠ ᠪᠦᠷᠢ 2000 ᠲᠥᠭᠦᠷᠢᠭ ᠤᠨ ᠲᠣᠭᠲᠠᠭᠰᠠᠨ ᠲᠣᠭᠠᠨ ᠤ ᠪᠠᠷᠢᠮᠵᠢᠶ᠎ᠠ ᠪᠠᠷ ᠬᠠᠰᠤᠨ | ᠰᠠᠭᠤᠳᠬᠠᠨ᠎ᠠ︔ ᠭᠠᠶᠢᠯᠢ ᠲᠤᠰᠢᠶᠠᠭᠴᠢ ᠨᠢ ᠦᠷ᠎ᠡ ᠶᠢᠨ ᠭᠠᠭᠴᠠ ᠬᠡᠦᠬᠡᠳ ᠪᠢᠰᠢ ᠪᠣᠯ᠂ ᠲᠡᠭᠦᠨ ᠤ ᠠᠬ᠎ᠠ ᠳᠡᠭᠦᠦ | ᠡᠭᠡᠴᠢ ᠳᠡᠭᠦᠦ ᠲᠠᠢ ᠪᠠᠨ ᠰᠠᠷ᠎ᠠ ᠪᠦᠷᠢ ᠶᠢᠨ 2000 ᠲᠥᠭᠦᠷᠢᠭ ᠤᠨ ᠬᠠᠰᠤᠨ ᠰᠠᠭᠤᠳᠬᠠᠬᠤ ᠲᠤᠭ᠎ᠠ ᠬᠡᠮᠵᠢᠶ᠎ᠡ ᠶᠢ | ᠲᠡᠭᠰᠢ ᠪᠠᠷ ᠬᠤᠪᠢᠶᠠᠯᠴᠠᠵᠤ᠂ ᠬᠥᠮᠥᠨ ᠨᠢᠭᠡᠪᠦᠷᠢ ᠶᠢᠨ ᠲᠡᠭᠰᠢ ᠪᠠᠷ ᠬᠤᠪᠢᠶᠠᠯᠴᠠᠬᠤ ᠲᠤᠭ᠎ᠠ ᠬᠡᠮᠵᠢᠶ᠎ᠡ ᠨᠢ ᠰᠠᠷ᠎ᠠ | ᠪᠦᠷᠢ ᠶᠢᠨ 1000 ᠲᠥᠭᠦᠷᠢᠭ ᠢ ᠬᠡᠲᠦᠷᠡᠵᠦ ᠪᠣᠯᠬᠤ ᠦᠭᠡᠢ᠃ ᠠᠰᠠᠷᠠᠭᠴᠢᠳ ᠠᠴᠠ ᠲᠡᠭᠰᠢ ᠪᠠᠷ ᠬᠤᠪᠢᠶᠠᠯᠴᠠᠬᠤ | ᠪᠤᠶᠤ ᠬᠡᠯᠡᠯᠴᠡᠨ ᠲᠣᠬᠢᠷᠠᠯᠴᠠᠵᠤ ᠬᠤᠪᠢᠶᠠᠯᠴᠠᠨ ᠬᠦᠷᠲᠡᠵᠦ ᠪᠣᠯᠣᠨ᠎ᠠ᠂ ᠪᠠᠰᠠ ᠠᠰᠠᠷᠠᠭᠳᠠᠭᠴᠢ ᠠᠴᠠ ᠵᠢᠭᠠᠨ | ᠲᠣᠭᠲᠠᠭᠠᠵᠤ ᠬᠤᠪᠢᠶᠠᠯᠴᠠᠵᠤ ᠪᠣᠯᠣᠨ᠎ᠠ᠃ ᠬᠡᠯᠡᠯᠴᠡᠨ ᠲᠣᠬᠢᠷᠠᠯᠴᠠᠬᠤ ᠪᠤᠶᠤ ᠵᠢᠭᠠᠨ ᠲᠣᠭᠲᠠᠭᠠᠵᠤ | ᠬᠤᠪᠢᠶᠠᠯᠴᠠᠬᠤ ᠳᠤ ᠪᠢᠴᠢᠭ ᠢᠶᠠᠷ ᠬᠤᠪᠢᠶᠠᠯᠴᠠᠬᠤ ᠬᠡᠯᠡᠯᠴᠡᠭᠡᠷ ᠲᠣᠭᠲᠠᠵᠤ᠂ ᠵᠢᠭᠠᠨ ᠲᠣᠭᠲᠠᠭᠠᠵᠤ | ᠬᠤᠪᠢᠶᠠᠯᠴᠠᠬᠤ ᠶᠢ ᠬᠡᠯᠡᠯᠴᠡᠨ ᠲᠣᠬᠢᠷᠠᠯᠴᠠᠵᠤ ᠬᠤᠪᠢᠶᠠᠯᠴᠠᠬᠤ ᠠᠴᠠ ᠤᠷᠢᠳ ᠢᠶᠠᠷ ᠪᠣᠳᠣᠯᠬᠢᠯᠠᠨ᠎ᠠ᠃ ᠪᠣᠳᠠᠲᠠᠢ | ᠬᠤᠪᠢᠶᠠᠯᠴᠠᠬᠤ ᠠᠷᠭ᠎ᠠ ᠬᠡᠯᠪᠡᠷᠢ ᠪᠠ ᠲᠤᠭ᠎ᠠ ᠬᠡᠮᠵᠢᠶ᠎ᠡ ᠶᠢ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ | ᠬᠤᠪᠢᠷᠠᠭᠤᠯᠵᠤ ᠪᠣᠯᠬᠤ ᠦᠭᠡᠢ᠃ ᠭᠤᠷᠪᠠᠳᠤᠭᠠᠷ ᠲᠤ᠂ ᠬᠠᠰᠤᠨ ᠰᠠᠭᠤᠳᠬᠠᠬᠤ ᠬᠤᠭᠤᠴᠠᠭᠠᠨ ᠤ ᠬᠢᠵᠠᠭᠠᠷ ᠨᠢ | ᠠᠰᠠᠷᠠᠭᠳᠠᠭᠴᠢ ᠶᠢᠨ ᠪᠦᠬᠦᠯᠢ 60 ᠨᠠᠰᠤ ᠬᠦᠷᠦᠭᠰᠡᠨ ᠲᠤᠬᠠᠢ ᠶᠢᠨ ᠰᠠᠷ᠎ᠠ ᠠᠴᠠ ᠠᠰᠠᠷᠠᠬᠤ ᠡᠭᠦᠷᠭᠡ ᠨᠢ | ᠳᠠᠭᠤᠰᠤᠭᠰᠠᠨ ᠵᠢᠯ ᠤᠨ ᠰᠡᠭᠦᠯᠴᠢ ᠬᠦᠷᠲᠡᠯᠡᠬᠢ ᠬᠤᠭᠤᠴᠠᠭ᠎ᠠ ᠪᠣᠯᠣᠨ᠎ᠠ᠃ | ᠵᠢᠱᠢᠶᠡᠯᠡᠪᠡᠯ᠂ ᠶᠠᠩ ᠠᠪᠤᠭᠠᠢ ᠶᠢᠨ ᠡᠴᠢᠭᠡ ᠡᠬᠡ ᠨᠢ ᠨᠢᠭᠡᠨᠲᠡ 60 ᠨᠠᠰᠤ ᠶᠢ ᠳᠠᠪᠠᠵᠤ᠂ ᠶᠠᠩ ᠠᠪᠤᠭᠠᠢ | ᠥᠪᠡᠷ ᠢᠶᠠᠨ ᠴᠤ ᠦᠷ᠎ᠡ ᠶᠢᠨ ᠭᠠᠭᠴᠠ ᠬᠡᠦᠬᠡᠳ ᠪᠣᠯ᠂ ᠲᠡᠷᠡ ᠰᠠᠷ᠎ᠠ ᠪᠦᠷᠢ 2000 ᠲᠥᠭᠦᠷᠢᠭ ᠬᠠᠰᠤᠨ | ᠰᠠᠭᠤᠳᠬᠠᠵᠤ ᠪᠣᠯᠣᠨ᠎ᠠ︔ ᠬᠡᠷᠪᠡ ᠲᠡᠭᠦᠨ ᠳᠤ ᠨᠢᠭᠡ ᠳᠡᠭᠦᠦ ᠪᠠᠶᠢᠭᠰᠠᠨ ᠪᠣᠯ᠂ ᠬᠤᠶᠠᠭᠤᠯᠠ ᠪᠠᠨ 2000 | ᠲᠥᠭᠦᠷᠢᠭ ᠢ ᠬᠤᠪᠢᠶᠠᠯᠴᠠᠵᠤ ᠬᠠᠰᠤᠨ ᠰᠠᠭᠤᠳᠬᠠᠵᠤ ᠪᠣᠯᠣᠨ᠎ᠠ︔ ᠪᠠᠰᠠ ᠵᠢᠱᠢᠶᠡᠯᠡᠪᠡᠯ᠂ ᠭᠤᠣᠯᠳᠠᠭᠤ ᠶᠠᠩ | ᠠᠪᠤᠭᠠᠢ ᠡᠴᠢᠭᠡ ᠡᠬᠡ ᠪᠠᠨ ᠠᠰᠠᠷᠠᠵᠤ ᠪᠠᠶᠢᠪᠠᠯ᠂ ᠡᠴᠢᠭᠡ ᠡᠬᠡ ᠪᠠᠨ ᠠᠰᠠᠷᠠᠬᠤ 2000 ᠲᠥᠭᠦᠷᠢᠭ ᠢ ᠪᠦᠬᠦᠨ ᠢ | ᠶᠠᠩ ᠠᠪᠤᠭᠠᠢ ᠠᠴᠠ ᠬᠠᠰᠤᠨ ᠰᠠᠭᠤᠳᠬᠠᠵᠤ ᠪᠣᠯᠣᠨ᠎ᠠ ᠦᠦ︖ ᠭᠡᠪᠡᠯ ᠶᠠᠷᠢᠶᠠᠨ ᠦᠭᠡᠢ ᠪᠣᠯᠬᠤ ᠦᠭᠡᠢ᠂ ᠤᠴᠢᠷ | ᠨᠢ ᠬᠥᠮᠥᠨ ᠪᠦᠷᠢ ᠶᠢᠨ ᠬᠤᠪᠢᠶᠠᠯᠴᠠᠬᠤ ᠲᠤᠭ᠎ᠠ ᠬᠡᠮᠵᠢᠶ᠎ᠡ ᠨᠢ ᠰᠠᠷ᠎ᠠ ᠪᠦᠷᠢ ᠶᠢᠨ 1000 ᠲᠥᠭᠦᠷᠢᠭ ᠠᠴᠠ | ᠬᠡᠲᠦᠷᠡᠵᠦ ᠪᠣᠯᠬᠤ ᠦᠭᠡᠢ᠃ | ᠬᠥᠲᠥᠯᠥᠭᠴᠢ᠄ | ᠲᠠᠨ ᠤ ᠰᠠᠶ᠋ᠢᠬᠠᠨ ᠤ ᠶᠠᠷᠢᠭᠰᠠᠨ ᠬᠡᠳᠦᠨ ᠵᠦᠢᠯ ᠤᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ | ᠪᠠᠷᠢᠮᠵᠢᠶ᠎ᠠ ᠶᠢ ᠳ᠋ᠦᠩᠨᠡᠪᠡᠯ᠂ ᠪᠦᠷ ᠲᠣᠭᠲᠠᠭᠰᠠᠨ ᠲᠣᠭᠠᠨ ᠤ ᠰᠠᠭᠤᠳᠬᠠᠯ ᠪᠣᠯᠣᠨ᠎ᠠ᠂ ᠳᠠᠷᠤᠢ ᠪᠣᠳᠠᠲᠠᠢ ᠳᠡᠭᠡᠷ᠎ᠡ ᠪᠠᠨ | ᠬᠡᠳᠦᠢ ᠰᠦᠢᠳᠬᠡᠯ ᠡᠭᠦᠰᠦᠭᠰᠡᠨ ᠢ ᠪᠣᠳᠣᠯᠬᠢᠯᠠᠬᠤ ᠴᠢᠬᠤᠯᠠ ᠦᠭᠡᠢ᠂ ᠢᠩᠭᠢᠵᠦ ᠣᠶᠢᠯᠠᠭᠠᠬᠤ ᠨᠢ ᠲᠠᠭᠠᠷᠠᠨ᠎ᠠ ᠦᠦ︖ | ᠲᠡᠭᠡᠪᠡᠯ ᠦᠨᠡᠨ ᠪᠣᠳᠠᠲᠠᠢ ᠪᠠᠷ ᠬᠠᠰᠤᠨ ᠰᠠᠭᠤᠳᠬᠠᠬᠤ ᠲᠥᠷᠥᠯ ᠵᠦᠢᠯ ᠪᠠᠶᠢᠨ᠎ᠠ ᠦᠦ︖ | ᠲᠠᠨ ᠡᠾᠧᠩ᠄ | ᠢᠩᠭᠢᠵᠦ ᠣᠶᠢᠯᠠᠭᠠᠵᠤ ᠪᠠᠶᠢᠬᠤ ᠴᠢᠨᠢ ᠲᠠᠭᠠᠷᠠᠵᠤ ᠪᠠᠶᠢᠨ᠎ᠠ᠃ ᠪᠢᠳᠡ ᠲᠤᠰ ᠤᠳᠠᠭᠠᠨ ᠤ ᠬᠤᠪᠢ ᠬᠥᠮᠥᠨ ᠤ | ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠳᠤ ᠨᠡᠶᠢᠲᠡ ᠵᠢᠷᠭᠤᠭᠠᠨ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠪᠠᠶᠢᠨ᠎ᠠ ᠭᠡᠵᠦ ᠶᠠᠷᠢᠪᠠ᠂ ᠰᠠᠶ᠋ᠢᠬᠠᠨ ᠤ ᠶᠠᠷᠢᠭᠰᠠᠨ ᠦᠷ᠎ᠡ ᠬᠡᠦᠬᠡᠳ ᠤᠨ ᠰᠤᠷᠭᠠᠨ ᠬᠥᠮᠥᠵᠢᠯ᠂ | ᠦᠷᠭᠦᠯᠵᠢᠯᠡᠯ ᠰᠤᠷᠭᠠᠨ ᠬᠥᠮᠥᠵᠢᠯ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ᠂ ᠣᠷᠣᠨ | ᠰᠠᠭᠤᠴᠠ ᠶᠢᠨ ᠲᠦᠷᠢᠶᠡᠰᠦᠨ ᠮᠥᠩᠭᠦ ᠪᠠ ᠨᠠᠰᠤᠲᠠᠨ ᠢᠶᠠᠨ ᠠᠰᠠᠷᠠᠨ ᠲᠡᠵᠢᠭᠡᠬᠦ ᠨᠢ ᠪᠦᠷ ᠲᠣᠭᠲᠠᠭᠰᠠᠨ ᠲᠣᠭᠠᠨ ᠤ | ᠰᠠᠭᠤᠳᠬᠠᠯ ᠪᠣᠯᠬᠤ ᠪᠠᠷ ᠪᠠᠷᠠᠬᠤ ᠦᠭᠡᠢ᠂ ᠨᠢᠭᠡ ᠵᠦᠢᠯ ᠤᠨ ᠦᠨᠡᠨ ᠪᠣᠳᠠᠲᠠᠢ ᠪᠠᠷ ᠰᠠᠭᠤᠳᠬᠠᠬᠤ ᠵᠦᠢᠯ ᠪᠠᠶᠢᠨ᠎ᠠ᠃ | ᠲᠤᠬᠠᠶᠢᠯᠠᠪᠠᠯ᠄ ᠬᠦᠨᠳᠦ ᠡᠪᠡᠳᠴᠢᠨ ᠤ ᠡᠮᠴᠢᠯᠡᠭᠡ ᠪᠣᠯᠣᠨ᠎ᠠ᠃ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 1 ᠤ | ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠦᠨᠳᠦᠰᠦᠨ ᠡᠮᠴᠢᠯᠡᠭᠡ ᠶᠢᠨ ᠳᠠᠭᠠᠳᠬᠠᠯ ᠲᠠᠢ | ᠬᠠᠮᠢᠶ᠎ᠠ ᠪᠦᠬᠦᠢ ᠡᠮᠨᠡᠯᠭᠡ ᠶᠢᠨ ᠰᠦᠢᠳᠬᠡᠯ ᠢ ᠬᠠᠰᠤᠨ ᠰᠠᠭᠤᠳᠬᠠᠭᠰᠠᠨ ᠡᠮᠴᠢᠯᠡᠭᠡ ᠶᠢᠨ ᠳᠠᠭᠠᠳᠬᠠᠯ ᠤᠨ ᠳᠠᠩᠰᠠ ᠶᠢ | ᠲᠠᠶᠢᠯᠤᠭᠰᠠᠨ ᠤ ᠳᠠᠷᠠᠭ᠎ᠠ ᠬᠤᠪᠢ ᠬᠥᠮᠥᠨ ᠤ ᠡᠭᠦᠷᠭᠡᠯᠡᠯ ᠨᠢ ᠨᠡᠶᠢᠲᠡ 15000 ᠲᠥᠭᠦᠷᠢᠭ ᠢ ᠬᠡᠲᠦᠷᠡᠭᠰᠡᠨ | ᠮᠥᠷᠲᠡᠭᠡᠨ 80000 ᠲᠥᠭᠦᠷᠢᠭ ᠢ ᠥᠯᠥ ᠬᠡᠲᠦᠷᠡᠭᠰᠡᠨ ᠪᠣᠯ᠂ ᠭᠠᠶᠢᠯᠢ ᠲᠤᠰᠢᠶᠠᠭᠴᠢ ᠠᠴᠠ ᠣᠨ ᠤ | ᠬᠤᠷᠢᠶᠠᠩᠭᠤᠶᠢᠯᠠᠨ ᠪᠣᠳᠣᠵᠤ ᠳ᠋ᠦᠩᠨᠡᠨ ᠲᠤᠰᠢᠶᠠᠬᠤ ᠶᠢ ᠭᠦᠢᠴᠡᠳᠬᠡᠬᠦ ᠦᠶ᠎ᠡ ᠳᠤ᠂ 80000 ᠲᠥᠭᠦᠷᠢᠭ ᠤᠨ | ᠲᠣᠭᠲᠠᠭᠰᠠᠨ ᠲᠣᠭᠠᠨ ᠤ ᠳᠣᠲᠣᠷ᠎ᠠ ᠦᠨᠡᠨ ᠪᠣᠳᠠᠲᠠᠢ ᠪᠠᠷ ᠬᠠᠰᠤᠨ ᠰᠠᠭᠤᠳᠬᠠᠨ᠎ᠠ᠃ ᠭᠠᠶᠢᠯᠢ ᠲᠤᠰᠢᠶᠠᠭᠴᠢ ᠶᠢᠨ | ᠡᠭᠦᠰᠦᠭᠰᠡᠨ ᠡᠮᠨᠡᠯᠭᠡ ᠶᠢᠨ ᠰᠦᠢᠳᠬᠡᠯ ᠤᠨ ᠵᠠᠷᠤᠯᠭ᠎ᠠ ᠶᠢ ᠬᠤᠪᠢ ᠬᠥᠮᠥᠨ ᠪᠤᠶᠤ ᠬᠠᠨᠢ ᠨᠥᠬᠦᠷ ᠠᠴᠠ ᠨᠢ ᠬᠠᠰᠤᠨ | ᠰᠠᠭᠤᠳᠬᠠᠬᠤ ᠶᠢ ᠰᠣᠩᠭᠤᠵᠤ ᠪᠣᠯᠣᠨ᠎ᠠ︔ ᠨᠠᠰᠤᠨ ᠳᠤ ᠬᠦᠷᠦᠭᠡᠳᠦᠢ ᠦᠷ᠎ᠡ ᠬᠡᠦᠬᠡᠳ ᠠᠴᠠ ᠡᠭᠦᠰᠦᠭᠰᠡᠨ | ᠡᠮᠨᠡᠯᠭᠡ ᠶᠢᠨ ᠰᠦᠢᠳᠬᠡᠯ ᠤᠨ ᠵᠠᠷᠤᠯᠭ᠎ᠠ ᠳᠤ ᠲᠡᠭᠦᠨ ᠤ ᠡᠴᠢᠭᠡ ᠡᠬᠡ ᠶᠢᠨ ᠬᠢᠨᠢ ᠨᠢᠭᠡ ᠲᠠᠯ᠎ᠠ ᠠᠴᠠ ᠬᠠᠰᠤᠨ | ᠰᠠᠭᠤᠳᠬᠠᠬᠤ ᠶᠢ ᠰᠣᠩᠭᠤᠵᠤ ᠪᠣᠯᠣᠨ᠎ᠠ᠃ ᠶᠠᠷᠢᠶᠠᠨ ᠦᠭᠡᠢ᠂ ᠡᠨᠡ ᠬᠦ ᠬᠡᠰᠡᠭ ᠬᠤᠪᠢ ᠬᠥᠮᠥᠨ ᠤ ᠡᠭᠦᠷᠭᠡᠯᠡᠯ ᠪᠣᠯ | ᠳᠠᠷᠤᠢ ᠡᠮᠴᠢᠯᠡᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶᠡᠨ ᠳᠣᠲᠣᠷᠠᠬᠢ ᠥᠪᠡᠷ ᠢᠶᠠᠨ ᠲᠤᠰᠢᠶᠠᠬᠤ ᠬᠡᠰᠡᠭ | ᠪᠠᠶᠢᠵᠤ᠂ ᠡᠮᠨᠡᠯᠭᠡ ᠶᠢᠨ ᠦᠢᠯᠡᠴᠢᠯᠡᠭᠡ ᠶᠢᠨ ᠰᠦᠢᠳᠬᠡᠯ ᠵᠢᠴᠢ ᠡᠮᠴᠢᠯᠡᠭᠡ ᠶᠢᠨ ᠳᠠᠭᠠᠳᠬᠠᠯ ᠤᠨ ᠳᠠᠩᠰᠠ ᠶᠢ | ᠲᠠᠶᠢᠯᠤᠭᠰᠠᠨ ᠬᠠᠮᠢᠶ᠎ᠠ ᠪᠦᠬᠦᠢ ᠪᠠᠷᠢᠮᠲᠠ ᠶᠢᠨ ᠤᠤᠯ ᠮᠠᠲ᠋ᠧᠷᠢᠶᠠᠯ ᠪᠤᠶᠤ ᠬᠠᠭᠤᠯᠪᠤᠷᠢ ᠶᠢ ᠦᠯᠡᠳᠡᠭᠡᠨ ᠬᠠᠳᠠᠭᠠᠯᠠᠬᠤ | ᠴᠢᠬᠤᠯᠠᠲᠠᠢ᠃ | ᠬᠥᠲᠥᠯᠥᠭᠴᠢ᠄ | ᠲᠡᠭᠡᠪᠡᠯ ᠬᠤᠪᠢ ᠬᠥᠮᠥᠨ ᠪᠣᠯᠣᠭᠰᠠᠨ ᠤ ᠬᠤᠪᠢ ᠳᠤ᠂ ᠡᠨᠡ ᠬᠦ ᠵᠢᠷᠭᠤᠭᠠᠨ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠢ ᠬᠡᠷᠬᠢᠨ ᠭᠤᠶᠤᠴᠢᠯᠠᠨ ᠮᠡᠳᠡᠭᠦᠯᠬᠦ ᠪᠣᠢ︖ | ᠲᠠᠨ ᠡᠾᠧᠩ᠄ | ᠭᠠᠶᠢᠯᠢ ᠲᠤᠰᠢᠶᠠᠭᠴᠢ ᠴᠠᠭᠠᠰᠤᠨ ᠬᠦᠰᠦᠨᠦᠭ᠂ ᠡᠯᠧᠺᠲᠷᠣᠨ ᠵᠠᠭᠪᠤᠷ᠂ ᠠᠯᠤᠰ ᠵᠠᠢ ᠠᠴᠠ ᠭᠠᠶᠢᠯᠢ | ᠭᠦᠢᠴᠡᠳᠬᠡᠬᠦ APP ᠦᠵᠦᠭᠦᠷ ᠪᠤᠶᠤ ᠰᠦᠯᠵᠢᠶᠡᠨ ᠤ ᠨᠢᠭᠤᠷ ᠤᠨ ᠦᠵᠦᠭᠦᠷ 4 ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ ᠬᠤᠪᠢ ᠬᠥᠮᠥᠨ ᠤ ᠮᠡᠳᠡᠭᠡ ᠵᠠᠩᠭᠢ ᠪᠠᠨ ᠴᠤᠭᠯᠠᠭᠤᠯᠵᠤ ᠪᠣᠯᠣᠨ᠎ᠠ᠃ ᠲᠡᠭᠦᠨ ᠤ ᠳᠣᠲᠣᠷ᠎ᠠ᠂ | ᠴᠠᠭᠠᠰᠤᠨ ᠬᠦᠰᠦᠨᠦᠭ ᠢ ᠣᠯᠬᠤ ᠠᠷᠭ᠎ᠠ ᠵᠠᠮ ᠨᠢ 3 ᠵᠦᠢᠯ ᠪᠠᠶᠢᠨ᠎ᠠ᠄ ᠨᠢᠭᠡᠳᠦᠭᠡᠷ ᠲᠤ᠂ ᠣᠯᠠᠨ ᠢᠶᠠᠷ ᠢᠶᠠᠨ | ᠣᠶᠢᠷ᠎ᠠ ᠬᠠᠪᠢ ᠶᠢᠨ ᠳᠤᠷ᠎ᠠ ᠶᠢᠨ ᠨᠢᠭᠡ ᠭᠠᠶᠢᠯᠢ ᠭᠦᠢᠴᠡᠳᠬᠡᠬᠦ ᠲᠢᠩᠬᠢᠮ ᠳᠤ ᠬᠦᠷᠴᠦ ᠨᠢᠭᠡᠨᠲᠡ ᠳᠠᠷᠤᠮᠠᠯᠯᠠᠨ | ᠵᠣᠬᠢᠶᠠᠭᠰᠠᠨ ᠮᠡᠳᠡᠭᠡ ᠵᠠᠩᠭᠢ ᠶᠢᠨ ᠬᠦᠰᠦᠨᠦᠭ ᠢ ᠠᠪᠴᠤ ᠪᠣᠯᠣᠨ᠎ᠠ︔ ᠬᠤᠶᠠᠳᠤᠭᠠᠷ ᠲᠤ᠂ ᠨᠢᠭᠡᠴᠢ ᠠᠴᠠ | ᠣᠯᠠᠨ ᠳᠤ ᠲᠤᠰᠬᠠᠢ ᠵᠦᠢᠯ ᠤᠨ ᠨᠡᠮᠡᠯᠲᠡ ᠰᠠᠭᠤᠳᠬᠠᠯ ᠭᠦᠢᠴᠡᠳᠬᠡᠵᠦ ᠥᠭᠭᠦᠭᠰᠡᠨ ᠰᠠᠯᠠᠭ᠎ᠠ ᠮᠥᠴᠢᠷ ᠲᠤ ᠬᠦᠷᠴᠦ | ᠠᠪᠴᠤ ᠪᠣᠯᠣᠨ᠎ᠠ︔ ᠭᠤᠷᠪᠠᠳᠤᠭᠠᠷ ᠲᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠪᠤᠶᠤ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠳᠤ ᠨᠡᠪᠲᠡᠷᠡᠵᠦ ᠪᠠᠭᠤᠯᠭᠠᠬᠤ ᠶᠢᠨ | ᠬᠠᠮᠲᠤ ᠥᠪᠡᠰᠦᠪᠡᠨ ᠳᠠᠷᠤᠮᠠᠯᠯᠠᠵᠤ ᠪᠣᠯᠣᠨ᠎ᠠ᠃ ᠣᠯᠠᠨ ᠳᠤ ᠠᠩᠬᠠᠷᠤᠭᠤᠯᠬᠤ ᠴᠢᠬᠤᠯᠠᠲᠠᠢ ᠵᠦᠢᠯ ᠭᠡᠪᠡᠯ᠂ ᠬᠦᠨᠳᠦ | ᠡᠪᠡᠳᠴᠢᠨ ᠤ ᠡᠮᠴᠢᠯᠡᠭᠡ ᠶᠢᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠪᠣᠯ ᠭᠠᠶᠢᠯᠢ ᠲᠤᠰᠢᠶᠠᠭᠴᠢ ᠠᠴᠠ ᠣᠨ ᠤ | ᠬᠤᠷᠢᠶᠠᠩᠭᠤᠶᠢᠯᠠᠨ ᠪᠣᠳᠣᠵᠤ ᠳ᠋ᠦᠩᠨᠡᠨ ᠲᠤᠰᠢᠶᠠᠬᠤ ᠶᠢ ᠭᠦᠢᠴᠡᠳᠬᠡᠬᠦ ᠦᠶ᠎ᠡ ᠳᠤ ᠦᠨᠡᠨ ᠪᠣᠳᠠᠲᠠᠢ ᠪᠠᠷ | ᠭᠤᠶᠤᠴᠢᠯᠠᠨ ᠮᠡᠳᠡᠭᠦᠯᠬᠦ ᠰᠠᠭᠤᠳᠬᠠᠯ ᠪᠣᠯᠬᠤ ᠲᠤᠯᠠ᠂ ᠡᠯᠧᠺᠲᠷᠣᠨ ᠵᠠᠭᠪᠤᠷ ᠨᠢ ᠬᠦᠨᠳᠦ ᠡᠪᠡᠳᠴᠢᠨ ᠤ | ᠡᠮᠴᠢᠯᠡᠭᠡ ᠶᠢᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠴᠤᠭᠯᠠᠭᠤᠯᠬᠤ ᠳᠤ ᠬᠤᠯᠪᠣᠭᠳᠠᠬᠤ ᠦᠭᠡᠢ᠃ | ᠡᠭᠦᠨ ᠢᠶᠠᠷ ᠪᠠᠷᠠᠬᠤ ᠦᠭᠡᠢ᠂ ᠬᠡᠷᠪᠡ ᠨᠢᠭᠡᠴᠢ ᠳᠤ ᠪᠠᠨ ᠰᠠᠷ᠎ᠠ ᠪᠠᠷ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ | ᠲᠥᠷᠥ ᠶᠢᠨ ᠪᠣᠳᠣᠯᠭ᠎ᠠ ᠶᠢ ᠬᠦᠷᠲᠡᠬᠦ ᠶᠢ ᠰᠣᠩᠭᠤᠪᠠᠯ᠂ ᠮᠥᠨ ᠬᠦᠨᠳᠦ ᠡᠪᠡᠳᠴᠢᠨ ᠤ ᠡᠮᠴᠢᠯᠡᠭᠡ ᠶᠢᠨ | ᠰᠠᠭᠤᠳᠬᠠᠯ ᠳᠤ ᠬᠤᠯᠪᠣᠭᠳᠠᠬᠤ ᠦᠭᠡᠢ ᠪᠠᠶᠢᠳᠠᠭ᠃ | ᠬᠥᠲᠥᠯᠥᠭᠴᠢ᠄ | ᠰᠠᠶᠢᠨ ᠪᠣᠯᠣᠯ᠎ᠠ᠂ ᠲᠠᠨ ᠲᠣᠪᠴᠢᠶᠠᠨ ᠳᠠᠷᠤᠭ᠎ᠠ ᠶᠢᠨ ᠲᠤᠰ ᠬᠤᠭᠤᠴᠠᠭᠠᠨ ᠤ ᠰᠤᠷᠪᠤᠯᠵᠢᠯᠠᠭ᠎ᠠ ᠳᠤ | ᠰᠠᠭᠠᠭᠳᠠᠭᠰᠠᠨ ᠤ ᠬᠠᠮᠲᠤ᠂ ᠣᠯᠠᠨ ᠳᠤ ᠨᠠᠷᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠮᠥᠨ ᠰᠦᠯᠵᠢᠶᠡᠨ ᠤ ᠠᠨᠳᠠ | ᠨᠠᠷ ᠤᠨ ᠣᠷᠣᠯᠴᠠᠯᠭ᠎ᠠ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ | ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠲᠠᠨ ᠡᠾᠧᠩ᠄ | ᠰᠦᠯᠵᠢᠶᠡᠨ ᠤ ᠠᠨᠳᠠ ᠨᠠᠷ ᠪᠠᠶᠠᠷᠲᠠᠢ︕ | |