ᠪᠠᠷᠠᠭᠤᠨ ᠦᠵᠦᠮᠦᠴᠢᠨ ᠬᠤᠰᠢᠭᠤᠨ ᠤ ᠶᠢᠨ ᠮᠠᠨ ᠠᠭᠤᠷᠬᠠᠢ ᠶᠢᠨ ᠦᠢᠯᠡᠰ ᠤᠨ ᠺᠤᠮᠫᠠᠨᠢ ᠶᠢᠨ ︽2 · 23 | ︾ ᠤ ᠠᠳᠡᠯ ᠡᠭᠦᠰᠦᠭᠰᠡᠨ ᠤ ᠲᠠᠷᠠᠭ᠎ᠠ᠂ ᠰᠢᠯᠢ ᠶᠢᠨ ᠭᠤᠤᠯ ᠠᠶᠢᠮᠠᠭ ᠲᠡᠷᠡ ᠳᠠᠷᠤᠶᠢᠬᠠᠨ ᠡᠮᠨᠡᠨ ᠠᠪᠤᠷᠠᠬᠤ ᠠᠵᠢᠯ ᠢ | ᠵᠤᠬᠢᠶᠠᠨ ᠪᠠᠶᠢᠭᠤᠯᠵᠤ᠂ ᠰᠢᠯᠢ ᠶᠢᠨ ᠭᠤᠤᠯ ᠠᠶᠢᠮᠠᠭ ᠤᠨ ᠡᠮᠨᠡᠯᠭᠡ ᠶᠢᠨ ᠬᠤᠷᠢᠶ᠎ᠠ ᠪᠤᠯᠤᠨ ᠰᠢᠯᠢ ᠶᠢᠨ ᠭᠤᠤᠯ | ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠳᠤ ᠨᠡᠶᠢᠲᠡ 34 ᠰᠢᠷᠬᠠᠳᠤᠭᠰᠠᠳ ᠢ ᠬᠦᠯᠢᠶᠡᠨ ᠡᠮᠴᠢᠯᠡᠪᠡ᠃ 2 | ᠳ᠋ᠤᠭᠠᠷ ᠰᠠᠷ᠎ᠠ ᠶᠢᠨ 26 ᠤ ᠤᠷᠤᠢ ᠶᠢᠨ 8 ᠴᠠᠭ ᠪᠤᠯᠳᠠᠯ᠎ᠠ᠂ 6 ᠰᠢᠷᠬᠠᠳᠠᠨ ᠢ ᠪᠠᠴᠢᠮ ᠠᠪᠤᠷᠠᠭᠰᠠᠨ ᠪᠤᠯᠪᠠᠴᠤ | ᠲᠤᠰᠠ ᠪᠤᠯᠤᠭᠰᠠᠨ ᠦᠭᠡᠢ ᠠᠮᠢ ᠲᠠᠯᠪᠢᠪᠠ᠃ | ᠤᠳᠤᠬᠠᠨ ᠳᠤ᠂ ᠪᠡᠭᠡᠵᠢᠩ ᠤᠨ 5 ᠲᠤᠰᠬᠠᠢ ᠮᠡᠷᠭᠡᠵᠢᠯᠳᠡᠨ᠂ ᠦᠪᠡᠷᠳᠡᠭᠡᠨ ᠵᠠᠰᠠᠬᠤ ᠤᠷᠤᠨ ᠤ 16 | ᠲᠤᠰᠬᠠᠢ ᠮᠡᠷᠭᠡᠵᠢᠯᠳᠡᠨᠨᠡᠶᠢᠲᠡ 21 ᠬᠦᠮᠦᠨ ᠰᠢᠷᠬᠠᠳᠤᠭᠰᠠᠳ ᠢ ᠡᠮᠨᠡᠨ ᠠᠪᠤᠷᠠᠬᠤ ᠠᠵᠢᠯ ᠳᠤ ᠤᠷᠤᠯᠴᠠᠵᠤ ᠪᠤᠢ᠃ | 26 ᠤ ᠡᠳᠦᠷ ᠤᠨ ᠦᠳᠡ ᠶᠢᠨ ᠬᠤᠶᠢᠨᠠᠬᠢ 4 ᠴᠠᠭ ᠪᠤᠯᠳᠠᠯ᠎ᠠ 11 ᠬᠦᠮᠦᠨ ᠳᠤ 13 ᠤᠳᠠᠭ᠎ᠠ ᠮᠡᠰᠡ ᠵᠠᠰᠠᠯ | ᠬᠢᠭᠰᠡᠨ ᠪᠠᠶᠢᠨ᠎ᠠ᠃ | ᠡᠮᠨᠡᠨ ᠠᠪᠤᠷᠠᠬᠤ ᠳᠤᠭᠤᠶᠢᠯᠠᠩ ᠤᠨ ᠬᠢᠨ ᠰᠢᠷᠬᠠᠳᠤᠭᠰᠠᠳ ᠤᠨ ᠪᠤᠲᠠᠲᠠᠢ ᠪᠠᠶᠢᠳᠠᠯ ᠢ ᠦᠨᠳᠦᠰᠦᠯᠡᠭᠰᠡᠨ | ᠰᠠᠭᠤᠷᠢᠨ ᠲᠡᠭᠡᠷ᠎ᠡ ᠲᠤᠰᠬᠠᠢ ᠮᠡᠷᠭᠡᠵᠢᠯᠳᠡᠨ ᠤ ᠬᠠᠮᠳᠤᠷᠠᠨ ᠤᠨᠤᠰᠢᠯᠠᠬᠰᠠᠨ ᠰᠠᠨᠠᠯ ᠶᠤᠰᠤᠭᠠᠷ᠂ ᠡᠮᠨᠡᠨ ᠠᠪᠤᠷᠠᠬᠤ | ᠲᠦᠰᠦᠪ ᠲᠤᠭᠳᠠᠭᠠᠵᠤ᠂ ᠠᠷᠭ᠎ᠠ ᠪᠦᠬᠦᠨ ᠢ ᠰᠦᠪᠡᠭᠴᠢᠯᠡᠨ᠂ ᠪᠦᠬᠦ ᠨᠦᠬᠦᠴᠡᠯ ᠪᠤᠯᠤᠮᠵᠢ ᠶᠢ ᠠᠰᠢᠬᠯᠠᠨ᠂ ᠪᠦᠬᠦ | ᠬᠦᠴᠦᠨ ᠢᠶᠠᠷ ᠰᠢᠷᠬᠠᠳᠤᠭᠰᠠᠳ ᠢ ᠡᠮᠨᠡᠨ ᠠᠪᠤᠷᠠᠵᠠᠢ᠃ ᠤᠳᠤᠬᠠᠨ ᠳᠤ᠂ ᠰᠢᠯᠢ ᠶᠢᠨ ᠭᠤᠤᠯ ᠠᠶᠢᠮᠠᠭ ᠤᠨ | ᠡᠮᠨᠡᠯᠭᠡ ᠶᠢᠨ ᠬᠤᠷᠢᠶ᠎ᠠ ᠪᠤᠯᠤᠨ ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠨᠢ ᠴᠦᠮ | ᠡᠮᠴᠢᠯᠡᠭᠡᠨ ᠤ ᠳᠤᠭᠤᠶᠢᠯᠠᠩ᠂ ᠪᠠᠲᠤᠯᠠᠭᠠᠨ ᠤ ᠳᠤᠭᠤᠶᠢᠯᠠᠩ᠂ ᠰᠡᠳᠬᠢᠴᠡ ᠶᠢᠨ ᠡᠮᠴᠢᠯᠡᠭᠡᠨ ᠤ ᠳᠤᠭᠤᠶᠢᠯᠠᠩ | ᠪᠠᠶᠢᠭᠤᠯᠵᠤ᠂ ︽ᠨᠢᠭᠡ ᠰᠢᠷᠬᠠᠳᠠᠨ ᠳᠤ ᠨᠢᠭᠡ ᠡᠮᠴᠢ ᠨᠢᠭᠡ ᠰᠤᠪᠢᠯᠠᠭᠴᠢ︾ ᠶᠢᠨ ᠬᠠᠷᠢᠭᠤᠴᠠᠯᠭ᠎ᠠ ᠶᠢᠨ ᠲᠦᠷᠢᠮ ᠢ | ᠬᠡᠷᠡᠭᠵᠢᠭᠦᠯᠵᠦ᠂ ᠰᠢᠷᠬᠠᠳᠠᠨ ᠪᠤᠯᠭᠠᠨ ᠳᠤ ᠬᠠᠷᠠᠭᠠᠯᠵᠠᠭᠰᠠᠨ ᠡᠮᠴᠢᠯᠡᠭᠡᠨ ᠤ ᠲᠦᠰᠦᠪ ᠲᠤᠬᠢᠷᠠᠭᠤᠯᠵᠤ᠂ ᠡᠳᠦᠷ | ᠪᠦᠷᠢ ᠨᠠᠷᠢᠨ ᠲᠤᠳᠤᠷᠬᠠᠢ ᠡᠮᠴᠢᠯᠡᠭᠡᠨ ᠤ ᠰᠠᠨᠠᠯ ᠲᠠᠢ ᠪᠠᠶᠢᠬᠤ ᠶᠢ ᠪᠠᠲᠤᠯᠠᠵᠠᠢ᠃ | ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ᠂ ᠡᠮᠨᠡᠨ | ᠠᠪᠤᠷᠠᠬᠤ ᠳᠤᠭᠤᠶᠢᠯᠠᠩ ᠤᠨ ᠲᠡᠳ᠋ ᠲᠠᠷᠤᠭ᠎ᠠ ᠶᠦᠨ ᡁᠢ ᠵᠦᠡᠭ ᠤᠨ ᠲᠠᠨᠢᠯᠴᠠᠭᠤᠯᠤᠭᠰᠠᠨ ᠢᠶᠠᠷ᠂ ᠤᠳᠤᠬᠠᠨ ᠳᠤ | 28 ᠰᠢᠷᠬᠠᠳᠠᠨ ᠤ ᠲᠤᠲᠤᠷ᠎ᠠ᠂ 9 ᠬᠦᠨᠳᠤ ᠲᠦᠭᠰᠢᠭᠦᠷᠢᠲᠤ ᠰᠢᠷᠬᠠᠳᠠᠨ᠂ 13 ᠬᠦᠨᠳᠤ ᠰᠢᠷᠬᠠᠳᠠᠨ᠂ 6 ᠬᠦᠡᠭᠭᠡᠨ | ᠰᠢᠷᠬᠠᠳᠠᠨ ᠪᠠᠶᠢᠵᠤ᠂ ᠰᠢᠷᠬᠠᠨ ᠤ ᠪᠠᠶᠢᠳᠠᠯ ᠨᠢ ᠨᠡᠯᠢᠶᠡᠳ ᠲᠤᠭᠳᠠᠭᠤᠨ ᠪᠠᠶᠢᠨ᠎ᠠ᠃ ᠪᠡᠭᠡᠵᠢᠩ᠂ ᠦᠪᠡᠷᠳᠡᠭᠡᠨ | ᠵᠠᠰᠠᠬᠤ ᠤᠷᠤᠨ᠂ ᠠᠶᠢᠮᠠᠭ ᠭᠤᠷᠪᠠᠨ ᠲᠠᠯ᠎ᠠ ᠬᠤᠯᠪᠤᠭᠠᠯᠠᠭᠰᠠᠨ ᠡᠮᠨᠡᠨ ᠠᠪᠤᠷᠠᠬᠤ ᠲᠤᠰᠬᠠᠢ ᠮᠡᠷᠭᠡᠵᠢᠯᠳᠡᠨ ᠤ | ᠳᠤᠭᠤᠶᠢᠯᠠᠩ ᠢ ᠵᠤᠬᠢᠶᠠᠨ ᠪᠠᠶᠢᠭᠤᠯᠵᠤ᠂ ᠡᠳᠦᠷ ᠪᠦᠷᠢ ᠦᠳᠡ ᠶᠢᠨ ᠡᠮᠦᠨ᠎ᠡ ᠬᠤᠶᠢᠨ᠎ᠠ 2 ᠤᠳᠠᠭ᠎ᠠ ᠡᠪᠡᠳᠴᠢᠳᠡᠨ | ᠤ ᠦᠷᠦᠬᠡ ᠪᠠᠷ ᠲᠤᠭᠤᠷᠢᠨ ᠡᠮᠴᠢᠯᠡᠵᠦ᠂ ᠲᠤᠭᠤᠷᠢᠨ ᠡᠮᠴᠢᠯᠡᠭᠰᠡᠨ ᠦᠷ᠎ᠡ ᠳ᠋ᠦᠡᠭ ᠢ ᠦᠨᠳᠦᠰᠦᠯᠡᠨ ᠲᠠᠷᠤᠢ ᠳᠤ ᠨᠢ | ᠬᠠᠮᠳᠤᠷᠠᠨ ᠤᠨᠤᠰᠢᠯᠠᠵᠤ᠂ ᠰᠢᠷᠬᠠᠳᠠᠨ ᠤ ᠰᠢᠷᠬᠠᠨ ᠤ ᠪᠠᠶᠢᠳᠠᠯ ᠤᠨ ᠬᠤᠪᠢᠷᠠᠯᠳᠠ ᠶᠢ ᠵᠠᠳᠠᠯᠵᠤ᠂ ᠲᠠᠷᠠᠭᠠᠴᠢ ᠶᠢᠨ | ᠠᠯᠬᠤᠮ ᠤᠨ ᠡᠮᠴᠢᠯᠡᠭᠡᠨ ᠤ ᠲᠦᠰᠦᠪ ᠢᠶᠠᠨ ᠲᠤᠭᠳᠠᠭᠠᠵᠤ ᠪᠤᠢ᠃ | ᠡᠮᠨᠡᠨ ᠠᠪᠤᠷᠠᠬᠤ ᠳᠤᠭᠤᠶᠢᠯᠠᠩ ᠤᠨ ᠲᠡᠳ᠋ ᠲᠠᠷᠤᠭ᠎ᠠ᠂ ᠰᠢᠯᠢ ᠶᠢᠨ ᠭᠤᠤᠯ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ᠤᠨ ᠡᠷᠬᠢᠯᠡᠭᠴᠢ ᠯᠢ ᡁᠢ ᠫᠸᠡᠭ ᠰᠤᠷᠪᠤᠯᠵᠢᠯᠠᠭ᠎ᠠ ᠬᠦᠯᠢᠶᠡᠬᠦ ᠳᠤ ᠪᠠᠨ᠂ ᠪᠢᠳᠡ ᠠᠮᠢ | ᠨᠠᠰᠤᠨ ᠳᠤ ᠲᠡᠭᠡᠳᠤ ᠬᠡᠮᠵᠢᠶ᠎ᠡ ᠪᠠᠷ ᠬᠠᠷᠢᠭᠤᠴᠠᠬᠤ ᠤᠪᠤᠷ ᠢ ᠡᠪᠦᠷᠯᠡᠨ᠂ ᠰᠢᠷᠬᠠᠳᠠᠨ ᠢ ᠡᠮᠨᠡᠨ ᠠᠪᠤᠷᠠᠬᠤ | ᠲᠦᠰᠦᠪ ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠶᠡᠷᠦᠩᠬᠡᠶᠢᠯᠡᠨ ᠪᠠᠲᠤᠯᠠᠬᠤ ᠪᠤᠯᠤᠨ ᠨᠢᠭᠡᠳᠦᠯᠲᠡᠢ | ᠬᠠᠮᠢᠶᠠᠷᠤᠯᠳᠠ ᠶᠢ ᠬᠡᠷᠡᠭᠵᠢᠭᠦᠯᠬᠦ ᠴᠢᠳᠠᠮᠵᠢ ᠪᠠ ᠤᠨᠤᠪᠴᠢ ᠶᠢᠨ ᠬᠡᠮᠵᠢᠶ᠎ᠡ ᠶᠢ ᠦᠨᠡᠨ ᠬᠦ ᠲᠡᠭᠡᠭᠰᠢᠯᠡᠬᠦᠯᠵᠦ᠂ ᠪᠦᠬᠦ | ᠬᠦᠴᠤᠨ ᠢᠶᠠᠨ ᠳᠠᠶᠢᠴᠢᠯᠠᠵᠤ ᠠᠷᠭ᠎ᠠ ᠪᠦᠬᠦᠨ ᠢ ᠰᠦᠪᠡᠭᠴᠢᠯᠡᠵᠦ᠂ ᠡᠮᠨᠡᠨ ᠠᠪᠤᠷᠠᠬᠤ ᠠᠵᠢᠯ ᠢ ᠰᠠᠶᠢᠲᠤᠷ ᠬᠢᠵᠦ᠂ | ᠠᠳᠡᠬᠦ ᠵᠡᠮᠳᠡᠭ ᠪᠤᠯᠬᠤ ᠨᠤᠷᠮ᠎ᠠ ᠶᠢ ᠬᠠᠮᠤᠭ ᠲᠤᠤᠷ᠎ᠠ ᠬᠡᠮᠵᠢᠶᠡᠨ ᠳᠤ ᠬᠢᠵᠠᠭᠠᠷᠯᠠᠬᠤ ᠪᠠᠷ ᠴᠢᠷᠮᠠᠶᠢᠵᠤ ᠪᠠᠶᠢᠨ᠎ᠠ ᠭᠡᠵᠦ | ᠶᠠᠷᠢᠯ᠎ᠠ᠃ | ᠠᠳᠡᠯ ᠡᠭᠦᠰᠦᠭᠰᠡᠨ ᠤ ᠲᠠᠷᠠᠭ᠎ᠠ᠂ ᠰᠢᠯᠢᠩᠬᠤᠳᠠ ᠶᠢᠨ 500 ᠭᠠᠷᠤᠢ ᠬᠤᠳᠠ ᠶᠢᠨ ᠢᠷᠭᠡᠳ ᠬᠤᠶᠠᠷᠬᠠᠨ | ᠡᠳᠦᠷ ᠤᠨ ᠲᠤᠲᠤᠷ᠎ᠠ ᠰᠢᠯᠢ ᠶᠢᠨ ᠭᠤᠤᠯ ᠠᠶᠢᠮᠠᠭ ᠤᠨ ᠭᠤᠤᠯ ᠴᠢᠰᠤᠨ ᠦᠷᠲᠡᠭᠡ ᠳᠤ ᠨᠡᠶᠢᠲᠡ 14 ᠲᠦᠮᠡᠨ | ᠮᠢᠯᠢᠯᠢᠲᠷ ᠴᠢᠰᠤ ᠬᠠᠨᠳᠢᠪᠯᠠᠵᠠᠢ᠃ | ᠡᠭᠦᠨ ᠠᠴᠠ ᠭᠠᠳᠠᠨ᠎ᠠ᠂ ᠰᠤᠷᠪᠤᠯᠵᠢᠯᠠᠭᠴᠢ ᠰᠢᠯᠢ ᠶᠢᠨ ᠭᠤᠤᠯ ᠠᠶᠢᠮᠠᠭ ᠤᠨ ︽2 · 23︾ ᠤ ᠠᠳᠡᠯ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠵᠢᠯᠤᠭᠤᠳᠬᠤ ᠭᠠᠵᠠᠷ ᠤᠨ ᠬᠤᠶᠢᠳᠤᠬᠢ ᠶᠠᠪᠤᠳᠠᠯ ᠢ | ᠰᠢᠢᠳᠪᠦᠷᠢᠯᠡᠬᠦ ᠳᠤᠭᠤᠶᠢᠯᠠᠩ ᠠᠴᠠ ᠤᠶᠢᠯᠠᠭᠠᠭᠰᠠᠨ ᠢᠶᠠᠷ᠂ ᠠᠳᠡᠯ ᠡᠭᠦᠰᠦᠭᠰᠡᠨ ᠤ ᠲᠠᠷᠠᠭ᠎ᠠ᠂ ᠵᠢᠯᠤᠭᠤᠳᠬᠤ | ᠭᠠᠵᠠᠷ ᠠᠴᠠ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠲᠤᠬᠠᠢ ᠠᠵᠢᠯ ᠤᠨ ᠲᠦᠰᠦᠪ ᠢ ᠲᠠᠷᠤᠢ ᠲᠦᠷᠭᠡᠨ | ᠲᠤᠭᠳᠠᠭᠠᠵᠤ᠂ ᠲᠤᠬᠤᠨᠢᠭᠤᠯᠵᠤ ᠲᠦᠯᠦᠬᠦ ᠲᠦᠰᠦᠪ ᠢ ᠰᠤᠳᠤᠯᠤᠨ ᠨᠠᠷᠢᠯᠢᠬᠵᠢᠭᠤᠯᠵᠤ᠂ ᠶᠢᠨ ᠮᠠᠨ ᠠᠭᠤᠷᠬᠠᠢ ᠶᠢᠨ | ᠦᠢᠯᠡᠰ ᠤᠨ ᠺᠤᠮᠫᠠᠨᠢ ᠶᠢᠨ ᠬᠢᠨ ᠠᠳᠡᠯ ᠤᠨ ᠲᠦᠯᠦᠪᠦᠷᠢ ᠶᠢᠨ ᠲᠤᠰᠬᠠᠢ ᠲᠠᠩᠰᠠ ᠶᠢ ᠨᠢᠭᠡᠨᠳᠡ ᠪᠠᠶᠢᠭᠤᠯᠤᠭᠰᠠᠨ | ᠪᠦᠭᠡᠳ ᠲᠦᠯᠦᠪᠦᠷᠢ ᠶᠢᠨ ᠮᠦᠡᠭᠭᠦ ᠶᠢ ᠴᠤᠭᠯᠠᠭᠤᠯᠤᠨ ᠪᠡᠯᠡᠳᠭᠡᠵᠦ᠂ ᠠᠳᠡᠭᠰᠡᠳ ᠤᠨ ᠭᠡᠷ ᠪᠦᠯᠢ ᠶᠢᠨ ᠬᠢᠨ ᠳᠤ | ᠲᠦᠯᠦᠪᠦᠷᠢ ᠦᠭᠭᠦ ᠠᠵᠢᠯ ᠢ ᠡᠮᠬᠢ ᠴᠡᠭᠴᠡᠲᠡᠢ ᠬᠢᠵᠦ ᠡᠬᠢᠯᠡᠭᠰᠡᠨ ᠪᠠᠶᠢᠨ᠎ᠠ᠃ ᠡᠭᠦᠨ ᠤ ᠵᠡᠷᠭᠡ ᠪᠠᠷ᠂ ᠺᠠᠳ᠋ᠷ | ᠠᠵᠢᠯᠳᠠᠨ ᠢᠶᠠᠨ ᠵᠤᠬᠢᠶᠠᠨ ᠪᠠᠶᠢᠭᠤᠯᠵᠤ᠂ ᠬᠠᠤᠯᠢᠴᠢ ᠪᠤᠯᠤᠨ ᠬᠠᠤᠯᠢ ᠴᠠᠭᠠᠵᠠ ᠶᠢᠨ ᠠᠵᠢᠯᠳᠠᠨ ᠢ ᠲᠤᠬᠢᠷᠠᠭᠤᠯᠤᠨ᠂ | ︽ᠨᠢᠭᠡ ᠨᠢᠭᠡ ᠪᠠᠷ ᠬᠠᠷᠠᠭᠠᠯᠵᠠᠭᠰᠠᠨ︾ ᠠᠵᠢᠯ ᠤᠨ ᠳᠤᠭᠤᠶᠢᠯᠠᠩ ᠪᠠᠶᠢᠭᠤᠯᠵᠤ᠂ ᠠᠳᠡᠵᠦ ᠰᠢᠷᠬᠠᠳᠤᠭᠰᠠᠨ ᠬᠦᠮᠦᠰ | ᠤᠨ ᠭᠡᠷ ᠪᠦᠯᠢ ᠶᠢᠨ 390 ᠬᠦᠮᠦᠨ ᠳᠤ ᠲᠤᠬᠤᠨᠢᠭᠤᠯᠤᠨ ᠲᠠᠶᠢᠳᠬᠤᠷᠠᠭᠤᠯᠬᠤ ᠠᠵᠢᠯ ᠢ ᠬᠢᠵᠠᠢ᠃ 26 ᠤ | ᠡᠳᠦᠷ ᠤᠨ ᠦᠳᠡ ᠶᠢᠨ ᠬᠤᠶᠢᠨᠠᠬᠢ 1 ᠴᠠᠭ ᠪᠤᠯᠳᠠᠯ᠎ᠠ᠂ 12 ᠠᠳᠡᠭᠰᠡᠳ ᠤᠨ ᠭᠡᠷ ᠪᠦᠯᠢ ᠶᠢᠨ ᠬᠢᠨ ᠲᠠᠢ | ᠲᠦᠯᠦᠪᠦᠷᠢ ᠶᠢᠨ ᠬᠡᠯᠡᠯᠴᠡᠭᠡᠷ ᠲᠤᠭᠳᠠᠵᠤ ᠭᠠᠷ ᠤᠨ ᠦᠰᠦᠭ ᠵᠢᠷᠤᠪᠠ᠃ |