ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/2/28
      2 ᠳ᠋ᠤᠭᠠᠷ ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠶᠠᠳᠤᠭᠠᠷ ᠲᠠᠯᠠᠪᠠᠢ ᠶᠢᠨ ᠬᠤᠷᠠᠯ ᠢ ᠬᠤᠷᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠳᠡᠳ᠋ ᠡᠷᠬᠢᠯᠡᠭᠴᠢ ᠼᠤᠤ ᠰᠧ ᠶᠠᠩ ᠭᠤᠣᠯ ᠰᠡᠳᠦᠪ ᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠯᠢᠦ ᠶᠦᠩ ᡁᠢ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠶᠢᠨ ᠮᠠᠨ ᠢ᠂ ᠠᠵᠢᠯ ᠣᠯᠭᠤᠬᠤ ᠲᠣᠪᠴᠢᠶᠠᠨ ᠤ ᠳᠠᠷᠤᠭ᠎ᠠ ᠸᠠᠩ ᠯᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠭᠠᠴᠠᠭ᠎ᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠶᠠᠩ ᠪᠦᠦ ᠹᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号