2018 ᠣᠨ ᠳᠤ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠲᠦᠷᠭᠡᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2019/2/22
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠠᠶᠠᠷ ᠤᠨ ᠮᠡᠳᠡᠭᠡ ᠵᠠᠯᠭᠠᠭ᠎ᠠ ᠪᠠᠷ ᠳᠠᠮᠵᠢᠭᠳᠠᠵᠤ᠂ ᠥᠴᠥᠭᠡᠳᠦᠷ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2018  ᠣᠨ ᠳᠤ᠂ ᠮᠠᠨ ᠤ ᠣᠷᠣᠨ ᠤ ᠡᠯ᠎ᠡ ᠭᠠᠵᠠᠷ ᠤᠨ ᠬᠢᠨ ᠪᠣᠬᠢᠷᠳᠤᠯ ᠦᠭᠡᠢ ᠬᠥᠭᠵᠢᠯᠲᠡ ᠬᠢᠭᠡᠳ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠰᠢᠨ᠎ᠡ ᠬᠥᠳᠡᠯᠭᠡᠭᠴᠢ ᠡᠨᠧᠷᠭᠢ ᠶᠢ ᠬᠤᠪᠢᠷᠠᠭᠤᠯᠤᠨ ᠬᠦᠭᠵᠢᠭᠦᠯᠦᠭᠰᠡᠨ ᠠᠴᠠ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠲᠦᠷᠭᠡᠨ ᠢᠶᠠᠷ ᠨᠡᠮᠡᠭᠳᠡᠵᠦ᠂ ᠰᠠᠯᠬᠢᠨ ᠤ ᠡᠨᠧᠷᠭᠢ᠂ ᠣᠰᠣᠨ ᠬᠦᠴᠦᠨ ᠤ ᠴᠠᠬᠢᠯᠭᠠᠨ ᠭᠠᠷᠭᠠᠯᠲᠠ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠵᠦ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠨᠡᠮᠡᠭᠳᠡᠯ ᠢᠶᠠᠨ ᠪᠠᠲᠤᠯᠠᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠦᠷ᠎ᠡ ᠪᠦᠲᠦᠮᠵᠢ ᠪᠣᠯᠣᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠲᠣᠭᠲᠠᠭᠤᠨ ᠢᠶᠠᠷ ᠳᠡᠭᠡᠭᠰᠢᠯᠡᠪᠡ᠃      ᠡᠨᠡ ᠨᠢ ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠄      ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠨᠡᠮᠡᠭᠳᠡᠬᠦ ᠬᠠᠨᠳᠤᠰᠢ ᠲᠠᠢ ᠪᠣᠯᠪᠠ      2018 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ 695.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 14.8%᠎ ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠯᠲᠠ ᠶᠢᠨ 14.4%᠎ ᠶᠢ ᠡᠵᠡᠯᠡᠵᠦ᠂ ᠳᠡᠭᠡᠷ᠎ᠡ ᠵᠢᠯ ᠤᠨ ᠬᠢ ᠠᠴᠠ 0.8 ᠵᠠᠭᠤᠨ ᠤ ᠴᠡᠭ ᠳᠡᠭᠡᠭᠰᠢᠯᠡᠵᠡᠶ᠃ ᠡᠭᠦᠨ ᠳᠤ᠄ ᠰᠠᠯᠬᠢᠨ ᠬᠦᠴᠦᠨ ᠤ ᠴᠠᠬᠢᠯᠭᠠᠨ ᠭᠠᠷᠭᠠᠯᠲᠠ 570.