ᠪᠦ᠋ ᠰᠢᠶᠤᠤ ᠯᠢᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠠᠵᠢᠯ ᠎ ᠤᠨ ᠳᠤᠭᠤᠶᠢᠯᠠᠩ ᠤᠨ ᠬᠢᠨ ᠲᠠᠢ ᠬᠠᠮᠲᠤ ᠰᠢᠯᠢ ᠶᠢᠨ ᠭᠤᠣᠯ ᠠᠶᠢᠮᠠᠭ ᠤᠨ ︽2 · 23︾᠎ ᠤ ᠠᠳᠡᠯ ᠳᠤ ᠰᠢᠷᠬᠠᠲᠤᠭᠰᠠᠳ ᠢ ᠪᠤᠯᠭᠤᠭᠠᠨ ᠦᠵᠡᠪᠡ
ᠨᠡᠶᠢᠲᠡᠯᠡᠭᠰᠡᠨ ᠴᠠᠭ᠄
2019/2/26
     2 ᠳ᠋ᠤᠭᠠᠷ ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠳᠡᠳ᠋ ᠰᠠᠶᠢᠳ ᠹᠦ᠋ ᠵᠢᠶᠠᠨ ᠬᠤᠸᠠ ᠶᠢᠨ ᠳᠠᠭᠠᠭᠤᠯᠤᠬᠰᠠᠨ ᠠᠵᠢᠯᠯᠠᠬᠤ ᠳᠤᠭᠤᠶᠢᠯᠠᠩ ᠤᠨ ᠬᠢᠨ ᠲᠠᠢ ᠬᠠᠮᠲᠤ ᠰᠢᠯᠢ ᠶᠢᠨ ᠭᠤᠣᠯ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠬᠦᠷᠴᠤ᠂ ︽2 · 23︾᠎ ᠤ ᠬᠦᠨᠳᠤ ᠶᠡᠭᠡ ᠠᠳᠡᠯ ᠳᠤ ᠰᠢᠷᠬᠠᠲᠤᠭᠰᠠᠳ ᠢ ᠪᠤᠯᠭᠤᠭᠠᠨ ᠦᠵᠡᠪᠡ᠃      ᠪᠦ᠋ ᠰᠢᠶᠤᠤ ᠯᠢᠨ ᠨᠠᠷ ᠡᠩ ᠲᠡᠷᠢᠭᠦᠨ ᠳᠤ ᠡᠪᠡᠳᠴᠢᠳᠠᠨ ᠤ ᠦᠷᠦᠭᠡ ᠳᠤ ᠢᠷᠡᠵᠦ᠂ ᠰᠢᠷᠬᠠᠲᠤᠭᠰᠠᠳ ᠢ ᠳᠣᠲᠣᠨᠣ ᠪᠠᠷ ᠪᠤᠯᠭᠤᠭᠠᠨ ᠲᠣᠬᠤᠨᠢᠭᠤᠯᠵᠤ᠂ ᠰᠢᠷᠬᠠᠲᠤᠬᠰᠠᠳ ᠤᠨ ᠡᠪᠡᠳᠴᠢᠨ ᠤ ᠪᠠᠶᠢᠳᠠᠯ ᠪᠠ ᠡᠮᠨᠡᠭᠦᠯᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠢᠷᠬᠠᠲᠤᠭᠰᠠᠳ ᠢ ᠢᠲᠡᠭᠡᠯ ᠵᠣᠷᠢᠭ ᠢᠶᠠᠨ ᠪᠠᠲᠤᠳᠬᠠᠨ᠂ ᠡᠮᠨᠡᠨ ᠵᠠᠰᠠᠬᠤ ᠳᠤ ᠢᠳᠡᠪᠬᠢᠲᠡᠢ ᠬᠠᠮᠵᠢᠯᠴᠠᠵᠤ᠂ ᠡᠷᠳᠡᠬᠡᠨ ᠡᠷᠡᠬᠦᠯᠵᠢᠬᠦ ᠪᠤᠯᠳᠤᠭᠠᠢ ᠭᠡᠵᠤ ᠵᠤᠷᠢᠬᠵᠢᠭᠤᠯᠪᠠ᠃ ᠬᠦᠨᠳᠦ ᠡᠪᠡᠳᠴᠢᠨ ᠤ ᠰᠠᠯᠠᠭᠠᠨ ᠤ ᠡᠪᠡᠳᠴᠢᠲᠡᠨ ᠤ ᠲᠤᠭᠤᠷᠢᠭ ᠲᠤ᠂ ᠪᠦ᠋ ᠰᠢᠶᠦᠦ ᠯᠢᠨ ᠨᠡᠷ ᠡᠮᠴᠢ ᠰᠤᠪᠢᠯᠠᠬᠴᠢ ᠶᠢᠨ ᠬᠤᠪᠴᠠᠰᠤ ᠶᠢ ᠰᠣᠯᠢᠨ ᠡᠮᠦᠰᠴᠤ᠂ ᠬᠦᠨᠳᠦ ᠰᠢᠷᠬᠠᠲᠤᠬᠰᠡᠳ ᠢ ᠪᠤᠯᠭᠤᠭᠠᠨ ᠦᠵᠡᠵᠥ᠂ ᠡᠮᠴᠢ ᠰᠤᠪᠢᠯᠠᠭᠴᠢ ᠠᠴᠠ ᠰᠢᠷᠬᠠᠲᠤᠬᠰᠡᠳ ᠤᠨ ᠪᠠᠶᠢᠳᠠᠯ ᠪᠠ ᠡᠮᠨᠡᠨ ᠵᠠᠰᠠᠬᠤ ᠲᠥᠰᠦᠯ ᠢ ᠨᠠᠷᠢᠨ ᠣᠶᠢᠯᠠᠭᠠᠵᠤ᠂ ᠲᠡᠳᠠᠨ ᠢ ᠠᠳᠠᠯᠢ ᠪᠤᠰᠤ ᠪᠠᠶᠢᠳᠠᠯ ᠳᠤ ᠴᠢᠭᠯᠡᠭᠦᠯᠦᠨ ᠬᠦᠨᠳᠤ ᠡᠪᠡᠳᠴᠢᠳᠡᠨ ᠪᠤᠯᠤᠨ ᠬᠦᠨᠳᠤ ᠳᠦᠭᠰᠢᠬᠦᠷᠢᠳᠡᠢ ᠡᠪᠡᠳᠴᠢᠳᠡᠨ ᠢ ᠡᠮᠨᠡᠨ ᠵᠠᠰᠠᠬᠤ ᠳᠦᠰᠦᠯ ᠢ ᠨᠠᠷᠢᠨ ᠨᠢᠮᠪᠠᠶ ᠲᠣᠭᠲᠠᠭᠠᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠠᠯᠢᠪᠠ ᠬᠦᠴᠦ ᠪᠠᠷ ᠠᠮᠢ ᠨᠠᠰᠤ ᠶᠢ ᠠᠪᠤᠷᠠᠬᠤ ᠬᠡᠷᠡᠭᠳᠡᠢ ᠬᠡᠵᠥ ᠵᠠᠬᠢᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠰᠢᠷᠬᠠᠲᠤᠭᠰᠠᠳ ᠢ ᠡᠮᠨᠡᠨ ᠠᠪᠤᠷᠠᠬᠤ ᠠᠵᠢᠯ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠢ ᠳᠠᠳᠠᠵᠥ ᠪᠤᠢ᠂ ᠬᠦᠨᠳᠦ ᠳᠦᠭᠰᠢᠬᠦᠷᠢᠳᠡᠢ ᠰᠢᠷᠬᠠᠳᠤᠬᠰᠡᠳ ᠢ ᠪᠦᠬᠦ ᠬᠦᠴᠦ ᠪᠠᠷ ᠡᠮᠨᠡᠨ ᠠᠪᠤᠷᠠᠵᠤ᠂ ᠰᠢᠷᠬᠠᠲᠤᠭᠰᠠᠳ ᠤᠨ ᠠᠮᠢ ᠨᠠᠰᠤᠨ ᠤ ᠠᠮᠤᠷ ᠲᠦᠪᠰᠢᠨ ᠢ ᠪᠠᠳᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠠᠪᠠᠭᠤᠯᠢᠭ ᠡᠬᠢ ᠪᠠᠶᠠᠯᠢᠭ ᠢ ᠴᠤᠭᠯᠠᠭᠤᠯᠵᠤ᠂ ᠰᠢᠯᠢᠳᠡᠭ ᠬᠦᠴᠦᠨ ᠢ ᠵᠣᠬᠢᠶᠠᠨ ᠪᠠᠶᠢᠭᠤᠯᠵᠥ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠢᠷᠬᠠᠲᠤᠭᠰᠠᠳ ᠢ ᠡᠮᠨᠡᠨ ᠠᠪᠤᠷᠠᠬᠤ ᠠᠵᠢᠯ ᠢ ᠰᠠᠶᠢᠲᠤᠷ ᠬᠢᠵᠦ᠂ ᠠᠳᠡᠭᠦ ᠪᠠ ᠵᠡᠮᠳᠡᠭᠷᠡᠬᠦ ᠳᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠳᠡᠢ᠃ ᠴᠢᠬᠤᠯᠠ ᠡᠮᠨᠡᠨ ᠵᠠᠰᠠᠬᠤ ᠠᠷᠭ᠎ᠠ ᠬᠡᠮᠵᠢᠶ᠎ᠡ ᠶᠢ ᠬᠠᠮᠲᠤᠷᠠᠨ ᠰᠤᠳᠤᠯᠵᠥ ᠮᠠᠭᠠᠳᠯᠠᠬᠤ ᠶᠢ ᠴᠢᠩᠭᠠᠳᠬᠠᠵᠥ᠂ ᠰᠢᠷᠬᠠᠲᠤᠬᠰᠡᠳ ᠤᠨ ᠮᠡᠰᠡ ᠵᠠᠰᠠᠯ ᠪᠠ ᠮᠡᠰᠡ ᠵᠠᠰᠠᠯ ᠤᠨ ᠳᠠᠷᠠᠭᠠᠬᠢ ᠡᠷᠡᠭᠦᠯᠵᠢᠭᠦ ᠵᠡᠷᠭᠡ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠨᠠᠷᠢᠨ ᠨᠢᠮᠪᠠᠶ ᠡᠮᠴᠢᠯᠡᠭᠡ ᠪᠠᠷ ᠳᠠᠮᠵᠢᠭᠤᠯᠤᠨ ᠰᠢᠷᠬᠠᠲᠤᠭᠰᠠᠳ ᠤᠨ ᠬᠤᠶᠢᠰᠢᠬᠢ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠰᠢᠷᠬᠠᠲᠤᠭᠰᠠᠳ ᠤᠨ ᠪᠣᠳᠣᠯ ᠰᠡᠳᠬᠢᠯ ᠢ ᠲᠠᠶᠢᠳᠬᠤᠷᠠᠭᠤᠯᠤᠨ ᠰᠢᠯᠤᠭᠤᠳᠬᠠᠬᠤ ᠠᠵᠢᠯ ᠢ ᠰᠠᠶᠢᠲᠤᠷ ᠬᠢᠵᠥ᠂ ᠲᠡᠳᠡᠨ ᠢ ᠬᠠᠪᠰᠤᠷᠴᠤ ᠪᠠᠶᠢᠭᠠᠳ ᠠᠳᠡᠯ ᠤᠨ ᠪᠠᠷᠠᠭᠠᠨ ᠰᠡᠭᠦᠳᠡᠷ ᠠᠴᠠ ᠡᠷᠲᠡᠬᠡᠨ ᠭᠠᠷᠴᠤ ᠢᠷᠡᠬᠦ ᠳᠤ ᠬᠠᠪᠰᠤᠷᠬᠤ ᠬᠡᠷᠡᠭᠳᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠦ ᠶᠠᠩ ᠰᠢᠶᠤᠤ ᠬᠤᠢ ᠬᠠᠮᠲᠤ ᠪᠤᠯᠭᠤᠭᠠᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号