ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠲᠠᠪᠴᠠᠩ ᠢ ᠠᠰᠢᠭᠯᠠᠨ ᠬᠠᠯᠠᠭᠤᠨ ᠰᠤᠷᠤᠯᠴᠠᠭ᠎ᠠ ᠥᠷᠨᠢᠭᠦᠯᠵᠦ ᠪᠣᠢ
ᠨᠡᠶᠢᠲᠡᠯᠡᠭᠰᠡᠨ ᠴᠠᠭ᠄
2019/2/28
     ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠢ ᠳᠡᠯᠭᠡᠷᠡᠭᠦᠯᠦᠭᠰᠡᠨ ᠠᠴᠠ ᠨᠠᠭᠠᠰᠢ᠂ ᠪᠦᠬᠦ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠭ᠎ᠠ ᠶᠢᠨ ᠲᠠᠪᠴᠠᠩ ᠢᠶᠠᠷ ᠳᠠᠮᠵᠢᠨ ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾᠎ ᠶᠢ ᠪᠠᠶᠢᠩᠭᠤᠵᠢᠭᠤᠯᠬᠤ ᠴᠢᠬᠤᠯᠠ ᠠᠴᠢᠶᠠᠯᠠᠪᠤᠷᠢ ᠶᠢ ᠪᠠᠷᠢᠮᠲᠠᠯᠠᠵᠤ᠂ ᠪᠦᠬᠦ ᠨᠠᠮ ᠤᠨ ᠭᠡᠰᠢᠭᠦᠨ ᠺᠠᠳ᠋ᠷ ᠬᠠᠷᠢᠯᠴᠠᠨ ᠰᠤᠷᠤᠯᠴᠠᠵᠥ ᠬᠠᠷᠢᠯᠴᠠᠨ ᠠᠳᠠᠯᠢᠳᠬᠠᠵᠤ ᠬᠠᠷᠢᠯᠴᠠᠨ ᠵᠢᠭᠠᠨ ᠰᠤᠷᠭᠠᠬᠤ ᠶᠢ ᠵᠣᠬᠢᠶᠠᠨ ᠪᠠᠶᠢᠭᠤᠯᠵᠤ᠂ ᠬᠠᠯᠠᠭᠤᠨ ᠰᠤᠷᠤᠯᠴᠠᠭ᠎ᠠ ᠥᠷᠨᠢᠭᠦᠯᠵᠡᠢ᠃      ᠨᠢᠭᠡ ᠳᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠠᠵᠢᠯ ᠤᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠡᠳᠡᠭᠳᠡᠯ ᠢ ᠬᠢᠨᠠᠮᠠᠭᠠᠶ ᠤᠯᠠᠮᠵᠢᠯᠠᠨ᠂ ᠦᠵᠡᠯ ᠲᠠᠨᠢᠯᠲᠠ ᠪᠠᠨ ᠥᠨᠡᠨ ᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠠᠢ᠃ ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠤᠨ ᠪᠥᠷᠢᠨᠰᠢᠭᠦᠯᠵᠦ᠂ ᠪᠦᠬᠦ ᠠᠵᠢᠯᠲᠠᠳ ᠲᠤ ᠬᠡᠷᠡᠭᠯᠡᠭᠴᠢᠳ ᠤᠨ ᠦᠵᠦᠭᠦᠷ ᠢ ᠪᠠᠭᠤᠯᠭᠠᠵᠤ ᠤᠭᠰᠠᠷᠠᠬᠤ ᠪᠠ ᠳᠠᠩᠰᠠᠯᠠᠭᠤᠯᠬᠤ ᠶᠢ ᠱᠠᠭᠠᠷᠳᠠᠵᠤ᠂ ᠪᠦᠭᠦᠳᠡᠭᠡᠷ ᠢᠶᠠᠨ ᠲᠠᠪᠴᠠᠩ ᠳᠤ ᠭᠠᠷᠴᠤ᠂ ᠪᠦᠭᠦᠳᠡᠭᠡᠷ ᠢᠶᠠᠨ ᠰᠤᠷᠤᠯᠴᠠᠬᠤ ᠶᠢ ᠦᠨᠡᠨ ᠬᠦ ᠪᠠᠲᠤᠯᠠᠵᠤ᠂ ᠬᠥᠮᠦᠨ ᠪᠦᠬᠦᠨ ᠢ ᠰᠤᠷᠤᠯᠴᠠᠪᠠᠯ ᠴᠢᠷᠮᠠᠶᠢᠯᠲᠠ ᠲᠠᠢ᠂ ᠰᠤᠷᠤᠯᠴᠠᠪᠠᠯ ᠤᠬᠠᠭᠠᠷᠠᠯ ᠲᠠᠢ᠂ ᠰᠤᠷᠤᠯᠴᠠᠪᠠᠯ ᠬᠡᠷᠡᠭᠯᠡᠯᠲᠡ ᠲᠠᠢ ᠪᠣᠯᠭᠠᠬᠤ ᠪᠠᠷ ᠴᠢᠷᠮᠠᠶᠢᠵᠠᠢ᠃ ᠭᠤᠷᠪᠠ ᠳᠤ ᠰᠤᠷᠤᠯᠴᠠᠯᠭ᠎ᠠ ᠶᠢᠨ ᠲᠠᠪᠴᠠᠩ ᠤᠨ ᠪᠠᠶᠢᠭᠤᠯᠤᠯᠲᠠ ᠪᠣᠯᠣᠨ ᠰᠤᠷᠤᠯᠴᠠᠬᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠤᠷᠤᠯᠴᠠᠬᠤ ᠮᠠᠶ᠋ᠢᠭ ᠤᠨ ᠪᠠᠶᠢᠭᠤᠯᠭ᠎ᠠ ᠶᠢᠨ ᠪᠠᠶᠢᠭᠤᠯᠤᠯᠲᠠ᠂ ᠰᠤᠷᠤᠯᠴᠠᠬᠤ ᠮᠠᠶ᠋ᠢᠭ ᠤᠨ ᠤᠳᠤᠷᠢᠳᠬᠤ ᠪᠠᠭ ᠤᠨ ᠪᠠᠶᠢᠭᠤᠯᠤᠯᠲᠠ᠂ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠯᠦᠭᠡ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠲᠠᠪᠴᠠᠩ ᠢ ᠳᠡᠯᠭᠡᠷᠡᠭᠦᠯᠬᠦ᠂ ᠬᠡᠷᠡᠭᠯᠡᠬᠦ᠂ ᠡᠬᠡ ᠪᠢᠴᠢᠭ ᠬᠠᠩᠭᠠᠬᠤ ᠪᠠ ᠬᠠᠮᠢᠶᠠᠷᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠵᠠᠢ᠃      ᠣᠳᠣᠬᠠᠨ ᠳᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠦᠵᠦᠭᠦᠷᠯᠢᠭ ᠢ ᠤᠭᠰᠠᠷᠠᠨ ᠬᠡᠷᠡᠭᠯᠡᠵᠦ ᠪᠠᠶᠢᠭ᠎ᠠ ᠬᠦᠮᠦᠰ ᠲᠠᠰᠤᠷᠠᠯᠲᠠ ᠦᠭᠡᠶ ᠨᠡᠮᠡᠭᠳᠡᠵᠦ᠂ ᠬᠠᠮᠤᠭ ᠤᠨ ᠥᠨᠳᠥᠷ ᠰᠤᠷᠤᠯᠴᠠᠯᠭ᠎ᠠ ᠶᠢᠨ ᠬᠤᠪᠢ ᠨᠢ 1400᠎ ᠳᠤ ᠬᠦᠷᠴᠦ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠪᠣᠯᠣᠨ ᠣᠨᠣᠯ ᠤᠨ ᠬᠢᠷᠢ ᠲᠥᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠲᠦᠷᠢᠮ ᠶᠣᠰᠣᠭᠠᠷ ᠰᠢᠨᠵᠢᠯᠡᠬᠦ ᠤᠬᠠᠭᠠᠨᠴᠢ ᠪᠠᠷ ᠡᠷᠬᠢᠯᠡᠬᠦ ᠬᠢᠷᠢ ᠲᠥᠪᠰᠢᠨ ᠪᠠ ᠴᠢᠳᠠᠪᠤᠷᠢ ᠲᠠᠰᠤᠷᠠᠯᠲᠠ ᠦᠭᠡᠶ ᠴᠢᠩᠭᠠᠷᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠶᠢᠨ ᠲᠥᠯᠥᠭᠡ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠠ ᠤᠶᠤᠨ ᠤ ᠳᠡᠮᠵᠢᠯᠭᠡ ᠣᠯᠭᠤᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号