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 14.4%᠎ ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ 84.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 2.9%᠎ ᠪᠠᠷ ᠨᠡᠮᠡᠭᠳᠡᠪᠡ︔ ᠣᠰᠣᠨ ᠬᠦᠴᠦᠨ ᠤ ᠴᠠᠬᠢᠯᠭᠠᠨ ᠭᠠᠷᠭᠠᠯᠲᠠ 34.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 85.1%᠎ ᠪᠠᠷ ᠨᠡᠮᠡᠭᠳᠡᠪᠡ︔ ᠠᠮᠢᠳᠤ ᠪᠣᠳᠠᠰ ᠤᠨ ᠮᠠᠰ ᠤᠨ ᠴᠠᠬᠢᠯᠭᠠᠨ ᠭᠠᠷᠭᠠᠯᠲᠠ 5.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 10.5%᠎ ᠪᠠᠷ ᠪᠠᠭᠤᠷᠠᠪᠠ᠃      ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ 2018 ᠣᠨ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠠᠴᠠ ᠰᠠᠯᠬᠢᠨ ᠬᠦᠴᠦᠨ ᠤ ᠴᠠᠬᠢᠯᠭᠠᠨ ᠤ ᠡᠵᠡᠯᠡᠬᠦ ᠬᠠᠷᠢᠴᠠᠯ ᠬᠠᠮᠤᠭ ᠥᠨᠳᠥᠷ ᠪᠠᠶᠢᠵᠤ᠂ 82.0%᠎ ᠲᠤ ᠬᠦᠷᠴᠦ᠂ ᠪᠤᠰᠤᠳ ᠨᠢ ᠲᠤᠰ ᠲᠤᠰ ᠨᠡᠷᠡᠨ ᠤ ᠡᠨᠧᠷᠭᠢ ᠶᠢᠨ ᠡᠵᠡᠯᠡᠬᠦ ᠬᠠᠷᠢᠴᠠᠯ ᠨᠢ 12.2%᠎ ᠲᠤ ᠬᠦᠷᠴᠦ᠂ ᠣᠰᠣᠨ ᠴᠠᠬᠢᠯᠭᠠᠨ ᠤ ᠡᠵᠡᠯᠡᠬᠦ ᠬᠠᠷᠢᠴᠠᠯ ᠨᠢ 5.0%᠎ ᠲᠤ ᠬᠦᠷᠴᠦ᠂ ᠠᠮᠢᠳᠤ ᠪᠣᠳᠠᠰ ᠤᠨ ᠮᠠᠰ ᠡᠨᠧᠷᠭᠢ ᠶᠢᠨ ᠴᠠᠬᠢᠯᠭᠠᠨ ᠭᠠᠷᠭᠠᠬᠤ ᠬᠠᠷᠢᠴᠠᠯ ᠨᠢ 0.8%᠎ ᠲᠤ ᠬᠦᠷᠴᠡᠢ᠃
     ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ ᠡᠵᠡᠯᠡᠬᠦ ᠬᠠᠷᠢᠴᠠᠯ ᠦᠷᠭᠦᠯᠵᠢᠯᠡᠨ ᠳᠡᠭᠡᠭᠰᠢᠯᠡᠪᠡ      2018 ᠣᠨ ᠳᠤ᠂ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 4051.2 ᠲᠦᠮᠡᠨ ᠺᠢᠯᠣᠸᠠᠲ ᠲᠤ ᠬᠦᠷᠴᠦ᠂ ᠳᠡᠭᠡᠷ᠎ᠡ ᠵᠢᠯ ᠤᠨ ᠬᠢ ᠠᠴᠠ 10.6%᠎ ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠶ ᠪᠠᠭᠲᠠᠭᠠᠮᠵᠢ ᠎ ᠶᠢᠨ 33.0%᠎ ᠢ ᠡᠵᠡᠯᠡᠵᠦ᠂ ᠬᠤᠪᠢ ᠶᠢᠨ ᠵᠢᠩ ᠨᠢ ᠳᠡᠭᠡᠷ᠎ᠡ ᠵᠢᠯ ᠤᠨ ᠬᠢ ᠠᠴᠠ 2.0 ᠵᠠᠭᠤᠨ ᠤ ᠴᠡᠭ ᠳᠡᠭᠡᠭᠰᠢᠯᠡᠵᠡᠶ᠃ ᠡᠭᠦᠨ ᠳᠤ᠄ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 2868.0 ᠲᠦᠮᠡᠨ ᠺᠢᠯᠣᠸᠠᠲ ᠲᠤ ᠬᠦᠷᠴᠦ᠂ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠎ ᠶᠢᠨ ᠪᠠᠭᠲᠠᠭᠠᠮᠵᠢ 932.9 ᠲᠦᠮᠡᠨ ᠺᠢᠯᠣᠸᠠᠲ ᠲᠤ ᠬᠦᠷᠴᠦ᠂ ᠣᠰᠣᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 238.1 ᠲᠦᠮᠡᠨ  ᠺᠢᠯᠣᠸᠠᠲ ᠲᠤ ᠬᠦᠷᠴᠦ᠂ ᠠᠮᠢᠳᠤ ᠪᠣᠳᠠᠰ ᠤᠨ ᠮᠠᠰ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 12.1 ᠲᠦᠮᠡᠨ ᠺᠢᠯᠣᠸᠠᠲ ᠲᠤ ᠬᠦᠷᠴᠡᠶ᠃      ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠠᠰᠢᠭᠯᠠᠭᠰᠠᠨ ᠪᠠᠶᠢᠳᠠᠯ ︽ᠭᠤᠷᠪᠠ ᠳᠡᠭᠡᠭᠰᠢᠯᠡᠵᠦ ᠨᠢᠭᠡ ᠲᠣᠷᠣᠭᠰᠢᠯᠠᠪᠠ︾      2018 ᠣᠨ ᠳᠤ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠳᠤᠮᠳᠠᠴᠢ ᠪᠠᠷ 2204 ᠴᠠᠭ ᠠᠰᠢᠭᠯᠠᠵᠤ᠂ ᠳᠡᠭᠡᠷ᠎ᠡ ᠵᠢᠯ ᠤᠨ ᠬᠢ ᠠᠴᠠ 6.8%᠎ ᠪᠠᠷ ᠨᠡᠮᠡᠭᠳᠡᠪᠡ︔ ᠣᠰᠣᠨ ᠴᠠᠬᠢᠯᠭᠠᠨ ᠤ ᠲᠥᠬᠦᠭᠡᠷᠦᠮᠵᠢ ᠶᠢ ᠳᠤᠮᠳᠠᠴᠢ ᠪᠠᠷ 1873 ᠴᠠᠭ ᠠᠰᠢᠭᠯᠠᠵᠤ᠂ ᠳᠡᠭᠡᠷ᠎ᠡ ᠵᠢᠯ ᠤᠨ ᠬᠢ ᠠᠴᠠ 93.0%᠎ ᠢᠶᠠᠷ ᠨᠡᠮᠡᠭᠳᠡᠪᠡ︔ ᠠᠮᠢᠳᠤ ᠪᠣᠳᠠᠰ ᠤᠨ ᠮᠠᠰ ᠤᠨ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠳᠤᠮᠳᠠᠴᠢ ᠪᠠᠷ 4841 ᠴᠠᠭ ᠠᠰᠢᠭᠯᠠᠵᠤ᠂ ᠳᠡᠭᠡᠷ᠎ᠡ ᠵᠢᠯ ᠤᠨ ᠬᠢ ᠠᠴᠠ 3.7%᠎ ᠪᠠᠷ ᠨᠡᠮᠡᠭᠳᠡᠪᠡ︔ ᠨᠡᠷᠡᠨ ᠡᠨᠧᠷᠭᠢ ᠶᠢᠨ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠳᠤᠮᠳᠠᠴᠢ ᠪᠠᠷ 1384 ᠴᠠᠭ ᠠᠰᠢᠭᠯᠠᠵᠤ᠂ ᠳᠡᠭᠡᠷ᠎ᠡ ᠵᠢᠯ ᠤᠨ ᠬᠢ ᠠᠴᠠ 9.1%᠎ ᠪᠠᠷ ᠪᠠᠭᠤᠷᠠᠪᠠ᠃ ︵ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠵᠢᠴᠢ ᠲᠥᠬᠦᠭᠡᠷᠦᠮᠵᠢ ᠶᠢ ᠠᠰᠢᠭᠯᠠᠭᠰᠠᠨ ᠴᠠᠭ ᠢ ᠪᠦᠷᠢᠳᠬᠡᠭᠰᠡᠨ ᠪᠠᠷᠢᠮᠵᠢᠶ᠎ᠠ ᠨᠢ ᠪᠥᠬᠦ ᠣᠷᠣᠨ ᠤ 6000 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠤ ᠦᠢᠯᠡᠳᠪᠦᠷᠢ ᠶᠢᠨ ᠲᠤᠭ᠎ᠠ ᠪᠠᠷᠢᠮᠲᠠ ᠪᠣᠯᠤᠨ᠎ᠠ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号