ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠺᠠᠳ᠋ᠷ ᠤᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠲᠡᠭᠦᠰᠪᠡ ᠯᠢ ᠵᠢᠢ ᠾᠧᠩ ᠤᠷᠤᠯᠴᠠᠵᠥ ᠪᠦ᠋ ᠰᠢᠶᠤᠤ ᠯᠢᠨ ᠶᠠᠷᠢᠶ᠎ᠠ ᠲᠠᠯᠪᠢᠵᠤ ᠯᠢ ᠰᠢᠦ ᠯᠢᠩ ᠤᠷᠤᠯᠴᠠᠪᠠ
ᠨᠡᠶᠢᠲᠡᠯᠡᠭᠰᠡᠨ ᠴᠠᠭ᠄
2019/2/25
     ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠺᠠᠳ᠋ᠷ ᠤᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ 23᠎ ᠤ ᠡᠳᠦᠷ ᠤᠨ ᠦᠳᠡ ᠶᠢᠨ ᠡᠮᠦᠨ᠎ᠡ ᠥᠪᠥᠷ ᠮᠣᠩᠭᠤᠯ ᠤᠨ ᠨᠠᠮ ᠤᠨ ᠰᠤᠷᠭᠠᠭᠤᠯᠢ ᠳᠤ ᠲᠡᠭᠦᠰᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠦᠸᠧ ᠶᠦᠩ ᠭᠠᠩ ᠰᠤᠷᠤᠯᠭ᠎ᠠ ᠲᠡᠭᠦᠰᠬᠦ ᠶᠣᠰᠣᠯᠠᠯ ᠢ ᠡᠷᠬᠢᠯᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶᠠᠨ ᠤ ᠳᠠᠷᠤᠭ᠎ᠠ ᠰᠤᠷᠤᠯᠭ᠎ᠠ ᠲᠡᠭᠦᠰᠬᠦ ᠶᠤᠰᠤᠯᠠᠯ ᠳᠤ ᠣᠷᠣᠯᠴᠠᠪᠠ᠃      ᠰᠤᠳᠤᠯᠤᠨ ᠶᠠᠷᠢᠯᠴᠠᠬᠤ ᠬᠤᠭᠤᠴᠠᠭᠠᠨ ᠳᠤ᠂ ᠪᠦᠬᠦ ᠰᠤᠷᠤᠯᠭᠠᠳᠠᠨ ᠰᠤᠷᠤᠯᠴᠠᠯᠭ᠎ᠠ ᠶᠢᠨ ᠭᠤᠤᠯ ᠰᠡᠳᠦᠪ ᠤᠨ ᠳᠤᠭᠤᠷᠢᠨ ᠳᠤ᠂ ᠡᠯ᠎ᠡ ᠬᠦᠷᠢᠶ᠎ᠡ ᠡᠯ᠎ᠡ ᠨᠢᠭᠡᠴᠢ ᠶᠢᠨ ᠪᠣᠳᠠᠲᠤ ᠠᠰᠠᠭᠤᠳᠠᠯ ᠪᠠ ᠪᠣᠳᠠᠲᠠᠶ ᠠᠵᠢᠯ ᠲᠠᠢ ᠪᠠᠨ ᠬᠤᠯᠪᠤᠬᠳᠠᠭᠤᠯᠵᠤ ᠦᠵᠡᠯ ᠰᠠᠨᠠᠭ᠎ᠠ ᠪᠠᠨ ᠰᠣᠯᠢᠯᠴᠠᠨ᠂ ᠤᠯᠤᠯᠳᠡ ᠳᠦᠷᠦᠭᠳᠡᠯ ᠢᠶᠠᠨ ᠬᠤᠪᠢᠶᠠᠯᠴᠠᠵᠥ᠂ ᠶᠡᠷᠦᠩᠬᠡᠶ ᠱᠦᠵᠢ ᠰᠢ ᠶᠢᠨ ᠫᠢᠩ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠵᠥ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠬᠤᠯᠠ ᠴᠢᠨᠠᠷ ᠪᠠ ᠲᠤᠯᠭᠠᠮ ᠴᠢᠨᠠᠷ ᠲᠤ ᠨᠡᠩ ᠰᠡᠷᠭᠡᠭ ᠲᠠᠨᠢᠯᠲᠠ ᠲᠠᠢ ᠪᠤᠯᠵᠥ᠂ ᠣᠳᠣᠬᠠᠨ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠶᠢ ᠨᠡᠩ ᠭᠦᠨᠵᠡᠭᠡᠶ ᠡᠵᠡᠮᠳᠡᠵᠦ᠂ ᠬᠦᠨᠳᠦ ᠶᠡᠭᠡ ᠠᠶᠤᠯ ᠲᠦᠭᠰᠢᠭᠦᠷᠢ ᠶᠢᠨ ᠣᠨᠴᠠᠯᠢᠭ ᠵᠢᠮ᠎ᠡ ᠶᠣᠰᠣ ᠵᠢᠴᠢ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠤᠯᠤᠰ ᠲᠦᠷᠦ ᠎ ᠶᠢᠨ ᠬᠠᠷᠢᠭᠤᠴᠠᠯᠭ᠎ᠠ ᠶᠢ ᠬᠡᠷᠬᠢᠨ ᠰᠠᠶᠢᠲᠤᠷ ᠭᠦᠢᠴᠡᠳᠬᠡᠬᠦ ᠳᠤᠬᠠᠶ ᠨᠡᠩ ᠭᠦᠨᠵᠡᠭᠡᠶ ᠪᠤᠳᠤᠯᠬᠢᠯᠠᠯ ᠲᠠᠢ ᠪᠤᠯᠪᠠ᠃ ᠰᠤᠷᠤᠯᠭ᠎ᠠ ᠲᠡᠭᠦᠰᠬᠦ ᠶᠣᠰᠣᠯᠠᠯ ᠳᠤ᠂ ᠰᠤᠳᠤᠯᠤᠨ ᠶᠠᠷᠢᠯᠴᠠᠬᠤ ᠠᠩᠭᠢ ᠶᠢᠨ 14 ᠲᠥᠯᠥᠭᠡᠯᠡᠭᠴᠢ ᠰᠠᠨᠠᠯ ᠢᠶᠠᠨ ᠰᠤᠯᠢᠯᠴᠠᠬᠤ ᠦᠭᠡ ᠬᠡᠯᠡᠪᠡ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠦᠪᠦᠷ ᠮᠤᠩᠭᠤᠯ ᠡᠭᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠴᠢᠬᠤᠯᠠ ᠶᠡᠭᠡ ᠤᠯᠤᠰ ᠲᠦᠷᠤ ᠶᠢᠨ ᠬᠠᠷᠢᠭᠤᠴᠠᠯᠭ᠎ᠠ ᠶᠢ ᠡᠬᠦᠷᠭᠡᠯᠡᠵᠤ ᠪᠠᠶᠢᠨ᠎ᠠ᠂ ᠡᠶᠢᠮᠦ ᠠᠴᠠ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠳᠠᠢ᠂ ᠡᠯ᠎ᠡ ᠱᠠᠳᠤᠨ ᠤ ᠤᠳᠤᠷᠢᠳᠬᠤ ᠺᠠᠳ᠋ᠷ ᠲᠡᠭᠡᠳᠤ ᠬᠡᠮᠵᠢᠶᠠᠨ ᠤ ᠤᠯᠤᠰ ᠲᠦᠷᠦ ᠶᠢᠨ ᠬᠠᠷᠢᠭᠤᠴᠠᠯᠭᠠᠳᠤ ᠰᠡᠳᠭᠢᠯᠭᠡ ᠪᠠ ᠪᠠᠳᠤ ᠴᠢᠩᠭ᠎ᠠ ᠬᠠᠷᠢᠭᠤᠴᠠᠯᠭ᠎ᠠ ᠡᠬᠦᠷᠭᠡᠯᠡᠯ ᠢᠶᠠᠷ᠂ ᠵᠤᠷᠢᠬᠳᠠᠢ ᠤᠷᠤᠬᠰᠢᠯᠠᠬᠤ᠂ ᠵᠤᠷᠢᠬᠳᠠᠢ ᠲᠠᠮᠠᠴᠡᠬᠦ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠳᠠᠢ ᠭᠡᠵᠡᠢ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠲᠠᠪᠳᠠᠯᠳᠠ ᠪᠠᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠤᠬᠠᠮᠰᠠᠷᠳᠤ ᠴᠢᠨᠠᠷ ᠪᠠ ᠡᠷᠡᠰ ᠪᠠᠳᠤ ᠴᠢᠨᠠᠷ ᠢᠶᠠᠨ ᠴᠢᠩᠭᠠᠳᠬᠠᠵᠤ᠂ ᠶᠡᠷᠤᠩᠭᠡᠢ ᠱᠦᠵᠢ ᠶᠢᠨ ᠱᠠᠭᠠᠷᠳᠠᠯᠭ᠎ᠠ ᠪᠠ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠡᠷᠡᠭᠳᠠᠢ᠃ ᠠᠶᠤᠯ ᠲᠦᠭᠰᠢᠬᠦᠷᠢ ᠶᠢᠨ ᠲᠤᠬᠠᠢ ᠤᠬᠠᠮᠰᠠᠷ ᠪᠤᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠠᠵᠢᠯ ᠎ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠵᠤ᠂ ᠪᠡᠯᠡᠳᠭᠡᠯ ᠲᠠᠢ ᠪᠤᠯ ᠪᠠᠯᠢᠳᠠᠬᠤ ᠦᠭᠡᠢ ᠪᠠᠶᠢᠬᠤ ᠶᠢ ᠰᠠᠶᠢᠲᠤᠷ ᠪᠠᠶᠠᠯᠡᠬᠦᠯᠬᠦ ᠭᠡᠷᠡᠭᠳᠠᠢ᠃ ᠰᠢᠨ᠎ᠡ ᠪᠠᠶᠢᠳᠠᠯ ᠰᠢᠨ᠎ᠡ ᠡᠬᠦᠷᠭᠡ ᠰᠢᠨ᠎ᠡ ᠱᠠᠭᠠᠷᠳᠠᠯᠭ᠎ᠠ ᠳᠤ ᠵᠤᠬᠢᠴᠠᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠬᠦᠴᠦᠯᠡᠨ ᠲᠡᠭᠡᠭᠰᠢᠯᠡᠬᠦᠯᠵᠤ᠂ ᠡᠯ᠎ᠡ ᠵᠦᠢᠯ ᠤᠨ ᠠᠶᠤᠯ ᠲᠦᠭᠰᠢᠬᠦᠷᠢ ᠭᠡᠮ ᠰᠤᠭᠤᠭ ᠢ ᠡᠬᠢ ᠡᠬᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠡᠭᠦᠰᠦᠯ ᠤᠨ ᠦᠶ᠎ᠡ ᠳᠤ ᠎ ᠨᠢ ᠰᠢᠢᠳᠪᠦᠷᠢᠯᠡᠬᠦ ᠭᠡᠷᠡᠭᠳᠠᠢ᠃ ᠲᠡᠮᠡᠴᠡᠯ ᠤᠨ ᠵᠤᠷᠢᠭ ᠰᠠᠨᠠᠭ᠎ᠠ ᠪᠠᠨ ᠴᠢᠩᠭᠠᠳᠬᠠᠵᠤ᠂ ᠲᠡᠭᠡᠳᠤ ᠱᠠᠳᠤ ᠨᠢ ᠲᠤᠤᠷᠠᠳᠤ ᠱᠠᠳᠤ ᠪᠠᠨ ᠲᠠᠭᠠᠭᠤᠯᠵᠤ᠂ ᠬᠦᠴᠢᠷ ᠪᠡᠷᠭᠡᠰᠢᠶᠠᠯ ᠪᠤᠯᠤᠨ ᠠᠰᠠᠭᠤᠳᠠᠯ ᠤᠨ ᠡᠮᠤᠨ᠎ᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠵᠤ᠂ ᠠᠶᠤᠯ ᠲᠦᠭᠰᠢᠬᠦᠷᠢ ᠦᠷᠢᠰᠦᠯᠳᠦᠭᠡᠨ ᠯᠦᠭᠡ ᠵᠤᠷᠢᠬᠳᠠᠢ ᠪᠠᠷ ᠴᠡᠭᠡᠵᠢ ᠲᠦᠷᠢᠨ ᠲᠡᠮᠡᠴᠡᠵᠤ᠂ ᠤᠷᠢᠳᠴᠢᠯᠠᠨ ᠵᠢᠯᠤᠭᠤᠳᠬᠤ ᠬᠡᠷᠡᠭᠳᠠᠢ᠃ ᠠᠶᠤᠯ ᠲᠦᠭᠰᠢᠬᠦᠷᠢ ᠶᠢ ᠡᠵᠡᠮᠳᠡᠬᠦ ᠲᠤᠬᠳᠠᠴᠠ ᠶᠢ ᠲᠡᠬᠦᠯᠳᠡᠷᠵᠢᠬᠦᠯᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠤᠳᠤᠯᠤᠨ ᠮᠠᠭᠠᠳᠯᠠᠬᠤ᠂ ᠰᠢᠢᠳᠪᠤᠷᠢᠳᠤ ᠪᠤᠳᠤᠯᠭ᠎ᠠ ᠶᠢᠨ ᠠᠶᠤᠯ ᠲᠦᠭᠰᠢᠬᠦᠷᠢ ᠢ ᠦᠨᠡᠯᠡᠨ ᠵᠢᠱᠢᠬᠦ᠂ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠬᠠᠮᠵᠢᠯᠴᠠᠭ᠎ᠠ᠂ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠤ᠂ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠦᠷᠢᠶ᠎ᠡ ᠨᠢᠭᠡᠪᠦᠷᠢ ᠳᠤ᠂ ᠠᠵᠢᠯ ᠤᠨ ᠪᠠᠶᠢᠷᠢ ᠨᠢᠭᠡᠪᠤᠷᠢ ᠳᠤ ᠨᠠᠶᠢᠳᠠᠪᠤᠷᠢᠵᠢᠭᠤᠯᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠬᠠᠮᠳᠤᠷᠠᠯ ᠬᠦᠴᠦᠨ ᠢ ᠪᠦᠷᠢᠯᠳᠦᠬᠦᠯᠬᠦ ᠭᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号