ᠥᠪᠥᠷ ᠵᠠᠰᠠᠭ ᠠᠯᠪᠠᠨ ᠲᠠᠷᠬᠠᠭᠠᠭᠰᠠᠨ ﹇2018﹈ 79 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠶᠠᠪᠤᠭᠤᠯᠪᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠳᠦᠭᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠳᠥᠷᠢᠮ | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠪᠠ ᠵᠢᠷᠤᠮᠵᠢᠭᠤᠯᠵᠤ᠂ ᠰᠢᠨᠵᠢᠯᠡᠬᠦ ᠤᠬᠠᠭᠠᠨ ᠤ | ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠵᠤ᠂ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠦᠢᠯᠡᠳᠦᠯ ᠢ ᠨᠡᠩ ᠰᠠᠶᠢᠨ ᠢᠶᠠᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠤᠯᠭᠠᠭᠤᠷᠢᠯᠠᠬᠤ ᠶᠢᠨ | ᠲᠤᠰᠠᠳᠠ᠂ ︽ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ﹇2018﹈ 17 ᠳ᠋ᠤᠭᠠᠷ ᠲᠣᠭᠠᠲᠤ︶ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠰᠢᠨᠵᠢᠯᠡᠬᠦ ᠤᠬᠠᠭᠠᠨ ᠤ ᠳ᠋ᠠᠶᠢᠲ᠋ᠠ ᠭᠡᠳᠡᠭ ᠲᠤ | ᠭᠤᠣᠯᠳᠠᠭᠤ ᠪᠠᠶᠢᠭᠠᠯᠢ ᠶᠢᠨ ᠰᠢᠨᠵᠢᠯᠡᠬᠦ ᠤᠬᠠᠭᠠᠨ᠂ ᠢᠨᠵᠧᠨᠧᠷᠢᠩ ᠤᠨ ᠮᠡᠷᠭᠡᠵᠢᠯ ᠤᠨ ᠰᠢᠨᠵᠢᠯᠡᠬᠦ ᠤᠬᠠᠭᠠᠨ ᠵᠡᠷᠭᠡ | ᠬᠦᠷᠢᠶ᠎ᠡ ᠴᠠᠷᠠᠭ᠎ᠠ ᠳᠠᠬᠢ ᠰᠠᠭᠤᠷᠢ ᠰᠣᠳᠣᠯᠠᠯ᠂ ᠬᠡᠷᠡᠭᠯᠡᠭᠡᠨ ᠤ ᠰᠣᠳᠣᠯᠠᠯ ᠪᠠ ᠲᠤᠷᠰᠢᠨ ᠨᠡᠭᠡᠭᠡᠬᠦ ᠵᠡᠷᠭᠡ ᠪᠠᠷ | ᠳᠡᠮᠵᠢᠵᠤ ᠪᠣᠢ ᠪᠣᠯᠣᠭᠰᠠᠨ ᠳ᠋ᠠᠶᠢᠲ᠋ᠠ ᠵᠢᠴᠢ ᠠᠵᠢᠭᠯᠠᠨ ᠬᠢᠨᠠᠨ ᠰᠢᠨᠵᠢᠬᠦ᠂ ᠰᠢᠨᠵᠢᠯᠡᠨ ᠪᠠᠶᠢᠴᠠᠭᠠᠬᠤ ᠪᠠ ᠰᠣᠳᠣᠯᠣᠨ | ᠪᠠᠶᠢᠴᠠᠭᠠᠬᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠣᠯᠣᠭᠰᠠᠨ ᠤ | ᠬᠠᠮᠲᠤ ᠰᠢᠨᠵᠢᠯᠡᠬᠦ ᠤᠬᠠᠭᠠᠨ ᠤ ᠰᠣᠳᠣᠯᠣᠯ ᠤᠨ ᠠᠵᠢᠯᠯᠠᠭᠠᠨ ᠳᠤ ᠬᠡᠷᠡᠭᠯᠡᠬᠦ ᠠᠩᠬᠠᠨ ᠤ ᠳ᠋ᠠᠶᠢᠲ᠋ᠠ ᠵᠢᠴᠢ ᠤᠯᠠᠷᠢᠨ | ᠡᠭᠦᠰᠦᠭᠰᠡᠨ ᠳ᠋ᠠᠶᠢᠲ᠋ᠠ ᠶᠢ ᠪᠠᠭᠲᠠᠭᠠᠨ᠎ᠠ᠃ | ᠭᠤᠷᠪᠠᠳᠤᠭᠠᠷ ᠵᠦᠢᠯ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠲᠥᠰᠥᠪ ᠤᠨ ᠮᠦᠩᠭᠦ ᠪᠠᠷ ᠳᠠᠮᠵᠢᠵᠤ ᠦᠷᠨᠢᠭᠦᠯᠦᠭᠰᠡᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠴᠤᠭᠯᠠᠭᠤᠯᠤᠨ ᠪᠣᠢ | ᠪᠣᠯᠭᠠᠬᠤ᠂ ᠪᠣᠯᠪᠠᠰᠤᠷᠠᠭᠤᠯᠤᠨ ᠡᠮᠬᠢᠯᠡᠬᠦ᠂ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠪᠠ ᠬᠠᠮᠢᠶᠠᠷᠤᠨ ᠬᠡᠷᠡᠭᠯᠡᠬᠦ | ᠵᠡᠷᠭᠡ ᠠᠵᠢᠯᠯᠠᠭ᠎ᠠ ᠳᠤ ᠲᠤᠰ ᠠᠷᠭ᠎ᠠ ᠬᠡᠷᠡᠭᠯᠡᠭᠳᠡᠨ᠎ᠡ᠃ | ᠶᠠᠮᠡᠷᠪᠡ ᠨᠢᠭᠡᠴᠢ ᠪᠣᠯᠣᠨ ᠬᠤᠪᠢ ᠬᠦᠮᠦᠨ ᠭᠡᠳ ᠥᠪᠡᠷᠲᠡᠭᠡᠨ ᠵᠠᠰᠠᠬᠤ ᠣᠷᠣᠨ ᠤ ᠬᠢᠵᠠᠭᠠᠷ ᠳᠣᠲᠣᠷ᠎ᠠ | ᠰᠢᠨᠵᠢᠯᠡᠬᠦ ᠤᠬᠠᠭᠠᠨ ᠤ ᠳ᠋ᠠᠶᠢᠲ᠋ᠠ ᠯᠤᠭ᠎ᠠ ᠬᠤᠯᠪᠣᠭᠳᠠᠬᠤ ᠠᠵᠢᠯᠯᠠᠭ᠎ᠠ ᠶᠢ ᠡᠷᠬᠢᠯᠡᠨ ᠬᠢᠬᠦ ᠳᠤ᠂ ᠲᠤᠰ ᠠᠷᠭ᠎ᠠ ᠳᠤ | ᠲᠣᠭᠲᠠᠭᠠᠭᠰᠠᠨ ᠦᠢᠯᠡ ᠪᠠᠶᠢᠳᠠᠯ ᠯᠤᠭ᠎ᠠ ᠨᠡᠶᠢᠴᠡᠭᠰᠡᠨ ᠪᠣᠯ᠂ ᠲᠤᠰ ᠠᠷᠭ᠎ᠠ ᠶᠢᠨ ᠶᠣᠰᠤᠭᠠᠷ ᠬᠡᠷᠡᠭᠵᠢᠭᠦᠯᠦᠨ᠎ᠡ᠃ | ᠲᠥᠪ ᠤᠨ ᠡᠳ᠋ ᠤᠨ ᠵᠠᠰᠠᠭ ᠤᠨ ᠲᠥᠰᠥᠪ ᠤᠨ ᠮᠦᠩᠭᠦ ᠪᠠᠷ ᠥᠪᠡᠷᠲᠡᠭᠡᠨ ᠵᠠᠰᠠᠬᠤ ᠣᠷᠣᠨ ᠤ ᠬᠢᠵᠠᠭᠠᠷ ᠳᠣᠲᠣᠷ᠎ᠠ | ᠳᠡᠮᠵᠢᠵᠦ ᠦᠷᠨᠢᠭᠦᠯᠦᠭᠰᠡᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶ᠎ᠠ ᠪᠦᠬᠦᠢ ᠠᠵᠢᠯᠯᠠᠭ᠎ᠠ ᠶᠢᠨ ᠭᠤᠣᠯ | ᠴᠣᠭᠴᠠ ᠨᠢ ᠲᠥᠷᠥ ᠠᠯᠪᠠᠨ ᠲᠠᠷᠬᠠᠭᠠᠭᠰᠠᠨ ﹇2018﹈ 17 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠤᠭᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ | ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ᠳᠥᠷᠪᠡᠳᠦᠭᠡᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠳᠤ ᠬᠡᠨ ᠡᠵᠡᠮᠰᠢᠵᠦ ᠪᠠᠶᠢᠪᠠᠯ | ᠲᠡᠷᠡ ᠬᠠᠷᠢᠭᠤᠴᠠᠬᠤ᠂ ᠬᠡᠨ ᠨᠡᠭᠡᠭᠡᠯᠲᠡ ᠬᠢᠪᠡᠯ ᠲᠡᠳᠡ ᠠᠰᠢᠭ ᠬᠦᠷᠲᠡᠬᠦ ᠪᠠ ᠳᠡᠰ ᠲᠥᠷᠥᠯ ᠬᠤᠪᠢᠶᠠᠨ ᠬᠠᠮᠢᠶᠠᠷᠬᠤ | ᠂ ᠠᠮᠤᠷ ᠲᠥᠪᠰᠢᠨ ᠢ ᠡᠵᠡᠮᠳᠡᠵᠦ ᠳᠡᠶᠢᠯᠬᠦ᠂ ᠭᠦᠢᠴᠡᠳ ᠠᠰᠢᠭᠯᠠᠬᠤ ᠵᠠᠷᠴᠢᠮ ᠢ ᠵᠢᠷᠤᠮᠯᠠᠵᠦ᠂ ᠬᠠᠷᠢᠭᠤᠴᠠᠬᠤ ᠭᠤᠣᠯ | ᠴᠣᠭᠴᠠ ᠶᠢ ᠲᠣᠳᠣᠷᠬᠠᠶᠢᠯᠠᠵᠤ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠨᠡᠭᠡᠭᠡᠯᠲᠡ ᠬᠢᠵᠦ | ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | ᠲᠠᠪᠤᠳᠤᠭᠠᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠦᠮᠦᠨ ᠭᠡᠳ ᠰᠢᠨᠵᠢᠯᠡᠬᠦ ᠤᠬᠠᠭᠠᠨ ᠤ ᠳ᠋ᠠᠶᠢᠲ᠋ᠠ ᠶᠢ | ᠴᠤᠭᠯᠠᠭᠤᠯᠤᠨ ᠪᠣᠢ ᠪᠣᠯᠭᠠᠬᠤ᠂ ᠬᠡᠷᠡᠭᠯᠡᠬᠦ᠂ ᠬᠠᠮᠢᠶᠠᠷᠬᠤ ᠠᠵᠢᠯᠯᠠᠭ᠎ᠠ ᠡᠷᠬᠢᠯᠡᠬᠦ ᠳᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠳᠥᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠶᠢᠨ ᠠᠬᠢᠭᠤᠯᠬᠤ ᠳᠥᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠵᠢᠴᠢ ᠰᠠᠯᠠᠭ᠎ᠠ ᠮᠦᠴᠢᠷ ᠤᠨ ᠲᠣᠭᠲᠠᠭᠠᠯ ᠳᠥᠷᠢᠮ ᠢ ᠵᠢᠷᠤᠮᠯᠠᠬᠤ ᠬᠡᠷᠡᠭᠲᠡᠢ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢ | ᠠᠰᠢᠭᠯᠠᠨ ᠤᠯᠤᠰ ᠤᠨ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠣᠰᠣᠳ ᠬᠦᠮᠦᠨ ᠤ ᠬᠠᠤᠯᠢ | ᠶᠣᠰᠤᠨ ᠤ ᠡᠷᠬᠡ ᠠᠰᠢᠭ ᠢ ᠬᠤᠬᠢᠷᠠᠭᠤᠯᠬᠤ ᠦᠢᠯᠡ ᠠᠵᠢᠯᠯᠠᠭ᠎ᠠ ᠬᠢᠵᠦ ᠪᠣᠯᠬᠤ ᠦᠭᠡᠢ᠃ | ᠬᠤᠶᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ | ᠵᠢᠷᠭᠤᠳᠤᠭᠠᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠳᠤ ᠥᠪᠡᠷᠲᠡᠭᠡᠨ | ᠵᠠᠰᠠᠬᠤ ᠣᠷᠣᠨ ᠨᠢᠭᠡᠳᠦᠯᠲᠡᠢ ᠲᠥᠯᠥᠪᠯᠡᠵᠦ᠂ ᠡᠯ᠎ᠡ ᠰᠠᠯᠠᠭ᠎ᠠ ᠮᠦᠴᠢᠷ ᠬᠢᠭᠡᠳ ᠡᠯ᠎ᠡ ᠭᠠᠵᠠᠷ ᠣᠷᠣᠨ ᠠᠵᠢᠯ | ᠬᠤᠪᠢᠶᠠᠵᠤ ᠬᠠᠷᠢᠭᠤᠴᠠᠬᠤ ᠳᠥᠷᠢᠮ ᠢ ᠬᠡᠷᠡᠭᠵᠢᠭᠦᠯᠦᠨ᠎ᠡ᠃ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠨᠢ ᠪᠦᠬᠦ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠤᠷᠸ᠎ᠠ ᠲᠠᠯ᠎ᠠ ᠶᠢᠨ | ᠬᠠᠮᠢᠶᠠᠷᠤᠯᠲᠠ ᠬᠢᠭᠡᠳ ᠶᠡᠷᠦᠩᠬᠡᠢ ᠳᠤ ᠨᠢ ᠵᠣᠬᠢᠴᠠᠭᠤᠯᠬᠤ ᠶᠢ ᠲᠥᠷᠥᠭᠦᠯᠡᠨ ᠬᠠᠷᠢᠭᠤᠴᠠᠨ᠎ᠠ᠂ ᠭᠤᠣᠯ ᠡᠭᠦᠷᠭᠡ | ᠬᠠᠷᠢᠭᠤᠴᠠᠯᠭ᠎ᠠ ᠨᠢ ᠪᠣᠯ᠄ | ︵ᠨᠢᠭᠡ︶ ᠲᠤᠰ ︽ᠠᠷᠭ᠎ᠠ︾ ᠪᠠ ᠤᠯᠤᠰ ᠤᠨ ᠪᠠᠷᠢᠮᠵᠢᠶ᠎ᠠ ᠵᠢᠷᠤᠮᠵᠢᠯ ᠢ ᠦᠨᠳᠦᠰᠦᠯᠡᠨ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠬᠡᠷᠡᠭᠵᠢᠭᠦᠯᠬᠦ ᠨᠠᠷᠢᠨ ᠳᠥᠷᠢᠮ ᠢ ᠲᠣᠭᠲᠠᠭᠠᠨ᠎ᠠ︔ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠵᠢᠷᠤᠮᠵᠢᠭᠤᠯᠤᠨ | ᠬᠠᠮᠢᠶᠠᠷᠬᠤ᠂ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠵᠢᠴᠢ ᠦᠨᠡᠯᠡᠵᠦ ᠰᠢᠯᠭᠠᠨ ᠬᠢᠨᠠᠬᠤ ᠠᠵᠢᠯ ᠢ | ᠵᠣᠬᠢᠴᠠᠭᠤᠯᠤᠨ ᠠᠬᠢᠭᠤᠯᠤᠨ᠎ᠠ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠤᠨ ᠪᠦᠲᠦᠭᠡᠨ | ᠪᠠᠶᠢᠭᠤᠯᠤᠯᠲᠠ ᠪᠠ ᠬᠦᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ︔ | ︵ᠳᠥᠷᠪᠡ︶ ᠪᠦᠬᠦ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠰᠦᠯᠵᠢᠶ᠎ᠡ ᠶᠢᠨ ᠬᠠᠮᠢᠶᠠᠷᠤᠯᠲᠠ ᠶᠢᠨ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ | ︵ᠲᠠᠪᠤ︶ ᠪᠦᠬᠦ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠤᠨ | ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠵᠢᠯᠣᠭᠤᠳᠬᠤ ᠶᠢ ᠬᠠᠷᠢᠭᠤᠴᠠᠨ᠎ᠠ︔ | ︵ᠵᠢᠷᠭᠤᠭ᠎ᠠ︶ ᠪᠦᠬᠦ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠳᠤ ᠨᠢᠭᠤᠴᠠ ᠲᠣᠭᠲᠠᠭᠠᠬᠤ ᠠᠵᠢᠯ ᠢ | ᠵᠢᠯᠣᠭᠤᠳᠤᠨ᠎ᠠ᠃ | ᠨᠠᠢᠮᠠᠳᠤᠭᠠᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠯ᠎ᠠ ᠳᠠᠬᠢ ᠥᠪᠡᠷᠲᠡᠭᠡᠨ | ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ︵ᠳᠣᠷᠣᠭᠰᠢ ᠪᠠᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠭᠡᠵᠦ ᠨᠢᠭᠡᠳᠦᠯᠲᠡᠢ ᠨᠡᠷᠡᠶᠢᠳᠦᠨ᠎ᠡ︶ ᠤᠨ ᠭᠤᠣᠯ ᠡᠭᠦᠷᠭᠡ ᠬᠠᠷᠢᠭᠤᠴᠠᠯᠭ᠎ᠠ ᠨᠢ ᠪᠣᠯ᠄ | ︵ᠨᠢᠭᠡ︶ ᠲᠤᠰ ᠰᠠᠯᠠᠭ᠎ᠠ ᠮᠦᠴᠢᠷ ︵ᠭᠠᠵᠠᠷ ᠣᠷᠣᠨ︶ ᠤᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠥᠷᠢᠮ ᠢ ᠲᠣᠭᠲᠠᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ | ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠎ᠠ︔ | ︵ᠬᠤᠶᠠᠷ︶ ᠬᠠᠷᠢᠶ᠎ᠠ ᠪᠦᠬᠦᠢ ᠬᠠᠤᠯᠢ ᠶᠢᠨ ᠡᠷᠬᠡᠲᠡᠨ ᠲᠠᠢ ᠨᠢᠭᠡᠴᠢ ᠶᠢ ᠰᠢᠮᠳᠠᠭᠤᠯᠤᠨ ᠵᠢᠯᠣᠭᠤᠳᠴᠦ | ᠪᠠᠶᠢᠭᠠᠳ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠪᠠ ᠵᠢᠷᠤᠮᠵᠢᠭᠤᠯᠤᠨ᠎ᠠ︔ | ︵ᠭᠤᠷᠪᠠ︶ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ | ᠬᠤᠯᠪᠣᠭᠳᠠᠯ ᠪᠦᠬᠦᠢ ᠨᠢᠭᠡᠴᠢ ᠪᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠨᠢᠭᠤᠴᠠ ᠲᠣᠭᠲᠠᠭᠠᠬᠤ ᠠᠵᠢᠯ ᠢ | ᠰᠠᠶᠢᠲᠤᠷ ᠬᠢᠯᠭᠡᠬᠦ ᠪᠣᠶᠤ ᠡᠷᠬᠡ ᠣᠯᠭᠤᠨ ᠰᠠᠶᠢᠲᠤᠷ ᠬᠢᠯᠭᠡᠨ᠎ᠡ︔ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠴᠢᠯᠠᠬᠤ᠂ ᠲᠣᠮᠤ ᠳ᠋ᠠᠶᠢᠲ᠋ᠠ ᠶᠢ ᠬᠦᠭᠵᠢᠭᠦᠯᠬᠦ | ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠣᠳᠣ ᠶᠢᠨ ᠪᠠᠶᠢᠭ᠎ᠠ ᠡᠬᠢ ᠪᠠᠶᠠᠯᠢᠭ ᠢ ᠭᠦᠢᠴᠡᠳ | ᠠᠰᠢᠭᠯᠠᠬᠤ ᠶᠢ ᠵᠣᠷᠢᠬᠵᠢᠭᠤᠯᠵᠤ᠂ ᠲᠤᠰ ᠰᠠᠯᠠᠭ᠎ᠠ ᠮᠦᠴᠢᠷ ︵ᠭᠠᠵᠠᠷ ᠣᠷᠣᠨ︶ ᠤᠨ ᠰᠢᠨᠵᠢᠯᠡᠬᠦ ᠤᠬᠠᠭᠠᠨ ᠤ | ᠳ᠋ᠠᠶᠢᠲ᠋ᠠ ᠶᠢᠨ ᠲᠥᠪ ᠪᠣᠶᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠣᠣᠷ ᠰᠦᠯᠵᠢᠶ᠎ᠡ ᠶᠢᠨ ᠬᠠᠮᠢᠶᠠᠷᠤᠯᠲᠠ ᠶᠢᠨ | ᠰᠢᠰᠲ᠋ᠧᠮ ᠢ ᠨᠢᠭᠡᠳᠦᠯᠲᠡᠢ ᠲᠥᠯᠥᠪᠯᠡᠵᠦ ᠲᠦᠯᠦᠪᠵᠢᠭᠦᠯᠬᠦ ᠪᠠ ᠪᠠᠶᠢᠭᠤᠯᠵᠤ᠂ ᠰᠢᠨᠵᠢᠯᠡᠬᠦ ᠤᠬᠠᠭᠠᠨ ᠤ ᠳ᠋ᠠᠶᠢᠲ᠋ᠠ ᠳᠤ | ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠶᠢᠨ ᠬᠠᠮᠲᠤ᠂ ᠱᠠᠭᠠᠷᠳᠠᠯᠭ᠎ᠠ ᠶᠣᠰᠤᠭᠠᠷ ᠳ᠋ᠠᠶᠢᠲ᠋ᠠ ᠪᠠᠨ | ᠬᠤᠷᠢᠶᠠᠩᠭᠤᠶᠢᠯᠠᠵᠤ ᠡᠮᠬᠢᠳᠭᠡᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠲᠤ | ᠲᠤᠰᠢᠶᠠᠨ᠎ᠠ︔ | ︵ᠲᠠᠪᠤ︶ ᠪᠦᠲᠦᠮᠵᠢᠲᠡᠢ ᠠᠵᠢᠯᠯᠠᠬᠤ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠤᠰ ᠰᠠᠯᠠᠭ᠎ᠠ ᠮᠦᠴᠢᠷ ︵ᠭᠠᠵᠠᠷ ᠣᠷᠣᠨ︶ ᠤᠨ ᠬᠠᠷᠢᠶ᠎ᠠ ᠪᠦᠬᠦᠢ ᠬᠠᠤᠯᠢ ᠶᠢᠨ | ᠡᠷᠬᠡᠲᠡᠨ ᠲᠠᠢ ᠨᠢᠭᠡᠴᠢ ᠶᠢᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠤᠷᠢᠶᠠᠩᠭᠤᠶᠢᠯᠠᠨ ᠴᠤᠭᠯᠠᠭᠤᠯᠬᠤ ︵ᠲᠤᠰᠢᠶᠠᠬᠤ | ︶᠂ ᠵᠠᠳᠠᠯᠤᠯᠲᠠ ᠬᠢᠬᠦ ᠵᠡᠷᠭᠡ ᠬᠠᠮᠢᠶᠠᠷᠤᠯᠲᠠ ᠶᠢᠨ ᠠᠵᠢᠯ ᠢ ᠦᠨᠡᠯᠡᠵᠦ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠵᠤ | ᠦᠷᠨᠢᠭᠦᠯᠦᠨ᠎ᠡ︔ | ︵ᠵᠢᠷᠭᠤᠭ᠎ᠠ︶ ᠲᠤᠰ ᠰᠠᠯᠠᠭ᠎ᠠ ᠮᠦᠴᠢᠷ ︵ᠭᠠᠵᠠᠷ ᠣᠷᠣᠨ︶ ᠤᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ᠃ | ᠶᠢᠰᠦᠳᠦᠭᠡᠷ ᠵᠦᠢᠯ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠣᠳᠣᠯᠣᠯ ᠤᠨ ᠬᠦᠷᠢᠶᠡᠯᠡᠩ ᠭᠠᠵᠠᠷ᠂ | ᠶᠡᠭᠡ ᠰᠤᠷᠭᠠᠭᠤᠯᠢ ᠳᠡᠭᠡᠲᠥ ᠰᠤᠷᠭᠠᠭᠤᠯᠢ ᠪᠠ ᠠᠵᠤ ᠠᠬᠤᠶᠢᠯᠠᠯ ᠵᠡᠷᠭᠡ ᠬᠠᠤᠯᠢ ᠶᠢᠨ ᠡᠷᠬᠡᠲᠡᠨ ᠲᠠᠢ ᠨᠢᠭᠡᠴᠢ ︵ | ᠳᠣᠷᠣᠭᠰᠢ ᠪᠠᠨ ᠬᠠᠤᠯᠢ ᠶᠢᠨ ᠡᠷᠬᠡᠲᠡᠨ ᠲᠠᠢ ᠨᠢᠭᠡᠴᠢ ᠭᠡᠵᠦ ᠨᠢᠭᠡᠳᠦᠯᠲᠡᠢ ᠨᠡᠷᠡᠶᠢᠳᠦᠨ᠎ᠡ︶ ᠶᠢᠨ ᠭᠤᠣᠯ ᠡᠭᠦᠷᠭᠡ | ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠰᠠᠯᠠᠭ᠎ᠠ ᠮᠦᠴᠢᠷ ︵ᠭᠠᠵᠠᠷ ᠣᠷᠣᠨ︶ ᠤᠨ | ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶ᠎ᠠ ᠪᠦᠬᠦᠢ | ᠬᠠᠮᠢᠶᠠᠷᠤᠯᠲᠠ ᠶᠢᠨ ᠳᠥᠷᠢᠮ ᠢ ᠪᠠᠶᠢᠭᠤᠯᠤᠨ ᠪᠦᠷᠢᠨᠰᠢᠭᠦᠯᠦᠨ᠎ᠡ︔ | ︵ᠬᠤᠶᠠᠷ︶ ᠬᠤᠯᠪᠣᠭᠳᠠᠯ ᠪᠦᠬᠦᠢ ᠪᠠᠷᠢᠮᠵᠢᠶ᠎ᠠ ᠵᠢᠷᠤᠮᠵᠢᠯ ᠶᠣᠰᠤᠭᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢ | ᠴᠤᠭᠯᠠᠭᠤᠯᠤᠨ ᠪᠣᠢ ᠪᠣᠯᠭᠠᠬᠤ᠂ ᠪᠣᠯᠪᠠᠰᠤᠷᠠᠭᠤᠯᠤᠨ ᠡᠮᠬᠢᠯᠡᠬᠦ ᠪᠠ ᠤᠷᠲᠤ ᠬᠤᠭᠤᠴᠠᠭ᠎ᠠ ᠪᠠᠷ ᠬᠠᠳᠠᠭᠠᠯᠠᠵᠤ᠂ | ᠳ᠋ᠠᠶᠢᠲ᠋ᠠ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ︔ | ︵ᠭᠤᠷᠪᠠ︶ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠨᠢᠭᠤᠴᠠ ᠶᠢ ᠬᠠᠮᠠᠭᠠᠯᠠᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ | ︵ᠳᠥᠷᠪᠡ︶ ᠲᠤᠰ ᠨᠢᠭᠡᠴᠢ ᠶᠢᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠵᠤ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠠᠮᠲᠤ ᠳᠤ ᠪᠠᠨ ᠬᠦᠷᠲᠡᠵᠦ ᠨᠡᠭᠡᠭᠡᠯᠲᠡ ᠬᠢᠬᠦ ᠭᠠᠷᠴᠠᠭ ᠢ | ᠨᠡᠶᠢᠲᠡᠯᠡᠬᠦ ᠶᠢᠨ ᠬᠠᠮᠲᠤ ᠴᠠᠭ ᠲᠤᠬᠠᠢ ᠳᠤ ᠨᠢ ᠰᠢᠨᠡᠳᠭᠡᠵᠦ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠠᠮᠲᠤ ᠳᠤ ᠪᠠᠨ | ᠬᠦᠷᠲᠡᠵᠦ ᠨᠡᠭᠡᠭᠡᠯᠲᠡ ᠬᠢᠬᠦ ᠦᠢᠯᠡᠴᠢᠯᠡᠭᠡ ᠶᠢ ᠢᠳᠡᠪᠬᠢᠲᠡᠢ ᠪᠠᠷ ᠥᠷᠨᠢᠭᠦᠯᠦᠨ᠎ᠡ︔ | ︵ᠲᠠᠪᠤ︶ ᠱᠠᠭᠠᠷᠳᠠᠯᠭ᠎ᠠ ᠶᠣᠰᠤᠭᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠴᠠᠭ ᠲᠤᠬᠠᠢ ᠳᠤ ᠨᠢ | ᠬᠤᠷᠢᠶᠠᠩᠭᠤᠶᠢᠯᠠᠵᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠤᠭᠰᠠᠨ ᠬᠠᠮᠢᠶ᠎ᠠ ᠪᠦᠬᠦᠢ | ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠲᠤ ᠲᠤᠰᠢᠶᠠᠨ᠎ᠠ︔ | ︵ᠵᠢᠷᠭᠤᠭ᠎ᠠ︶ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯᠯᠠᠭᠠᠨ ᠳᠤ ᠬᠡᠷᠡᠭᠰᠡᠬᠦ | ᠵᠥᠭᠡᠯᠡᠨ ᠬᠠᠲᠠᠭᠤ ᠬᠡᠷᠡᠭᠰᠡᠯ ᠤᠨ ᠲᠦᠬᠦᠭᠡᠷᠦᠮᠵᠢ ᠵᠡᠷᠭᠡ ᠨᠦᠬᠦᠴᠡᠯ᠂ ᠪᠡᠯᠡ ᠮᠦᠩᠭᠦ ᠪᠣᠯᠣᠨ ᠠᠵᠢᠯᠲᠠᠨ ᠢ ᠪᠠᠲᠤᠯᠠᠨ | ᠬᠠᠷᠢᠭᠤᠴᠠᠨ᠎ᠠ᠃ | ᠠᠷᠪᠠᠳᠤᠭᠠᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠪᠣᠯ ᠰᠢᠨᠵᠢᠯᠡᠬᠦ ᠤᠬᠠᠭᠠᠨ ᠤ ᠳ᠋ᠠᠶᠢᠲ᠋ᠠ ᠳᠤ | ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠶᠢᠨ ᠴᠢᠬᠤᠯᠠ ᠠᠴᠢᠶᠠᠯᠠᠪᠤᠷᠢ ᠪᠣᠯᠣᠨ᠎ᠠ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ︵ᠨᠢᠭᠡᠳᠦᠭᠡᠷ ᠳᠡᠰ︶ ᠪᠣᠯᠣᠨ ᠪᠣᠰᠣᠳ ᠰᠢᠨᠵᠢᠯᠡᠬᠦ | ᠤᠬᠠᠭᠠᠨ ᠤ ᠳ᠋ᠠᠶᠢᠲ᠋ᠠ ᠶᠢᠨ ᠲᠥᠪ ︵ᠬᠤᠶᠠᠳᠤᠭᠠᠷ ᠳᠡᠰ︶ ᠭᠡᠵᠦ ᠬᠤᠪᠢᠶᠠᠨ᠎ᠠ᠃ | ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠶᠢᠨ ᠲᠥᠪ ︵ᠨᠢᠭᠡᠳᠦᠭᠡᠷ ᠳᠡᠰ︶ ᠢ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠨᠢᠭᠡᠳᠦᠯᠲᠡᠢ | ᠲᠥᠯᠥᠪᠯᠡᠵᠦ ᠠᠬᠢᠭᠤᠯᠤᠨ ᠪᠠᠶᠢᠭᠤᠯᠤᠨ᠎ᠠ᠂ ᠡᠰᠡᠬᠦᠯ᠎ᠡ ᠨᠦᠬᠦᠴᠡᠯ ᠰᠠᠶᠢᠲᠠᠢ᠂ ᠡᠬᠢ ᠪᠠᠶᠠᠯᠢᠭ ᠤᠨ ᠳᠠᠪᠠᠭᠤᠯᠢᠭ ᠢᠶᠠᠷ | ᠢᠯᠡᠳᠲᠡ ᠪᠠᠶᠢᠭ᠎ᠠ ᠬᠤᠶᠠᠳᠤᠭᠠᠷ ᠳᠡᠰ ᠤᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠤᠨ ᠰᠠᠭᠤᠷᠢᠨ ᠳᠡᠭᠡᠷ᠎ᠡ᠂ | ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ ᠪᠦᠷᠢᠯᠳᠦᠭᠦᠯᠦᠨ᠎ᠡ᠂ ᠭᠤᠣᠯ ᠡᠭᠦᠷᠭᠡ ᠬᠠᠷᠢᠭᠤᠴᠠᠯᠭ᠎ᠠ ᠨᠢ ᠪᠣᠯ᠄ | ︵ᠨᠢᠭᠡ︶ ᠪᠦᠬᠦ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ ᠴᠤᠭᠯᠠᠭᠤᠯᠬᠤ ᠪᠠ | ᠳ᠋ᠠᠶᠢᠲ᠋ᠠ ᠶᠢᠨ ᠪᠠᠲᠤᠯᠠᠵᠤ ᠬᠠᠮᠠᠭᠠᠯᠠᠬᠤ ᠠᠵᠢᠯ ᠢ ᠡᠭᠦᠷᠭᠡᠯᠡᠨ᠎ᠡ︔ | ︵ᠬᠤᠶᠠᠷ︶ ᠪᠦᠬᠦ ᠣᠷᠣᠨ ᠤ ᠡᠯ᠎ᠡ ᠬᠦᠷᠢᠶ᠎ᠡ ᠴᠠᠷᠠᠭ᠎ᠠ ᠶᠢᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠳᠡᠰ | ᠲᠥᠷᠥᠯ ᠬᠤᠪᠢᠶᠠᠬᠤ᠂ ᠪᠣᠯᠪᠠᠰᠤᠷᠠᠭᠤᠯᠤᠨ ᠡᠮᠬᠢᠯᠡᠬᠦ ᠪᠠ ᠵᠠᠳᠠᠯᠤᠯᠲᠠ ᠬᠢᠵᠦ ᠠᠭᠤᠳᠠᠯᠬᠤ ᠶᠢ ᠬᠠᠷᠢᠭᠤᠴᠠᠨ᠎ᠠ︔ | ︵ᠭᠤᠷᠪᠠ︶ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠠᠮᠤᠷ ᠲᠥᠪᠰᠢᠨ ᠢ ᠪᠠᠲᠤᠯᠠᠵᠤ᠂ ᠰᠢᠨᠵᠢᠯᠡᠬᠦ | ᠤᠬᠠᠭᠠᠨ ᠤ ᠳ᠋ᠠᠶᠢᠲ᠋ᠠ ᠳᠤ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠶᠢ ᠬᠠᠤᠯᠢ ᠲᠣᠭᠲᠠᠭᠠᠯ ᠶᠣᠰᠤᠭᠠᠷ | ᠠᠬᠢᠭᠤᠯᠤᠨ᠎ᠠ︔ | ︵ᠳᠥᠷᠪᠡ︶ ᠣᠷᠣᠨ ᠤ ᠳᠣᠲᠣᠷ ᠭᠠᠳᠠᠨᠠᠬᠢ ᠢᠯᠠᠩᠭᠤᠶ᠎ᠠ ᠣᠯᠠᠨ ᠤᠯᠤᠰ ᠤᠨ ᠬᠤᠭᠤᠷᠣᠨᠳᠤ ᠶᠢᠨ | ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠪᠣᠰᠣᠳ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ︵ᠬᠤᠶᠠᠳᠤᠭᠠᠷ ᠳᠡᠰ︶ ᠢ ᠪᠣᠯ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ ᠨᠦᠬᠦᠴᠡᠯ ᠲᠠᠢ ᠪᠠᠶᠢᠭᠤᠯᠤᠮᠵᠢ ᠳᠤ ᠨᠠᠶᠢᠳᠠᠵᠤ ᠪᠠᠶᠢᠭᠤᠯᠤᠨ᠎ᠠ᠂ ᠭᠤᠣᠯ ᠡᠭᠦᠷᠭᠡ | ᠬᠠᠷᠢᠭᠤᠴᠠᠯᠭ᠎ᠠ ᠨᠢ ᠪᠣᠯ᠄ | ︵ᠨᠢᠭᠡ︶ ᠲᠣᠰ ᠬᠦᠷᠢᠶ᠎ᠡ ᠴᠠᠷᠠᠭ᠎ᠠ ᠪᠣᠶᠤ ᠭᠠᠵᠠᠷ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠡᠮᠬᠢᠯᠡᠨ | ᠨᠡᠶᠢᠯᠡᠭᠦᠯᠵᠦ ᠬᠤᠷᠢᠶᠠᠩᠭᠤᠶᠢᠯᠠᠨ ᠴᠤᠭᠯᠠᠭᠤᠯᠬᠤ ︵ᠲᠤᠰᠢᠶᠠᠬᠤ︶ ᠪᠠ ᠳ᠋ᠠᠶᠢᠲ᠋ᠠ ᠶᠢᠨ ᠪᠠᠲᠤᠯᠠᠵᠤ ᠬᠠᠮᠠᠭᠠᠯᠠᠬᠤ | ᠠᠵᠢᠯ ᠢ ᠡᠭᠦᠷᠭᠡᠯᠡᠨ᠎ᠡ︔ | ︵ᠬᠤᠶᠠᠷ︶ ᠲᠤᠰ ᠬᠦᠷᠢᠶ᠎ᠡ ᠴᠠᠷᠠᠭ᠎ᠠ ᠪᠣᠶᠤ ᠭᠠᠵᠠᠷ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠳᠤ ᠳᠡᠰ | ᠲᠥᠷᠥᠯ ᠬᠤᠪᠢᠶᠠᠬᠤ᠂ ᠪᠣᠯᠪᠠᠰᠤᠷᠠᠭᠤᠯᠤᠨ ᠡᠮᠬᠢᠯᠡᠬᠦ ᠪᠠ ᠵᠠᠳᠠᠯᠤᠯᠲᠠ ᠬᠢᠵᠦ ᠠᠭᠤᠳᠠᠯᠬᠤ ᠶᠢ ᠬᠠᠷᠢᠭᠤᠴᠠᠨ᠎ᠠ︔ | ︵ᠭᠤᠷᠪᠠ︶ ᠲᠣᠰ ᠬᠦᠷᠢᠶ᠎ᠡ ᠴᠠᠷᠠᠭ᠎ᠠ ᠪᠣᠶᠤ ᠭᠠᠵᠠᠷ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠠᠮᠤᠷ ᠲᠦᠪᠰᠢᠨ ᠢ ᠪᠠᠲᠤᠯᠠᠵᠤ᠂ ᠰᠢᠨᠵᠢᠯᠡᠬᠦ ᠤᠬᠠᠭᠠᠨ ᠤ ᠳ᠋ᠠᠶᠢᠲ᠋ᠠ ᠳᠤ ᠨᠡᠭᠡᠭᠡᠯᠲᠡ ᠬᠢᠵᠦ ᠬᠠᠮᠲᠤ ᠳᠤ ᠪᠠᠨ | ᠬᠦᠷᠲᠡᠬᠦ ᠶᠢ ᠬᠠᠤᠯᠢ ᠲᠣᠭᠲᠠᠭᠠᠯ ᠶᠣᠰᠤᠭᠠᠷ ᠠᠬᠢᠭᠤᠯᠤᠨ᠎ᠠ︔ | ︵ᠳᠥᠷᠪᠡ︶ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠲᠣᠭᠲᠠᠭᠠᠭᠰᠠᠨ ᠪᠣᠰᠣᠳ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠨ᠎ᠡ᠃ | ᠭᠤᠷᠪᠠᠳᠤᠭᠠᠷ ᠪᠦᠯᠦᠭ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠴᠤᠭᠯᠠᠭᠤᠯᠬᠤ᠂ | ᠬᠤᠷᠢᠶᠠᠩᠭᠤᠶᠢᠯᠠᠨ ᠲᠤᠰᠢᠶᠠᠬᠤ ᠬᠢᠭᠡᠳ ᠬᠠᠳᠠᠭᠠᠯᠠᠬᠤ | ᠠᠷᠪᠠᠨ ᠨᠢᠭᠡᠳᠦᠭᠡᠷ ᠵᠦᠢᠯ ᠬᠠᠤᠯᠢ ᠶᠢᠨ ᠡᠷᠬᠡᠲᠡᠨ ᠲᠠᠢ ᠨᠢᠭᠡᠴᠢ ᠨᠢ ᠬᠠᠮᠢᠶ᠎ᠠ ᠪᠦᠬᠦᠢ ᠪᠠᠷᠢᠮᠵᠢᠶ᠎ᠠ ᠵᠢᠷᠤᠮᠵᠢᠯ | ᠶᠣᠰᠤᠭᠠᠷ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠴᠤᠭᠯᠠᠭᠤᠯᠤᠨ ᠪᠣᠢ ᠪᠣᠯᠭᠠᠬᠤ ᠪᠠ ᠪᠣᠯᠪᠠᠰᠤᠷᠠᠭᠤᠯᠤᠨ | ᠡᠮᠬᠢᠯᠡᠬᠦ ᠶᠢ ᠵᠣᠬᠢᠶᠠᠨ ᠪᠠᠶᠢᠭᠤᠯᠵᠤ ᠦᠷᠨᠢᠭᠦᠯᠦᠨ᠂ ᠬᠡᠷᠡᠭᠯᠡᠬᠦ ᠳᠤ ᠳᠥᠭᠦᠮ ᠪᠣᠯᠬᠤ ᠳ᠋ᠠᠶᠢᠲ᠋ᠠ ᠬᠦᠮᠦᠷᠭᠡ ᠪᠣᠶᠤ | ᠳ᠋ᠠᠶᠢᠲ᠋ᠠ ᠴᠤᠭᠯᠠᠷᠠᠯ ᠢ ᠪᠦᠷᠢᠯᠳᠦᠭᠦᠯᠦᠨ᠎ᠡ᠃ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠴᠢᠨᠠᠷ ᠴᠢᠨᠰᠠᠭ᠎ᠠ ᠶᠢᠨ ᠡᠵᠡᠮᠰᠢᠬᠦ | ᠰᠢᠰᠲ᠋ᠧᠮᠵᠢ ᠶᠢ ᠪᠠᠶᠢᠭᠤᠯᠵᠤ᠂ ᠳ᠋ᠠᠶᠢᠲ᠋ᠠ ᠶᠢᠨ ᠣᠨᠣᠪᠴᠢᠲᠤ ᠴᠢᠨᠠᠷ᠂ ᠵᠢᠷᠤᠮᠵᠢᠯᠲᠤ ᠴᠢᠨᠠᠷ ᠪᠠ ᠬᠡᠷᠡᠭᠯᠡᠭᠳᠡᠬᠦ ᠴᠢᠨᠠᠷ ᠢ | ᠪᠠᠲᠤᠯᠠᠨ᠎ᠠ᠃ | ᠠᠷᠪᠠᠨ ᠬᠤᠶᠠᠳᠤᠭᠠᠷ ᠵᠦᠢᠯ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠰᠢᠨᠵᠢᠯᠡᠬᠦ ᠤᠬᠠᠭᠠᠨ ᠤ | ᠳ᠋ᠠᠶᠢᠲ᠋ᠠ ᠶᠢ ᠬᠤᠷᠢᠶᠠᠩᠭᠤᠶᠢᠯᠠᠨ ᠲᠤᠰᠢᠶᠠᠬᠤ ᠳᠥᠷᠢᠮ ᠪᠠᠶᠢᠭᠤᠯᠵᠤ᠂ ᠬᠠᠮᠢᠶ᠎ᠠ ᠪᠦᠬᠦᠢ ᠪᠠᠷᠢᠮᠵᠢᠶ᠎ᠠ ᠵᠢᠷᠤᠮᠵᠢᠯ | ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠨᠢᠭᠡᠳᠦᠯᠲᠡᠢ ᠲᠣᠣᠷ ᠰᠦᠯᠵᠢᠶ᠎ᠡ ᠪᠠ | ᠳ᠋ᠠᠶᠢᠲ᠋ᠠ ᠶᠢ ᠬᠠᠮᠲᠤ ᠳᠤ ᠪᠠᠨ ᠬᠦᠷᠲᠡᠵᠦ ᠰᠣᠯᠢᠯᠴᠠᠭ᠎ᠠ ᠬᠢᠬᠦ ᠲᠠᠪᠴᠠᠩ ᠤᠨ ᠰᠠᠭᠤᠷᠢᠨ ᠳᠡᠭᠡᠷ᠎ᠡ ᠲᠤᠰ ᠰᠠᠯᠠᠭ᠎ᠠ | ᠮᠦᠴᠢᠷ ︵ᠭᠠᠵᠠᠷ ᠣᠷᠣᠨ︶ ᠤᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠤᠷᠢᠶᠠᠩᠭᠤᠶᠢᠯᠠᠨ ᠲᠤᠰᠢᠶᠠᠬᠤ ᠠᠵᠢᠯ ᠢ | ᠥᠷᠨᠢᠭᠦᠯᠵᠦ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠳᠤ ᠳᠡᠭᠡᠲᠦ ᠳᠣᠣᠷᠠᠲᠤ ᠱᠠᠲᠤᠨ ᠤ | ᠬᠠᠷᠢᠯᠴᠠᠨ ᠨᠡᠪᠲᠡᠷᠡᠯᠴᠡᠬᠦ᠂ ᠬᠤᠯᠪᠣᠭᠠᠯᠠᠨ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠲᠥᠰᠥᠪ ᠤᠨ ᠪᠡᠯᠡ ᠮᠦᠩᠭᠦ ᠪᠠᠷ ᠲᠤᠰᠠᠯᠠᠭᠰᠠᠨ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠠᠴᠠ ᠪᠣᠢ ᠪᠣᠯᠣᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠪᠣᠯ᠂ | ᠲᠥᠷᠥᠯ ᠵᠦᠢᠯ ᠢ ᠲᠥᠷᠥᠭᠦᠯᠡᠨ ᠬᠢᠬᠦ ᠨᠢᠭᠡᠴᠢ ᠠᠴᠠ ᠬᠤᠷᠢᠶᠠᠩᠭᠤᠶᠢᠯᠠᠭᠠᠳ ᠬᠤᠶᠠᠳᠤᠭᠠᠷ ᠳᠡᠰ ᠤᠨ ᠰᠢᠨᠵᠢᠯᠡᠬᠦ | ᠤᠬᠠᠭᠠᠨ ᠤ ᠳ᠋ᠠᠶᠢᠲ᠋ᠠ ᠶᠢᠨ ᠲᠥᠪ ᠲᠤ ᠲᠤᠰᠢᠶᠠᠵᠤ᠂ ᠬᠤᠶᠠᠳᠤᠭᠠᠷ ᠳᠡᠰ ᠤᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠲᠥᠪ ᠨᠢ ᠬᠤᠷᠢᠶᠠᠩᠭᠤᠶᠢᠯᠠᠭᠠᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠲᠥᠪ ᠲᠤ ᠲᠤᠰᠢᠶᠠᠨ᠎ᠠ᠃ ᠳ᠋ᠠᠶᠢᠲ᠋ᠠ ᠬᠦᠯᠢᠶᠡᠨ ᠠᠪᠤᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠨᠢ | ᠬᠤᠷᠢᠶᠠᠩᠭᠤᠶᠢᠯᠠᠨ ᠲᠤᠰᠢᠶᠠᠯᠭᠠᠭᠰᠠᠨ ᠭᠡᠷᠡᠴᠢ ᠪᠠᠷᠢᠮᠲᠠ ᠭᠠᠷᠭᠠᠬᠤ ᠬᠡᠷᠡᠭᠲᠡᠢ᠃ ᠡᠯ᠎ᠡ ᠱᠠᠲᠤᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠵᠦ ᠬᠠᠮᠢᠶᠠᠷᠬᠤ ᠰᠠᠯᠠᠭ᠎ᠠ ᠮᠦᠴᠢᠷ ᠨᠢ ᠲᠥᠷᠥᠯ ᠵᠦᠢᠯ ᠤᠨ | ᠬᠡᠷᠡᠭᠵᠢᠭᠦᠯᠬᠦ ᠪᠦᠬᠦ ᠶᠠᠪᠤᠴᠠ ᠳᠠᠬᠢ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ᠃ ᠲᠥᠷᠥᠯ ᠵᠦᠢᠯ ᠡᠯᠰᠡᠨ ᠴᠤᠭᠯᠠᠭᠤᠯᠬᠤ ᠵᠢᠴᠢ ᠲᠥᠷᠥᠯ ᠵᠦᠢᠯ ᠲᠣᠭᠲᠠᠭᠠᠬᠤ ᠳᠤ ᠲᠥᠷᠥᠯ ᠵᠦᠢᠯ | ᠭᠤᠶᠤᠴᠢᠯᠠᠨ ᠮᠡᠳᠡᠭᠦᠯᠬᠦ ᠪᠠ ᠡᠭᠦᠷᠭᠡᠯᠡᠬᠦ ᠨᠢᠭᠡᠴᠢ ᠶᠢ ᠵᠣᠬᠢᠶᠠᠨ ᠪᠠᠶᠢᠭᠤᠯᠵᠤ ᠰᠢᠨᠵᠢᠯᠡᠬᠦ ᠤᠬᠠᠭᠠᠨ ᠤ ᠳ᠋ᠠᠶᠢᠲ᠋ᠠ ᠶᠢ | ᠬᠤᠷᠢᠶᠠᠩᠭᠤᠶᠢᠯᠠᠨ ᠲᠤᠰᠢᠶᠠᠬᠤ ᠪᠠ ᠬᠠᠮᠢᠶᠠᠷᠬᠤ ᠠᠮᠠᠯᠳᠠᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ | ᠲᠣᠭᠲᠠᠭᠠᠨ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠭᠠᠷᠴᠠᠭ ᠢ ᠤᠷᠢᠳᠴᠢᠯᠠᠨ ᠨᠠᠶᠢᠷᠠᠭᠤᠯᠬᠤ ᠶᠢᠨ ᠬᠠᠮᠲᠤ᠂ | ᠤᠷᠢᠳ ᠢᠶᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠤᠷᠢᠶᠠᠩᠭᠤᠶᠢᠯᠠᠨ ᠲᠤᠰᠢᠶᠠᠵᠤ᠂ ᠳᠠᠷᠠᠭ᠎ᠠ ᠳᠤ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠲᠥᠷᠥᠯ ᠵᠦᠢᠯ ᠢ ᠰᠢᠯᠭᠠᠨ ᠬᠤᠷᠢᠶᠠᠵᠤ ᠠᠪᠤᠭᠰᠠᠨ ᠤ ᠳᠠᠷᠠᠭ᠎ᠠ ᠪᠣᠢ ᠪᠣᠯᠣᠭᠰᠠᠨ | ᠰᠢᠨᠵᠢᠯᠡᠬᠦ ᠤᠬᠠᠭᠠᠨ ᠤ ᠳ᠋ᠠᠶᠢᠲ᠋ᠠ ᠶᠢ ᠴᠦ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠲᠥᠰᠥᠪ ᠤᠨ ᠪᠡᠯᠡ ᠮᠦᠩᠭᠦ ᠪᠠᠷ ᠲᠤᠰᠠᠯᠠᠬᠤ ᠶᠢ | ᠠᠰᠢᠭᠯᠠᠨ ᠦᠭᠦᠯᠡᠯ ᠪᠡᠶᠡᠯᠡᠭᠦᠯᠦᠭᠰᠡᠨ ᠤ ᠬᠠᠮᠲᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠡᠳᠭᠦᠯ ᠳᠤ | ᠨᠡᠶᠢᠲᠡᠯᠡᠬᠦ ᠪᠠᠷ ᠭᠠᠳᠠᠭᠠᠳᠤ ᠳᠤ ᠰᠢᠨᠵᠢᠯᠡᠬᠦ ᠤᠬᠠᠭᠠᠨ ᠤ ᠵᠣᠬᠢᠴᠠᠩᠭᠤᠢ ᠳ᠋ᠠᠶᠢᠲ᠋ᠠ ᠲᠤᠰᠢᠶᠠᠬᠤ ᠴᠢᠬᠤᠯᠠ ᠲᠠᠢ ᠪᠣᠯ᠂ | ᠦᠭᠦᠯᠡᠯ ᠤᠨ ᠵᠣᠬᠢᠶᠠᠭᠴᠢ ᠨᠢ ᠦᠭᠦᠯᠡᠯ ᠨᠡᠶᠢᠲᠡᠯᠡᠭᠳᠡᠬᠦ ᠠᠴᠠ ᠡᠮᠦᠨ᠎ᠡ ᠰᠢᠨᠵᠢᠯᠡᠬᠦ ᠤᠬᠠᠭᠠᠨ ᠤ ᠳ᠋ᠠᠶᠢᠲ᠋ᠠ ᠪᠠᠨ | ᠪᠠᠶᠢᠭ᠎ᠠ ᠨᠢᠭᠡᠴᠢ ᠳᠤ ᠪᠠᠨ ᠲᠤᠰᠢᠶᠠᠵᠤ ᠨᠢᠭᠡᠳᠦᠯᠲᠡᠢ ᠬᠠᠮᠢᠶᠠᠷᠤᠭᠤᠯᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠨᠡᠶᠢᠭᠡᠮ ᠤᠨ ᠪᠡᠯᠡ ᠮᠦᠩᠭᠦ ᠪᠠᠷ ᠲᠤᠰᠠᠯᠠᠭᠤᠯᠵᠤ ᠪᠣᠢ ᠪᠣᠯᠣᠭᠰᠠᠨ ᠰᠢᠨᠵᠢᠯᠡᠬᠦ | ᠤᠬᠠᠭᠠᠨ ᠤ ᠳ᠋ᠠᠶᠢᠲ᠋ᠠ ᠶᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠲᠤ ᠬᠤᠷᠢᠶᠠᠩᠭᠤᠶᠢᠯᠠᠨ | ᠲᠤᠰᠢᠶᠠᠬᠤ ᠶᠢ ᠵᠣᠷᠢᠬᠵᠢᠭᠤᠯᠤᠨ᠎ᠠ᠃ ᠨᠡᠶᠢᠭᠡᠮ ᠤᠨ ᠪᠡᠯᠡ ᠮᠦᠩᠭᠦ ᠪᠠᠷ ᠲᠤᠰᠠᠯᠠᠭᠤᠯᠵᠤ ᠪᠣᠢ ᠪᠣᠯᠣᠭᠰᠠᠨ | ᠤᠯᠤᠰ ᠤᠨ ᠨᠢᠭᠤᠴᠠ᠂ ᠤᠯᠤᠰ ᠤᠨ ᠠᠮᠤᠷ ᠲᠥᠪᠰᠢᠨ ᠪᠠ ᠨᠡᠶᠢᠭᠡᠮ ᠨᠡᠶᠢᠲᠡ ᠶᠢᠨ ᠠᠰᠢᠭ ᠲᠤᠰᠠ ᠳᠤ | ᠬᠤᠯᠪᠣᠭᠳᠠᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠳᠤ ᠪᠣᠯ ᠡᠷᠬᠡᠪᠰᠢ ᠬᠤᠯᠪᠤᠭᠳᠠᠯ ᠪᠦᠬᠦᠢ ᠲᠣᠭᠲᠠᠭᠠᠯ ᠶᠣᠰᠤᠭᠠᠷ | ᠬᠠᠮᠢᠶᠠᠷᠤᠯᠲᠠ ᠬᠢᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠠᠤᠯᠢ ᠶᠢᠨ ᠡᠷᠬᠡᠲᠡᠨ ᠲᠠᠢ ᠨᠢᠭᠡᠴᠢ ᠨᠢ ᠰᠢᠨᠵᠢᠯᠡᠬᠦ ᠤᠬᠠᠭᠠᠨ ᠤ ᠳ᠋ᠠᠶᠢᠲ᠋ᠠ ᠶᠢ | ᠬᠠᠳᠠᠭᠠᠯᠠᠬᠤ ᠳᠥᠷᠢᠮ ᠪᠠᠶᠢᠭᠤᠯᠵᠤ᠂ ᠳ᠋ᠠᠶᠢᠲ᠋ᠠ ᠶᠢ ᠬᠠᠳᠠᠭᠠᠯᠠᠬᠤ᠂ ᠬᠠᠮᠢᠶᠠᠷᠬᠤ᠂ ᠦᠢᠯᠡᠴᠢᠯᠡᠬᠦ ᠪᠠ ᠠᠮᠤᠷ | ᠲᠥᠪᠰᠢᠨ ᠪᠠᠶᠢᠯᠭᠠᠬᠤ ᠵᠡᠷᠭᠡ ᠴᠢᠬᠤᠯᠠ ᠪᠦᠬᠦᠢ ᠪᠡᠯᠡᠳᠭᠡᠮᠵᠢ ᠲᠣᠬᠢᠷᠠᠭᠤᠯᠵᠤ᠂ ᠰᠢᠨᠵᠢᠯᠡᠬᠦ ᠤᠬᠠᠭᠠᠨ ᠤ | ᠳ᠋ᠠᠶᠢᠲ᠋ᠠ ᠶᠢᠨ ᠪᠦᠷᠢᠨ ᠪᠦᠲᠦᠨ ᠪᠠ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠠᠤᠯᠢ ᠶᠢᠨ ᠡᠷᠬᠡᠲᠡᠨ ᠲᠠᠢ ᠨᠢᠭᠡᠴᠢ ᠨᠢ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰ | ᠨᠢᠭᠡᠴᠢ ᠶᠢᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠶᠢ ᠲᠤᠰᠬᠠᠢ ᠬᠦᠮᠥᠨ ᠢᠶᠠᠷ ᠬᠠᠷᠢᠭᠤᠴᠠᠭᠤᠯᠵᠤ᠂ | ᠠᠵᠢᠯ ᠤᠨ ᠪᠠᠶᠢᠷᠢ ᠲᠣᠭᠲᠠᠭᠠᠬᠤ᠂ ᠠᠵᠢᠯ ᠤᠨ ᠠᠮᠵᠢᠯᠲᠠ ᠪᠦᠲᠦᠮᠵᠢ ᠶᠢᠨ ᠣᠷᠣᠯᠭ᠎ᠠ᠂ ᠮᠡᠷᠭᠡᠵᠢᠯ ᠤᠨ ᠴᠤᠯᠡ | ᠬᠢᠨᠠᠨ ᠲᠣᠭᠲᠠᠭᠠᠬᠤ ᠵᠡᠷᠭᠡ ᠲᠠᠯ᠎ᠠ ᠳᠤ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ | ᠲᠥᠪ ᠨᠢ ᠨᠢᠭᠤᠴᠠ ᠳᠤ ᠬᠤᠯᠪᠣᠭᠳᠠᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠳᠡᠰ ᠬᠤᠪᠢᠶᠠᠨ ᠬᠠᠮᠠᠭᠠᠯᠠᠬᠤ | ᠪᠠᠷᠢᠮᠵᠢᠶ᠎ᠠ ᠶᠢᠨ ᠱᠠᠭᠠᠷᠳᠠᠯᠭ᠎ᠠ ᠶᠢ ᠪᠠᠲᠤᠯᠠᠭᠰᠠᠨ ᠤ ᠰᠠᠭᠤᠷᠢᠨ ᠳᠡᠭᠡᠷ᠎ᠡ᠂ ᠡᠯᠧᠺᠲᠷᠤᠨ ᠵᠠᠰᠠᠭ ᠤᠨ ᠶᠠᠪᠤᠳᠠᠯ ᠤᠨ | ᠲᠣᠣᠷ ᠰᠦᠯᠵᠢᠶ᠎ᠡ ᠪᠠ ᠳ᠋ᠠᠶᠢᠲ᠋ᠠ ᠶᠢᠨ ᠲᠠᠪᠴᠠᠩ ᠳᠤ ᠨᠢᠭᠡᠳᠦᠯᠲᠡᠢ ᠵᠠᠯᠭᠠᠨ ᠣᠷᠤᠭᠤᠯᠵᠤ᠂ ᠥᠪᠡᠷᠲᠡᠭᠡᠨ ᠵᠠᠰᠠᠬᠤ | ᠣᠷᠣᠨ ᠤ ᠣᠳᠣ ᠶᠢᠨ ᠪᠠᠶᠢᠭ᠎ᠠ ᠳ᠋ᠠᠶᠢᠲ᠋ᠠ ᠶᠢᠨ ᠲᠠᠪᠴᠠᠩ ᠯᠤᠭ᠎ᠠ ᠬᠤᠯᠪᠣᠭᠠᠯᠠᠨ ᠨᠡᠪᠲᠡᠷᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ᠃ | ᠳᠥᠷᠪᠡᠳᠦᠭᠡᠷ ᠪᠦᠯᠦᠭ ᠰᠢᠨᠵᠢᠯᠡᠬᠦ ᠤᠬᠠᠭᠠᠨ ᠤ ᠳ᠋ᠠᠶᠢᠲ᠋ᠠ ᠶᠢ | ᠬᠠᠮᠲᠤ ᠪᠠᠷ ᠬᠦᠷᠲᠡᠬᠦ ᠪᠠ ᠠᠰᠢᠭᠯᠠᠬᠤ | ᠠᠷᠪᠠ ᠶᠢᠰᠦᠳᠦᠭᠡᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠨᠡᠭᠡᠭᠡᠯᠲᠡ ᠬᠢᠵᠦ ᠬᠠᠮᠲᠤ ᠳᠤ ᠪᠠᠨ | ᠬᠦᠷᠲᠡᠬᠦ ᠲᠥᠷᠥᠯ ᠬᠡᠯᠪᠡᠷᠢ ᠶᠢ ᠪᠣᠯ ᠨᠦᠬᠦᠴᠡᠯ ᠦᠭᠡᠢ ᠪᠠᠷ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ᠂ | ᠨᠦᠬᠦᠴᠡᠯ ᠲᠠᠢ ᠪᠠᠷ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠪᠠ ᠨᠡᠭᠡᠭᠡᠯᠲᠡ ᠬᠢᠵᠦ ᠬᠠᠮᠲᠤ ᠳᠤ ᠪᠠᠨ | ᠬᠦᠷᠲᠡᠵᠦ ᠥᠯᠥ ᠪᠣᠯᠬᠤ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠬᠤᠪᠢᠶᠠᠨ᠎ᠠ᠃ | ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠤᠨ ᠪᠡᠯᠡ | ᠮᠦᠩᠭᠦ ᠪᠠᠷ ᠲᠤᠰᠠᠯᠠᠵᠤ ᠪᠣᠢ ᠪᠣᠯᠣᠭᠰᠠᠨ ᠡᠯ᠎ᠡ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡᠨ ᠤ ᠲᠥᠷᠥᠯ ᠵᠦᠢᠯ ᠳᠤ ᠪᠣᠯ᠂ ᠨᠢᠭᠡᠴᠢ ᠪᠠ ᠬᠤᠪᠢ ᠬᠦᠮᠦᠨ ᠪᠦᠬᠦᠨ ᠳᠤ ᠬᠠᠮᠲᠤ ᠪᠠᠷ ᠬᠦᠷᠲᠡᠵᠦ | ᠬᠡᠷᠡᠭᠯᠡᠬᠦ ᠪᠠᠷ ᠬᠠᠩᠭᠠᠵᠤ ᠪᠣᠯᠬᠤ ᠰᠢᠨᠵᠢᠯᠡᠬᠦ ᠤᠬᠠᠭᠠᠨ ᠤ ᠳ᠋ᠠᠶᠢᠲ᠋ᠠ ᠨᠢ ᠨᠦᠬᠦᠴᠡᠯ ᠦᠭᠡᠢ ᠪᠠᠷ ᠨᠡᠭᠡᠭᠡᠯᠲᠡ ᠬᠢᠵᠦ | ᠬᠠᠮᠲᠤ ᠳᠤ ᠪᠠᠨ ᠬᠦᠷᠲᠡᠬᠦ ᠲᠥᠷᠥᠯ ᠳᠤ ᠬᠠᠷᠢᠶᠠᠯᠠᠭᠳᠠᠨ᠎ᠠ᠃ | ᠬᠠᠮᠢᠶ᠎ᠠ ᠪᠦᠬᠦᠢ ᠨᠢᠭᠡᠴᠢ ᠪᠠ ᠬᠤᠪᠢ ᠬᠦᠮᠦᠨ ᠳᠤ ᠬᠠᠮᠲᠤ ᠪᠠᠷ ᠬᠦᠷᠲᠡᠵᠦ ᠬᠡᠷᠡᠭᠯᠡᠭᠦᠯᠬᠦ ᠪᠣᠶᠤ ᠵᠦᠪᠬᠡᠨ | ᠬᠡᠰᠡᠭ ᠪᠦᠯᠦᠭ ᠢᠶᠠᠷ ᠨᠢᠭᠡᠴᠢ ᠪᠠ ᠬᠤᠪᠢ ᠬᠦᠮᠦᠨ ᠪᠦᠬᠦᠨ ᠳᠤ ᠬᠠᠮᠲᠤ ᠪᠠᠷ ᠬᠦᠷᠲᠡᠵᠦ ᠬᠡᠷᠡᠭᠯᠡᠭᠦᠯᠬᠦ ᠪᠠᠷ | ᠬᠠᠩᠭᠠᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠨᠢ ᠨᠦᠬᠦᠴᠡᠯ ᠲᠠᠢ ᠪᠠᠷ ᠨᠡᠭᠡᠭᠡᠯᠲᠡ ᠬᠢᠵᠦ ᠬᠠᠮᠲᠤ ᠳᠤ ᠪᠠᠨ | ᠬᠦᠷᠲᠡᠬᠦ ᠲᠥᠷᠥᠯ ᠳᠤ ᠬᠠᠷᠢᠶᠠᠯᠠᠭᠳᠠᠨ᠎ᠠ᠃ | ᠤᠯᠤᠰ ᠤᠨ ᠨᠢᠭᠤᠴᠠ᠂ ᠤᠯᠤᠰ ᠤᠨ ᠠᠮᠤᠷ ᠲᠦᠪᠰᠢᠨ᠂ ᠨᠡᠶᠢᠭᠡᠮ ᠨᠡᠶᠢᠲᠡ ᠶᠢᠨ ᠠᠰᠢᠭ ᠲᠤᠰᠠ᠂ | ᠬᠤᠳᠠᠯᠳᠤᠭᠠᠨ ᠤ ᠨᠢᠭᠤᠴᠠ ᠪᠠ ᠬᠤᠪᠢ ᠬᠦᠮᠦᠨ ᠤ ᠨᠢᠭᠤᠴᠠ ᠵᠡᠷᠭᠡ ᠳᠤ ᠬᠤᠯᠪᠣᠭᠳᠠᠬᠤ ᠰᠢᠯᠲᠠᠭᠠᠨ ᠠᠴᠠ ᠪᠣᠯᠵᠤ᠂ | ᠪᠣᠰᠣᠳ ᠨᠢᠭᠡᠴᠢ ᠪᠠ ᠬᠤᠪᠢ ᠬᠦᠮᠦᠨ ᠳᠤ ᠬᠠᠮᠲᠤ ᠪᠠᠷ ᠬᠦᠷᠲᠡᠵᠦ ᠬᠡᠷᠡᠭᠯᠡᠭᠦᠯᠬᠦ ᠪᠠᠷ ᠬᠠᠩᠭᠠᠬᠤ ᠳᠤ ᠥᠯᠥ | ᠵᠣᠬᠢᠷᠠᠬᠤ ᠰᠢᠨᠵᠢᠯᠡᠬᠦ ᠤᠬᠠᠭᠠᠨ ᠤ ᠳ᠋ᠠᠶᠢᠲ᠋ᠠ ᠨᠢ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠵᠦ ᠥᠯᠥ ᠪᠣᠯᠬᠤ | ᠲᠥᠷᠥᠯ ᠳᠤ ᠬᠠᠷᠢᠶᠠᠯᠠᠭᠳᠠᠨ᠎ᠠ᠃ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠵᠦ ᠥᠯᠥ ᠪᠣᠯᠬᠤ ᠲᠥᠷᠥᠯ ᠢᠶᠠᠷ | ᠵᠢᠭᠰᠠᠭᠠᠨ ᠣᠷᠤᠭᠤᠯᠤᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠪᠦᠬᠦᠨ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠪᠣᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠠᠶᠢᠬᠤ ᠬᠡᠷᠡᠭᠲᠡᠢ᠃ | ᠬᠤᠷᠢᠳᠤᠭᠠᠷ ᠵᠦᠢᠯ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠲᠥᠰᠥᠪ ᠤᠨ ᠪᠡᠯᠡ ᠮᠦᠩᠭᠦ ᠪᠠᠷ ᠲᠤᠰᠠᠯᠠᠵᠤ ᠪᠣᠢ ᠪᠣᠯᠣᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠳᠤ ᠨᠡᠭᠡᠭᠡᠯᠲᠡ | ᠬᠢᠬᠦ ᠶᠢ ᠬᠡᠪ ᠪᠠᠶᠢᠳᠠᠯ ᠲᠠᠢ ᠪᠣᠯᠭᠠᠵᠤ᠂ ᠨᠡᠭᠡᠭᠡᠯᠲᠡ ᠥᠯᠥ ᠬᠢᠬᠦ ᠶᠢ ᠣᠨᠴᠠᠭᠠᠢ ᠪᠠᠶᠢᠳᠠᠯ ᠢᠶᠠᠷ ᠦᠵᠡᠬᠦ ᠵᠠᠷᠴᠢᠮ | ᠶᠣᠰᠤᠭᠠᠷ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠡᠬᠢ | ᠪᠠᠶᠠᠯᠢᠭ ᠤᠨ ᠭᠠᠷᠴᠠᠭ ᠢ ᠵᠣᠬᠢᠶᠠᠨ ᠪᠠᠶᠢᠭᠤᠯᠵᠤ ᠨᠠᠶᠢᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠭᠠᠷᠴᠠᠭ ᠪᠠ | ᠳ᠋ᠠᠶᠢᠲ᠋ᠠ ᠶᠢ ᠥᠪᠡᠷᠲᠡᠭᠡᠡ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠲᠤ ᠴᠠᠭ | ᠲᠤᠬᠠᠢ ᠳᠤ ᠨᠢ ᠵᠠᠯᠭᠠᠨ ᠣᠷᠤᠭᠤᠯᠵᠤ᠂ ᠨᠡᠶᠢᠭᠡᠮ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠬᠠᠨᠳᠤᠭᠤᠯᠤᠨ | ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠪᠣᠯᠭᠠᠨ᠎ᠠ᠃ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠴᠡᠷᠢᠭ ᠠᠷᠠᠳ ᠤᠨ | ᠬᠡᠷᠡᠭᠴᠡᠭᠡᠨ ᠳᠤ ᠬᠠᠮᠲᠤ ᠳᠤ ᠪᠠᠨ ᠬᠦᠷᠲᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠳᠤ ᠣᠨᠴᠠᠭᠠᠢ ᠲᠣᠭᠲᠠᠭᠠᠯ ᠲᠠᠢ ᠪᠣᠯ ᠡᠭᠦᠨ ᠳᠤ ᠪᠠᠭᠲᠠᠬᠤ ᠦᠭᠡᠢ᠃ | ᠬᠤᠷᠢᠨ ᠨᠢᠭᠡᠳᠦᠭᠡᠷ ᠵᠦᠢᠯ ᠬᠠᠤᠯᠢ ᠶᠢᠨ ᠡᠷᠬᠡᠲᠡᠨ ᠲᠠᠢ ᠨᠢᠭᠡᠴᠢ ᠨᠢ ᠰᠢᠨᠵᠢᠯᠡᠬᠦ ᠤᠬᠠᠭᠠᠨ ᠤ ᠳ᠋ᠠᠶᠢᠲ᠋ᠠ ᠳᠤ | ᠳᠡᠰ ᠲᠥᠷᠥᠯ ᠬᠤᠪᠢᠶᠠᠵᠤ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠨᠢᠭᠤᠴᠠ ᠶᠢᠨ ᠳᠡᠰ ᠪᠠ ᠨᠢᠭᠤᠴᠠ ᠶᠢ | ᠬᠠᠮᠠᠭᠠᠯᠠᠬᠤ ᠬᠤᠭᠤᠴᠠᠭ᠎ᠠ ᠬᠢᠵᠠᠭᠠᠷ᠂ ᠬᠠᠮᠲᠤ ᠳᠤ ᠪᠠᠨ ᠬᠦᠷᠲᠡᠵᠦ ᠨᠡᠭᠡᠭᠡᠯᠲᠡ ᠬᠢᠬᠦ ᠨᠦᠬᠦᠴᠡᠯ᠂ ᠬᠠᠮᠲᠤ ᠳᠤ ᠪᠠᠨ | ᠬᠦᠷᠲᠡᠵᠦ ᠨᠡᠭᠡᠭᠡᠯᠲᠡ ᠬᠢᠭᠰᠡᠳ ᠪᠠ ᠬᠢᠨᠠᠨ ᠬᠠᠷᠭᠤᠭᠤᠯᠬᠤ ᠳᠡᠰ ᠳᠠᠷᠠᠭᠠᠯᠠᠯ ᠵᠡᠷᠭᠡ ᠶᠢ ᠲᠣᠳᠣᠷᠬᠠᠶᠢᠯᠠᠵᠤ᠂ | ᠱᠠᠭᠠᠷᠳᠠᠯᠭ᠎ᠠ ᠶᠣᠰᠤᠭᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠨᠡᠭᠡᠭᠡᠯᠲᠡ ᠬᠢᠬᠦ ᠭᠠᠷᠴᠠᠭ ᠢ ᠨᠡᠶᠢᠲᠡᠯᠡᠵᠦ᠂ | ᠨᠡᠶᠢᠭᠡᠮ ᠳᠤ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠬᠠᠤᠯᠢ ᠶᠢᠨ ᠡᠷᠬᠡᠲᠡᠨ ᠲᠠᠢ | ᠨᠢᠭᠡᠴᠡ ᠨᠢ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ | ᠳᠥᠷᠢᠮ ᠪᠠ ᠲᠣᠭᠲᠠᠴᠠ ᠪᠠᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠡᠪᠯᠡᠬᠦ ᠪᠠ ᠤᠯᠠᠮᠵᠢᠯᠠᠨ | ᠳᠡᠯᠭᠡᠷᠡᠭᠦᠯᠬᠦ ᠠᠵᠢᠯ ᠢ ᠢᠳᠡᠪᠬᠢᠲᠡᠢ ᠠᠬᠢᠭᠤᠯᠤᠨ᠂ ᠰᠢᠨᠵᠢᠯᠡᠬᠦ ᠤᠬᠠᠭᠠᠨ ᠤ ᠰᠣᠳᠤᠯᠭᠠᠳᠠᠳ ᠦᠮᠴᠢᠯᠡᠯ ᠤᠨ | ᠡᠷᠬᠡ ᠪᠠᠷ ᠢᠯᠡ ᠲᠣᠳᠣᠷᠬᠠᠢ᠂ ᠣᠨᠣᠪᠴᠢᠲᠠᠢ ᠪᠦᠭᠡᠳ ᠪᠦᠷᠢᠨ ᠪᠦᠲᠦᠨ᠂ ᠬᠠᠮᠲᠤ ᠳᠤ ᠪᠠᠨ ᠬᠦᠷᠲᠡᠬᠦ ᠦᠨ᠎ᠡ | ᠦᠷᠲᠡᠭ ᠢᠶᠠᠷ ᠦᠨᠳᠦᠷ ᠪᠣᠯᠬᠤ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠡᠮᠬᠢᠯᠡᠨ ᠲᠢᠭᠯᠡᠵᠦ ᠨᠡᠶᠢᠲᠡᠯᠡᠬᠦ ᠶᠢ ᠳᠡᠮᠵᠢᠬᠦ | ᠬᠡᠷᠡᠭᠲᠡᠢ᠃ | ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠡᠷᠡᠭᠯᠡᠭᠰᠡᠳ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠢᠶ᠎ᠠ | ᠪᠦᠬᠦᠢ ᠲᠣᠭᠲᠠᠭᠠᠯ ᠢ ᠵᠢᠷᠤᠮᠯᠠᠨ᠂ ᠦᠭᠦᠯᠡᠯ ᠨᠡᠶᠢᠲᠡᠯᠡᠬᠦ᠂ ᠲᠤᠰᠬᠠᠢ ᠠᠰᠢᠭ ᠭᠤᠶᠤᠴᠢᠯᠠᠬᠤ᠂ ᠲᠤᠰᠬᠠᠢ | ᠵᠣᠬᠢᠶᠠᠯ ᠤᠨ ᠬᠡᠪᠯᠡᠭᠦᠯᠬᠦ ᠵᠡᠷᠭᠡ ᠠᠵᠢᠯ ᠳᠤ ᠪᠠᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠡᠷᠡᠭᠯᠡᠭᠰᠡᠨ ᠪᠠ ᠯᠠᠪᠯᠠᠯᠲᠠ | ᠪᠣᠯᠭᠠᠨ ᠡᠰᠢᠯᠡᠭᠰᠡᠨ ᠢᠶᠠᠨ ᠲᠣᠳᠣᠷᠬᠠᠶᠢᠯᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠨᠡᠭᠡᠭᠡᠯᠲᠡ ᠬᠢᠵᠦ ᠠᠰᠢᠭ ᠬᠦᠷᠲᠡᠬᠦ ᠵᠠᠷᠴᠢᠮ ᠶᠣᠰᠤᠭᠠᠷ᠂ ᠰᠢᠨᠵᠢᠯᠡᠬᠦ | ᠤᠬᠠᠭᠠᠨ ᠤ ᠳ᠋ᠠᠶᠢᠲ᠋ᠠ ᠶᠢᠨ ᠦᠷᠲᠡᠭ ᠨᠡᠮᠡᠭᠳᠡᠭᠦᠯᠬᠦ ᠪᠠ ᠲᠥᠯᠥᠪᠦᠷᠢ ᠲᠠᠢ ᠦᠢᠯᠡᠴᠢᠯᠡᠭᠡ ᠦᠷᠨᠢᠭᠦᠯᠬᠦ ᠶᠢ | ᠵᠣᠷᠢᠬᠵᠢᠭᠤᠯᠤᠨ᠎ᠠ᠃ | ᠵᠠᠰᠠᠭ ᠤᠨ ᠣᠷᠳᠣᠨ ᠤ ᠰᠢᠢᠳᠪᠦᠷᠢᠲᠤ ᠪᠣᠳᠣᠯᠭ᠎ᠠ᠂ ᠣᠯᠠᠨ ᠨᠡᠶᠢᠲᠡ ᠶᠢᠨ ᠠᠮᠤᠷ ᠲᠥᠪᠰᠢᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠢᠨᠵᠢᠯᠡᠬᠦ ᠤᠬᠠᠭᠠᠨ ᠤ ᠰᠣᠳᠣᠯᠣᠯ | ᠵᠡᠷᠭᠡ ᠳᠤ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠡᠷᠡᠭᠯᠡᠬᠦ ᠳᠤ᠂ ᠬᠠᠤᠯᠢ ᠶᠢᠨ ᠡᠷᠬᠡᠲᠡᠨ ᠲᠠᠢ ᠨᠢᠭᠡᠴᠢ ᠨᠢ ᠦᠨ᠎ᠡ | ᠲᠥᠯᠥᠪᠦᠷᠢ ᠦᠭᠡᠢ ᠪᠠᠷ ᠬᠠᠩᠭᠠᠬᠤ ᠬᠡᠷᠡᠭᠲᠡᠢ︔ ᠰᠦᠢᠳᠭᠡᠯ ᠬᠤᠷᠢᠶᠠᠬᠤ ᠴᠢᠬᠤᠯᠠ ᠲᠠᠢ ᠪᠣᠯ᠂ ᠬᠤᠯᠪᠣᠭᠳᠠᠯ | ᠪᠦᠬᠦᠢ ᠲᠣᠭᠲᠠᠭᠠᠯ ᠤᠨ ᠳᠡᠰ ᠳᠠᠷᠠᠭᠠᠯᠠᠯ ᠪᠠ ᠠᠰᠢᠭ ᠥᠯᠥ ᠣᠯᠬᠤ ᠵᠠᠷᠴᠢᠮ ᠶᠣᠰᠤᠭᠠᠷ ᠵᠦᠢ ᠵᠣᠬᠢᠰᠲᠠᠢ | ᠰᠦᠢᠳᠭᠡᠯ ᠬᠤᠷᠢᠶᠠᠬᠤ ᠪᠠᠷᠢᠮᠵᠢᠶ᠎ᠠ ᠲᠣᠭᠲᠠᠭᠠᠵᠤ᠂ ᠨᠡᠶᠢᠭᠡᠮ ᠳᠤ ᠨᠡᠶᠢᠲᠡᠯᠡᠬᠦ ᠶᠢᠨ ᠬᠠᠮᠲᠤ ᠬᠢᠨᠠᠯᠲᠠ ᠲᠠᠯᠪᠢᠬᠤ ᠶᠢ | ᠬᠦᠯᠢᠶᠡᠬᠦ ᠬᠡᠷᠡᠭᠲᠡᠢ᠃ | ᠬᠠᠤᠯᠢ ᠶᠢᠨ ᠡᠷᠬᠡᠲᠡᠨ ᠲᠠᠢ ᠨᠢᠭᠡᠴᠢ ᠨᠢ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠰᠢᠨᠵᠢᠯᠡᠬᠦ | ᠤᠬᠠᠭᠠᠨ ᠤ ᠳ᠋ᠠᠶᠢᠲ᠋ᠠ ᠳᠤ ᠵᠠᠳᠠᠯᠤᠯᠲᠠ ᠬᠢᠵᠦ ᠠᠭᠤᠳᠠᠯᠯᠠᠨ᠂ ᠦᠨ᠎ᠡ ᠦᠷᠲᠡᠭ ᠲᠠᠢ ᠰᠢᠨᠵᠢᠯᠡᠬᠦ ᠤᠬᠠᠭᠠᠨ ᠤ | ᠳ᠋ᠠᠶᠢᠲ᠋ᠠ ᠶᠢᠨ ᠪᠦᠲᠦᠭᠡᠭᠳᠡᠬᠦᠨ ᠢ ᠪᠣᠢ ᠪᠣᠯᠭᠠᠵᠤ᠂ ᠦᠷᠲᠡᠭ ᠤᠨ ᠨᠡᠮᠡᠭᠳᠡᠯ ᠲᠠᠢ ᠦᠢᠯᠡᠴᠢᠯᠡᠭᠡ ᠦᠷᠨᠢᠭᠦᠯᠬᠦ ᠶᠢ | ᠵᠣᠷᠢᠬᠵᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ | ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠵᠠᠬ᠎ᠠ ᠳᠡᠯᠭᠡᠭᠦᠷᠴᠢᠯᠡᠭᠰᠡᠨ ᠦᠷᠲᠡᠭ ᠤᠨ ᠨᠡᠮᠡᠭᠳᠡᠯ ᠲᠠᠢ ᠦᠢᠯᠡᠴᠢᠯᠡᠭᠡ ᠶᠢ | ᠦᠷᠨᠢᠭᠦᠯᠦᠨ᠎ᠡ᠃ | ᠡᠵᠡᠩᠨᠡᠯᠲᠡ ᠶᠢᠨ ᠴᠢᠨᠠᠷ ᠲᠠᠢ ᠠᠵᠢᠯᠯᠠᠭ᠎ᠠ ᠠᠴᠠ ᠪᠣᠯᠵᠤ ᠨᠦᠬᠦᠴᠡᠯ ᠲᠠᠢ ᠪᠠᠷ ᠨᠡᠭᠡᠭᠡᠯᠲᠡ ᠬᠢᠵᠦ | ᠬᠠᠮᠲᠤ ᠳᠤ ᠪᠠᠨ ᠬᠦᠷᠲᠡᠬᠦ ᠲᠥᠷᠥᠯ ᠤᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠡᠷᠡᠭᠯᠡᠬᠦ ᠴᠢᠬᠤᠯᠠ ᠲᠠᠢ ᠪᠣᠯ᠂ | ᠲᠤᠬᠠᠶᠢᠲᠠᠢ ᠬᠦᠮᠦᠨ ᠤ ᠬᠤᠶᠠᠷ ᠲᠠᠯ᠎ᠠ ᠪᠠᠷ ᠢᠶᠠᠨ ᠲᠥᠯᠥᠪᠦᠷᠢ ᠲᠠᠢ ᠦᠢᠯᠡᠴᠢᠯᠡᠭᠡᠨ ᠤ ᠭᠡᠷ᠎ᠡ ᠲᠣᠭᠲᠠᠭᠠᠵᠤ᠂ ᠬᠤᠶᠠᠷ | ᠲᠠᠯ᠎ᠠ ᠶᠢᠨ ᠡᠷᠬᠡ ᠠᠰᠢᠭ ᠪᠠ ᠡᠭᠦᠷᠭᠡ ᠪᠠᠨ ᠲᠣᠳᠣᠷᠬᠠᠶᠢᠯᠠᠬᠤ ᠬᠡᠷᠡᠭᠲᠡᠢ᠃ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠣᠨᠴᠠᠭᠠᠢ ᠲᠣᠭᠲᠠᠭᠠᠯ ᠲᠠᠢ ᠪᠣᠯ᠂ ᠲᠡᠷᠡ ᠬᠦ | ᠲᠣᠭᠲᠠᠭᠠᠯ ᠢ ᠵᠢᠷᠤᠮᠯᠠᠬᠤ ᠬᠡᠷᠡᠭᠲᠡᠢ᠃ | ᠲᠠᠪᠤᠳᠤᠭᠠᠷ ᠪᠥᠯᠥᠭ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠨᠢᠭᠤᠴᠠ ᠶᠢ | ᠬᠠᠮᠠᠭᠠᠯᠠᠬᠤ ᠬᠢᠭᠡᠳ ᠠᠮᠤᠷ ᠲᠦᠪᠰᠢᠨ | ᠬᠤᠷᠢᠨ ᠳᠥᠷᠪᠡᠳᠦᠭᠡᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠡᠷᠡᠭᠯᠡᠵᠦ ᠬᠠᠮᠢᠶᠠᠷᠬᠤ ᠳᠤ ᠠᠮᠤᠷ | ᠲᠥᠪᠰᠢᠨ ᠢ ᠡᠵᠡᠮᠰᠢᠵᠦ ᠪᠣᠯᠬᠤ ᠪᠠᠷ ᠤᠷᠢᠳᠠᠯ ᠪᠣᠯᠭᠠᠵᠤ᠂ ᠳ᠋ᠠᠶᠢᠲ᠋ᠠ ᠶᠢᠨ ᠠᠮᠤᠷ ᠲᠥᠪᠰᠢᠨ ᠤ ᠪᠠᠲᠤᠯᠠᠭ᠎ᠠ ᠶᠢ | ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠬᠠᠤᠯᠢ ᠶᠢᠨ ᠡᠷᠬᠡᠲᠡᠨ ᠲᠠᠢ | ᠨᠢᠭᠡᠴᠢ ᠨᠢ ᠤᠯᠤᠰ ᠤᠨ ᠨᠢᠭᠤᠴᠠ ᠳᠤ ᠬᠤᠯᠪᠣᠭᠳᠠᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ | ᠬᠢᠭᠡᠳ ᠬᠡᠷᠡᠭᠯᠡᠬᠦ ᠳᠥᠷᠢᠮ ᠪᠠ ᠠᠮᠤᠷ ᠲᠥᠪᠰᠢᠨ ᠤ ᠨᠢᠭᠤᠴᠠ ᠶᠢ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠳᠥᠷᠢᠮ ᠢ | ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠪᠦᠷᠢᠨ ᠣᠷᠣᠰᠢᠬᠤ ᠦᠶᠡᠯᠡᠯ ᠳᠠᠬᠢ ᠠᠮᠤᠷ | ᠲᠥᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠠᠮᠤᠷ ᠲᠥᠪᠰᠢᠨ ᠢᠶᠠᠷ | ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠦᠢᠯᠡᠳᠬᠦ᠂ ᠬᠢᠨᠠᠨ ᠬᠠᠷᠭᠤᠭᠤᠯᠬᠤ᠂ ᠳᠠᠩᠰᠠᠯᠠᠨ ᠲᠡᠮᠳᠡᠭᠯᠡᠬᠦ᠂ | ᠺᠤᠫᠢᠳᠠᠬᠤ᠂ ᠳᠠᠮᠵᠢᠭᠤᠯᠬᠤ᠂ ᠦᠭᠡᠶᠢᠰᠭᠡᠬᠦ ᠵᠡᠷᠭᠡ ᠶᠠᠪᠤᠴᠠ ᠶᠢ ᠴᠢᠩᠭ᠎ᠠ ᠬᠠᠮᠢᠶᠠᠷᠬᠤ ᠬᠡᠷᠡᠭᠲᠡᠢ᠃ ᠤᠯᠤᠰ ᠤᠨ | ᠨᠢᠭᠤᠴᠠ ᠳᠤ ᠬᠤᠯᠪᠣᠭᠳᠠᠭᠰᠠᠨ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠴᠤᠭᠯᠠᠭᠤᠯᠵᠤ ᠪᠣᠢ ᠪᠣᠯᠭᠠᠬᠤ᠂ | ᠪᠣᠯᠪᠠᠰᠤᠷᠠᠭᠤᠯᠤᠨ ᠲᠢᠭᠯᠡᠬᠦ᠂ ᠬᠠᠮᠢᠶᠠᠷᠬᠤ ᠪᠠ ᠬᠡᠷᠡᠭᠯᠡᠬᠦ ᠳᠤ᠂ ᠤᠯᠤᠰ ᠤᠨ ᠬᠤᠯᠪᠣᠭᠳᠠᠯ ᠪᠦᠬᠦᠢ ᠨᠢᠭᠤᠴᠠ ᠶᠢ | ᠬᠠᠮᠠᠭᠠᠯᠠᠬᠤ ᠲᠣᠭᠲᠠᠭᠠᠯ ᠶᠣᠰᠤᠭᠠᠷ ᠬᠡᠷᠡᠭᠵᠢᠭᠦᠯᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠵᠦ ᠥᠯᠥ ᠪᠣᠯᠬᠤ ᠳ᠋ᠠᠶᠢᠲ᠋ᠠ ᠶᠢ | ᠭᠠᠳᠠᠭᠠᠳᠤ ᠳᠤ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠴᠢᠬᠤᠯᠠ ᠲᠠᠢ ᠪᠣᠯ᠂ ᠬᠡᠷᠡᠭᠯᠡᠬᠦ ᠵᠣᠷᠢᠯᠭ᠎ᠠ᠂ ᠬᠡᠷᠡᠭᠯᠡᠬᠦ | ᠡᠷᠦᠬᠡ ᠶᠢᠨ ᠬᠢᠷᠢ ᠬᠡᠮ᠂ ᠨᠢᠭᠤᠴᠠ ᠶᠢ ᠬᠠᠮᠠᠭᠠᠯᠠᠬᠤ ᠨᠦᠬᠦᠴᠡᠯ ᠵᠡᠷᠭᠡ ᠶᠢ ᠨᠢ ᠬᠢᠨᠠᠨ ᠪᠠᠶᠢᠴᠠᠭᠠᠬᠤ ᠶᠢᠨ ᠬᠠᠮᠲᠤ᠂ | ᠮᠡᠳᠡᠬᠦ ᠬᠦᠷᠢᠶ᠎ᠡ ᠬᠡᠪᠴᠢᠶ᠎ᠡ ᠶᠢ ᠨᠢ ᠴᠢᠩᠭ᠎ᠠ ᠬᠢᠵᠠᠭᠠᠷᠯᠠᠬᠤ ᠬᠡᠷᠡᠭᠲᠡᠢ᠃ | ᠬᠤᠷᠢᠨ ᠳᠣᠯᠤᠳᠤᠭᠠᠷ ᠵᠦᠢᠯ ᠬᠠᠤᠯᠢ ᠶᠢᠨ ᠡᠷᠬᠡᠲᠡᠨ ᠲᠠᠢ ᠨᠢᠭᠡᠴᠢ ᠪᠠ ᠰᠢᠨᠵᠢᠯᠡᠬᠦ ᠤᠬᠠᠭᠠᠨ ᠤ | ᠳ᠋ᠠᠶᠢᠲ᠋ᠠ ᠶᠢᠨ ᠲᠥᠪ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠣᠣᠷ ᠰᠦᠯᠵᠢᠶ᠎ᠡ ᠶᠢᠨ ᠠᠮᠤᠷ | ᠲᠥᠪᠰᠢᠨ ᠤ ᠬᠠᠮᠢᠶᠠᠷᠤᠯᠲᠠ ᠶᠢᠨ ᠲᠣᠭᠲᠠᠭᠠᠯ ᠶᠣᠰᠤᠭᠠᠷ᠂ ᠲᠣᠣᠷ ᠰᠦᠯᠵᠢᠶ᠎ᠡ ᠶᠢᠨ ᠠᠮᠤᠷ ᠲᠥᠪᠰᠢᠨ ᠤ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠲᠥᠪ ᠨᠢ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠪᠠ ᠭᠠᠢ ᠠᠴᠠ ᠰᠡᠷᠭᠡᠶᠢᠯᠡᠬᠦ ᠨᠦᠬᠡᠴᠡ ᠶᠢᠨ ᠲᠣᠭᠲᠠᠴᠠ ᠶᠢ ᠪᠠᠶᠢᠭᠤᠯᠵᠤ᠂ | ᠱᠠᠭᠠᠷᠳᠠᠯᠭ᠎ᠠ ᠶᠣᠰᠤᠭᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ | ᠰᠢᠨᠵᠢᠯᠡᠬᠦ ᠤᠬᠠᠭᠠᠨ ᠤ ᠴᠢᠬᠤᠯᠠ ᠳ᠋ᠠᠶᠢᠲ᠋ᠠ ᠶᠢ ᠣᠨᠳᠣᠣ ᠭᠠᠵᠠᠷ ᠲᠤ ᠨᠦᠬᠡᠴᠡᠯᠡᠵᠦ ᠲᠠᠯᠪᠢᠬᠤ ᠬᠡᠷᠡᠭᠲᠡᠢ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠥᠷᠢᠮ | ᠬᠤᠷᠢ ᠶᠢᠰᠦᠳᠦᠭᠡᠷ ᠵᠦᠢᠯ ᠰᠢᠨᠵᠢᠯᠡᠬᠦ ᠤᠬᠠᠭᠠᠨ ᠤ ᠳ᠋ᠠᠶᠢᠲ᠋ᠠ ᠳᠤ ᠨᠡᠭᠡᠭᠡᠯᠲᠡ ᠬᠢᠵᠦ ᠬᠠᠮᠲᠤ ᠳᠤ ᠪᠠᠨ | ᠬᠦᠷᠲᠡᠬᠦ ᠶᠢ ᠬᠡᠷᠡᠭᠵᠢᠭᠦᠯᠬᠦ ᠳᠤ ᠤᠷᠢᠳ ᠢᠶᠠᠷ ᠲᠤᠷᠰᠢᠯᠲᠠ ᠶᠢᠨ ᠴᠡᠭ ᠲᠤ ᠲᠤᠷᠰᠢᠭᠰᠠᠨ ᠤ ᠳᠠᠷᠠᠭ᠎ᠠ᠂ ᠠᠯᠬᠤᠮ | ᠠᠯᠬᠤᠮ ᠢᠶᠠᠷ ᠳᠡᠯᠭᠡᠷᠡᠭᠦᠯᠬᠦ ᠬᠡᠷᠡᠭᠲᠡᠢ᠃ | ᠭᠤᠴᠢᠳᠤᠭᠠᠷ ᠵᠦᠢᠯ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠬᠠᠤᠯᠢ ᠶᠢᠨ ᠡᠷᠬᠡᠲᠡᠨ ᠲᠠᠢ | ᠨᠢᠭᠡᠴᠢ ᠨᠢ ᠰᠢᠨᠵᠢᠯᠡᠬᠦ ᠤᠬᠠᠭᠠᠨ ᠤ ᠳ᠋ᠠᠶᠢᠲ᠋ᠠ ᠶᠢᠨ ᠬᠠᠮᠢᠶᠠᠷᠤᠯᠲᠠ ᠪᠠ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ | ᠠᠵᠢᠯ ᠤᠨ ᠦᠨᠡᠯᠡᠵᠦ ᠰᠢᠯᠭᠠᠨ ᠬᠢᠨᠠᠬᠤ ᠳᠥᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠲᠣᠭᠲᠠᠭᠠᠯ ᠶᠣᠰᠤᠭᠠᠷ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠬᠤᠷᠢᠶᠠᠩᠭᠤᠶᠢᠯᠠᠨ | ᠲᠤᠰᠢᠶᠠᠬᠤ ᠦᠭᠡᠢ᠂ ᠬᠠᠳᠠᠭᠠᠯᠠᠬᠤ ᠦᠭᠡᠢ ᠪᠠ ᠬᠠᠮᠢᠶᠠᠷᠬᠤ ᠦᠭᠡᠢ ᠪᠠᠶᠢᠭ᠎ᠠ ᠬᠠᠮᠢᠶ᠎ᠠ ᠪᠦᠬᠦᠢ ᠨᠢᠭᠡᠴᠢ ᠶᠢ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠵᠠᠷᠯᠢᠭᠳᠠᠵᠤ ᠴᠡᠭᠴᠡᠯᠡᠨ ᠵᠠᠯᠠᠷᠠᠭᠤᠯᠬᠤ ᠬᠡᠷᠡᠭᠲᠡᠢ᠃ | ᠬᠤᠭᠤᠴᠠᠭ᠎ᠠ ᠨᠢ ᠬᠡᠲᠦᠷᠡᠭᠡᠳ ᠥᠯᠥ ᠵᠠᠯᠠᠷᠠᠭᠤᠯᠤᠭᠰᠠᠨ ᠪᠣᠯ᠂ ᠨᠡᠪᠲᠡᠷᠡᠭᠦᠯᠦᠨ ᠰᠢᠭᠦᠮᠵᠢᠯᠡᠬᠦ ᠶᠢᠨ ᠬᠠᠮᠲᠤ᠂ | ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠤᠭᠤᠯᠤᠨ᠎ᠠ᠃ ᠳ᠋ᠠᠶᠢᠲ᠋ᠠ ᠶᠢ ᠬᠠᠭᠤᠷᠮᠠᠭ ᠢᠶᠠᠷ | ᠵᠣᠬᠢᠶᠠᠭᠰᠠᠨ᠂ ᠮᠡᠳᠡᠯᠭᠡ ᠶᠢᠨ ᠦᠮᠴᠢᠯᠡᠯ ᠤᠨ ᠡᠷᠬᠡᠨ ᠳᠤ ᠬᠠᠯᠳᠠᠭᠰᠠᠨ ᠵᠡᠷᠭᠡ ᠬᠤᠯᠪᠤᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠠᠴᠠ ᠵᠦᠷᠢᠴᠡᠭᠰᠡᠨ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ | ᠶᠣᠰᠤᠭᠠᠷ ᠨᠡᠬᠡᠮᠵᠢᠯᠡᠨ᠎ᠡ᠃ | ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |