ᠯᠢ ᠪᠢᠩ ᠷᠦᠩ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠢᠬᠤᠯᠠᠴᠢᠯᠠᠬᠰᠠᠨ ᠨᠢ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠰᠡᠳᠬᠢᠯ ᠲᠠᠯᠪᠢᠨ ᠰᠠᠶᠢᠲᠤᠷ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠯᠬᠤᠭ᠎ᠠ ᠪᠠᠨ ᠲᠦᠷᠭᠡᠳᠬᠡᠬᠦ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2019/2/22
     2 ᠳ᠋ᠤᠭᠠᠷ ᠰᠠᠷ᠎ᠠ ᠶᠢᠨ 19᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠶᠠᠳᠠᠭᠤ ᠶᠢ ᠳᠡᠳᠬᠦᠬᠦ ᠬᠠᠷᠢᠯᠴᠠᠬᠤ ᠴᠡᠭ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠭᠠᠵᠠᠷ ᠤᠨ ᠬᠢᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠤᠨᠴᠠᠭᠠᠶᠢᠯᠠᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠰᠠᠶᠢᠲᠤᠷ ᠬᠢᠬᠦ ᠶᠢ ᠵᠢᠭᠠᠨ ᠵᠢᠯᠤᠭᠤᠳᠪᠠ᠃      ᠯᠢ ᠪᠢᠩ ᠷᠦᠩ ᠲᠠᠶᠢᠹᠤᠰᠧ ᠬᠤᠰᠢᠭᠤᠨ ᠤ ᠤᠯᠤᠰ ᠤᠨ ᠳᠡᠰ ᠤᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠦᠪ ᠢ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠪᠤᠷᠤᠯᠠᠭᠤᠯᠭ᠎ᠠ ᠶᠢᠨ ᠪᠠᠶᠢᠳᠠᠯ ᠢ ᠨᠠᠷᠢᠯᠢᠬ ᠤᠶᠢᠯᠠᠭᠠᠪᠠ᠃ ᠲᠤᠬᠠᠢ ᠶᠢᠨ ᠭᠠᠵᠠᠷ ᠤᠨ ᠺᠠᠳ᠋ᠷᠴᠤᠳ ᠪᠤᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠲᠦᠷᠭᠡᠳᠬᠡᠬᠦ ᠠᠷᠭ᠎ᠠ ᠬᠡᠮᠵᠢᠶ᠎ᠡ ᠶᠢ ᠬᠠᠮᠲᠤ ᠪᠠᠷ ᠵᠦᠪᠳᠡᠯᠴᠡᠪᠡ᠃      ᠯᠢ ᠪᠢᠩ ᠷᠦᠩ ᠴᠢᠬᠤᠯᠠᠴᠢᠯᠠᠭᠰᠠᠨ ᠨᠢ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠠᠵᠢᠯ ᠢ ᠰᠡᠳᠬᠢᠯ ᠲᠠᠯᠪᠢᠨ ᠰᠠᠶᠢᠲᠤᠷ ᠠᠳᠬᠤᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠤᠯᠤᠨ ᠠᠵᠤ ᠦᠢᠯᠡᠰ ᠢᠶᠠᠷ ᠬᠦᠭᠵᠢᠭᠦᠯᠦᠨ ᠮᠠᠨᠳᠤᠭᠤᠯᠬᠤ ᠶᠢ ᠤᠷᠭᠠᠨᠢᠬ ᠢᠶᠠᠷ ᠤᠶᠠᠯᠳᠤᠭᠤᠯᠵᠤ᠂ ᠳᠠᠪᠠᠭᠤᠯᠢᠬ ᠲᠠᠢ ᠤᠨᠴᠠᠯᠢᠬᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢᠨ ᠲᠤᠭᠤᠷᠢᠨ ᠳᠤ᠂ ᠠᠵᠤ ᠦᠢᠯᠡᠰ ᠤᠨ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠰᠢᠯᠢᠳᠡᠭ ᠲᠦᠷᠦᠯ ᠵᠦᠢᠯ ᠢᠶᠠᠷ ᠨᠡᠩ ᠤᠯᠠᠨ ᠠᠵᠤ ᠠᠬᠤᠶᠢᠯᠠᠯ ᠤᠨ ᠲᠤᠬᠲᠠᠨᠢᠬᠤ ᠶᠢ ᠲᠠᠲᠠᠵᠤ᠂ ᠠᠵᠤ ᠦᠢᠯᠡᠰ ᠢ  ᠲᠠᠰᠤᠷᠠᠯᠲᠠ  ᠦᠭᠡᠢ  ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ︔ ᠲᠠᠷᠢᠶᠠᠴᠢᠨ ᠪᠤᠯᠤᠨ ᠠᠵᠤ ᠠᠬᠤᠶᠢᠯᠠᠯ ᠤᠨ ᠠᠰᠢᠬ ᠲᠤᠰᠠ ᠶᠢᠨ ᠬᠤᠯᠪᠤᠭᠠᠨ ᠤ ᠲᠤᠬᠲᠠᠴᠠ ᠶᠢ ᠤᠯᠠᠮ ᠴᠢᠨᠠᠬᠰᠢᠲᠠ ᠪᠠᠬᠢᠵᠢᠭᠦᠯᠦᠨ ᠲᠡᠭᠦᠯᠳᠡᠷᠵᠢᠭᠦᠯᠵᠦ᠂ ᠤᠨᠴᠠᠭᠠᠶᠢᠯᠠᠨ ᠲᠤᠯᠤᠭᠠᠶᠢᠯᠠᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠬᠴᠠ ᠪᠤᠯᠤᠨ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠤ ᠨᠢᠬᠲᠠ ᠬᠡᠯᠪᠡᠷᠢ ᠶᠢᠨ ᠠᠰᠢᠬ ᠲᠤᠰᠠ ᠶᠢᠨ ᠬᠤᠯᠪᠤᠭᠠᠨ ᠤ ᠲᠤᠬᠲᠠᠴᠠ ᠶᠢ ᠨᠡᠩ ᠪᠠᠬᠢ ᠪᠤᠯᠭᠠᠵᠤ᠂ ᠨᠡᠩ ᠤᠯᠠᠨ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠢ ᠳᠠᠶᠢᠴᠢᠯᠠᠨ ᠦᠷᠬᠦᠯᠵᠢᠯᠡᠨ ᠤᠷᠤᠯᠭ᠎ᠠ ᠶᠢ ᠨᠢ ᠨᠡᠮᠡᠭᠳᠡᠭᠦᠯᠵᠦ᠂ ᠶᠠᠳᠠᠭᠤ ᠠᠴᠠ ᠠᠩᠬᠢᠵᠢᠷᠠᠨ ᠪᠠᠶᠠᠵᠢᠬᠤ ᠠᠯᠬᠤᠭ᠎ᠠ ᠶᠢ ᠨᠢ ᠲᠦᠷᠭᠡᠳᠬᠡᠬᠦ ᠬᠡᠷᠡᠭᠲᠡᠢ ᠭᠡᠵᠡᠢ᠃      ᠯᠢ ᠪᠢᠩ ᠷᠦᠩ ᠵᠢᠭᠠᠭᠰᠠᠨ ᠨᠢ᠂ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠴᠤᠬᠴᠠᠯᠠᠯᠲᠠ ᠶᠢ ᠴᠢᠩᠭᠠᠳᠬᠠᠵᠤ᠂ ᠠᠵᠢᠯ ᠤᠨ ᠬᠦᠴᠦᠨ ᠢ ᠳᠤᠷᠤᠬᠰᠢ ᠲᠠᠯᠪᠢᠵᠤ᠂ ᠠᠵᠤ ᠦᠢᠯᠡᠰ ᠤᠨ ᠬᠦᠭᠵᠢᠯ ᠮᠠᠨᠳᠤᠯ ᠪᠤᠯᠤᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ ᠠᠬᠢᠭᠤᠯᠬᠤ ᠤᠳᠠᠭᠠᠨ ᠳᠠᠭᠠᠭᠠᠮᠠᠭᠠᠢ ᠠᠵᠢᠯ ᠤᠨ ᠲᠤᠬᠲᠠᠴᠠ ᠶᠢ ᠪᠠᠶᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠤᠨᠴᠠᠭᠠᠶᠢᠯᠠᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠡᠯ᠎ᠡ ᠲᠦᠷᠦᠯ ᠤᠨ ᠠᠵᠢᠯ ᠤᠨ ᠨᠡᠩ ᠠᠷᠠᠳ ᠲᠠᠢ ᠤᠶᠢᠷᠠᠲᠤᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠤᠯᠭᠠᠬᠤ ᠬᠡᠷᠡᠭᠲᠡᠢ ᠭᠡᠵᠡᠢ᠃      ᠯᠢ ᠪᠢᠩ ᠷᠦᠩ ᠪᠠᠰᠠ ᠲᠠᠷᠢᠶᠠᠯᠠᠬᠤ ᠮᠠᠯᠵᠢᠬᠤ ᠤᠷᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠤ ᠴᠡᠭᠴᠡᠯᠡᠨ ᠵᠠᠰᠠᠯᠲᠠ᠂ ᠵᠤᠷᠯᠤᠩ ᠤᠨ ᠬᠤᠪᠢᠰᠬᠠᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号