ᠲᠦᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠡᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠡᠨ ᠬᠡᠷ ᠤᠨ ᠠᠩᠬᠠᠳᠤᠭᠠᠷ ᠤᠳᠠᠭ᠎ᠠ ᠶᠢᠨ ᠲᠤᠬᠢᠷᠠᠭᠤᠯᠬᠤ ᠬᠤᠷᠠᠯ ᠬᠤᠷᠠᠯᠳᠤᠪᠠ ᠮᠠ ᠰᠢᠤᠸᠠᠢ ᠵᠢᠶᠦ᠋ᠨ ᠬᠤᠷᠠᠯ ᠢ ᠡᠷᠬᠢᠯᠡᠵᠤ ᠯᠢᠤ ᠴᠢ ᠹᠡᠨ ᠯᠦᠸᠧ ᠶᠦᠩ ᠭᠠᠩ ᠤᠷᠤᠯᠴᠠᠵᠠᠢ
ᠨᠡᠶᠢᠲᠡᠯᠡᠭᠰᠡᠨ ᠴᠠᠭ᠄
2019/2/22
     2 ᠳ᠋ᠤᠭᠠᠷ ᠰᠠᠷ᠎ᠡ ᠶᠢᠨ 20᠎ ᠤ ᠡᠳᠦᠷ᠂ ᠲᠦᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠡᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠡᠨ ᠬᠡᠷ ᠤᠨ ᠠᠩᠬᠠᠳᠤᠭᠠᠷ ᠤᠳᠠᠭ᠎ᠠ ᠶᠢᠨ ᠲᠤᠬᠢᠷᠠᠭᠤᠯᠬᠤ ᠬᠤᠷᠠᠯ ᠬᠦᠬᠡᠬᠤᠲᠠ ᠳᠤ ᠬᠤᠷᠠᠯᠳᠤᠪᠠ᠃ ᠬᠤᠷᠠᠯ ᠠᠴᠠ ᠲᠦᠷᠦᠬᠦᠴᠢ ᠶᠢᠨ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠤᠬᠢᠷᠠᠭᠤᠯᠤᠯᠳᠠ ᠬᠢᠵᠤ᠂ ᠤᠶᠢᠷ᠎ᠠ ᠶᠢᠨ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠵᠤ ᠶᠠᠷᠢᠶ᠎ᠡ ᠲᠠᠯᠪᠢᠪᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠤ ᠴᠢ ᠹᠡᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠦᠸᠧ ᠶᠦᠩ ᠭᠠᠩ ᠬᠤᠷᠠᠯ ᠳᠤ ᠤᠷᠤᠯᠴᠠᠵᠤ ᠶᠠᠷᠢᠶ᠎ᠡ ᠲᠠᠯᠪᠢᠪᠠ᠃      ᠬᠤᠷᠠᠯ ᠠᠴᠠ ᠵᠢᠭᠠᠭᠰᠠᠨ ᠨᠢ᠂ ᠲᠦᠪ ᠤᠨ ᠶᠠᠳᠠᠭᠤ ᠶᠢ ᠲᠡᠳᠬᠦᠬᠦ ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠡᠨ ᠰᠠᠨᠠᠯ ᠭᠠᠷᠤᠭᠰᠠᠨ ᠠᠴᠠ ᠨᠠᠭᠠᠰᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠎ ᠤᠨ ᠤᠷᠳᠤᠨ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠲᠠᠷᠤᠢ ᠲᠦᠷᠭᠡᠨ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠢᠳᠡᠪᠬᠢᠳᠠᠢ ᠪᠠᠷ ᠠᠵᠢᠯᠯᠠᠵᠤ᠂ ᠰᠠᠶᠢᠨ ᠡᠬᠢᠯᠡᠯᠳᠠ ᠲᠠᠢ ᠪᠤᠯᠪᠠ᠂ ᠬᠡᠪᠡᠴᠤ ᠪᠠᠰᠠ ᠤᠷᠤᠰᠢᠵᠤ ᠪᠠᠶᠢᠭ᠎ᠠ ᠵᠠᠷᠢᠮ ᠠᠰᠠᠭᠤᠳᠠᠯ ᠢ ᠴᠢᠬᠤᠯᠠᠴᠢᠯᠠᠨ ᠰᠢᠢᠳᠪᠤᠷᠢᠯᠡᠬᠦ ᠴᠢᠬᠤᠯᠠᠳᠠᠢ ᠪᠠᠶᠢᠨ᠎ᠠ᠃ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠠᠭ ᠪᠠᠴᠢᠮ᠂ ᠡᠬᠦᠷᠭᠡ ᠬᠦᠨᠳᠤ᠂ ᠱᠠᠭᠠᠷᠳᠠᠯᠭ᠎ᠠ ᠦᠨᠳᠦᠷ᠂ ᠡᠷᠬᠡᠪᠰᠢ ᠴᠠᠭ ᠢ ᠵᠠᠪᠳᠤᠨ ᠴᠡᠭᠴᠡᠯᠡᠨ ᠰᠠᠶᠢᠵᠢᠷᠠᠭᠤᠯᠵᠤ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠡᠯ᠎ᠡ ᠱᠠᠳᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠤ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠬᠦᠷᠭᠡ ᠪᠠ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠤ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠬᠦ ᠪᠤᠳᠠᠳᠠᠢ ᠠᠵᠢᠯᠯᠠᠭ᠎ᠠ ᠪᠤᠯᠭᠠᠬᠤ ᠭᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠲᠡᠭᠡᠭᠰᠢᠯᠡᠬᠦᠯᠵᠤ᠂ ᠬᠠᠷᠢᠭᠤᠴᠠᠯᠭ᠎ᠠ ᠡᠬᠦᠷᠭᠡᠯᠡᠯ ᠢᠶᠠᠨ ᠴᠢᠩᠭᠠᠳᠬᠠᠵᠤ᠂ ᠯᠠᠪᠳᠠᠭᠤᠨ ᠪᠠᠳᠤᠳᠠᠢ ᠪᠠᠷ ᠴᠡᠭᠴᠡᠯᠡᠨ ᠰᠠᠶᠢᠵᠢᠷᠠᠭᠤᠯᠤᠯᠲᠠ ᠶᠢ ᠠᠳᠬᠤᠵᠤ᠂ ᠨᠢᠭᠡᠳ ᠨᠢᠭᠡ ᠪᠠᠷ ᠨᠢ ᠠᠳᠬᠤᠨ ᠨᠠᠶᠢᠳᠠᠪᠤᠷᠢᠵᠢᠭᠤᠯᠵᠤ᠂ ᠡᠷᠬᠡᠪᠰᠢ ᠡᠬᠦᠷᠭᠡ ᠪᠠᠨ ᠲᠤᠬᠳᠠᠬᠰᠡᠨ ᠬᠤᠭᠤᠴᠠᠭᠠᠨ ᠳᠤ ᠴᠢᠨᠠᠷᠵᠢᠭᠤᠨ ᠪᠠᠶᠠᠯᠡᠬᠦᠯᠬᠦ ᠬᠡᠷᠡᠭᠳᠠᠢ᠃ ︽ᠨᠢᠭᠡ ᠠᠯᠪᠡᠨ ᠬᠡᠷ ᠭᠤᠷᠪᠡᠨ ᠳᠤᠭᠤᠶᠢᠯᠠᠩ︾ ᠪᠤᠯᠤᠨ ᠡᠯ᠎ᠡ ᠲᠠᠭᠠᠭᠤᠯᠤᠬᠴᠢ ᠰᠠᠯᠠᠭ᠎ᠠ ᠮᠦᠴᠢᠷ ᠎ ᠤᠨ ᠬᠢᠨ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠡᠯ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠶᠤᠰᠤᠭᠠᠷ ᠡᠳᠦᠷ ᠲᠤᠳᠤᠮ ᠤᠨ ᠲᠤᠬᠢᠷᠠᠭᠤᠯᠬᠤ ᠪᠠ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠪᠠᠶᠢᠳᠠᠯ ᠤᠨ ᠬᠠᠨᠳᠤᠰᠢ ᠶᠢ ᠨᠠᠷᠢᠨ ᠬᠢᠨᠠᠮᠠᠭᠠᠢ ᠵᠠᠳᠠᠯᠤᠯᠳᠠ ᠬᠢᠵᠤ ᠰᠤᠳᠤᠯᠤᠨ ᠮᠠᠭᠠᠳᠯᠠᠵᠤ᠂ ᠠᠰᠠᠭᠤᠳᠠᠯ ᠢ ᠴᠠᠭ ᠲᠤᠬᠠᠢ ᠳᠤ ᠨᠢ ᠢᠯᠠᠷᠠᠬᠦᠯᠬᠦ ᠪᠦᠭᠡᠳ ᠰᠢᠮᠳᠠᠭᠤᠯᠤᠨ ᠰᠢᠢᠳᠪᠤᠷᠢᠯᠡᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠳᠠᠢ ᠪᠦᠭᠡᠳ ᠡᠮᠬᠢ ᠵᠢᠷᠤᠮ ᠲᠠᠢ ᠪᠠᠷ ᠦᠷᠨᠢᠬᠦᠯᠦᠨ ᠠᠬᠢᠭᠤᠯᠬᠤ ᠭᠡᠷᠡᠭᠳᠠᠢ᠃ ᠰᠢᠮᠳᠠᠭᠤᠯᠤᠨ ᠪᠠᠶᠢᠴᠠᠭᠠᠬᠤ ᠪᠠ ᠬᠢᠨᠠᠯᠳᠠ ᠲᠠᠯᠪᠢᠵᠤ ᠰᠠᠬᠢᠯᠭ᠎ᠠ ᠪᠠᠳᠤ ᠭᠡᠷᠡᠭᠵᠢᠬᠦᠯᠬᠦ ᠶᠢ ᠴᠢᠩᠭᠠᠳᠬᠠᠵᠤ᠂ ᠠᠯᠪᠠ ᠬᠠᠰᠢᠵᠤ ᠠᠮᠠ ᠪᠦᠭᠯᠡᠬᠦ᠂ ᠬᠤᠳᠠᠯ ᠬᠠᠭᠤᠷᠮᠠᠭ ᠢᠶᠠᠷ ᠵᠤᠬᠢᠶᠠᠬᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠯᠡᠴᠡ ᠦᠭᠡᠢ ᠵᠠᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠴᠡᠭᠴᠡᠯᠡᠨ ᠰᠠᠶᠢᠵᠢᠷᠠᠭᠤᠯᠬᠤ ᠡᠬᠦᠷᠭᠡ ᠪᠠᠨ ᠦᠨᠡᠨ ᠪᠤᠳᠠᠳᠠᠢ᠂ ᠬᠠᠳᠠᠭᠤ ᠲᠠᠢ ᠬᠠᠯᠳᠠᠵᠤ᠂ ᠦᠨᠳᠦᠷ ᠪᠠᠷᠢᠮᠵᠢᠶ᠎ᠡ ᠪᠠᠷ ᠴᠢᠨᠠᠷ ᠰᠠᠶᠢᠲᠠᠢ ᠪᠠᠶᠠᠯᠡᠬᠦᠯᠬᠦ ᠬᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号