ᠥᠪᠥᠷ ᠵᠠᠰᠠᠭ ᠠᠯᠪᠠᠨ ᠲᠠᠷᠬᠠᠭᠠᠭᠰᠠᠨ ﹇2018﹈ 81 ᠳ᠋ᠤᠭᠡᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠠᠷᠭ᠎ᠠ︾ ᠶᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠠᠷᠭ᠎ᠠ | | | ᠨᠢᠭᠡᠳᠦᠭᠡᠷ ᠵᠦᠢᠯ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠢ ᠴᠢᠩᠭᠠᠳᠬᠠᠬᠤ ᠲᠣᠬᠠᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠢᠳᠡᠭᠡᠨ ᠤ ᠵᠦᠢᠯ ᠤᠨ ᠠᠮᠦᠷ ᠲᠥᠪᠰᠢᠨ ᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠨ ᠠᠬᠢᠭᠤᠯᠵᠤ᠂ ᠢᠳᠡᠭᠡᠨ ᠤ ᠵᠦᠢᠯ ᠤᠨ ᠠᠮᠦᠷ ᠲᠥᠪᠰᠢᠨ ᠢ ᠵᠠᠰᠠᠬᠤ | ᠰᠢᠰᠲ᠋ᠧᠮᠵᠢ ᠶᠢ ᠨᠢ ᠲᠦᠷᠭᠡᠳᠭᠡᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠢᠨ ᠤ | ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠢ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠪᠠᠲᠤᠯᠠᠬᠤ ᠬᠢᠷᠢ | ᠲᠥᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠤᠯᠢ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ︽ᠢᠳᠡᠭᠡᠨ ᠤ ᠵᠦᠢᠯ ᠤᠨ ᠠᠮᠦᠷ ᠲᠥᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ | ᠲᠣᠬᠠᠢ ᠰᠠᠨᠠᠯ︾ ︵ᠦᠪᠦᠷ ᠨᠠᠮ ᠲᠠᠷᠬᠠᠭᠠᠭᠰᠠᠨ ﹇2016﹈ 8 ᠳ᠋ᠤᠭᠠᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ | ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠪᠠ ᠦᠪᠡᠷᠲᠡᠭᠡᠨ ᠵᠠᠰᠠᠬᠤ | ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠪᠦᠷᠢᠯᠳᠦᠭᠦᠨ ᠨᠢᠭᠡᠴᠢ ᠨᠦᠭᠦᠳ ᠢ | ᠵᠦᠪᠯᠡᠨ ᠶᠠᠷᠢᠯᠴᠠᠬᠤ ᠳᠤ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠵᠦᠪᠳᠡᠯᠴᠡᠨ ᠰᠢᠯᠭᠠᠨ ᠬᠢᠨᠠᠬᠤ ᠠᠵᠢᠯ ᠢ ᠪᠣᠯ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ | ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠨᠢ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ | ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠲᠤᠰᠬᠠᠢ ᠮᠡᠷᠭᠡᠵᠢᠯᠲᠡᠨ ᠢᠶᠠᠷ | ᠪᠦᠷᠢᠯᠳᠦᠭᠰᠡᠨ ᠵᠦᠪᠯᠡᠵᠦ ᠰᠢᠯᠭᠠᠨ ᠬᠢᠨᠠᠬᠤ ᠠᠵᠢᠯ ᠤᠨ ᠳᠤᠭᠤᠶᠢᠯᠠᠩ ᠲᠠᠢ ᠬᠠᠮᠲᠤᠷᠠᠵᠤ ᠪᠣᠲᠠᠲᠠᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ᠵᠢᠯ ᠪᠦᠷᠢ ᠶᠢᠨ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ | ᠬᠦᠷᠲᠡᠯᠡᠬᠢ ᠶᠢ ᠨᠢᠭᠡ ᠵᠦᠪᠯᠡᠵᠦ ᠰᠢᠯᠭᠠᠨ ᠬᠢᠨᠠᠬᠤ ᠣᠨ ᠪᠣᠯᠭᠠᠨ᠎ᠠ᠃ ᠦᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠵᠢᠯ ᠪᠦᠷᠢ ᠶᠢᠨ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠢ ᠵᠣᠬᠢᠶᠠᠨ ᠪᠠᠶᠢᠭᠤᠯᠵᠤ ᠲᠤᠰ | ᠣᠨ ᠤ ᠵᠦᠪᠯᠡᠵᠦ ᠰᠢᠯᠭᠠᠨ ᠬᠢᠨᠠᠬᠤ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ᠃ | ᠳᠥᠷᠪᠡᠳᠦᠭᠡᠷ ᠵᠦᠢᠯ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠢ ᠣᠷᠣᠨ | ᠨᠤᠲᠤᠭ ᠤᠨ ᠵᠠᠰᠠᠭ ᠤᠨ ᠣᠷᠳᠣᠨ ᠤ ᠣᠨ ᠤ ᠪᠣᠳᠠᠳᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ | ᠣᠷᠤᠭᠤᠯᠵᠤ᠂ ᠰᠢᠯᠭᠠᠨ ᠬᠢᠨᠠᠬᠤ ᠬᠤᠪᠢ ᠶᠢᠨ ᠬᠠᠷᠢᠴᠠᠯ ᠢ 5% ᠠᠴᠠ ᠳᠡᠭᠡᠭᠰᠢ ᠪᠠᠶᠢᠯᠭᠠᠨ᠎ᠠ᠃ | ᠲᠠᠪᠤᠳᠤᠭᠠᠷ ᠵᠦᠢᠯ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠢ ᠵᠦᠪᠯᠡᠵᠦ ᠰᠢᠯᠭᠠᠨ | ᠬᠢᠨᠠᠬᠤ ᠭᠤᠣᠯ ᠠᠭᠤᠯᠭ᠎ᠠ᠄ | ︵ᠨᠢᠭᠡ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠲᠣᠬᠠᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ︔ | ︵ᠬᠤᠶᠠᠷ︶ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ | ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠯᠤᠭ᠎ᠠ ᠲᠣᠭᠲᠠᠭᠠᠭᠰᠠᠨ ᠣᠨ ᠤ ︽ᠢᠳᠡᠭᠡᠨ ᠪᠠ | ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠢ ᠨᠠᠶᠢᠳᠠᠪᠤᠷᠢᠵᠢᠭᠤᠯᠤᠭᠰᠠᠨ | ᠪᠠᠶᠢᠳᠠᠯ︔ | ︵ᠳᠥᠷᠪᠡ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠳᠠᠬᠢ ᠵᠣᠬᠢᠶᠠᠨ ᠪᠠᠶᠢᠭᠤᠯᠵᠤ ᠤᠳᠤᠷᠢᠳᠤᠭᠰᠠᠨ ᠪᠠ ᠳᠡᠮᠵᠢᠵᠦ ᠪᠠᠲᠤᠯᠠᠭ᠎ᠠ ᠬᠠᠩᠭᠠᠭᠰᠠᠨ ᠪᠠᠶᠢᠳᠠᠯ᠂ | ᠭᠤᠣᠯᠳᠠᠭᠤ ᠶᠡᠷᠦᠩᠬᠡᠶᠢᠯᠡᠨ ᠵᠣᠬᠢᠴᠠᠭᠤᠯᠬᠤ᠂ ᠳᠦᠷᠢᠮ ᠲᠣᠭᠲᠠᠭᠠᠯ ᠲᠣᠭᠲᠠᠭᠠᠬᠤ᠂ ᠬᠠᠮᠢᠶᠠᠷᠤᠯᠲᠠ ᠶᠢᠨ | ᠰᠢᠰᠲ᠋ᠧᠮᠵᠢ᠂ ᠡᠩᠨᠡᠭᠡᠨ ᠤ ᠪᠠᠶᠢᠭᠤᠯᠤᠯᠲᠠ᠂ ᠵᠠᠷᠤᠳᠠᠯ ᠤᠨ ᠣᠷᠤᠭᠤᠯᠤᠯᠲᠠ᠂ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠪᠠ ᠬᠠᠷᠢᠭᠤᠴᠠᠯᠭ᠎ᠠ ᠨᠡᠭᠡᠮᠵᠢᠯᠡᠬᠦ ᠵᠡᠷᠭᠡ ᠪᠠᠭᠲᠠᠨ᠎ᠠ︔ | ︵ᠲᠠᠪᠤ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯᠳᠠᠭᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠢ ᠢᠷᠡᠯᠲᠡ ᠠᠴᠠ ᠨᠢ ᠵᠠᠰᠠᠬᠤ᠂ ᠪᠠᠷᠢᠮᠵᠢᠶᠠᠵᠢᠭᠤᠯᠤᠨ ᠬᠠᠮᠢᠶᠠᠷᠬᠤ᠂ ᠠᠬᠤᠢ ᠲᠠᠯᠠᠪᠠᠢ ᠶᠢ ᠨᠢ | ᠬᠢᠨᠠᠯᠲᠠ ᠲᠠᠯᠪᠢᠵᠤ ᠪᠠᠶᠢᠴᠠᠭᠠᠬᠤ᠂ ᠰᠤᠭᠤᠴᠢᠨ ᠪᠠᠶᠢᠴᠠᠭᠠᠵᠤ ᠬᠢᠨᠠᠨ ᠰᠢᠨᠵᠢᠬᠦ᠂ ᠲᠤᠰᠬᠠᠢ ᠵᠦᠢᠯ ᠢᠶᠠᠷ ᠪᠠᠶᠢᠴᠠᠭᠠᠬᠤ | ᠪᠠ ᠠᠰᠠᠭᠤᠳᠠᠯ ᠢ ᠰᠢᠢᠳᠪᠦᠷᠢᠯᠡᠬᠦ ᠵᠡᠷᠭᠡ ᠪᠠᠭᠲᠠᠨ᠎ᠠ︔ | ︵ᠵᠢᠷᠭᠤᠭ᠎ᠠ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠳᠡᠯ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠲᠣᠭᠲᠠᠭᠠᠵᠤ ᠵᠠᠰᠠᠪᠤᠷᠢ ᠣᠷᠤᠭᠤᠯᠬᠤ ᠪᠠ ᠪᠠᠴᠢᠮ ᠪᠠᠶᠢᠳᠠᠯ ᠢ | ᠠᠷᠭᠠᠴᠠᠭᠠᠵᠤ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ︔ | ︵ᠳᠤᠯᠤᠭ᠎ᠠ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠲᠠᠯ᠎ᠠ ᠪᠠᠷ ᠵᠠᠭᠠᠯᠳᠤᠵᠤ ᠢᠯᠡᠴᠢᠯᠡᠨ | ᠮᠡᠳᠡᠭᠦᠯᠦᠭᠰᠡᠨ ᠢ ᠰᠢᠢᠳᠪᠦᠷᠢᠯᠡᠬᠦ ᠪᠠ ᠢᠳᠡᠭᠡᠨ ᠡᠮ ᠤᠨ ᠵᠦᠢᠯ ᠤᠨ ᠬᠠᠤᠯᠢ ᠠᠴᠠ ᠵᠦᠷᠢᠴᠡᠵᠦ ᠶᠠᠯ᠎ᠠ ᠳᠤ | ᠬᠦᠷᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ︔ | ︵ᠨᠠᠢᠮᠠ︶ ᠲᠤᠰ ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠪᠠᠶᠢᠳᠠᠯ ᠵᠢᠴᠢ | ᠢᠳᠡᠭᠡᠨ ᠤ ᠵᠦᠢᠯ ᠤᠨ ᠠᠮᠦᠷ ᠲᠥᠪᠰᠢᠨ ᠤ ᠲᠠᠯ᠎ᠠ ᠪᠠᠷ ᠬᠢ ᠣᠯᠠᠨ ᠨᠡᠶᠢᠲᠡ ᠶᠢᠨ ᠰᠡᠳᠬᠢᠯ ᠬᠠᠨᠤᠮᠵᠢᠲᠠᠢ ᠪᠠᠶᠢᠬᠤ | ᠬᠡᠮᠵᠢᠶ᠎ᠡ ᠳᠤ ᠪᠠᠶᠢᠴᠠᠭᠠᠯᠲᠠ ᠬᠢᠭᠰᠡᠨ ᠵᠡᠷᠭᠡ ᠪᠠᠶᠢᠳᠠᠯ︔ | ︵ᠶᠢᠰᠦ︶ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯ ᠤᠨ | ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠦᠪᠯᠡᠵᠦ ᠰᠢᠯᠭᠠᠨ ᠬᠢᠨᠠᠭᠰᠠᠨ ᠪᠠᠶᠢᠳᠠᠯ︔ | ︵ᠠᠷᠪᠠ︶ ᠵᠦᠪᠯᠡᠵᠦ ᠰᠢᠯᠭᠠᠨ ᠬᠢᠨᠠᠬᠤ ᠴᠢᠬᠤᠯᠠᠲᠠᠢ ᠪᠤᠰᠤᠳ ᠪᠠᠶᠢᠳᠠᠯ᠃ | ᠵᠢᠷᠭᠤᠳᠤᠭᠠᠷ ᠵᠦᠢᠯ ᠰᠢᠯᠭᠠᠨ ᠬᠢᠨᠠᠬᠤ ᠠᠷᠭ᠎ᠠ ᠬᠡᠯᠪᠡᠷᠢ᠄ | ᠰᠢᠯᠭᠠᠨ ᠬᠢᠨᠠᠬᠤ ᠳᠤ ᠡᠩ ᠤᠨ ᠦᠶ᠎ᠡ ᠳᠠᠬᠢ ᠬᠢᠨᠠᠨ ᠡᠵᠡᠮᠰᠢᠬᠦ᠂ ᠵᠢᠯ ᠤᠨ ᠡᠴᠦᠰ ᠤᠨ ᠰᠢᠯᠭᠠᠨ ᠬᠢᠨᠠᠬᠤ ᠲᠠᠢ | ᠤᠶᠠᠯᠳᠤᠭᠤᠯᠬᠤ ᠠᠷᠭ᠎ᠠ ᠬᠡᠯᠪᠡᠷᠢ ᠶᠢ ᠬᠡᠷᠡᠭᠯᠡᠨ᠎ᠡ᠂ ᠡᠭᠦᠨ ᠳᠤ᠂ ᠡᠩ ᠤᠨ ᠦᠶ᠎ᠡ ᠳᠠᠬᠢ ᠬᠢᠨᠠᠨ ᠡᠵᠡᠮᠰᠢᠬᠦ ᠨᠢ | 50% ᠶᠢ ᠡᠵᠡᠯᠡᠵᠦ᠂ ᠵᠢᠯ ᠤᠨ ᠡᠴᠦᠰ ᠤᠨ ᠰᠢᠯᠭᠠᠨ ᠬᠢᠨᠠᠬᠤ ᠨᠢ 50% ᠶᠢ ᠡᠵᠡᠯᠡᠵᠦ᠂ ᠬᠤᠶᠠᠷ ᠵᠦᠢᠯ ᠤᠨ | ᠨᠡᠮᠡᠭᠦᠷᠢ ᠶᠢ ᠵᠠᠭᠤᠨ ᠬᠤᠪᠢ ᠶᠢᠨ ᠳᠦᠷᠢᠮ ᠢᠶᠠᠷ ᠨᠤᠭᠤᠯᠤᠨ ᠪᠤᠳᠤᠭᠰᠠᠨ ᠪᠦᠷᠢᠨ ᠬᠤᠪᠢ ᠨᠢ 100 ᠬᠤᠪᠢ | ᠪᠣᠯᠣᠨ᠎ᠠ᠃ ᠡᠩ ᠤᠨ ᠦᠶ᠎ᠡ ᠳᠠᠬᠢ ᠬᠢᠨᠠᠨ ᠡᠵᠡᠮᠰᠢᠬᠦ ᠶᠢ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠨᠢ ᠣᠨ ᠤ | ᠠᠵᠢᠯ ᠢᠶᠠᠨ ᠤᠯᠠᠷᠢᠯ ᠢᠶᠠᠷ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠬᠡᠮᠵᠢᠶᠡᠵᠢᠭᠦᠯᠵᠦ ᠬᠤᠪᠢ ᠣᠯᠭᠤᠨ᠎ᠠ᠂ | ᠡᠩ ᠤᠨ ᠦᠶ᠎ᠡ ᠳᠠᠬᠢ ᠬᠢᠨᠠᠨ ᠡᠵᠡᠮᠰᠢᠬᠦ ᠠᠵᠢᠯ ᠳᠤ ᠭᠤᠣᠯᠳᠠᠯᠭ᠎ᠠ ᠲᠠᠢ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ᠂ | ᠲᠤᠰᠬᠠᠢ ᠵᠦᠢᠯ ᠤᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠬᠤ ᠵᠡᠷᠭᠡ ᠠᠭᠤᠯᠭ᠎ᠠ ᠪᠠᠭᠲᠠᠨ᠎ᠠ᠃ ᠵᠢᠯ ᠤᠨ | ᠡᠴᠦᠰ ᠤᠨ ᠰᠢᠯᠭᠠᠨ ᠬᠢᠨᠠᠬᠤ ᠶᠢ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠵᠦᠪᠯᠡᠯ ᠤᠨ ᠠᠯᠪᠠᠨ ᠭᠡᠷ ᠨᠢ ᠳᠣᠣᠷᠠᠬᠢ ᠳᠡᠰ ᠳᠠᠷᠠᠭᠠᠯᠠᠯ ᠢᠶᠠᠷ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠄ | ︵ᠨᠢᠭᠡ︶ ᠲᠦᠰᠦᠯ ᠲᠣᠭᠲᠠᠭᠠᠬᠤ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠵᠢᠯ ᠪᠦᠷᠢ ᠶᠢᠨ 11 ᠳ᠋ᠤᠭᠡᠷ ᠰᠠᠷ᠎ᠠ ᠶᠢᠨ 15 ᠤ ᠡᠳᠦᠷ ᠠᠴᠠ | ᠡᠮᠦᠨ᠎ᠡ ᠣᠨ ᠤ ᠰᠢᠯᠭᠠᠨ ᠬᠢᠨᠠᠬᠤ ᠲᠦᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ︵ᠬᠤᠶᠠᠷ︶ ᠦᠪᠡᠰᠦᠪᠡᠨ ᠪᠠᠶᠢᠴᠠᠭᠠᠵᠤ ᠦᠪᠡᠷ ᠢ ᠪᠠᠨ ᠦᠨᠡᠯᠡᠬᠦ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ | ᠠᠯᠪᠠᠨ ᠭᠡᠷ ᠤᠨ ᠲᠣᠭᠲᠠᠭᠠᠭᠰᠠᠨ ᠣᠨ ᠤ ᠰᠢᠯᠭᠠᠨ ᠬᠢᠨᠠᠬᠤ ᠲᠦᠰᠦᠯ ᠤᠨ ᠶᠤᠰᠤᠭᠠᠷ ᠦᠪᠡᠰᠦᠪᠡᠨ ᠪᠠᠶᠢᠴᠠᠭᠠᠵᠤ | ᠦᠪᠡᠷ ᠢ ᠪᠠᠨ ᠦᠨᠡᠯᠡᠵᠦ᠂ ᠲᠤᠰ ᠣᠨ ᠳᠠᠬᠢ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ | ᠪᠠᠶᠢᠳᠠᠯ ᠢᠶᠠᠨ ᠪᠦᠬᠦ ᠲᠠᠯ᠎ᠠ ᠪᠠᠷ ᠳ᠋ᠦᠩᠨᠡᠨ᠂ ᠦᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠵᠢᠴᠢ ᠰᠢᠯᠭᠠᠨ ᠬᠢᠨᠠᠭᠰᠠᠨ | ᠬᠠᠮᠢᠶ᠎ᠠ ᠪᠦᠬᠦᠢ ᠭᠡᠷᠡᠴᠢᠯᠡᠯ ᠪᠣᠯᠭᠠᠬᠤ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ︵ᠭᠤᠷᠪᠠ︶ ᠲᠣᠬᠠᠢ ᠶᠢᠨ ᠭᠠᠵᠠᠷ ᠲᠤ ᠨᠢ ᠰᠤᠭᠤᠴᠢᠨ ᠪᠠᠶᠢᠴᠠᠭᠠᠬᠤ᠃ ᠦᠪᠡᠷᠲᠡᠭᠡᠨ ᠵᠠᠰᠠᠬᠤ ᠣᠷᠣᠨ ᠤ | ᠰᠢᠯᠭᠠᠨ ᠬᠢᠨᠠᠬᠤ ᠠᠵᠢᠯ ᠤᠨ ᠠᠯᠪᠠᠨ ᠭᠡᠷ ᠪᠣᠯᠣᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠤᠨ | ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠯᠭᠠᠨ ᠬᠢᠨᠠᠬᠤ ᠳᠤᠭᠤᠶᠢᠯᠠᠩ ᠢᠶᠠᠷ ᠵᠥᠪᠰᠢᠶᠡᠷᠡᠭᠦᠯᠦᠭᠡᠳ᠂ ᠦᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠰᠢᠯᠭᠠᠨ | ᠬᠢᠨᠠᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠳᠤ ᠭᠦᠨᠵᠡᠭᠡᠶᠢᠷᠡᠨ ᠲᠣᠬᠠᠢ ᠶᠢᠨ ᠭᠠᠵᠠᠷ ᠤᠨ ᠠᠬᠤᠢ | ᠲᠠᠯᠠᠪᠠᠢ ᠳᠤ ᠨᠢ ᠰᠤᠭᠤᠴᠢᠨ ᠪᠠᠶᠢᠴᠠᠭᠠᠬᠤ ᠶᠢ ᠬᠠᠷᠢᠭᠤᠴᠠᠨ᠎ᠠ᠃ | ︵ᠳᠥᠷᠪᠡ︶ ᠶᠡᠷᠦᠩᠬᠡᠶᠢᠯᠡᠨ ᠦᠨᠡᠯᠡᠬᠦ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ | ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠦᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠪᠣᠯᠣᠨ ᠲᠣᠬᠠᠢ ᠶᠢᠨ | ᠭᠠᠵᠠᠷ ᠲᠤ ᠨᠢ ᠬᠦᠷᠴᠦ ᠰᠤᠭᠤᠴᠢᠨ ᠪᠠᠶᠢᠴᠠᠭᠠᠭᠰᠠᠨ ᠪᠠᠶᠢᠳᠠᠯ ᠵᠡᠷᠭᠡ ᠶᠢ ᠬᠤᠷᠢᠶᠠᠩᠭᠤᠶᠢᠯᠠᠭᠠᠳ ᠶᠡᠷᠦᠩᠬᠡᠶᠢᠯᠡᠨ | ᠦᠨᠡᠯᠡᠵᠦ᠂ ᠵᠦᠪᠯᠡᠵᠦ ᠰᠢᠯᠭᠠᠨ ᠬᠢᠨᠠᠭᠰᠠᠨ ᠮᠡᠳᠡᠭᠦᠯᠦᠯᠲᠡ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠢᠶᠠᠷ ᠬᠢᠨᠠᠭᠤᠯᠤᠨ ᠲᠣᠭᠲᠠᠭᠠᠯᠭᠠᠭᠰᠠᠨ ᠤ ᠳᠠᠷᠠᠭ᠎ᠠ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠡᠯᠡᠨ ᠨᠡᠪᠲᠡᠷᠡᠭᠦᠯᠦᠨ᠎ᠡ᠃ | ᠳᠤᠯᠤᠳᠤᠭᠠᠷ ᠵᠦᠢᠯ ᠵᠦᠪᠯᠡᠵᠦ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ | ᠲᠡᠩᠴᠡᠭᠰᠡᠨ᠂ ᠬᠢᠷᠢ ᠲᠡᠩᠴᠡᠭᠰᠡᠨ ᠦᠭᠡᠢ ᠭᠡᠵᠦ 4 ᠳᠡᠰ ᠬᠤᠪᠢᠶᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠤᠨ | ᠶᠡᠷᠦᠩᠬᠡᠢ ᠬᠤᠪᠢ ᠨᠢ 90 ᠬᠤᠪᠢ ︵ᠲᠤᠰ ᠲᠤᠭ᠎ᠠ ᠶᠢ ᠪᠠᠭᠲᠠᠭᠠᠨ᠎ᠠ︶ ᠠᠴᠠ ᠳᠡᠭᠡᠭᠰᠢᠬᠢ ᠶᠢ ᠰᠢᠯᠢᠳᠡᠭ᠂ 80 | ᠬᠤᠪᠢ ︵ᠲᠤᠰ ᠲᠤᠭ᠎ᠠ ᠶᠢ ᠪᠠᠭᠲᠠᠭᠠᠨ᠎ᠠ︶ ᠠᠴᠠ ᠳᠡᠭᠡᠭᠰᠢ 90 ᠬᠤᠪᠢ ᠠᠴᠠ ᠲᠤᠷᠤᠭᠰᠢᠬᠢ ᠶᠢ ᠰᠠᠶᠢᠨ᠂ 70 | ᠬᠤᠪᠢ ︵ᠲᠤᠰ ᠲᠤᠭ᠎ᠠ ᠶᠢ ᠪᠠᠭᠲᠠᠭᠠᠨ᠎ᠠ︶ ᠠᠴᠠ ᠳᠡᠭᠡᠭᠰᠢ 80 ᠬᠤᠪᠢ ᠠᠴᠠ ᠳᠤᠷᠤᠭᠰᠢᠬᠢ ᠶᠢ ᠬᠢᠷᠢ | ᠲᠡᠩᠴᠡᠭᠰᠡᠨ᠂ 70 ᠬᠤᠪᠢ ᠠᠴᠠ ᠳᠤᠷᠤᠭᠰᠢᠬᠢ ᠶᠢ ᠬᠢᠷᠢ ᠲᠡᠩᠴᠡᠭᠰᠡᠨ ᠦᠭᠡᠢ ᠳᠤ ᠲᠣᠭᠠᠴᠠᠨ᠎ᠠ᠃ | ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠮᠦᠷᠲᠡᠭᠡᠨ ᠬᠦᠨᠳᠦ ᠨᠣᠴᠢᠲᠠᠢ ᠤᠷᠰᠢᠭ ᠳ᠋ᠦᠩ ᠲᠠᠢ ᠪᠣᠯᠣᠭᠰᠠᠨ | ᠪᠣᠯ᠂ ᠰᠢᠯᠭᠠᠨ ᠬᠢᠨᠠᠭᠰᠠᠨ ᠳᠡᠰ ᠢ ᠨᠢ ᠬᠢᠷᠢ ᠲᠡᠩᠴᠡᠭᠰᠡᠨ ᠦᠭᠡᠢ ᠳᠤ ᠲᠣᠭᠠᠴᠠᠨ᠎ᠠ᠄ | ︵ᠨᠢᠭᠡ︶ ᠲᠤᠰ ᠵᠠᠰᠠᠭ ᠵᠠᠬᠢᠷᠭᠠᠨ ᠤ ᠣᠷᠣᠨ ᠪᠦᠰᠡ ᠳᠤ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠬᠦᠨᠳᠦ ᠶᠡᠭᠡ ᠠᠳᠡᠯ ᠬᠡᠷᠡᠭ ᠭᠠᠷᠤᠭᠰᠠᠨ᠂ ᠡᠰᠡᠭᠦᠯ᠎ᠡ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠨᠡᠯᠢᠶᠡᠳ ᠶᠡᠭᠡ ᠠᠳᠡᠯ ᠬᠡᠷᠡᠭ ᠵᠠᠯᠭᠠᠭ᠎ᠠ ᠪᠠᠷ ᠭᠠᠷᠤᠭᠰᠠᠨ︔ | ︵ᠬᠤᠶᠠᠷ︶ ᠲᠤᠰ ᠵᠠᠰᠠᠭ ᠵᠠᠬᠢᠷᠭᠠᠨ ᠤ ᠣᠷᠣᠨ ᠪᠦᠰᠡ ᠳᠤ ᠭᠠᠷᠤᠭᠰᠠᠨ ᠢᠳᠡᠭᠡᠨ ᠪᠠ ᠡᠮ ᠤᠨ ᠵᠦᠢᠯ ᠤᠨ | ᠠᠮᠦᠷ ᠲᠥᠪᠰᠢᠨ ᠤ ᠠᠳᠡᠯ ᠬᠡᠷᠡᠭ ᠢ ᠴᠠᠭ ᠲᠣᠬᠠᠢ ᠳᠤ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ | ᠪᠠᠶᠢᠭᠤᠯᠵᠤ ᠵᠣᠬᠢᠴᠠᠭᠤᠯᠤᠨ ᠪᠦᠲᠦᠮᠵᠢᠲᠡᠢ ᠠᠷᠭᠠᠴᠠᠭᠠᠨ ᠰᠢᠢᠳᠪᠦᠷᠢᠯᠡᠭᠰᠡᠨ ᠦᠭᠡᠢ ᠠᠴᠠ ᠪᠣᠯᠵᠤ᠂ ᠮᠠᠭᠤ ᠨᠦᠯᠦᠭᠡ | ᠭᠠᠷᠭᠠᠭᠰᠠᠨ ᠪᠤᠶᠤ ᠬᠤᠬᠢᠷᠠᠯ ᠲᠠᠢ ᠪᠣᠯᠣᠭᠰᠠᠨ︔ | ︵ᠭᠤᠷᠪᠠ︶ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠣᠯᠠᠨ ᠭᠤᠭᠴᠤᠭ᠎ᠠ ᠳᠤ ᠬᠤᠯᠪᠣᠭᠳᠠᠭᠰᠠᠨ | ᠣᠷᠣᠨ ᠪᠦᠰᠡ ᠶᠢᠨ ᠴᠢᠨᠠᠷᠲᠠᠢ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠰᠠᠭᠤᠳᠠᠯ ᠢ ᠴᠠᠭ | ᠲᠣᠬᠠᠢ ᠳᠤ ᠨᠢ ᠵᠣᠬᠢᠶᠠᠨ ᠪᠠᠶᠢᠭᠤᠯᠵᠤ ᠴᠡᠭᠴᠡᠯᠡᠨ ᠵᠠᠰᠠᠭᠰᠠᠨ ᠦᠭᠡᠢ ᠠᠴᠠ ᠪᠣᠯᠵᠤ ᠮᠠᠭᠤ ᠨᠦᠯᠦᠭᠡ ᠭᠠᠷᠭᠠᠭᠰᠠᠨ | ᠪᠤᠶᠤ ᠬᠤᠬᠢᠷᠠᠯ ᠲᠠᠢ ᠪᠣᠯᠣᠭᠰᠠᠨ︔ | ︵ᠳᠥᠷᠪᠡ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠳᠡᠯ ᠬᠡᠷᠡᠭ ᠢ ᠨᠢᠭᠤᠨ | ᠳᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ᠃ | ᠨᠠᠢᠮᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠵᠦᠪᠯᠡᠯ ᠨᠢ ᠬᠠᠭᠠᠰ ᠵᠢᠯ ᠪᠦᠷᠢ ᠳᠤ 1 ᠤᠳᠠᠭ᠎ᠠ ᠪᠦᠷᠢᠯᠳᠦᠭᠦᠨ ᠨᠢᠭᠡᠴᠢ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ᠶᠢ ᠰᠤᠨᠤᠰᠬᠤ ᠶᠢᠨ ᠬᠠᠮᠲᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠢ ᠵᠦᠪᠯᠡᠵᠦ ᠶᠠᠷᠢᠯᠴᠠᠨ᠎ᠠ᠃ | ᠶᠢᠰᠦᠳᠦᠭᠡᠷ ᠵᠦᠢᠯ ᠵᠦᠪᠯᠡᠵᠦ ᠰᠢᠯᠭᠠᠨ ᠬᠢᠨᠠᠭᠰᠠᠨ ᠦᠷ᠎ᠡ ᠳ᠋ᠦᠩ ᠢ ᠺᠠᠳ᠋ᠷ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠦᠨ | ᠬᠦᠷᠭᠡᠵᠦ᠂ ᠠᠶᠢᠮᠠᠭ ᠬᠤᠲᠠ᠂ ᠰᠠᠯᠠᠭ᠎ᠠ ᠮᠦᠴᠢᠷ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ | ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ ᠴᠢᠬᠤᠯᠠ ᠦᠨᠳᠦᠰᠦᠯᠡᠯ | ᠪᠣᠯᠭᠠᠨ᠎ᠠ᠃ | ᠠᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠠᠴᠠ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠠᠵᠢᠯ ᠢ ᠵᠦᠪᠯᠡᠵᠦ ᠰᠢᠯᠭᠠᠨ ᠬᠢᠨᠠᠬᠤ ᠳᠤ ᠬᠤᠳᠠᠯ ᠬᠠᠭᠤᠷᠮᠠᠭ ᠢᠶᠠᠷ ᠵᠣᠬᠢᠶᠠᠭᠰᠠᠨ ᠭᠠᠵᠠᠷ ᠣᠷᠣᠨ᠂ | ᠰᠠᠯᠠᠭ᠎ᠠ ᠮᠦᠴᠢᠷ ᠢ ᠮᠡᠳᠡᠭᠡᠯᠡᠨ ᠨᠡᠪᠲᠡᠷᠡᠭᠦᠯᠵᠦ ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ | ᠬᠠᠤᠯᠢ ᠴᠠᠭᠠᠵᠠ ᠰᠠᠬᠢᠯᠭ᠎ᠠ ᠪᠠᠲᠤ ᠶᠤᠰᠤᠭᠠᠷ ᠬᠠᠮᠢᠶ᠎ᠠ ᠪᠦᠬᠦᠢ ᠬᠦᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠠᠷᠪᠠᠨ ᠨᠢᠭᠡᠳᠦᠭᠡᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠣᠲᠠᠲᠠᠢ ᠲᠠᠢ ᠪᠠᠨ | ᠤᠶᠠᠯᠳᠤᠭᠤᠯᠤᠨ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠢ ᠵᠦᠪᠯᠡᠵᠦ ᠰᠢᠯᠭᠠᠨ ᠬᠢᠨᠠᠬᠤ | ᠠᠷᠭ᠎ᠠ ᠪᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠣᠣᠯ ᠤᠨ ︽ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ | ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ | ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2016﹈ 97 ᠳ᠋ᠤᠭᠠᠷ ᠲᠣᠭᠠᠲᠤ︶ ᠢ ᠵᠡᠷᠭᠡ ᠳᠤ ᠨᠢ | ᠬᠦᠴᠦᠨ ᠦᠭᠡᠢ ᠪᠣᠯᠭᠠᠨ᠎ᠠ᠃ |