ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠣᠳᠣᠬᠠᠨ ᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠠᠵᠢᠯ ᠣᠯᠭᠤᠯᠲᠠ ᠶᠢᠨ ᠠᠵᠢᠯ ᠢ ᠠᠬᠢᠭᠤᠯᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2019/2/27
     2 ᠳ᠋ᠤᠭᠠᠷ ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠣᠳᠣᠬᠠᠨ ᠤ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠠᠵᠢᠯ ᠣᠯᠭᠤᠯᠲᠠ ᠶᠢᠨ ᠠᠵᠢᠯ ᠢ ᠠᠬᠢᠭᠤᠯᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠸᠠᠩ ᠯᠢᠨ ᠠᠴᠠ ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠣᠯᠭᠤᠯᠲᠠ ᠶᠢ ᠠᠬᠢᠭᠤᠯᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠎ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠣᠭᠤᠷᠢᠨ ᠪᠠᠶᠢᠴᠠᠭᠠᠭᠴᠢ ᠬᠠᠨ ᠱᠥ ᠴᠢᠩ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠪᠣᠯᠪᠠᠰᠤᠷᠠᠭᠤᠯᠤᠯ ᠤᠨ ᠭᠠᠵᠠᠷ ᠤᠨ ᠳᠠᠷᠤᠭ᠎ᠠ ᠶᠠᠩ ᠱᠥᠸᠧ ᠷᠦᠩ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠵᠢᠯ ᠣᠯᠭᠤᠯᠲᠠ ᠶᠢ ᠠᠬᠢᠭᠤᠯᠬᠤ ᠭᠠᠵᠠᠷ ᠤᠨ ᠳᠡᠳ᠋ ᠳᠠᠷᠤᠭ᠎ᠠ ᠴᠢᠦᠶ ᠶᠢᠥ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号