2018 ᠣᠨ ᠳᠤ ᠥᠪᠥᠷ ᠮᠣᠩᠭᠤᠯ ᠤᠨ ᠠᠮᠤ ᠪᠤᠳᠠᠭᠠᠨ ᠤ ᠬᠠᠳᠠᠭᠠᠯᠠᠯᠲᠠ ᠶᠢᠨ ᠬᠡᠮᠵᠢᠶ᠎ᠡ ᠲᠡᠤᠬᠡᠨ ᠳᠡᠭᠡᠷᠡᠬᠢ ᠬᠠᠮᠤᠭ ᠥᠨᠳᠥᠷ ᠴᠡᠭ ᠠᠴᠠ 73.6% ᠪᠠᠭᠤᠷᠠᠪᠠ
ᠨᠡᠶᠢᠲᠡᠯᠡᠭᠰᠡᠨ ᠴᠠᠭ᠄
2019/2/26
      2018 ᠣᠨ ᠳᠤ᠂ ᠮᠠᠨ ᠤ ᠣᠷᠣᠨ ᠤ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠯᠲᠠ ᠶᠢᠨ ᠬᠡᠮᠵᠢᠶ᠎ᠡ ᠲᠡᠤᠬᠡᠨ ᠳᠡᠭᠡᠷᠡᠬᠢ ᠬᠠᠮᠤᠭ ᠥᠨᠳᠥᠷ ᠴᠡᠭ ᠠᠴᠠ 73.6% ᠪᠠᠭᠤᠷᠠᠵᠤ᠂ ᠬᠤᠳᠠᠯᠳᠤᠨ ᠠᠪᠴᠤ ᠨᠥᠭᠡᠴᠡᠯᠡᠬᠦ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠪᠣᠯᠣᠨ ︽ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ︾ ᠠᠬᠢᠴᠠ ᠴᠥᠮ ᠵᠢᠱᠢᠯᠲᠡ ᠠᠴᠠ ᠰᠠᠶᠢᠨ ᠪᠣᠯᠵᠠᠶ᠃      ᠥᠩᠭᠡᠷᠡᠭᠰᠡᠨ ᠨᠢᠭᠡ ᠵᠢᠯ ᠳᠤ᠂ ᠮᠠᠨ ᠤ ᠣᠷᠣᠨ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠪᠥᠬᠦ ᠵᠢᠯ ᠳᠤ 254.4 ᠳ᠋ᠦᠩᠰᠢᠭᠤᠷ ᠵᠢᠩ ᠠᠮᠤ ᠪᠤᠳᠠᠭ᠎ᠠ ᠬᠤᠳᠠᠯᠳᠤᠨ ᠠᠪᠴᠠᠶ᠂ ᠡᠭᠦᠨ ᠳᠤ ᠣᠷᠣᠨ ᠨᠤᠲᠤᠭ ᠤᠨ ᠠᠵᠤ ᠠᠬᠤᠢᠯᠠᠯ ᠤᠨ ᠬᠤᠳᠠᠯᠳᠤᠨ ᠠᠪᠤᠭᠰᠠᠨ ᠨᠢ 74.4 %᠎ ᠶᠢ ᠡᠵᠡᠯᠡᠪᠡ︔ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠶᠢ 294.3 ᠳ᠋ᠦᠩᠰᠢᠭᠤᠷ ᠵᠢᠩ ᠦᠨ᠎ᠡ ᠬᠠᠶᠠᠵᠤ ᠬᠤᠳᠠᠯᠳᠤᠪᠠ︔ ᠲᠡᠮᠦᠷ ᠵᠠᠮ ᠢᠶᠠᠷ ᠭᠠᠳᠠᠭᠰᠢ ᠪᠠᠨ 172.8 ᠳ᠋ᠦᠩᠰᠢᠭᠤᠷ ᠵᠢᠩ ᠠᠮᠤ ᠪᠤᠳᠠᠭ᠎ᠠ  ᠵᠥᠭᠡᠭᠡᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 30.4% ᠨᠡᠮᠡᠭᠳᠡᠪᠡ︔ 8 ᠮᠣᠵᠢ ᠣᠷᠣᠨ ᠤ 15 ᠬᠤᠲᠠ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠪᠠᠶᠢᠯᠳᠤᠬᠤ ᠪᠣᠳᠣᠯᠭ᠎ᠠ ᠶᠢᠨ ᠵᠥᠪᠳᠡᠯᠴᠡᠭᠡᠷ ᠲᠣᠭᠲᠠᠵᠠᠢ᠃ ᠡᠭᠦᠨ ᠤ ᠬᠠᠮᠲᠤ᠂ ᠪᠥᠬᠦ ᠣᠷᠣᠨ ︽ᠬᠤᠶᠠᠷ ᠦᠵᠦᠭᠦᠷ ᠬᠤᠶᠠᠷ ᠰᠡᠭᠦᠯ︾᠎ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ︔ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠢᠳᠡᠪᠬᠢᠲᠡᠶ  ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ︔ ᠠᠮᠤ ᠪᠤᠳᠠᠭᠠᠨ ᠤ ᠭᠦᠢᠯᠭᠡᠭᠡᠨ ᠤ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ︔ ᠠᠮᠤ ᠪᠤᠳᠠᠭᠠᠨ ᠤ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠢᠨᠡᠴᠢᠯᠡᠵᠦ᠂ ᠠᠮᠤᠷ ᠲᠦᠪᠰᠢᠨ ᠢ ᠪᠠᠲᠤᠯᠠᠵᠤ ᠬᠤᠷᠢᠭ᠎ᠠ ᠱᠤᠭᠤᠮ ᠢ ᠰᠠᠬᠢᠬᠤ ᠲᠤᠯᠭᠠᠭᠤᠷᠢᠯᠠᠬᠤ ᠬᠦᠴᠦᠨ ᠢ ᠴᠢᠨᠠᠭᠰᠢᠳᠠ ᠴᠢᠩᠭᠠᠳᠬᠠᠪᠠ︔ ᠠᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ︔ ᠠᠵᠢᠯ ᠲᠥᠷᠥᠯ ᠤᠨ ᠲᠤᠰ ᠪᠡᠶ᠎ᠡ ᠶᠢᠨ ᠪᠠᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠡᠭᠦᠷᠭᠡᠯᠡᠯ ᠢ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠪᠦᠬᠦ ᠣᠷᠣᠨ ᠤ ᠠᠮᠤ ᠪᠤᠳᠠᠭ᠎ᠠ ᠪᠣᠯᠣᠨ ᠡᠳ᠋ ᠪᠣᠳᠠᠰ ᠨᠥᠭᠡᠴᠡᠯᠡᠬᠦ ᠰᠢᠰᠲ᠋ᠧᠮ ᠤᠨ ᠬᠢᠨ ᠠᠮᠤ ᠪᠤᠳᠠᠭ᠎ᠠ ᠪᠣᠯᠣᠨ ᠡᠳ᠋ ᠪᠣᠳᠠᠰ ᠤᠨ ᠬᠠᠩᠭᠠᠯᠭ᠎ᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠡᠵᠡᠮᠳᠡᠵᠦ᠂ ᠠᠮᠤ ᠪᠤᠳᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠵᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠳᠡᠯ ᠢ ᠰᠢᠨᠡᠴᠢᠯᠡᠨ ᠪᠦᠷᠢᠨᠰᠢᠭᠦᠯᠵᠦ᠂ ᠠᠮᠤ ᠪᠤᠳᠠᠭ᠎ᠠ ᠪᠣᠯᠣᠨ ᠡᠳ᠋ ᠪᠣᠳᠠᠰ ᠨᠥᠭᠡᠴᠡᠯᠡᠬᠦ ᠨᠢᠭᠡᠳᠦᠯᠲᠡᠢ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠮᠠᠨ ᠤ ᠣᠷᠣᠨ ᠤ ᠠᠮᠤ ᠪᠤᠳᠠᠭ᠎ᠠ ᠪᠣᠯᠣᠨ ᠡᠳ᠋ ᠪᠣᠳᠠᠰ ᠨᠥᠭᠡᠴᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠣᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号