ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠭ ᠲᠤ ᠬᠦᠷᠴᠤ ︽2 · 23︾᠎ ᠤ ᠬᠦᠮᠦᠨ ᠬᠠᠷ᠎ᠠ ᠠᠳᠡᠵᠥ ᠰᠢᠷᠬᠠᠳᠤᠬᠰᠠᠨ ᠬᠦᠨᠳᠤ ᠶᠡᠭᠡ ᠠᠳᠡᠯ ᠤᠨ ᠡᠮᠨᠡᠨ ᠠᠪᠤᠷᠠᠬᠤ ᠪᠠ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠶᠢ ᠵᠢᠯᠤᠭᠤᠳᠴᠤ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠶᠠᠮᠤᠨ ᠤ ᠠᠵᠢᠯᠯᠠᠬᠤ ᠳᠤᠭᠤᠶᠢᠯᠠᠩ ᠲᠠᠢ ᠵᠦᠪᠳᠡᠯᠴᠡᠪᠡ
ᠨᠡᠶᠢᠲᠡᠯᠡᠭᠰᠡᠨ ᠴᠠᠭ᠄
2019/2/25
     2 ᠰᠠᠷ᠎ᠠ ᠶᠢᠨ 24᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠺᠤᠮᠫᠠᠨᠢ ᠳᠤ ᠬᠦᠷᠴᠤ᠂ ᠠᠭᠤᠷᠬᠠᠢ ᠶᠢᠨ ᠬᠤᠳᠳᠤᠭ ᠲᠤ ᠤᠷᠤᠵᠥ᠂ ᠬᠤᠳᠳᠤᠭ ᠤᠨ ᠲᠤᠳᠤᠷᠠᠬᠢ ᠪᠠᠶᠢᠳᠠᠯ ᠪᠤᠯᠤᠨ ᠠᠳᠡᠯ ᠡᠬᠦᠰᠦᠭᠰᠡᠨ ᠳᠡᠷᠬᠡ ᠶᠢ ᠪᠠᠶᠢᠴᠠᠭᠠᠨ ᠦᠵᠡᠵᠥ᠂ ᠠᠳᠡᠯ ᠤᠨ ᠰᠢᠯᠳᠠᠭᠠᠨ ᠪᠤᠯᠤᠨ ᠠᠪᠤᠷᠠᠨ ᠳᠤᠰᠠᠯᠠᠯᠳᠠ ᠶᠢᠨ ᠠᠬᠢᠴᠠ ᠎ ᠶᠢ  ᠨᠠᠷᠢᠨ  ᠦᠢᠯᠠᠭᠠᠵᠥ᠂ ᠳᠤᠬᠠᠢ ᠶᠢᠨ ᠳᠠᠯᠠᠪᠠᠢ ᠳᠤ ᠠᠳᠡᠯ ᠤᠨ ᠬᠠᠮᠢᠶ᠎ᠠ ᠪᠦᠬᠦᠢ ᠪᠠᠶᠢᠳᠠᠯ ᠤᠨ ᠮᠡᠳᠡᠬᠦᠯᠦᠯᠳᠡ ᠶᠢ ᠰᠤᠨᠤᠰᠴᠠᠢ᠃      ᠰᠢᠯᠢ ᠶᠢᠨ ᠭᠤᠤᠯ ᠠᠶᠢᠮᠠᠭ ᠤᠨ ︽2 · 23︾᠎ ᠤ ᠬᠦᠮᠦᠨ ᠬᠠᠷ᠎ᠠ ᠠᠳᠡᠵᠥ ᠰᠢᠷᠬᠠᠳᠤᠬᠰᠠᠨ ᠬᠦᠨᠳᠤ ᠶᠡᠭᠡ ᠠᠳᠡᠯ ᠭᠠᠷᠤᠭᠰᠠᠨ ᠤ ᠳᠠᠷᠠᠭ᠎ᠠ᠂ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠵᠦ ᠪᠠᠶᠢᠭᠰᠠᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠠᠳᠡᠯ ᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠠᠩᠬᠠᠷᠴᠤ᠂ ᠤᠷᠢᠳ ᠬᠤᠵᠢᠳ ᠬᠤᠶᠠᠷ ᠤᠳᠠᠭ᠎ᠠ ᠴᠤᠬᠤᠯᠠᠪᠤᠷᠢ ᠦᠭᠭᠦᠭᠰᠡᠨ ᠪᠦᠬᠡᠳ 2 ᠳ᠋ᠤᠭᠠᠷ ᠰᠠᠷ᠎ᠠ ᠶᠢᠨ 24᠎ ᠤ ᠡᠳᠤᠷ ᠪᠠᠶᠢᠴᠠᠭᠠᠨ ᠰᠤᠳᠤᠯᠬᠤ ᠡᠬᠦᠷᠬᠡ ᠪᠠᠨ ᠤᠷᠢᠳᠴᠢᠯᠡᠨ ᠪᠡᠶᠡᠯᠡᠬᠦᠯᠦᠭᠡᠳ ᠪᠠᠴᠢᠮ ᠶᠠᠭᠠᠷᠠᠯᠳᠠᠢ ᠪᠠᠷ ᠰᠢᠯᠢ ᠶᠢᠨ ᠭᠤᠤᠯ ᠠᠶᠢᠮᠠᠭ ᠲᠤ ᠬᠦᠷᠴᠤ᠂ ᠳᠤᠬᠠᠢ ᠶᠢᠨ ᠭᠠᠵᠠᠷ ᠲᠤ ᠨᠢ ᠬᠦᠮᠦᠨ ᠬᠠᠷ᠎ᠠ ᠶᠢ ᠡᠮᠨᠡᠨ ᠠᠪᠤᠷᠠᠬᠤ ᠪᠠ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠵᠢᠯᠤᠭᠤᠳᠴᠤ᠂ ᠰᠢᠷᠬᠠᠳᠤᠬᠰᠠᠳ ᠢ ᠪᠤᠯᠭᠤᠭᠠᠨ ᠳᠤᠬᠤᠨᠢᠭᠤᠯᠪᠠ᠃      ᠦᠳᠡ ᠶᠢᠨ ᠬᠤᠶᠢᠨᠠᠬᠢ 16 ᠴᠠᠭ ᠲᠤ᠂ ᠪᠦ᠋ ᠰᠢᠶᠤᠤ ᠯᠢᠨ ᠨᠢᠰᠬᠡᠯ ᠠᠴᠠ ᠪᠠᠭᠤᠮᠠᠬᠴᠠ ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠺᠤᠮᠫᠠᠨᠢ ᠳᠤ ᠬᠦᠷᠴᠤ᠂ ᠠᠭᠤᠷᠬᠠᠢ ᠶᠢᠨ ᠬᠤᠳᠳᠤᠭ ᠲᠤ ᠤᠷᠤᠵᠥ᠂ ᠬᠤᠳᠳᠤᠭ ᠤᠨ ᠲᠤᠳᠤᠷᠠᠬᠢ ᠪᠠᠶᠢᠳᠠᠯ ᠪᠤᠯᠤᠨ ᠠᠳᠡᠯ ᠡᠬᠦᠰᠦᠭᠰᠡᠨ ᠳᠡᠷᠬᠡ ᠶᠢ ᠪᠠᠶᠢᠴᠠᠭᠠᠨ ᠦᠵᠡᠵᠥ᠂ ᠠᠳᠡᠯ ᠤᠨ ᠰᠢᠯᠳᠠᠭᠠᠨ ᠪᠤᠯᠤᠨ ᠠᠪᠤᠷᠠᠨ ᠳᠤᠰᠠᠯᠠᠯᠳᠠ ᠶᠢᠨ ᠠᠬᠢᠴᠠ  ᠶᠢ  ᠨᠠᠷᠢᠨ  ᠦᠢᠯᠠᠭᠠᠵᠥ᠂ ᠳᠤᠬᠠᠢ ᠶᠢᠨ ᠳᠠᠯᠠᠪᠠᠢ ᠳᠤ ᠠᠳᠡᠯ ᠤᠨ ᠬᠠᠮᠢᠶ᠎ᠠ ᠪᠦᠬᠦᠢ ᠪᠠᠶᠢᠳᠠᠯ ᠤᠨ ᠮᠡᠳᠡᠬᠦᠯᠦᠯᠳᠡ ᠶᠢ ᠰᠤᠨᠤᠰᠴᠤ᠂ ᠠᠳᠡᠯ ᠢ ᠪᠠᠶᠢᠴᠠᠭᠠᠬᠤ ᠳᠤᠭᠤᠶᠢᠯᠠᠩ ᠤᠨ ᠬᠢᠨ ᠠᠳᠡᠯ ᠡᠬᠦᠰᠦᠭᠰᠡᠨ ᠰᠢᠯᠳᠡᠭᠠᠨ ᠢ ᠳᠦᠷᠬᠡᠪᠴᠢᠯᠡᠨ ᠪᠠᠶᠢᠴᠠᠭᠠᠨ ᠳᠤᠳᠤᠯᠠᠵᠥ᠂ ᠠᠳᠡᠯ ᠤᠨ ᠰᠤᠷᠭᠠᠮᠵᠢ ᠶᠢ ᠳ᠋ᠦᠩᠨᠡᠬᠦ ᠬᠡᠷᠡᠭᠳᠠᠢ ᠭᠡᠵᠤ ᠱᠠᠭᠠᠷᠳᠠᠪᠠ᠃      ᠳᠠᠷᠠᠭ᠎ᠠ ᠳᠤ ᠨᠢ᠂ ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠭ ᠤᠨ ᠡᠮᠨᠡᠯᠬᠡ ᠶᠢᠨ ᠬᠤᠷᠢᠶ᠎ᠠ ᠳᠤ ᠬᠦᠷᠴᠤ᠂ ᠰᠢᠷᠬᠠᠳᠤᠬᠰᠠᠳ ᠪᠤᠯᠤᠨ ᠡᠮᠴᠢ ᠰᠤᠪᠢᠯᠠᠬᠴᠢᠳ ᠢ ᠪᠤᠯᠭᠤᠭᠠᠨ ᠳᠤᠬᠤᠨᠢᠭᠤᠯᠪᠠ᠃ ᠲᠡᠷᠡ ᠡᠪᠡᠳᠴᠢᠲᠠᠠ ᠤ ᠦᠷᠦᠭᠡᠡ ᠳᠤ ᠤᠷᠤᠵᠦ᠂ ᠰᠢᠷᠬᠠᠲᠤᠭᠰᠠᠳ ᠤᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠡᠮᠨᠡᠨ ᠠᠪᠤᠷᠠᠵᠤ ᠪᠠᠶᠢᠬᠤ ᠪᠠᠶᠢᠳᠠᠯ ᠢ ᠨᠢᠮᠪᠠᠢ ᠠᠰᠠᠭᠤᠵᠦ᠂ ᠲᠡᠳᠡᠨ ᠢ ᠡᠮᠴᠢᠯᠡᠭᠡ ᠳᠤ ᠰᠠᠶᠢᠲᠤᠷ ᠬᠠᠮᠵᠢᠯᠴᠠᠵᠦ᠂ ᠡᠪᠡᠳᠴᠢᠨ ᠢᠶᠠᠨ ᠰᠠᠶᠢᠬᠠᠨ ᠰᠤᠪᠢᠯᠠᠭᠠᠷᠠᠢ ᠭᠡᠵᠦ ᠵᠤᠷᠢᠠᠠᠵᠢᠭᠤᠯᠪᠠ᠃ ᠪᠦ᠋ ᠰᠢᠶᠤᠤ ᠯᠢᠨ ᠡᠮᠦᠨ᠎ᠠ ᠹᠷᠤᠨᠲ ᠲᠤ ᠠᠵᠢᠯᠯᠠᠵᠦ ᠪᠠᠶᠢᠭ᠎ᠠ ᠡᠮᠴᠢ ᠰᠤᠪᠢᠯᠠᠭᠴᠢᠳ ᠪᠤᠯᠤᠨ ᠡᠮᠴᠢᠯᠡᠭᠡᠨ ᠤ ᠲᠤᠰᠬᠠᠢ ᠮᠡᠷᠭᠡᠵᠢᠯᠲᠠᠳ ᠲᠤ ᠲᠠᠯᠠᠷᠬᠠᠵᠦ ᠪᠠᠶᠢᠬᠤ ᠪᠠᠨ ᠢᠯᠡᠳᠭᠡᠵᠦ᠂ ᠡᠮᠴᠢ ᠰᠤᠪᠢᠯᠠᠭᠴᠢᠳ ᠲᠤ ᠰᠢᠷᠬᠠᠲᠤᠭᠰᠠᠳ ᠨᠢᠭᠡᠪᠦᠷᠢ ᠶᠢᠨ ᠡᠮᠨᠡᠨ ᠠᠪᠤᠷᠠᠵᠤ ᠪᠠᠶᠢᠭ᠎ᠠ ᠪᠠᠶᠢᠳᠠᠯ ᠢ ᠦᠨᠲᠦᠰᠦᠯᠡᠵᠦ ᠡᠮᠨᠡᠨ ᠠᠪᠤᠷᠠᠬᠤ ᠲᠦᠰᠦᠯ ᠳᠤ ᠴᠠᠭ ᠲᠤᠬᠠᠢ ᠳᠤ ᠨᠢ ᠲᠤᠬᠢᠷᠠᠭᠤᠯᠤᠯᠲᠠ ᠬᠢᠵᠦ᠂ ᠰᠢᠷᠬᠠᠲᠤᠭᠰᠠᠳ ᠨᠢᠭᠡᠪᠦᠷᠢ ᠶᠢ ᠨᠢᠮᠪᠠᠢ ᠡᠮᠨᠡᠵᠦ᠂ ᠡᠷᠳᠡᠬᠡᠨ ᠡᠷᠡᠭᠦᠯᠵᠢᠭᠦᠯᠬᠦ ᠶᠢ ᠪᠠᠲᠤᠯᠠᠬᠤ  ᠭᠡᠷᠡᠭᠲᠡᠢ  ᠭᠡᠵᠦ  ᠵᠠᠬᠢᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶᠠᠠ ᠤ ᠤᠲᠤᠷᠢᠳᠬᠤ ᠨᠦᠬᠦᠳ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠷᠬᠠᠲᠤᠭᠰᠠᠳ ᠢ ᠪᠦᠬᠦ ᠬᠦᠴᠤ ᠪᠠᠷ ᠢᠶᠠᠨ ᠡᠮᠨᠡᠨ ᠠᠪᠤᠷᠠᠵᠤ᠂ ᠠᠲᠡᠭᠰᠡᠳ ᠤᠨ ᠭᠡᠷ ᠪᠦᠯᠢ ᠶᠢᠨ ᠬᠢᠨ ᠢ ᠲᠠᠶᠢᠳᠬᠤᠷᠠᠭᠤᠯᠬᠤ ᠠᠵᠢᠯ ᠵᠢᠴᠢ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠲᠡᠯ ᠭᠠᠷᠤᠭᠰᠠᠠ ᠤᠴᠢᠷ ᠰᠢᠯᠲᠠᠭᠠᠠ ᠢ ᠲᠦᠷᠭᠡᠡ ᠪᠠᠶᠢᠴᠠᠭᠠᠨ ᠰᠢᠢᠳᠪᠦᠷᠢᠯᠡᠵᠦ᠂ ᠬᠠᠤᠯᠢ ᠶᠤᠰᠤᠭᠠᠷ ᠬᠤᠯᠪᠤᠭᠲᠠᠯ ᠪᠦᠬᠦᠢ ᠬᠦᠮᠦᠰ ᠠᠴᠠ ᠬᠠᠷᠢᠭᠤᠴᠠᠯᠭ᠎ᠠ ᠨᠡᠭᠡᠮᠵᠢᠯᠡᠬᠦ ᠭᠡᠷᠡᠭᠲᠡᠢ ᠭᠡᠵᠡᠢ᠃
     2 ᠳ᠋ᠤᠭᠠᠷ ᠰᠠᠷ᠎ᠠ ᠶᠢᠨ 24᠎ ᠤ ᠡᠳᠦᠷ ᠤᠨ ᠤᠷᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠰᠢᠯᠢ ᠶᠢᠨ ᠭᠤᠣᠯ ᠠᠶᠢᠮᠠᠭ ᠤᠨ ᠡᠮᠨᠡᠯᠭᠡ ᠶᠢᠨ ᠬᠤᠷᠢᠶᠠᠨ ᠳᠤ ᠬᠦᠷᠴᠦ ᠰᠢᠷᠬᠠᠳᠤᠬᠰᠠᠳ ᠪᠤᠯᠤᠨ ᠡᠮᠴᠢ ᠰᠤᠪᠢᠯᠠᠬᠴᠢᠳ ᠢ ᠪᠤᠯᠭᠤᠭᠠᠨ ᠳᠤᠬᠤᠨᠢᠭᠤᠯᠪᠠ᠃      ᠪᠦ᠋ ᠰᠢᠶᠤᠤ ᠯᠢᠨ ᠵᠢᠭᠠᠭᠰᠠᠨ ᠨᠢ᠂ ᠡᠨᠡ ᠤᠲᠠᠭ᠎ᠠ ᠶᠢᠨ ᠠᠲᠡᠯ ᠪᠢᠳᠡᠨ ᠳᠤ ᠪᠠᠰᠠ ᠨᠢᠭᠡ ᠤᠲᠠᠭ᠎ᠠ ᠰᠡᠷᠡᠮᠵᠢ ᠶᠢᠨ ᠲᠤᠬᠢᠶ᠎ᠠ ᠦᠭᠴᠠᠢ᠂ ᠠᠶᠤᠯ ᠦᠭᠡᠢ ᠦᠢᠯᠡᠳᠪᠦᠷᠢᠯᠡᠯ ᠤᠨ ᠰᠡᠷᠡᠮᠵᠢ ᠶᠢᠨ ᠬᠤᠩᠬᠤ ᠶᠢ ᠡᠷᠭᠡᠪᠰᠢ ᠤᠷᠲᠤ ᠬᠤᠭᠤᠴᠠᠭ᠎ᠠ ᠪᠠᠷ ᠴᠤᠬᠢᠵᠤ᠂ ᠴᠦᠭᠦᠷᠡᠰᠢ ᠦᠭᠡᠢ ᠪᠠᠶᠢᠩᠭᠤ ᠠᠳᠬᠤᠬᠤ ᠭᠡᠷᠡᠭᠲᠡᠢ᠂ ᠦᠴᠦᠭᠡᠡ ᠴᠤ ᠰᠤᠯᠠᠷᠠᠭᠤᠯᠵᠦ ᠪᠤᠯᠬᠤ ᠦᠭᠡᠢ᠃ ᠡᠯ᠎ᠠ ᠱᠠᠲᠤ ᠡᠯ᠎ᠠ ᠰᠠᠯᠠᠭ᠎ᠠ ᠮᠦᠴᠢᠷ ᠤᠨ ᠬᠢᠨ ᠠᠲᠡᠯ ᠠᠴᠠ ᠬᠦᠨᠵᠡᠭᠡᠢ ᠰᠤᠷᠭᠠᠮᠵᠢ ᠠᠪᠴᠤ᠂ ᠳᠠᠷᠤᠶᠢᠬᠠᠨ ᠠᠶᠤᠯ ᠦᠭᠡᠢ ᠦᠢᠯᠡᠳᠪᠦᠷᠢᠯᠡᠯ ᠳᠤ ᠪᠠᠶᠢᠴᠠᠭᠠᠯᠲᠠ ᠬᠢᠵᠦ᠂ ᠪᠦᠬᠦᠨ ᠢ ᠬᠠᠮᠤᠷᠬᠤ ᠬᠡᠷᠡᠭᠳᠠᠢ᠂ ᠬᠠᠰᠢ ᠶᠠᠰᠢ ᠪᠠᠷ ᠠᠯᠪᠠ ᠬᠠᠰᠢᠵᠦ ᠪᠤᠯᠬᠤ ᠦᠭᠡᠢ᠃ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠦᠨᠲᠦ ᠤᠨᠴᠠ ᠶᠡᠭᠡ ᠠᠲᠡᠯ ᠭᠠᠷᠬᠤ ᠶᠢ ᠡᠷᠡᠰ ᠬᠤᠷᠢᠠᠠᠯᠠᠵᠦ᠂ ᠠᠷᠠᠳ ᠤᠯᠠᠠ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ  ᠪᠠᠲᠤᠯᠠᠬᠤ  ᠭᠡᠷᠡᠭᠲᠡᠢ  ᠭᠡᠵᠡᠢ᠃      ᠪᠦ᠋ ᠰᠢᠶᠤᠤ ᠯᠢᠨ ᠪᠠᠰᠠ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠲᠡᠳ᠋ ᠰᠠᠶᠢᠳ ᠹᠦ᠋ ᠵᠢᠶᠠᠠ ᠬᠤᠸᠠ ᠶᠢᠨ ᠲᠠᠭᠠᠭᠤᠯᠤᠭᠰᠠᠠ ᠠᠵᠢᠯᠯᠠᠬᠤ ᠳᠤᠭᠤᠶᠢᠯᠠᠩ ᠲᠠᠢ ᠵᠦᠪᠲᠡᠯᠴᠡᠵᠦ᠂ ᠠᠲᠡᠯ ᠭᠠᠷᠤᠭᠰᠠᠠ ᠤᠴᠢᠷ ᠰᠢᠯᠲᠠᠭᠠᠠ ᠳᠤ ᠬᠦᠨᠵᠡᠭᠡᠢ ᠪᠠᠶᠢᠴᠠᠭᠠᠨ ᠰᠤᠲᠤᠯᠤᠯᠲᠠ ᠬᠢᠵᠦ᠂ ᠰᠢᠷᠬᠠᠲᠤᠭᠰᠠᠳ ᠢ ᠡᠮᠨᠡᠨ ᠠᠪᠤᠷᠠᠬᠤ᠂ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠠ ᠶᠢ ᠵᠦᠪᠲᠡᠠ ᠶᠠᠷᠢᠯᠴᠠᠪᠠ᠃      ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠠᠩ ᠱᠤᠤ ᠴᠦᠨ᠂ ᠡᠸᠤ ᠶᠠᠩ ᠰᠢᠶᠤᠤ ᠬᠤᠢ ᠨᠠᠷ ᠬᠠᠮᠲᠤ ᠰᠢᠷᠬᠠᠲᠤᠭᠰᠠᠳ ᠢ ᠪᠤᠯᠭᠤᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号