ᠥᠪᠡᠷᠲᠡᠭᠡᠨ ᠵᠠᠰᠠᠬᠤ ᠣᠷᠣᠨ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠳᠠ ᠶᠢᠨ ᠬᠤᠷᠠᠯ ᠬᠢᠵᠡᠢ ᠮᠠ ᠰᠢᠦᠸᠠᠢ ᠵᠢᠶᠦ᠋ᠨ ᠬᠤᠷᠠᠯ ᠡᠷᠬᠢᠯᠡᠨ ᠶᠠᠷᠢᠶ᠎ᠠ ᠳᠠᠯᠪᠢᠪᠠ ᠯᠦᠸᠧ ᠶᠦᠩ ᠭᠠᠨᠭ᠌ ᠶᠠᠷᠢᠶ᠎ᠠ ᠳᠠᠯᠪᠢᠵᠤ ᠯᠢᠶᠠᠨ ᠰᠦ᠋ ᠧᠦ ᠶᠠᠩ ᠰᠢᠶᠣᠤ ᠬᠤᠢ ᠪᠤᠤ ᠭᠠᠨᠭ᠌ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2019/2/28
     2 ᠳ᠋ᠤᠭᠠᠷ ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠦᠬᠦ ᠣᠷᠣᠨ ᠳᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠲᠤᠰ ᠡᠳᠦᠷ ᠠᠴᠠ ᠡᠬᠢᠯᠡᠨ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 12 ᠮᠣᠵᠢ ᠶᠢᠨ ᠳᠡᠰ ᠤᠨ ᠤᠳᠤᠷᠢᠳᠤᠯᠭ᠎ᠠ ᠳᠤᠰᠪᠤᠷᠢ ᠰᠢᠮᠳᠠᠭᠤᠯᠤᠨ ᠪᠠᠶᠢᠴᠠᠭᠠᠬᠤ ᠳᠤᠭᠤᠢᠢᠯᠠᠩ ᠳᠠᠭᠠᠭᠤᠯᠵᠤ᠂ ᠡᠯ᠎ᠡ ᠠᠶᠢᠮᠠᠭ ᠬᠤᠲᠠ ᠳᠤ ᠬᠦ᠋ᠷᠴᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠦᠷᠨᠢᠭᠦᠯᠬᠦ ᠪᠠᠷ ᠲᠣᠭᠲᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠦᠸᠠᠢ ᠵᠢᠶᠦ᠋ᠨ ᠬᠤᠷᠠᠯ ᠡᠷᠬᠢᠯᠡᠨ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠦᠸᠧ ᠶᠦᠩ ᠭᠠᠨᠭ᠌ ᠶᠠᠷᠢᠶ᠎ᠠ ᠳᠠᠯᠪᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠶᠠᠨ ᠰᠦ᠋᠂ ᠥᠪᠡᠷᠲᠡᠭᠡᠨ ᠵᠠᠰᠠᠬᠤ ᠣᠷᠣᠨ  ᠤ ᠳᠡᠳ᠋ ᠲᠡᠷᠢᠭᠦᠯᠡᠭᠴᠢ ᠧᠦ ᠶᠠᠩ ᠰᠢᠶᠣᠤ ᠬᠤᠢ᠂ ᠪᠤᠤ ᠭᠠᠨᠭ᠌ ᠬᠤᠷᠠᠯ ᠳᠤ ᠣᠷᠣᠯᠴᠠᠪᠠ᠃      ᠮᠠ ᠰᠢᠦᠸᠠᠢ ᠵᠢᠶᠦ᠋ᠨ ᠴᠢᠬᠤᠯᠠᠴᠢᠯᠠᠭᠰᠠᠨ ᠨᠢ᠂ ᠳᠤᠰ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠠᠶᠢᠴᠠᠭᠠᠯᠳᠠ ᠶᠢᠨ ᠭᠤᠣᠯᠳᠠᠯᠭ᠎ᠠ ᠶᠢ ᠣᠨᠣᠪᠴᠢᠲᠠᠢ ᠠᠳᠬᠤᠵᠤ᠂ ᠠᠰᠠᠭᠤᠳᠠᠯ ᠤᠨ ᠨᠠᠷᠢᠨ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠳᠦᠷᠢᠮ ᠢ ᠨᠠᠶᠢᠳᠠᠪᠤᠷᠢᠵᠢᠭᠤᠯᠵᠤ᠂ ᠠᠰᠠᠭᠤᠳᠠᠯ ᠤᠨ ᠭᠡᠮ ᠰᠤᠭᠤᠭ ᠢ ᠳᠦᠢᠯᠪᠤᠷᠢᠳᠠᠢ ᠠᠷᠢᠯᠭᠠᠬᠤ ᠬᠡᠷᠡᠭᠳᠠᠢ᠂ ᠬᠠᠰᠢ ᠶᠠᠰᠢ ᠦᠡᠭᠭᠡᠷᠡᠬᠦᠯᠵᠤ ᠪᠤᠯᠬᠤ ᠦᠭᠡᠢ᠃ ᠶᠡᠭᠡ ᠪᠠᠶᠢᠴᠠᠭᠠᠯᠲᠠ ᠬᠢᠬᠦ ᠪᠠᠷ ᠳᠠᠮᠵᠢᠭᠤᠯᠤᠨ ᠠᠶᠤᠯ ᠦᠭᠡᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠤᠯᠠᠮ ᠴᠢᠨᠠᠭᠰᠢᠳᠠ ᠪᠠᠲᠤ ᠴᠢᠩᠭ᠎ᠠ ᠠᠳᠬᠤᠵᠤ᠂ ᠳᠠᠷᠤᠯᠲᠠ ᠪᠣᠯᠤᠨ ᠬᠠᠷᠢᠭᠤᠴᠠᠯᠭ᠎ᠠ ᠶᠢ ᠦᠨᠳᠦᠰᠦᠨ ᠱᠠᠲᠤᠨ ᠤ ᠵᠠᠰᠠᠭ ᠤᠨ ᠣᠷᠳᠣᠨ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠦᠢᠯᠡᠳᠪᠦᠷᠢᠯᠡᠯ ᠤᠨ ᠠᠵᠤ ᠠᠬᠤᠢᠢᠯᠠᠯ ᠳᠤ ᠬᠦᠷᠲᠡᠯ᠎ᠡ ᠳᠠᠮᠵᠢᠭᠤᠯᠬᠤ ᠬᠡᠷᠡᠭᠲᠡᠢ᠃ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ ᠨᠡᠭᠦᠷᠡᠰᠦᠨ ᠠᠭᠤᠷᠬᠠᠢ᠂ ᠨᠡᠭᠦᠷᠡᠰᠦᠨ ᠪᠤᠰᠤ ᠠᠭᠤᠷᠬᠠᠢ᠂ ᠠᠶᠤᠯᠳᠠᠢ ᠬᠢᠮᠢ ᠶᠢᠨ ᠪᠤᠳᠠᠰ᠂ ᠵᠠᠰᠠᠮᠠᠯ ᠵᠠᠮ ᠤᠨ ᠳᠡᠭᠡᠭᠡᠪᠦᠷᠢᠯᠡᠯᠳᠡ᠂ ᠣᠨᠴᠠ ᠲᠥᠷᠥᠯ ᠤᠨ ᠲᠥᠬᠦᠭᠡᠷᠦᠮᠵᠢ᠂ ᠳᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠠᠬᠢ ᠠᠶᠤᠯ ᠦᠭᠡᠢ ᠦᠢᠯᠡᠳᠪᠦᠷᠢᠯᠡᠯ ᠎ ᠤᠨ ᠳᠤᠰᠬᠠᠢ ᠲᠦᠷᠦᠯ ᠤᠨ ᠴᠡᠭᠴᠡᠯᠡᠨ ᠰᠠᠶᠢᠵᠢᠷᠠᠭᠤᠯᠤᠯᠳᠠ ᠶᠢ ᠴᠢᠨᠠᠭᠰᠢᠳᠠ ᠴᠢᠩᠭᠠᠳᠬᠠᠬᠤ ᠬᠡᠷᠡᠭᠳᠠᠢ᠃ ᠠᠶᠤᠯ ᠦᠭᠡᠢ ᠦᠢᠯᠡᠳᠪᠦᠷᠢᠯᠡᠯ ᠤᠨ ᠶᠠᠪᠤᠴᠠ ᠳᠠᠬᠢ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠴᠡᠭᠴᠡᠯᠡᠨ ᠵᠠᠰᠠᠵᠤ᠂ ᠠᠮᠤᠷ ᠲᠦᠪᠰᠢᠨ ᠤ ᠨᠥᠬᠦᠴᠡᠯ ᠳᠤ ᠦᠯᠦ ᠨᠡᠶᠢᠴᠡᠬᠦ ᠶᠢ ᠡᠷᠡᠰ ᠴᠢᠩᠭ᠎ᠠ ᠬᠠᠭᠠᠵᠤ ᠵᠣᠭᠰᠣᠭᠠᠨ ᠴᠡᠭᠴᠡᠯᠡᠯᠲᠡ ᠬᠢᠬᠦ ᠬᠡᠷᠡᠭᠲᠡᠢ ᠭᠡᠵᠡᠢ᠃      ᠯᠦᠸᠧ ᠶᠦᠩ ᠭᠠᠨᠭ᠌ ᠵᠢᠭᠠᠵᠤ ᠭᠠᠷᠭᠠᠭᠰᠠᠨ ᠨᠢ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠪᠦᠬᠦᠨ ᠵᠢᠷᠦᠭᠡ ᠰᠢᠮᠰᠢᠷᠡᠬᠦᠯᠤᠨ᠎ᠡ᠂ ᠠᠶᠤᠯ ᠦᠭᠡᠢ ᠦᠢᠯᠡᠳᠪᠦᠷᠢᠯᠡᠯ ᠳᠤ ᠴᠠᠭ ᠮᠥᠴᠡ ᠰᠡᠷᠡᠮᠵᠢ ᠶᠢᠨ ᠬᠤᠨᠭ᠍ᠬᠤ ᠶᠢ ᠬᠠᠨᠭ᠍ᠬᠢᠨᠠᠭᠤᠯᠪᠠᠯ ᠵᠤᠬᠢᠨ᠎ᠠ᠃ ᠳᠤᠰ ᠤᠳᠠᠭ᠎ᠠ ᠪᠦᠬᠦ ᠣᠷᠣᠨ ᠳᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠠᠰᠠᠭᠤᠳᠠᠯ ᠤᠨ ᠭᠡᠮ ᠰᠤᠭᠤᠭ ᠢ ᠪᠦᠬᠦ ᠲᠠᠯ᠎ᠠ ᠪᠠᠷ ᠭᠦᠨᠵᠡᠭᠡᠢ ᠪᠠᠶᠢᠴᠠᠭᠠᠨ ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠶᠢ ᠳᠣᠪᠤᠶᠢᠯᠭᠠᠨ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ᠂ ᠪᠠᠶᠢᠴᠠᠭᠠᠭᠳᠠᠵᠤ ᠪᠠᠶᠢᠭ᠎ᠠ ᠭᠠᠵᠠᠷ ᠣᠷᠣᠨ ᠪᠠ ᠪᠠᠶᠢᠭᠤᠯᠭ᠎ᠠ ᠨᠢᠭᠡᠴᠢ ᠶᠢ ᠵᠠᠷᠯᠢᠭᠳᠠᠵᠤ ᠪᠠᠶᠢᠭᠠᠳ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠬᠦᠴᠦᠯᠡᠬᠦ ᠥᠬᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠪᠠᠶᠢᠪᠠᠯ ᠬᠠᠤᠯᠢ ᠲᠦᠷᠢᠮ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠦᠨᠳᠤ ᠪᠠᠷ ᠰᠢᠢᠳᠬᠡᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号