ᠯᠢ ᠵᠢᠢ ᠾᠧᠩ ᠦᠪᠡᠷᠳᠡᠬᠡᠨ ᠵᠠᠰᠠᠬᠤ ᠤᠷᠤᠨ ᠤ ᠤᠳᠤᠷᠢᠳᠬᠤ ᠺᠠᠳ᠋ᠷ ᠤᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠥ ᠬᠦᠨᠳᠤ ᠶᠡᠭᠡ ᠠᠶᠤᠯ ᠳᠦᠭᠰᠢᠬᠦᠷᠢ ᠶᠢ ᠬᠦᠴᠦᠯᠡᠨ ᠰᠡᠷᠬᠡᠶᠢᠯᠡᠨ ᠠᠷᠢᠯᠭᠠᠬᠤ ᠳᠤᠰᠬᠠᠢ ᠰᠡᠳᠦᠪᠳᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠤᠰᠤᠯᠠᠯ ᠳᠡᠬᠡᠷ᠎ᠡ ᠴᠢᠬᠤᠯᠠᠴᠢᠯᠠᠬᠰᠠᠨ ᠨᠢ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠥ ᠰᠠᠨᠠᠭᠠᠰᠢᠷᠠᠬᠤ ᠤᠬᠠᠮᠰᠠᠷ ᠢᠶᠠᠨ ᠨᠡᠮᠡᠭᠳᠡᠭᠦᠯᠵᠤ ᠳᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠥ ᠬᠦᠨᠳᠤ ᠶᠡᠭᠡ ᠠᠶᠤᠯ ᠳᠦᠭᠰᠢᠬᠦᠷᠢ ᠶᠢ ᠡᠷᠡᠰ ᠴᠢᠩᠭ᠎ᠠ ᠰᠡᠷᠬᠡᠶᠢᠯᠡᠨ ᠠᠷᠢᠯᠭᠠᠬᠤ ᠬᠡᠷᠡᠭᠳᠡᠢ ᠭᠡᠪᠡ  ᠪᠦ᠋ ᠰᠢᠶᠤᠤ ᠯᠢᠨ ᠡᠷᠬᠢᠯᠡᠵᠥ ᠯᠢ ᠰᠢᠦ ᠯᠢᠩ ᠤᠷᠤᠯᠴᠠᠪᠠ
ᠨᠡᠶᠢᠲᠡᠯᠡᠭᠰᠡᠨ ᠴᠠᠭ᠄
2019/2/22
     2 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠤᠳᠤᠷᠢᠳᠬᠤ ᠺᠠᠳ᠋ᠷ ᠤᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠥ ᠬᠦᠨᠳᠤ ᠶᠡᠭᠡ ᠠᠶᠤᠯ ᠳᠦᠭᠰᠢᠬᠦᠷᠢ ᠶᠢ ᠬᠦᠴᠦᠯᠡᠨ ᠰᠡᠷᠬᠡᠶᠢᠯᠡᠨ ᠠᠷᠢᠯᠭᠠᠬᠤ ᠳᠤᠰᠬᠠᠢ ᠰᠡᠳᠦᠪᠳᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠦᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠡᠬᠢᠯᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠰᠤᠷᠤᠯᠭ᠎ᠠ ᠡᠬᠢᠯᠡᠬᠦ ᠶᠤᠰᠤᠯᠠᠯ ᠳᠤ ᠤᠷᠤᠯᠴᠠᠬᠰᠠᠨ ᠪᠦᠭᠡᠳ ᠶᠠᠷᠢᠶ᠎ᠠ ᠳᠠᠯᠪᠢᠵᠥ᠂ ᠶᠡᠷᠦᠩᠬᠡᠢ ᠱᠦᠵᠢ ᠰᠢ ᠶᠢᠨ ᠫᠢᠩ ᠤᠨ ᠬᠦᠨᠳᠤ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ ᠳᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠰᠠᠨᠠᠭᠠᠰᠢᠷᠠᠬᠤ ᠤᠬᠠᠮᠰᠠᠷ ᠢᠶᠠᠨ ᠨᠡᠮᠡᠭᠳᠡᠭᠦᠯᠵᠤ᠂ ᠰᠡᠷᠬᠡᠶᠢᠯᠡᠨ ᠡᠵᠡᠮᠳᠡᠬᠦ ᠴᠢᠳᠠᠪᠤᠷᠢ ᠪᠠᠨ ᠳᠡᠬᠡᠭᠰᠢᠯᠡᠬᠦᠯᠵᠥ᠂ ᠬᠦᠨᠳᠤ ᠶᠡᠭᠡ ᠠᠶᠤᠯ ᠳᠦᠭᠰᠢᠬᠦᠷᠢ ᠶᠢ ᠬᠦᠴᠦᠯᠡᠨ ᠰᠡᠷᠬᠡᠶᠢᠯᠡᠨ ᠠᠷᠢᠯᠭᠠᠵᠤ᠂ ᠠᠵᠥ ᠠᠬᠤᠢ ᠶᠢᠨ ᠦᠷᠬᠦᠯᠵᠢᠯᠡᠭᠰᠡᠨ ᠡᠷᠡᠬᠦᠯ ᠬᠦᠭᠵᠢᠯᠳᠡ ᠪᠠ ᠨᠡᠶᠢᠬᠡᠮ ᠤᠨ ᠶᠡᠭᠡ ᠳᠠᠯ᠎ᠠ ᠶᠢᠨ ᠳᠤᠬᠳᠠᠭᠤᠨ ᠪᠠᠶᠢᠳᠠᠯ ᠢ ᠪᠠᠳᠤᠯᠠᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠡ ᠪᠠᠷ ᠪᠡᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠬᠤ᠂ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠬᠤ ᠳᠤ ᠪᠠᠳᠤ ᠴᠢᠩᠭ᠎ᠠ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠰᠤᠷᠤᠯᠭ᠎ᠠ ᠡᠬᠢᠯᠡᠬᠦ ᠶᠤᠰᠤᠯᠠᠯ ᠢ ᠡᠷᠬᠢᠯᠡᠪᠡ᠃ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠯᠢ ᠰᠢᠦ ᠯᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠬ ᠤᠨ ᠤᠷᠳᠤᠨ᠂ ᠤᠯᠤᠰ ᠳᠦᠷᠦ ᠶᠢᠨ ᠵᠦᠪᠯᠡᠯᠬᠡᠨ ᠤ ᠤᠳᠤᠷᠢᠳᠬᠤ ᠪᠠᠬ ᠤᠨ ᠪᠦᠷᠢᠯᠳᠦᠬᠦᠨ ᠵᠢᠴᠢ ᠰᠢᠬᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠰᠤᠷᠤᠯᠭ᠎ᠠ ᠡᠬᠢᠯᠡᠬᠦ ᠶᠤᠰᠤᠯᠠᠯ ᠳᠤ ᠤᠷᠤᠯᠴᠠᠪᠠ᠃      ᠯᠢ ᠵᠢᠢ ᠾᠧᠩ ᠵᠢᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ ᠦᠷᠢᠰᠦᠯᠳᠦᠬᠡᠨ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠥ᠂ ᠪᠦᠬᠦ ᠨᠠᠮ ᠳᠤ ᠰᠠᠨᠠᠭᠠᠰᠢᠷᠠᠬᠤ ᠤᠬᠠᠮᠰᠠᠷ ᠢᠶᠠᠨ ᠨᠡᠮᠡᠭᠳᠡᠭᠦᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠤᠯᠭᠠᠵᠤ᠂ ᠬᠦᠨᠳᠤ ᠶᠡᠭᠡ ᠠᠶᠤᠯ ᠳᠦᠭᠰᠢᠬᠦᠷᠢ ᠶᠢ ᠬᠦᠴᠦᠯᠡᠨ ᠰᠡᠷᠬᠡᠶᠢᠯᠡᠨ ᠠᠷᠢᠯᠭᠠᠬᠤ ᠬᠡᠷᠡᠭᠳᠡᠢ ᠬᠡᠵᠥ ᠳᠠᠬᠢᠨ ᠳᠠᠪᠳᠠᠨ ᠴᠡᠬᠡᠷᠯᠡᠬᠦᠯᠪᠡ᠃ ᠶᠡᠷᠦᠩᠬᠡᠢ ᠱᠦᠵᠢ ᠰᠢ ᠶᠢᠨ ᠫᠢᠩ ᠡᠨᠡ ᠵᠢᠯ ᠤᠨ ᠡᠬᠢ ᠪᠠᠷ ᠡᠷᠬᠢᠯᠡᠭᠰᠡᠨ ᠮᠤᠵᠢ ᠶᠠᠮᠤᠨ ᠤ ᠳᠡᠰ ᠤᠨ ᠭᠤᠤᠯ ᠤᠳᠤᠷᠢᠳᠬᠤ ᠺᠠᠳ᠋ᠷ ᠤᠨ ᠳᠤᠰᠬᠠᠢ ᠰᠡᠳᠦᠪᠳᠤ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠤᠰᠤᠯᠠᠯ ᠳᠡᠭᠡᠷ᠎ᠡ ᠬᠡᠯᠡᠭᠰᠡᠨ ᠴᠢᠬᠤᠯᠠ ᠶᠡᠷᠢᠶ᠎ᠡ ᠨᠢ ᠪᠢᠳᠡᠨ ᠤ ᠬᠦᠨᠳᠤ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ᠂ ᠡᠯ᠎ᠡ ᠵᠦᠢᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠤᠯᠠᠮ ᠴᠢᠨᠠᠬᠰᠢᠳᠠ ᠤᠷᠤᠬᠰᠢᠯᠠᠬᠤ ᠴᠢᠭᠯᠡᠯ ᠢ ᠵᠢᠭᠠᠨ ᠦᠭᠴᠤ᠂ ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠳᠤᠨ ᠤ ᠤᠳᠤᠷᠢᠳᠬᠤ ᠺᠠᠳ᠋ᠷ ︽ᠳᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠥ᠂ ︽ᠳᠦᠷᠪᠡᠨ ᠢᠳᠡᠬᠡᠯ︾᠎ ᠢᠶᠠᠨ ᠪᠠᠳᠤᠳᠬᠠᠵᠥ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠬᠦᠯᠵᠥ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠬᠦᠨᠳᠤ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ ᠠᠵᠢᠯ ᠢ ᠰᠠᠶᠢᠳᠤᠷ ᠬᠢᠬᠦ ᠤᠯᠤᠰ ᠳᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠠ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠳᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠥ᠂ ᠮᠠᠨ ᠤ ᠤᠷᠤᠨ ᠤ ᠪᠤᠳᠠᠳᠠᠢ ᠪᠠᠶᠢᠳᠠᠯ ᠠᠴᠠ ᠡᠬᠦᠰᠴᠤ᠂ ᠤᠯᠤᠰ ᠳᠦᠷᠦ᠂ ᠦᠵᠡᠯ ᠤᠬᠠᠮᠰᠠᠷ ᠤᠨ ᠬᠡᠯᠪᠡᠷᠢ᠂ ᠠᠵᠥ ᠠᠬᠤᠢ ᠶᠢᠨ ᠤᠷᠤᠭᠤᠳᠠᠯ᠂ ᠵᠠᠰᠠᠬ ᠤᠨ ᠤᠷᠳᠤᠨ ᠤ ᠦᠷᠢ ᠦᠭᠴᠡᠭᠡ ᠪᠤᠯᠤᠨ ᠮᠦᠩᠬᠦᠨ ᠬᠦᠢᠯᠬᠡᠬᠡᠨ᠂ ᠨᠡᠶᠢᠬᠡᠮ᠂ ᠠᠮᠢ ᠠᠬᠤᠢ ᠤᠷᠴᠢᠨ ᠳᠤᠭᠤᠷᠢᠨ᠂ ᠨᠠᠮ ᠤᠨ ᠪᠠᠶᠢᠭᠤᠯᠤᠯᠳᠠ ᠵᠡᠷᠬᠡ ᠳᠠᠯ᠎ᠠ ᠪᠠᠷ ᠬᠢ ᠠᠶᠤᠯ ᠳᠦᠭᠰᠢᠬᠦᠷᠢ ᠶᠢᠨ ᠬᠡᠮ ᠰᠤᠭᠤᠬ ᠢ ᠬᠦᠴᠦᠯᠡᠨ ᠰᠡᠷᠬᠡᠶᠢᠯᠡᠨ ᠠᠷᠢᠯᠭᠠᠬᠤ ᠬᠡᠷᠡᠭᠳᠡᠢ ᠬᠡᠪᠠ᠃      ᠯᠢ ᠵᠢᠢ ᠾᠧᠩ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠤᠳ ᠬᠠᠷᠢᠶ᠎ᠠ ᠤᠷᠤᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠪᠤᠯᠤᠨ ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠥ᠂ ᠬᠦᠨᠳᠤ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ ᠠᠵᠢᠯ ᠢ ᠨᠡᠩ ᠳᠤᠪᠤᠶᠢᠮ᠎ᠠ ᠪᠠᠶᠢᠷᠢᠨ ᠳᠤ ᠳᠠᠯᠪᠢᠵᠥ᠂ ᠳᠤᠰ ᠭᠠᠵᠠᠷ ᠤᠷᠤᠨ ᠳᠤᠰ ᠰᠠᠯᠠᠭ᠎ᠠ ᠮᠦᠴᠢᠷ ᠳᠤᠰ ᠬᠦᠷᠢᠶᠡᠨ ᠳᠤ ᠤᠷᠤᠰᠢᠵᠥ ᠪᠠᠶᠢᠭ᠎ᠠ ᠠᠶᠤᠯ ᠳᠦᠭᠰᠢᠬᠦᠷᠢ ᠶᠢᠨ ᠬᠡᠮ ᠰᠤᠭᠤᠬ ᠢ ᠬᠦᠨᠵᠡᠬᠡᠢ ᠵᠢᠬᠰᠠᠭᠠᠨ ᠪᠠᠶᠢᠴᠠᠭᠠᠵᠥ᠂ ᠠᠶᠤᠯ ᠳᠦᠭᠰᠢᠬᠦᠷᠢ ᠶᠢ ᠰᠤᠳᠤᠯᠤᠨ ᠮᠠᠭᠠᠳᠯᠠᠬᠤ ᠳᠤᠬᠳᠠᠴᠠ᠂ ᠰᠢᠢᠳᠪᠦᠷᠢᠳᠤ ᠪᠤᠳᠤᠯᠭ᠎ᠠ ᠶᠢᠨ ᠠᠶᠤᠯ ᠳᠦᠭᠰᠢᠬᠦᠷᠢ ᠶᠢ ᠦᠨᠡᠯᠡᠬᠦ ᠳᠤᠬᠳᠠᠴᠠ᠂ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ ᠬᠠᠮᠵᠢᠯᠴᠠᠭᠠᠨ ᠤ ᠳᠤᠬᠳᠠᠴᠠ᠂ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠳᠤᠬᠳᠠᠴᠠ ᠶᠢ ᠪᠠᠶᠢᠭᠤᠯᠤᠨ ᠪᠦᠷᠢᠨᠰᠢᠬᠦᠯᠵᠥ᠂ ᠲᠤᠳᠤᠷ᠎ᠠ ᠪᠠᠨ ᠳᠤᠭ᠎ᠠ ᠲᠠᠢ᠂ ᠠᠷᠭᠠᠴᠠᠭᠠᠬᠤ ᠠᠷᠭ᠎ᠠ ᠲᠠᠢ ᠪᠠᠶᠢᠬᠤ ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠺᠠᠳ᠋ᠷ ᠢᠯᠠᠩᠭᠤᠶ᠎ᠠ ᠭᠤᠤᠯ ᠬᠠᠷᠢᠭᠤᠴᠠᠯᠭᠠᠳᠠᠨ ᠨᠥᠬᠦᠳ ᠤᠯᠤᠰ ᠳᠦᠷᠦ ᠶᠢᠨ ᠬᠠᠷᠢᠭᠤᠴᠠᠯᠭ᠎ᠠ ᠶᠢ ᠡᠭᠦᠷᠬᠡᠯᠡᠵᠤ᠂ ᠠᠶᠤᠯ ᠳᠦᠭᠰᠢᠬᠦᠷᠢ ᠶᠢᠨ ᠲᠤᠬᠠᠢ ᠤᠬᠠᠮᠰᠠᠷ ᠢᠶᠠᠨ ᠴᠢᠩᠭᠠᠳᠬᠠᠵᠥ᠂ ᠳᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠵᠥ᠂ ᠰᠢᠢᠳᠪᠦᠷᠢᠯᠡᠬᠦ ᠴᠢᠳᠡᠪᠤᠷᠢ ᠪᠠᠨ ᠳᠡᠬᠡᠭᠰᠢᠯᠡᠬᠦᠯᠵᠥ᠂ ᠬᠦᠨᠳᠤ ᠶᠡᠭᠡ ᠠᠶᠤᠯ ᠳᠦᠭᠰᠢᠬᠦᠷᠢ ᠶᠢᠨ ᠬᠡᠮ ᠰᠤᠭᠤᠬ ᠢ ᠪᠡᠶᠡᠴᠢᠯᠡᠨ ᠰᠤᠳᠤᠯᠵᠥ᠂ ᠪᠡᠶᠡᠴᠢᠯᠡᠨ ᠪᠠᠶᠢᠷᠢᠯᠠᠭᠤᠯᠵᠥ᠂ ᠪᠡᠶᠡᠴᠢᠯᠡᠨ ᠰᠢᠢᠳᠪᠦᠷᠢᠯᠡᠵᠥ᠂ ᠪᠠᠬ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠦᠨᠡᠨ ᠬᠦ ᠪᠡᠶᠡᠯᠡᠬᠦᠯᠵᠥ᠂ ᠬᠦᠨᠳᠤ ᠶᠡᠭᠡ ᠠᠶᠤᠯ ᠳᠦᠭᠰᠢᠬᠦᠷᠢ ᠶᠢ ᠰᠡᠷᠬᠡᠶᠢᠯᠡᠨ ᠠᠷᠢᠯᠭᠠᠬᠤ ᠡᠨᠡ ᠬᠦ ᠬᠠᠳᠠᠭᠤ ᠳᠠᠶᠢᠯᠠᠯᠳᠤᠭᠠᠨ ᠢ ᠡᠷᠡᠰ ᠴᠢᠩᠭ᠎ᠠ ᠰᠠᠶᠢᠳᠤᠷ ᠬᠢᠬᠦ ᠬᠡᠷᠡᠭᠳᠡᠢ ᠬᠡᠪᠠ᠃      ᠡᠯ᠎ᠡ ᠠᠶᠢᠮᠠᠬ ᠬᠤᠳᠠ ᠶᠢᠨ ᠨᠠᠮ ᠵᠠᠰᠠᠬ ᠤᠨ ᠭᠤᠤᠯ ᠬᠠᠷᠢᠭᠤᠴᠠᠯᠭᠠᠳᠠᠨ ᠨᠥᠬᠦᠳ᠂ ᠬᠤᠷᠢᠨᠬᠡᠷ ᠰᠢᠨ᠎ᠡ ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠳᠠ ᠶᠢᠨ ᠵᠦᠪᠯᠡᠯ ᠤᠨ ᠡᠷᠬᠢᠯᠡᠭᠴᠢ᠂ ᠮᠠᠨᠵᠤᠤᠷ᠂ ᠡᠷᠢᠶᠠᠨ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ︵ᠨᠢᠬᠡᠴᠢ︶᠂ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠢ ᠵᠢᠴᠢ ᠮᠠᠨ ᠤ ᠤᠷᠤᠨ ᠳᠤ ᠰᠠᠭᠤᠭ᠎ᠠ ᠳᠦᠪ ᠤᠨ ᠬᠠᠮᠢᠶ᠎ᠠ ᠪᠦᠬᠦᠢ ᠨᠢᠭᠡᠴᠢ ᠶᠢᠨ ᠭᠤᠤᠯ ᠬᠠᠷᠢᠭᠤᠴᠠᠯᠭᠠᠳᠠᠨ ᠨᠥᠬᠦᠳ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠵᠠᠬᠢᠷᠤᠯ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠠᠵᠥ ᠠᠬᠤᠢᠢᠯᠠᠯ ᠤᠨ ᠨᠠᠮ ᠎ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ᠂ ᠡᠯ᠎ᠡ ᠬᠤᠰᠢᠭᠤ ᠰᠢᠶᠠᠨ ︵ᠬᠤᠳᠠ᠂ ᠳᠤᠭᠤᠷᠢᠭ︶᠎ ᠤ ᠨᠠᠮ ᠤᠨ ᠬᠤᠷᠢᠶᠠᠨ ᠤ ᠱᠦᠵᠢ ᠨᠠᠷ ᠰᠤᠷᠤᠯᠭ᠎ᠠ ᠡᠬᠢᠯᠡᠬᠦ ᠶᠤᠰᠤᠯᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号