2 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ 2019 ᠣᠨ ᠤ ᠥᠪᠡᠷᠲᠡᠭᠡᠨ ᠵᠠᠰᠠᠬᠤ ᠣᠷᠣᠨ ᠤ ᠯᠧᠢ ᠹᠧᠩ ᠠᠴᠠ | ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠶ ᠵᠢᠱᠢᠶ᠎ᠡ ᠦᠵᠡᠭᠦᠯᠬᠦ ᠠᠵᠢᠯᠯᠠᠭ᠎ᠠ ᠶᠢ 3 ᠳ᠋ᠤᠭᠠᠷ | ᠰᠠᠷ᠎ᠠ ᠶᠢᠨ 3 ᠤ ᠡᠳᠦᠷ ᠬᠦᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ | ᠪᠦᠯᠬᠦᠮᠳᠡᠯ ᠲᠣᠭᠤᠷᠢᠭ ᠵᠡᠷᠭᠡ 10 ᠭᠠᠵᠠᠷ ᠲᠤ ᠲᠥᠪᠯᠡᠷᠡᠭᠦᠯᠦᠨ ᠦᠷᠨᠢᠭᠦᠯᠬᠦ ᠶᠢ ᠨᠡᠢᠲᠡᠯᠡᠪᠡ᠃ | 2019 ᠣᠨ ᠤ ᠥᠪᠡᠷᠲᠡᠭᠡᠨ ᠵᠠᠰᠠᠬᠤ ᠣᠷᠣᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠪᠯᠡᠷᠡᠩᠭᠦᠶ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠭᠤᠤᠯ ᠰᠡᠳᠦᠪ ᠨᠢ ︽ᠯᠧᠢ ᠹᠧᠩ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠴᠢᠷᠮᠠᠶᠢᠨ᠎ᠠ︾᠃ ᠭᠤᠣᠯᠳᠠᠭᠤ | ᠡᠬᠡ ᠤᠯᠤᠰ ᠮᠢᠨᠢ ᠮᠠᠨ ᠲᠠᠢ ᠬᠠᠮᠲᠤ — — ᠡᠬᠡ ᠣᠷᠣᠨᠴᠢ ᠳᠠᠭᠤᠤ ᠶᠢ ᠳᠠᠶᠠᠭᠠᠷ ᠢᠶᠠᠨ ᠳᠠᠭᠤᠯᠠᠬᠤ | ᠠᠵᠢᠯᠯᠠᠭ᠎ᠠ᠂ ︽ᠬᠠᠪᠤᠷ ᠤᠨ ᠰᠠᠶᠢᠨ ᠳᠤᠷ᠎ᠠ ᠶᠢᠨ ᠠᠶᠠᠯᠠᠯ ᠢᠶᠠᠷ ᠠᠶᠠᠨᠴᠢᠳ ᠤᠨ ᠰᠡᠳᠬᠢᠯ ᠢ ᠳᠤᠯᠠᠭᠠᠴᠠᠭᠤᠯᠬᠤ︾ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ | ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ᠂ ᠯᠧᠢ ᠹᠧᠩ ᠪᠣᠯ ᠮᠠᠨ ᠤ ᠰᠠᠶᠢᠨ ᠳᠠᠭᠤᠷᠢᠶᠠᠯ — — ᠯᠧᠢ | ᠹᠧᠩ ᠢ ᠣᠯᠠᠨ ᠢᠶᠠᠷ ᠢᠶᠠᠨ ᠮᠠᠭᠲᠠᠨ ᠳᠠᠭᠤᠯᠠᠬᠤ ᠠᠵᠢᠯᠯᠠᠭ᠎ᠠ᠂ ︽ᠯᠧᠢ ᠹᠧᠩ ᠤᠨ ᠵᠣᠷᠢᠭ ᠰᠠᠨᠠᠭ᠎ᠠ ᠶᠢ | ᠪᠠᠳᠠᠷᠠᠭᠤᠯᠵᠤ ᠠᠵᠢᠯ ᠠᠴᠠ ᠪᠠᠨ ᠰᠠᠯᠵᠤ ᠠᠮᠠᠷᠠᠭᠰᠠᠨ ᠺᠠᠳ᠋ᠷᠴᠤᠳ ᠢ ᠬᠠᠯᠠᠮᠵᠢᠯᠠᠬᠤ︾ ᠂ ︽ᠵᠠᠯᠠᠭᠤ ᠨᠠᠰᠤᠨ ᠤ | ᠠᠶᠠᠨ ᠵᠠᠮ ᠢ ᠬᠠᠮᠠᠭᠠᠯᠠᠬᠤ︾ ᠂ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠨᠠᠰᠤᠲᠠᠢᠴᠤᠳ ᠤᠨ | ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ︾᠂ ︽ᠪᠣᠯᠪᠠᠰᠤᠨ ᠠᠶᠠᠯᠠᠯ ᠢᠶᠠᠷ ᠭᠡᠷ ᠲᠤ ᠪᠠᠨ ᠬᠠᠷᠢᠬᠤ︾ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠭᠠᠯ ᠵᠠᠯᠠᠭᠤ ᠨᠠᠰᠤᠨ ᠳᠤ ᠪᠠᠨ ᠭᠠᠪᠢᠶ᠎ᠠ ᠪᠠᠶᠢᠭᠤᠯᠤᠭᠰᠠᠨ 70 | ᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠠᠷ ᠢᠶᠠᠨ ᠤᠮᠠᠷᠠᠲᠤ ᠶᠢᠨ ᠬᠢᠯᠢ ᠬᠢᠵᠠᠭᠠᠷ ᠢ ᠭᠢᠯᠠᠯᠵᠠᠭᠤᠯᠬᠤ — | — ᠤᠷᠤᠭᠤᠯ ᠰᠡᠲᠡᠷᠬᠡᠢ ᠡᠪᠡᠳᠴᠢᠲᠠᠨ ᠢ ᠬᠠᠯᠠᠮᠵᠢᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠣᠨ | ᠰᠠᠶᠢᠨ ᠳᠤᠷᠠᠴᠤᠳ ᠤᠨ ᠠᠯᠪᠠᠨ ᠵᠢᠷᠤᠮ ᠤᠨ ᠴᠢᠰᠤ ᠬᠠᠨᠳᠢᠪᠯᠠᠬᠤ ᠠᠵᠢᠯᠯᠠᠭ᠎ᠠ ᠵᠡᠷᠭᠡ 10 ᠵᠦᠢᠯ ᠤᠨ ᠠᠵᠢᠯᠯᠠᠭ᠎ᠠ | ᠦᠷᠨᠢᠭᠦᠯᠬᠦ ᠪᠣᠯᠣᠨ᠎ᠠ᠃ | 3 ᠳ᠋ᠤᠭᠠᠷ ᠰᠠᠷ᠎ᠠ ᠪᠣᠯ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠰᠠᠷ᠎ᠠ ᠪᠣᠯᠤᠨ᠎ᠠ᠂ ᠥᠪᠡᠷᠲᠡᠭᠡᠨ | ᠵᠠᠰᠠᠬᠤ ᠣᠷᠣᠨ ᠪᠠᠰᠠ ᠪᠥᠬᠦ ᠣᠷᠣᠨ ᠳᠤ ︽2019 ᠣᠨ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠪᠯᠡᠷᠡᠩᠭᠦᠶ ᠵᠢᠱᠢᠶ᠎ᠡ ᠦᠵᠡᠭᠦᠯᠬᠦ ᠠᠵᠢᠯᠯᠠᠭ᠎ᠠ︾ ᠥᠷᠨᠢᠭᠦᠯᠬᠦ ᠪᠣᠯᠤᠨ᠎ᠠ᠂ ᠡᠭᠦᠨ ᠳᠤ | ᠭᠤᠤᠯᠳᠠᠭᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠪᠯᠡᠷᠡᠩᠭᠦᠶ ᠵᠢᠱᠢᠶ᠎ᠡ | ᠦᠵᠡᠭᠦᠯᠬᠦ ᠠᠵᠢᠯᠯᠠᠭ᠎ᠠ︔ ᠯᠧᠢ ᠹᠧᠩ ᠤᠨ ᠵᠣᠷᠢᠭ ᠰᠠᠨᠠᠭᠠᠨ ᠤ ᠤᠬᠠᠭᠤᠯᠭ᠎ᠠ ᠬᠥᠮᠦᠵᠢᠯ ᠢ ᠪᠠᠢᠭᠤᠯᠭ᠎ᠠ᠂ ᠠᠵᠤ | ᠠᠬᠤᠢᠯᠠᠯ᠂ ᠴᠡᠷᠢᠭ ᠤᠨ ᠬᠤᠸᠠᠷᠠᠨ᠂ ᠮᠠᠯᠵᠢᠬᠤ ᠲᠠᠷᠢᠶᠠᠯᠠᠬᠤ ᠣᠷᠣᠨ ᠪᠠ ᠵᠡᠭᠡᠯᠢ ᠭᠤᠳᠤᠮᠵᠢ ᠨᠡᠶᠢᠭᠡᠮ | ᠲᠣᠭᠤᠷᠢᠭ ᠲᠤ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ︔ ︽ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾ | ᠤᠨ ᠠᠵᠢᠯᠯᠠᠭ᠎ᠠ︔ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠ ᠲᠡᠷᠢᠭᠦᠨ ᠤ ᠵᠢᠱᠢᠶᠡᠴᠢ ᠬᠥᠮᠦᠰ ᠠᠴᠠ | ᠰᠤᠷᠤᠯᠴᠠᠨ ᠤᠬᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ | ᠲᠡᠷᠢᠭᠦᠨ ᠤ ᠬᠢ ᠶᠢ ᠰᠠᠶᠢᠰᠢᠶᠠᠨ ᠬᠦᠬᠢᠭᠦᠯᠵᠦ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠨ᠂ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠲᠦᠯᠬᠢᠨ ᠠᠬᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠪᠠᠰᠠ ᠤᠯᠠᠭᠠᠨᠴᠠᠪ | ᠬᠤᠲᠠ ᠶᠢᠨ ᠳᠦᠷᠪᠡᠳ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠵᠡᠷᠭᠡ 20 ᠬᠠᠮᠲᠤ ᠨᠡᠶᠢᠲᠡ ᠶᠢ ᠪᠥᠬᠦ ᠣᠷᠣᠨ ᠤ ᠯᠧᠢ ᠹᠧᠩ ᠠᠴᠠ ᠰᠤᠷᠤᠯᠴᠠᠬᠤ | ᠠᠵᠢᠯᠯᠠᠭ᠎ᠠ ᠶᠢᠨ ᠳᠥᠷᠪᠡᠳᠦᠭᠡᠷ ᠪᠦᠯᠦᠭ ᠤᠨ ᠵᠢᠱᠢᠶ᠎ᠡ ᠦᠵᠡᠭᠦᠯᠬᠦ ᠴᠡᠭ ᠢᠶᠠᠷ ᠨᠡᠷᠡᠶᠢᠳᠴᠦ᠂ ᠥᠪᠥᠷ ᠮᠣᠩᠭᠤᠯ ᠤᠨ | ᠱᠦᠨ ᠹᠧᠩ ᠲᠦᠷᠭᠡᠨ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠩ ᠲᠠᠢ ᠴᠡᠭ ᠲᠠᠬᠢ | ᠲᠦᠷᠭᠡᠨ ᠢᠯᠡᠭᠡᠭᠴᠢ ᠵᠢᠶᠠ ᠰᠢ ᠵᠡᠷᠭᠡ 30 ᠨᠥᠬᠦᠳ ᠢ ᠪᠥᠬᠦ ᠣᠷᠣᠨ ᠤ ᠠᠵᠢᠯ ᠤᠨ ᠪᠠᠶᠢᠷᠢ ᠳᠠᠬᠢ ᠯᠧᠢ | ᠹᠧᠩ ᠠᠴᠠ ᠰᠤᠷᠤᠯᠴᠠᠬᠤ ᠳᠥᠷᠪᠡᠳᠦᠭᠡᠷ ᠪᠦᠯᠦᠭ ᠤᠨ ᠦᠯᠢᠭᠡᠷ ᠳᠠᠭᠤᠷᠢᠶᠠᠯ ᠪᠣᠯᠭᠠᠬᠤ ᠪᠠᠷ ᠪᠠᠶᠢᠨ᠎ᠠ᠃ |