ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ  ᠯᠢ ᠵᠢᠢ ᠾᠧᠩ ᠡᠷᠬᠢᠯᠡᠪᠡ
ᠨᠡᠶᠢᠲᠡᠯᠡᠭᠰᠡᠨ ᠴᠠᠭ᠄
2019/2/27
     2 ᠳ᠋ᠤᠭᠠᠷ ᠰᠠᠷ᠎ᠠ ᠶᠢᠨ 26᠎ ᠤ ᠡᠳᠦᠷ ᠤᠨ ᠦᠳᠡ ᠶᠢᠨ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠬᠤᠷᠠᠯ ᠬᠤᠷᠠᠯᠳᠤᠭᠤᠯᠵᠥ᠂ ︽ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠨᠠᠮ ᠤᠨ ᠳᠦᠪ ᠬᠤᠷᠢᠶᠠᠨ ᠤ ᠰᠠᠨᠠᠯ︾᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠴᠢᠬᠤᠯᠠ ᠶᠡᠭᠡ ᠬᠡᠷᠡᠭ ᠶᠠᠪᠤᠳᠠᠯ ᠢ ᠵᠢᠭᠠᠪᠤᠷᠢ ᠠᠪᠴᠤ ᠮᠡᠳᠡᠬᠦᠯᠬᠦ ᠳᠦᠷᠢᠮ︾᠎ ᠢ ᠰᠤᠷᠤᠯᠴᠠᠨ ᠲᠤᠭᠤᠰᠢᠯᠠᠭᠤᠯᠵᠤ ᠰᠢᠯᠢ ᠶᠢᠨ ᠭᠤᠤᠯ ᠠᠶᠢᠮᠠᠬ ᠤᠨ ︽2.23︾᠎ ᠤ ᠬᠦᠨᠳᠤ ᠶᠡᠭᠡ ᠠᠳᠡᠯ ᠤᠨ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠪᠤᠯᠤᠨ ᠠᠶᠤᠯ ᠦᠭᠡᠢ ᠦᠢᠯᠡᠳᠪᠦᠷᠢᠯᠡᠯ ᠢ ᠴᠢᠩᠭᠠᠳᠬᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ︽ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠨᠠᠮ ᠤᠨ ᠳᠦᠪ ᠬᠤᠷᠢᠶᠠᠨ ᠤ ᠰᠠᠨᠠᠯ︾ ᠪᠠ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠴᠢᠬᠤᠯᠠ ᠶᠡᠭᠡ ᠬᠡᠷᠡᠭ ᠶᠠᠪᠤᠳᠠᠯ ᠢ ᠵᠢᠭᠠᠪᠤᠷᠢ ᠠᠪᠴᠤ ᠮᠡᠳᠡᠬᠦᠯᠬᠦ ᠳᠦᠷᠢᠮ︾᠎ ᠢ ᠳᠤᠬᠳᠠᠭᠠᠵᠥ ᠨᠡᠶᠢᠳᠡᠯᠡᠭᠰᠡᠨ ᠨᠢ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠤᠯᠠᠮ ᠴᠢᠨᠠᠬᠰᠢᠳᠠ ᠴᠢᠩᠭᠠᠳᠬᠠᠬᠤ᠂ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠬᠤ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠨᠵᠡᠬᠡᠶᠢᠷᠡᠨ ᠬᠦᠭᠵᠢᠬᠦ ᠶᠢ ᠠᠬᠢᠭᠤᠯᠬᠤ᠂ ᠨᠠᠮ ᠤᠨ ᠳᠦᠷᠦ ᠪᠠᠷᠢᠬᠤ ᠴᠢᠳᠠᠪᠤᠷᠢ ᠪᠤᠯᠤᠨ ᠤᠳᠤᠷᠢᠳᠬᠤ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠬᠦ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠪᠦᠬᠦ ᠤᠷᠤᠨ ᠤ ᠡᠯ᠎ᠡ ᠱᠠᠳᠤᠨ ᠤ ᠨᠠᠮ ᠎ ᠤᠨ ᠵᠤᠬᠢᠶᠠᠨ ᠪᠠᠶᠢᠭᠤᠯᠤᠯᠳᠠ ᠪᠤᠯᠤᠨ ᠦᠷᠬᠡᠨ ᠤᠯᠠᠨ ᠨᠠᠮ ᠤᠨ ᠬᠡᠰᠢᠬᠦᠨ ᠺᠠᠳ᠋ᠷᠴᠤᠳ ︽ᠳᠦᠷᠪᠡᠨ ᠤᠬᠠᠮᠰᠠᠷ︾᠎ ᠢᠶᠠᠨ ᠦᠨᠡᠨ ᠬᠦ ᠴᠢᠩᠭᠠᠳᠬᠠᠵᠥ᠂ ︽ᠳᠦᠷᠪᠡᠨ ᠢᠳᠡᠬᠡᠯ︾᠎ ᠢᠶᠠᠨ ᠪᠠᠳᠤᠳᠬᠠᠵᠥ᠂ ᠳᠡᠬᠡᠳᠤ ᠬᠡᠮᠵᠢᠶᠡᠨ ᠤ ᠤᠯᠤᠰ ᠳᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠷ ᠬᠤᠶᠠᠷ ᠪᠢᠴᠢᠭ ᠮᠠᠲ᠋ᠧᠷᠢᠶᠠᠯ ᠢ ᠰᠤᠷᠤᠯᠴᠠᠨ ᠤᠬᠠᠭᠤᠯᠵᠥ ᠳᠤᠭᠤᠰᠢᠯᠠᠭᠤᠯᠬᠤ ᠠᠵᠢᠯ ᠢ ᠰᠠᠶᠢᠳᠤᠷ ᠠᠳᠬᠤᠵᠥ᠂ ᠪᠤᠳᠠᠳᠤ ᠦᠢᠯᠠ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠬᠡᠵᠢᠬᠦᠯᠬᠦ ᠬᠡᠷᠡᠭᠳᠡᠢ᠃ ᠡᠯ᠎ᠡ ᠱᠠᠳᠤᠨ ᠤ ᠨᠠᠮ ᠎ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠵᠥ᠂ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢᠨ ᠱᠠᠭᠠᠷᠳᠠᠯᠭ᠎ᠠ ᠨᠢᠬᠡᠪᠦᠷᠢ ᠶᠢ ᠦᠨᠡᠨ ᠬᠦ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠥ᠂ ᠨᠠᠮ ᠤᠨ ᠪᠠᠶᠢᠭᠤᠯᠤᠯᠳᠠ ᠶᠢᠨ ᠶᠠᠰᠤ ᠴᠢᠨᠠᠷ ᠢ ᠪᠦᠬᠦ ᠳᠠᠯ᠎ᠠ ᠪᠠᠷ ᠳᠡᠬᠡᠭᠰᠢᠯᠡᠬᠦᠯᠬᠦ ᠶᠢ ᠬᠦᠳᠦᠯᠦᠨ ᠳᠠᠭᠠᠭᠤᠯᠬᠤ ᠬᠡᠷᠡᠭᠳᠡᠢ᠃ ᠴᠢᠬᠤᠯᠠ ᠶᠡᠭᠡ ᠬᠡᠷᠡᠭ ᠶᠠᠪᠤᠳᠠᠯ ᠢ ᠵᠢᠭᠠᠪᠤᠷᠢ ᠠᠪᠴᠤ ᠮᠡᠳᠡᠬᠦᠯᠬᠦ ᠶᠢᠨ ᠤᠬᠠᠮᠰᠠᠷᠳᠤ ᠴᠢᠨᠠᠷ ᠰᠠᠨᠠᠭᠠᠴᠢᠯᠠᠭᠠᠳᠤ ᠴᠢᠨᠠᠷ ᠢ ᠴᠢᠩᠭᠠᠳᠬᠠᠵᠥ᠂ ᠵᠢᠭᠠᠪᠤᠷᠢ ᠠᠪᠬᠤ ᠴᠢᠬᠤᠯᠠᠳᠠᠢ ᠶᠢ ᠨᠢ ᠡᠷᠬᠡᠪᠰᠢ ᠵᠢᠭᠠᠪᠤᠷᠢ ᠠᠪᠴᠤ᠂ ᠮᠡᠳᠡᠬᠦᠯᠬᠦ ᠴᠢᠬᠤᠯᠠᠳᠠᠢ ᠶᠢ ᠨᠢ ᠡᠷᠬᠡᠪᠰᠢ ᠮᠡᠳᠡᠬᠦᠯᠵᠥ᠂ ᠬᠠᠷᠢᠭᠤᠴᠠᠬᠤ ᠴᠢᠬᠤᠯᠠᠳᠠᠢ ᠶᠢ ᠨᠢ ᠡᠷᠬᠡᠪᠰᠢ ᠬᠠᠷᠢᠭᠤᠴᠠᠵᠥ᠂ ᠡᠬᠦᠷᠬᠡᠯᠡᠬᠦ ᠴᠢᠬᠤᠯᠠᠳᠠᠢ ᠶᠢ ᠨᠢ ᠡᠷᠬᠡᠪᠰᠢ ᠡᠬᠦᠷᠬᠡᠯᠡᠬᠦ ᠬᠡᠷᠡᠭᠳᠡᠢ᠃ ᠦᠪᠡᠷᠲᠡᠭᠡᠡ ᠵᠠᠰᠠᠬᠤ ᠤᠷᠤᠨ ᠤ ᠮᠤᠵᠢ ᠶᠢᠨ ᠲᠡᠰ ᠤᠨ ᠤᠲᠤᠷᠢᠳᠬᠤ ᠪᠠᠭ ᠪᠤᠯᠤᠨ ᠤᠲᠤᠷᠢᠳᠬᠤ ᠺᠠᠳ᠋ᠷ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠠ᠂ ᠴᠢᠬᠤᠯᠡ ᠶᠡᠭᠡ ᠤᠴᠢᠷ ᠶᠠᠪᠤᠲᠠᠯ ᠳᠤ ᠵᠢᠭᠠᠪᠤᠷᠢ ᠠᠪᠴᠤ ᠮᠡᠲᠡᠭᠦᠯᠬᠦ ᠲᠦᠷᠢᠮ ᠎ ᠢ ᠨᠠᠶᠢᠲᠠᠪᠤᠷᠢᠵᠢᠭᠤᠯᠬᠤ ᠲᠠᠯ᠎ᠠ ᠪᠠᠷ ᠦᠯᠢᠭᠡᠷ ᠵᠢᠱᠢᠶ᠎ᠠ ᠪᠤᠯᠵᠦ᠂ ᠪᠦᠬᠦ ᠤᠷᠤᠨ ᠳᠤ ᠦᠯᠢᠭᠡᠷ ᠲᠠᠭᠤᠷᠢᠶᠠᠯ ᠪᠤᠯᠬᠤ ᠭᠡᠷᠡᠭᠲᠡᠢ ᠭᠡᠪᠠ᠃      ᠬᠤᠷᠠᠯ ᠠᠴᠠ ᠱᠠᠭᠠᠷᠳᠠᠭᠰᠠᠨ ᠨᠢ᠂ ᠦᠪᠡᠷᠲᠡᠭᠡᠡ ᠵᠠᠰᠠᠬᠤ ᠤᠷᠤᠨ ᠤ ᠬᠤᠯᠪᠤᠭᠲᠠᠯ ᠪᠦᠬᠦᠢ ᠲᠠᠯ᠎ᠠ ᠪᠤᠯᠤᠨ ᠰᠢᠯᠢ ᠶᠢᠨ ᠭᠤᠤᠯ ᠠᠶᠢᠮᠠᠭ ᠤᠨ ︽2.23︾᠎ ᠤᠨ ᠬᠦᠨᠲᠦ ᠶᠡᠭᠡ ᠠᠲᠡᠯ ᠤᠨ ᠬᠤᠶᠢᠲᠤᠬᠢ ᠤᠴᠢᠷ ᠢ ᠰᠢᠢᠳᠪᠦᠷᠢᠯᠡᠬᠦ ᠠᠵᠢᠯ ᠢ ᠦᠷᠬᠦᠯᠵᠢᠯᠡᠡ ᠨᠠᠷᠢᠨ ᠬᠢᠨᠠᠮᠠᠭᠠᠢ ᠰᠠᠶᠢᠲᠤᠷ ᠬᠢᠵᠦ᠂ ᠰᠢᠷᠬᠠᠲᠤᠭᠰᠠᠳ ᠢ ᠪᠦᠬᠦ ᠬᠦᠴᠤᠨ ᠎ ᠢᠶᠠᠷ ᠢᠶᠠᠨ ᠡᠮᠨᠡᠨ ᠠᠪᠤᠷᠠᠵᠦ᠂ ᠠᠲᠡᠯ ᠤᠨ ᠤᠴᠢᠷ ᠰᠢᠯᠲᠠᠭᠠᠠ ᠢ ᠴᠢᠲᠠᠬᠤ ᠶᠢᠨ ᠬᠢᠷᠢ ᠪᠠᠷ ᠲᠦᠷᠭᠡᠡ ᠲᠦᠢᠯᠪᠦᠷᠢᠲᠡᠢ ᠪᠠᠶᠢᠴᠠᠭᠠᠠ ᠰᠢᠢᠳᠪᠦᠷᠢᠯᠡᠵᠦ᠂ ᠬᠠᠤᠯᠢ ᠲᠤᠭᠲᠠᠭᠠᠯ ᠶᠤᠰᠤᠭᠠᠷ ᠬᠤᠯᠪᠤᠭᠲᠠᠯ ᠪᠦᠬᠦᠢ ᠬᠠᠷᠢᠭᠤᠴᠠᠯᠭᠠᠲᠠᠠ ᠢ ᠴᠢᠩᠭ᠎ᠠ ᠰᠢᠢᠳᠭᠡᠬᠦ ᠪᠦᠭᠡᠳ ᠬᠠᠷᠢᠭᠤᠴᠠᠯᠭ᠎ᠠ ᠨᠡᠭᠡᠮᠵᠢᠯᠡᠵᠦ᠂ ᠠᠲᠡᠵᠦ ᠰᠢᠷᠬᠠᠲᠤᠭᠰᠠᠳ ᠵᠢᠴᠢ ᠲᠡᠲᠡᠡ ᠤ ᠲᠦᠷᠦᠯ ᠰᠠᠲᠤᠨ᠂ ᠨᠡᠶᠢᠭᠡᠮ ᠳᠤ ᠬᠠᠨᠤᠮᠵᠢᠲᠠᠢ ᠬᠠᠷᠢᠭᠤᠯᠲᠠ ᠦᠭᠬᠦ ᠭᠡᠷᠡᠭᠲᠡᠢ᠃ ᠡᠯ᠎ᠠ ᠱᠠᠲᠤᠠ ᠤ ᠡᠯ᠎ᠠ ᠰᠠᠯᠠᠭ᠎ᠠ ᠮᠦᠴᠢᠷ ᠪᠤᠯᠤᠨ ᠦᠷᠭᠡᠡ ᠤᠯᠠᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠲᠡᠯ ᠠᠴᠠ ᠬᠦᠨᠵᠡᠭᠡᠢ ᠰᠤᠷᠭᠠᠮᠵᠢ ᠠᠪᠴᠤ᠂ ᠠᠷᠠᠳ ᠲᠦᠮᠡᠡ ᠢᠶᠠᠷ ᠲᠦᠪ ᠪᠤᠯᠭᠠᠬᠰᠠᠠ ᠬᠦᠭᠵᠢᠭᠦᠯᠦᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠲᠠᠪᠤᠷᠢᠵᠢᠭᠤᠯᠤᠨ᠂ ᠨᠡᠩ ᠶᠡᠭᠡ ᠵᠤᠷᠢᠭ ᠂ ᠨᠡᠩ ᠦᠨᠲᠦᠷ ᠪᠠᠷᠢᠮᠵᠢᠶ᠎ᠠ᠂ ᠨᠡᠩ ᠴᠢᠩᠭ᠎ᠠ ᠱᠠᠭᠠᠷᠲᠠᠯᠭ᠎ᠠ᠂ ᠨᠡᠩ ᠬᠠᠲᠠᠭᠤ ᠠᠷᠭ᠎ᠠ ᠪᠠᠷ ᠠᠶᠤᠯ ᠦᠭᠡᠢ ᠦᠢᠯᠡᠳᠪᠦᠷᠢᠯᠡᠯ ᠤᠨ ᠡᠯ᠎ᠠ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠪᠦᠬᠦ ᠤᠷᠤᠨ ᠤ ᠬᠡᠪᠴᠢᠶᠠᠠ ᠳᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠰᠢᠭ᠍ᠰᠢᠠ ᠪᠠᠶᠢᠴᠠᠭᠠᠯᠲᠠ ᠶᠡᠭᠡ ᠴᠡᠭᠴᠡᠯᠡᠡ ᠵᠠᠰᠠᠯᠲᠠ ᠎ ᠶᠢ ᠲᠦᠷᠭᠡᠡ ᠦᠷᠨᠢᠭᠦᠯᠵᠦ᠂ ᠠᠰᠠᠭᠤᠲᠠᠯ ᠤᠨ ᠲᠠᠯᠲᠠ ᠭᠡᠮ ᠰᠤᠭᠤᠭ ᠢ ᠪᠦᠬᠦ ᠲᠠᠯ᠎ᠠ ᠪᠠᠷ ᠬᠦᠨᠵᠡᠭᠡᠢ ᠰᠢᠭᠰᠢᠨ ᠪᠠᠶᠢᠴᠠᠭᠠᠵᠦ ᠴᠡᠭᠴᠡᠯᠡᠡ ᠵᠠᠰᠠᠬᠤ ᠰᠠᠭᠤᠷᠢᠨ ᠲᠡᠭᠡᠷ᠎ᠠ᠂ ᠭᠤᠤᠯᠲᠠᠯᠭ᠎ᠠ ᠲᠠᠢ ᠠᠵᠢᠯ ᠲᠦᠷᠦᠯ᠂ ᠭᠤᠤᠯᠲᠠᠯᠭ᠎ᠠ ᠲᠠᠢ ᠬᠦᠷᠢᠶ᠎ᠡ᠂ ᠭᠤᠤᠯᠲᠠᠯᠭ᠎ᠠ ᠲᠠᠢ ᠭᠠᠵᠠᠷ ᠢ ᠭᠤᠤᠯᠲᠠᠯᠭ᠎ᠠ ᠲᠠᠢ ᠴᠡᠭᠴᠡᠯᠡᠡ ᠵᠠᠰᠠᠵᠦ᠂ ᠪᠠᠶᠢᠴᠠᠭᠠᠯᠲᠠ ᠲᠤᠮᠲᠠ ᠢᠯᠡᠷᠡᠭᠦᠯᠦᠭᠰᠡᠡ ᠠᠰᠠᠭᠤᠲᠠᠯ ᠢ ᠪᠠᠶᠢᠴᠠᠭᠠᠯᠲᠠ ᠶᠢ ᠬᠦᠯᠢᠶᠡᠵᠦ ᠪᠠᠶᠢᠭ᠎ᠠ ᠭᠠᠵᠠᠷ ᠤᠷᠤᠨ ᠪᠤᠯᠤᠨ ᠨᠢᠭᠡᠴᠢ ᠶᠢ ᠵᠠᠷᠯᠢᠠᠠᠲᠠᠵᠦ ᠪᠠᠶᠢᠭᠠᠳ ᠪᠦᠬᠦ ᠲᠠᠯ᠎ᠠ ᠪᠠᠷ ᠪᠤᠲᠠᠲᠠᠢ ᠴᠡᠭᠴᠡᠯᠡᠡ ᠰᠠᠶᠢᠵᠢᠷᠠᠭᠤᠯᠬᠤ ᠬᠡᠷᠡᠭᠲᠡᠢ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠦᠭᠡᠢ᠂ ᠬᠠᠷᠢᠭᠤᠴᠠᠯᠭ᠎ᠠ ᠪᠠᠨ ᠠᠯᠲᠠᠵᠦ ᠲᠤᠰᠢᠶᠠᠯ ᠳᠤ ᠪᠠᠨ ᠴᠠᠯᠠᠭᠠᠢᠢᠲᠠᠭᠰᠠᠤᠠ ᠠᠴᠠ ᠬᠠᠤᠯᠢ ᠲᠤᠭᠲᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠵᠦ᠂ ᠴᠢᠩᠭ᠎ᠠ ᠰᠢᠢᠳᠭᠡᠬᠦ ᠬᠡᠷᠡᠭᠲᠡᠢ ᠭᠡᠵᠠᠢ᠃      ᠬᠤᠷᠠᠯ ᠠᠴᠠ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠠ ᠰᠤᠷᠤᠯᠴᠠᠵᠦ᠂ ︽ᠲᠠᠷᠢᠶᠠᠯᠠᠩ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ ᠢ ᠤᠷᠢᠳ ᠢᠶᠠᠷ ᠬᠦᠭᠵᠢᠭᠦᠯᠬᠦ ᠶᠢ ᠪᠠᠷᠢᠮᠲᠠᠯᠠᠵᠦ ︿ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠮᠠᠯ ᠠᠵᠦ ᠠᠬᠤᠢ ᠮᠠᠯᠵᠢᠬᠤ ᠤᠷᠤᠨ ᠮᠠᠯᠴᠢᠨ﹀᠎ ᠤ ᠠᠵᠢᠯ ᠢ ᠦᠨᠡᠡ ᠬᠦ ᠰᠠᠶᠢᠲᠤᠷ ᠬᠢᠬᠦ ᠭᠡᠷᠡᠭᠵᠢᠭᠦᠯᠦᠯᠲᠠ ᠶᠢᠨ ᠰᠠᠨᠠᠯ︾ ︽ᠰᠢᠨ᠎ᠠ ᠴᠠᠭ ᠦᠶ᠎ᠠ ᠳᠤ ᠨᠠᠮ ᠵᠠᠰᠠᠭ ᠴᠡᠷᠢᠭ ᠴᠠᠭᠲᠠᠭ᠎ᠠ ᠠᠷᠠᠳ ᠤᠨ ᠨᠡᠶᠢᠯᠡᠯ ᠬᠦᠴᠤ ᠶᠢ ᠴᠢᠩᠭᠠᠳᠬᠠᠠ ᠬᠢᠯᠢ ᠬᠢᠵᠠᠭᠠᠷ ᠤᠷᠤᠨ ᠤ ᠠᠮᠤᠷ ᠲᠦᠪᠰᠢᠨ ᠢ ᠴᠢᠩᠭᠠᠳᠬᠠᠠ ᠬᠢᠯᠢ ᠶᠢᠨ ᠰᠡᠷᠭᠡᠶᠢᠯᠡᠯᠲᠡ ᠶᠢ ᠪᠠᠬᠢᠵᠢᠭᠦᠯᠬᠦ ᠭᠡᠷᠡᠭᠵᠢᠭᠦᠯᠦᠯᠲᠡ ᠶᠢᠨ ᠰᠠᠨᠠᠯ︾᠎ ᠢ ᠰᠤᠲᠤᠯᠤᠭᠰᠠᠠ ᠪᠠᠶᠢᠨ᠎ᠠ᠃      ᠬᠤᠷᠠᠯ ᠠᠴᠠ ᠪᠠᠰᠠ ᠪᠤᠰᠤᠳ ᠤᠴᠢᠷ ᠶᠠᠪᠤᠲᠠᠯ ᠢ ᠰᠤᠲᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号