ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/2/28
                           ᠥᠪᠥᠷ ᠵᠠᠰᠠᠭ ᠠᠯᠪᠠᠨ ᠲᠠᠷᠬᠠᠭᠠᠭᠰᠠᠨ ﹇2018﹈ 81 ᠳ᠋ᠤᠭᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠠᠷᠭ᠎ᠠ︾ ᠶᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ    ᠵᠦᠢᠯ ᠤᠨ ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠠᠷᠭ᠎ᠠ      ᠨᠢᠭᠡᠳᠦᠭᠡᠷ ᠵᠦᠢᠯ   ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠢ ᠴᠢᠩᠭᠠᠳᠬᠠᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠢᠳᠡᠭᠡᠨ ᠤ ᠵᠦᠢᠯ ᠤᠨ ᠠᠮᠦᠷ ᠲᠥᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ ᠠᠬᠢᠭᠤᠯᠵᠤ᠂ ᠢᠳᠡᠭᠡᠨ ᠤ ᠵᠦᠢᠯ ᠤᠨ ᠠᠮᠦᠷ ᠲᠥᠪᠰᠢᠨ ᠢ ᠵᠠᠰᠠᠬᠤ ᠰᠢᠰᠲ᠋ᠧᠮᠵᠢ ᠶᠢ ᠨᠢ ᠲᠦᠷᠭᠡᠳᠭᠡᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠢᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠢ ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠪᠠᠲᠤᠯᠠᠬᠤ ᠬᠢᠷᠢ ᠲᠥᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠦᠷ ᠲᠥᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠦᠷ ᠲᠥᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠢᠳᠡᠭᠡᠨ ᠤ ᠵᠦᠢᠯ ᠤᠨ ᠠᠮᠦᠷ ᠲᠥᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠰᠠᠨᠠᠯ︾ ︵ᠦᠪᠦᠷ ᠨᠠᠮ ᠲᠠᠷᠬᠠᠭᠠᠭᠰᠠᠨ ﹇2016﹈ 8 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠲᠤᠰ ᠠᠷᠭ᠎ᠠ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠪᠠ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠪᠦᠷᠢᠯᠳᠦᠭᠦᠨ ᠨᠢᠭᠡᠴᠢ ᠨᠦᠭᠦᠳ ᠢ ᠵᠦᠪᠯᠡᠨ ᠶᠠᠷᠢᠯᠴᠠᠬᠤ ᠳᠤ ᠬᠡᠷᠡᠭᠯᠡᠭᠳᠡᠨ᠎ᠡ᠃      ᠭᠤᠷᠪᠠᠳᠤᠭᠠᠷ ᠵᠦᠢᠯ   ᠵᠦᠪᠳᠡᠯᠴᠡᠨ ᠰᠢᠯᠭᠠᠨ ᠬᠢᠨᠠᠬᠤ ᠠᠵᠢᠯ ᠢ ᠪᠣᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠨᠢ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠵᠦᠪᠯᠡᠵᠦ ᠰᠢᠯᠭᠠᠨ ᠬᠢᠨᠠᠬᠤ ᠠᠵᠢᠯ ᠤᠨ ᠳᠤᠭᠤᠶᠢᠯᠠᠩ ᠲᠠᠢ ᠬᠠᠮᠲᠤᠷᠠᠵᠤ ᠪᠣᠲᠠᠲᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠵᠢᠯ ᠪᠦᠷᠢ ᠶᠢᠨ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯᠡᠬᠢ ᠶᠢ ᠨᠢᠭᠡ ᠵᠦᠪᠯᠡᠵᠦ ᠰᠢᠯᠭᠠᠨ ᠬᠢᠨᠠᠬᠤ ᠣᠨ ᠪᠣᠯᠭᠠᠨ᠎ᠠ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠵᠢᠯ ᠪᠦᠷᠢ ᠶᠢᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠢ ᠵᠣᠬᠢᠶᠠᠨ ᠪᠠᠶᠢᠭᠤᠯᠵᠤ ᠲᠤᠰ ᠣᠨ ᠤ ᠵᠦᠪᠯᠡᠵᠦ ᠰᠢᠯᠭᠠᠨ ᠬᠢᠨᠠᠬᠤ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ᠃      ᠳᠥᠷᠪᠡᠳᠦᠭᠡᠷ ᠵᠦᠢᠯ   ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠣᠨ ᠤ ᠪᠣᠳᠠᠳᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠤᠭᠤᠯᠵᠤ᠂ ᠰᠢᠯᠭᠠᠨ ᠬᠢᠨᠠᠬᠤ ᠬᠤᠪᠢ ᠶᠢᠨ ᠬᠠᠷᠢᠴᠠᠯ ᠢ 5% ᠠᠴᠠ ᠳᠡᠭᠡᠭᠰᠢ ᠪᠠᠶᠢᠯᠭᠠᠨ᠎ᠠ᠃      ᠲᠠᠪᠤᠳᠤᠭᠠᠷ ᠵᠦᠢᠯ   ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠢ ᠵᠦᠪᠯᠡᠵᠦ ᠰᠢᠯᠭᠠᠨ ᠬᠢᠨᠠᠬᠤ ᠭᠤᠣᠯ ᠠᠭᠤᠯᠭ᠎ᠠ᠄      ︵ᠨᠢᠭᠡ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔      ︵ᠬᠤᠶᠠᠷ︶ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔      ︵ᠭᠤᠷᠪᠠ︶ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠯᠤᠭ᠎ᠠ ᠲᠣᠭᠲᠠᠭᠠᠭᠰᠠᠨ ᠣᠨ ᠤ ︽ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠢ ᠨᠠᠶᠢᠳᠠᠪᠤᠷᠢᠵᠢᠭᠤᠯᠤᠭᠰᠠᠨ ᠪᠠᠶᠢᠳᠠᠯ︔      ︵ᠳᠥᠷᠪᠡ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠵᠣᠬᠢᠶᠠᠨ ᠪᠠᠶᠢᠭᠤᠯᠵᠤ ᠤᠳᠤᠷᠢᠳᠤᠭᠰᠠᠨ ᠪᠠ ᠳᠡᠮᠵᠢᠵᠦ ᠪᠠᠲᠤᠯᠠᠭ᠎ᠠ ᠬᠠᠩᠭᠠᠭᠰᠠᠨ ᠪᠠᠶᠢᠳᠠᠯ᠂ ᠭᠤᠣᠯᠳᠠᠭᠤ ᠶᠡᠷᠦᠩᠬᠡᠶᠢᠯᠡᠨ ᠵᠣᠬᠢᠴᠠᠭᠤᠯᠬᠤ᠂ ᠳᠦᠷᠢᠮ ᠲᠣᠭᠲᠠᠭᠠᠯ ᠲᠣᠭᠲᠠᠭᠠᠬᠤ᠂ ᠬᠠᠮᠢᠶᠠᠷᠤᠯᠲᠠ ᠶᠢᠨ ᠰᠢᠰᠲ᠋ᠧᠮᠵᠢ᠂ ᠡᠩᠨᠡᠭᠡᠨ ᠤ ᠪᠠᠶᠢᠭᠤᠯᠤᠯᠲᠠ᠂ ᠵᠠᠷᠤᠳᠠᠯ ᠤᠨ ᠣᠷᠤᠭᠤᠯᠤᠯᠲᠠ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠬᠠᠷᠢᠭᠤᠴᠠᠯᠭ᠎ᠠ ᠨᠡᠭᠡᠮᠵᠢᠯᠡᠬᠦ ᠵᠡᠷᠭᠡ ᠪᠠᠭᠲᠠᠨ᠎ᠠ︔      ︵ᠲᠠᠪᠤ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯᠳᠠᠭᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠢᠷᠡᠯᠲᠡ ᠠᠴᠠ ᠨᠢ ᠵᠠᠰᠠᠬᠤ᠂ ᠪᠠᠷᠢᠮᠵᠢᠶᠠᠵᠢᠭᠤᠯᠤᠨ ᠬᠠᠮᠢᠶᠠᠷᠬᠤ᠂ ᠠᠬᠤᠢ ᠲᠠᠯᠠᠪᠠᠢ ᠶᠢ ᠨᠢ ᠬᠢᠨᠠᠯᠲᠠ ᠲᠠᠯᠪᠢᠵᠤ ᠪᠠᠶᠢᠴᠠᠭᠠᠬᠤ᠂ ᠰᠤᠭᠤᠴᠢᠨ ᠪᠠᠶᠢᠴᠠᠭᠠᠵᠤ ᠬᠢᠨᠠᠨ ᠰᠢᠨᠵᠢᠬᠦ᠂ ᠲᠤᠰᠬᠠᠢ ᠵᠦᠢᠯ ᠢᠶᠠᠷ ᠪᠠᠶᠢᠴᠠᠭᠠᠬᠤ ᠪᠠ ᠠᠰᠠᠭᠤᠳᠠᠯ ᠢ ᠰᠢᠢᠳᠪᠦᠷᠢᠯᠡᠬᠦ ᠵᠡᠷᠭᠡ ᠪᠠᠭᠲᠠᠨ᠎ᠠ︔      ︵ᠵᠢᠷᠭᠤᠭ᠎ᠠ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠯ ᠢ ᠲᠣᠭᠲᠠᠭᠠᠵᠤ ᠵᠠᠰᠠᠪᠤᠷᠢ ᠣᠷᠤᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ︔      ︵ᠳᠤᠯᠤᠭ᠎ᠠ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠲᠠᠯ᠎ᠠ ᠪᠠᠷ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠬᠦ ᠪᠠ ᠢᠳᠡᠭᠡᠨ ᠡᠮ ᠤᠨ ᠵᠦᠢᠯ ᠤᠨ ᠬᠠᠤᠯᠢ ᠠᠴᠠ ᠵᠦᠷᠢᠴᠡᠵᠦ ᠶᠠᠯ᠎ᠠ ᠳᠤ ᠬᠦᠷᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ︔      ︵ᠨᠠᠢᠮᠠ︶ ᠲᠤᠰ ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠪᠠᠶᠢᠳᠠᠯ ᠵᠢᠴᠢ ᠢᠳᠡᠭᠡᠨ ᠤ ᠵᠦᠢᠯ ᠤᠨ ᠠᠮᠦᠷ ᠲᠥᠪᠰᠢᠨ ᠤ ᠲᠠᠯ᠎ᠠ ᠪᠠᠷ ᠬᠢ ᠣᠯᠠᠨ ᠨᠡᠶᠢᠲᠡ ᠶᠢᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠳᠤ ᠪᠠᠶᠢᠴᠠᠭᠠᠯᠲᠠ ᠬᠢᠭᠰᠡᠨ ᠵᠡᠷᠭᠡ ᠪᠠᠶᠢᠳᠠᠯ︔      ︵ᠶᠢᠰᠦ︶ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠦᠪᠯᠡᠵᠦ ᠰᠢᠯᠭᠠᠨ ᠬᠢᠨᠠᠭᠰᠠᠨ ᠪᠠᠶᠢᠳᠠᠯ︔      ︵ᠠᠷᠪᠠ︶ ᠵᠦᠪᠯᠡᠵᠦ ᠰᠢᠯᠭᠠᠨ ᠬᠢᠨᠠᠬᠤ ᠴᠢᠬᠤᠯᠠᠲᠠᠢ ᠪᠤᠰᠤᠳ ᠪᠠᠶᠢᠳᠠᠯ᠃      ᠵᠢᠷᠭᠤᠳᠤᠭᠠᠷ ᠵᠦᠢᠯ   ᠰᠢᠯᠭᠠᠨ ᠬᠢᠨᠠᠬᠤ ᠠᠷᠭ᠎ᠠ ᠬᠡᠯᠪᠡᠷᠢ᠄      ᠰᠢᠯᠭᠠᠨ ᠬᠢᠨᠠᠬᠤ ᠳᠤ ᠡᠩ ᠤᠨ ᠦᠶ᠎ᠡ ᠳᠠᠬᠢ ᠬᠢᠨᠠᠨ ᠡᠵᠡᠮᠰᠢᠬᠦ᠂ ᠵᠢᠯ ᠤᠨ ᠡᠴᠦᠰ ᠤᠨ ᠰᠢᠯᠭᠠᠨ ᠬᠢᠨᠠᠬᠤ ᠲᠠᠢ ᠤᠶᠠᠯᠳᠤᠭᠤᠯᠬᠤ ᠠᠷᠭ᠎ᠠ ᠬᠡᠯᠪᠡᠷᠢ ᠶᠢ ᠬᠡᠷᠡᠭᠯᠡᠨ᠎ᠡ᠂ ᠡᠭᠦᠨ ᠳᠤ᠂ ᠡᠩ ᠤᠨ ᠦᠶ᠎ᠡ ᠳᠠᠬᠢ ᠬᠢᠨᠠᠨ ᠡᠵᠡᠮᠰᠢᠬᠦ ᠨᠢ 50% ᠶᠢ ᠡᠵᠡᠯᠡᠵᠦ᠂ ᠵᠢᠯ ᠤᠨ ᠡᠴᠦᠰ ᠤᠨ ᠰᠢᠯᠭᠠᠨ ᠬᠢᠨᠠᠬᠤ ᠨᠢ 50% ᠶᠢ ᠡᠵᠡᠯᠡᠵᠦ᠂ ᠬᠤᠶᠠᠷ ᠵᠦᠢᠯ ᠤᠨ ᠨᠡᠮᠡᠭᠦᠷᠢ ᠶᠢ ᠵᠠᠭᠤᠨ ᠬᠤᠪᠢ ᠶᠢᠨ ᠳᠦᠷᠢᠮ ᠢᠶᠠᠷ ᠨᠤᠭᠤᠯᠤᠨ ᠪᠤᠳᠤᠭᠰᠠᠨ ᠪᠦᠷᠢᠨ ᠬᠤᠪᠢ ᠨᠢ 100 ᠬᠤᠪᠢ ᠪᠣᠯᠣᠨ᠎ᠠ᠃ ᠡᠩ ᠤᠨ ᠦᠶ᠎ᠡ ᠳᠠᠬᠢ ᠬᠢᠨᠠᠨ ᠡᠵᠡᠮᠰᠢᠬᠦ ᠶᠢ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠡᠯ᠎ᠡ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠨᠢ ᠣᠨ ᠤ ᠠᠵᠢᠯ ᠢᠶᠠᠨ ᠤᠯᠠᠷᠢᠯ ᠢᠶᠠᠷ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ ᠬᠡᠮᠵᠢᠶᠡᠵᠢᠭᠦᠯᠵᠦ ᠬᠤᠪᠢ ᠣᠯᠭᠤᠨ᠎ᠠ᠂ ᠡᠩ ᠤᠨ ᠦᠶ᠎ᠡ ᠳᠠᠬᠢ ᠬᠢᠨᠠᠨ ᠡᠵᠡᠮᠰᠢᠬᠦ ᠠᠵᠢᠯ ᠳᠤ ᠭᠤᠣᠯᠳᠠᠯᠭ᠎ᠠ ᠲᠠᠢ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ᠂ ᠲᠤᠰᠬᠠᠢ ᠵᠦᠢᠯ ᠤᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠬᠤ ᠵᠡᠷᠭᠡ ᠠᠭᠤᠯᠭ᠎ᠠ ᠪᠠᠭᠲᠠᠨ᠎ᠠ᠃ ᠵᠢᠯ ᠤᠨ ᠡᠴᠦᠰ ᠤᠨ ᠰᠢᠯᠭᠠᠨ ᠬᠢᠨᠠᠬᠤ ᠶᠢ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠳᠣᠣᠷᠠᠬᠢ ᠳᠡᠰ ᠳᠠᠷᠠᠭᠠᠯᠠᠯ ᠢᠶᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠄      ︵ᠨᠢᠭᠡ︶ ᠲᠦᠰᠦᠯ ᠲᠣᠭᠲᠠᠭᠠᠬᠤ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠵᠢᠯ ᠪᠦᠷᠢ ᠶᠢᠨ 11 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠣᠨ ᠤ ᠰᠢᠯᠭᠠᠨ ᠬᠢᠨᠠᠬᠤ ᠲᠦᠰᠦᠯ ᠢ ᠲᠣᠭᠲᠠᠭᠠᠬᠤ ᠶᠢᠨ ᠬᠠᠮᠲᠤ  ᠵᠣᠬᠢᠶᠠᠨ  ᠪᠠᠶᠢᠭᠤᠯᠵᠤ  ᠬᠡᠷᠡᠭᠵᠢᠭᠦᠯᠦᠨ᠎ᠡ᠃      ︵ᠬᠤᠶᠠᠷ︶ ᠦᠪᠡᠰᠦᠪᠡᠨ ᠪᠠᠶᠢᠴᠠᠭᠠᠵᠤ ᠦᠪᠡᠷ ᠢ ᠪᠠᠨ ᠦᠨᠡᠯᠡᠬᠦ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠤᠨ ᠲᠣᠭᠲᠠᠭᠠᠭᠰᠠᠨ ᠣᠨ ᠤ ᠰᠢᠯᠭᠠᠨ ᠬᠢᠨᠠᠬᠤ ᠲᠦᠰᠦᠯ ᠤᠨ ᠶᠤᠰᠤᠭᠠᠷ ᠦᠪᠡᠰᠦᠪᠡᠨ ᠪᠠᠶᠢᠴᠠᠭᠠᠵᠤ ᠦᠪᠡᠷ ᠢ ᠪᠠᠨ ᠦᠨᠡᠯᠡᠵᠦ᠂ ᠲᠤᠰ ᠣᠨ ᠳᠠᠬᠢ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠪᠠᠶᠢᠳᠠᠯ ᠢᠶᠠᠨ ᠪᠦᠬᠦ ᠲᠠᠯ᠎ᠠ ᠪᠠᠷ ᠳ᠋ᠦᠩᠨᠡᠨ᠂ ᠦᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠵᠢᠴᠢ ᠰᠢᠯᠭᠠᠨ ᠬᠢᠨᠠᠭᠰᠠᠨ ᠬᠠᠮᠢᠶ᠎ᠠ ᠪᠦᠬᠦᠢ ᠭᠡᠷᠡᠴᠢᠯᠡᠯ ᠪᠣᠯᠭᠠᠬᠤ ᠮᠠᠲ᠋ᠧᠷᠢᠶᠠᠯ ᠢ ᠲᠤᠰᠢᠶᠠᠬᠤ ᠬᠡᠷᠡᠭᠲᠡᠢ᠃      ︵ᠭᠤᠷᠪᠠ︶ ᠲᠣᠬᠠᠢ ᠶᠢᠨ ᠭᠠᠵᠠᠷ ᠲᠤ ᠨᠢ ᠰᠤᠭᠤᠴᠢᠨ ᠪᠠᠶᠢᠴᠠᠭᠠᠬᠤ᠃ ᠦᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠠᠵᠢᠯ ᠤᠨ ᠠᠯᠪᠠᠨ ᠭᠡᠷ ᠪᠣᠯᠣᠨ ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠦᠴᠢᠷ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠯᠭᠠᠨ ᠬᠢᠨᠠᠬᠤ ᠳᠤᠭᠤᠶᠢᠯᠠᠩ ᠢᠶᠠᠷ ᠵᠥᠪᠰᠢᠶᠡᠷᠡᠭᠦᠯᠦᠭᠡᠳ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠰᠢᠯᠭᠠᠨ ᠬᠢᠨᠠᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠠᠵᠤ ᠠᠬᠤᠶᠢᠯᠠᠯ ᠳᠤ ᠭᠦᠨᠵᠡᠭᠡᠶᠢᠷᠡᠨ ᠲᠣᠬᠠᠢ ᠶᠢᠨ ᠭᠠᠵᠠᠷ ᠤᠨ ᠠᠬᠤᠢ ᠲᠠᠯᠠᠪᠠᠢ ᠳᠤ ᠨᠢ ᠰᠤᠭᠤᠴᠢᠨ ᠪᠠᠶᠢᠴᠠᠭᠠᠬᠤ ᠶᠢ ᠬᠠᠷᠢᠭᠤᠴᠠᠨ᠎ᠠ᠃      ︵ᠳᠥᠷᠪᠡ︶ ᠶᠡᠷᠦᠩᠬᠡᠶᠢᠯᠡᠨ ᠦᠨᠡᠯᠡᠬᠦ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ ᠨᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠦᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠪᠣᠯᠣᠨ ᠲᠣᠬᠠᠢ ᠶᠢᠨ ᠭᠠᠵᠠᠷ ᠲᠤ ᠨᠢ ᠬᠦᠷᠴᠦ ᠰᠤᠭᠤᠴᠢᠨ ᠪᠠᠶᠢᠴᠠᠭᠠᠭᠰᠠᠨ ᠪᠠᠶᠢᠳᠠᠯ ᠵᠡᠷᠭᠡ ᠶᠢ ᠬᠤᠷᠢᠶᠠᠩᠭᠤᠶᠢᠯᠠᠭᠠᠳ ᠶᠡᠷᠦᠩᠬᠡᠶᠢᠯᠡᠨ ᠦᠨᠡᠯᠡᠵᠦ᠂ ᠵᠦᠪᠯᠡᠵᠦ ᠰᠢᠯᠭᠠᠨ ᠬᠢᠨᠠᠭᠰᠠᠨ ᠮᠡᠳᠡᠭᠦᠯᠦᠯᠲᠡ ᠪᠣᠯᠭᠠᠵᠤ᠂ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠢᠶᠠᠷ ᠬᠢᠨᠠᠭᠤᠯᠤᠨ ᠲᠣᠭᠲᠠᠭᠠᠯᠭᠠᠭᠰᠠᠨ ᠤ ᠳᠠᠷᠠᠭ᠎ᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠡᠯᠡᠨ ᠨᠡᠪᠲᠡᠷᠡᠭᠦᠯᠦᠨ᠎ᠡ᠃      ᠳᠤᠯᠤᠳᠤᠭᠠᠷ ᠵᠦᠢᠯ   ᠵᠦᠪᠯᠡᠵᠦ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠢ ᠭᠡᠵᠦ 4 ᠳᠡᠰ ᠬᠤᠪᠢᠶᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠤᠨ ᠶᠡᠷᠦᠩᠬᠡᠢ ᠬᠤᠪᠢ ᠨᠢ 90 ᠬᠤᠪᠢ ︵ᠲᠤᠰ ᠲᠤᠭ᠎ᠠ ᠶᠢ ᠪᠠᠭᠲᠠᠭᠠᠨ᠎ᠠ︶ ᠠᠴᠠ ᠳᠡᠭᠡᠭᠰᠢᠬᠢ ᠶᠢ ᠰᠢᠯᠢᠳᠡᠭ᠂ 80 ᠬᠤᠪᠢ ︵ᠲᠤᠰ ᠲᠤᠭ᠎ᠠ ᠶᠢ ᠪᠠᠭᠲᠠᠭᠠᠨ᠎ᠠ︶ ᠠᠴᠠ ᠳᠡᠭᠡᠭᠰᠢ 90 ᠬᠤᠪᠢ ᠠᠴᠠ ᠲᠤᠷᠤᠭᠰᠢᠬᠢ ᠶᠢ ᠰᠠᠶᠢᠨ᠂ 70 ᠬᠤᠪᠢ ︵ᠲᠤᠰ ᠲᠤᠭ᠎ᠠ ᠶᠢ ᠪᠠᠭᠲᠠᠭᠠᠨ᠎ᠠ︶ ᠠᠴᠠ ᠳᠡᠭᠡᠭᠰᠢ 80 ᠬᠤᠪᠢ ᠠᠴᠠ ᠳᠤᠷᠤᠭᠰᠢᠬᠢ  ᠶᠢ  ᠬᠢᠷᠢ  ᠲᠡᠩᠴᠡᠭᠰᠡᠨ᠂ 70 ᠬᠤᠪᠢ ᠠᠴᠠ ᠳᠤᠷᠤᠭᠰᠢᠬᠢ ᠶᠢ ᠬᠢᠷᠢ ᠲᠡᠩᠴᠡᠭᠰᠡᠨ ᠦᠭᠡᠢ ᠳᠤ ᠲᠣᠭᠠᠴᠠᠨ᠎ᠠ᠃      ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠮᠦᠷᠲᠡᠭᠡᠨ ᠬᠦᠨᠳᠦ ᠨᠣᠴᠢᠲᠠᠢ ᠤᠷᠰᠢᠭ ᠳ᠋ᠦᠩ ᠲᠠᠢ ᠪᠣᠯᠣᠭᠰᠠᠨ ᠪᠣᠯ᠂ ᠰᠢᠯᠭᠠᠨ ᠬᠢᠨᠠᠭᠰᠠᠨ ᠳᠡᠰ ᠢ ᠨᠢ ᠬᠢᠷᠢ ᠲᠡᠩᠴᠡᠭᠰᠡᠨ ᠦᠭᠡᠢ ᠳᠤ ᠲᠣᠭᠠᠴᠠᠨ᠎ᠠ᠄      ︵ᠨᠢᠭᠡ︶ ᠲᠤᠰ ᠵᠠᠰᠠᠭ ᠵᠠᠬᠢᠷᠭᠠᠨ ᠤ ᠣᠷᠣᠨ ᠪᠦᠰᠡ ᠳᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠬᠦᠨᠳᠦ ᠶᠡᠭᠡ ᠠᠳᠡᠯ ᠬᠡᠷᠡᠭ ᠭᠠᠷᠤᠭᠰᠠᠨ᠂ ᠡᠰᠡᠭᠦᠯ᠎ᠡ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠨᠡᠯᠢᠶᠡᠳ ᠶᠡᠭᠡ ᠠᠳᠡᠯ ᠬᠡᠷᠡᠭ ᠵᠠᠯᠭᠠᠭ᠎ᠠ ᠪᠠᠷ ᠭᠠᠷᠤᠭᠰᠠᠨ︔      ︵ᠬᠤᠶᠠᠷ︶ ᠲᠤᠰ ᠵᠠᠰᠠᠭ ᠵᠠᠬᠢᠷᠭᠠᠨ ᠤ ᠣᠷᠣᠨ ᠪᠦᠰᠡ ᠳᠤ ᠭᠠᠷᠤᠭᠰᠠᠨ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠳᠡᠯ ᠬᠡᠷᠡᠭ ᠢ ᠴᠠᠭ ᠲᠣᠬᠠᠢ ᠳᠤ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ ᠵᠣᠬᠢᠴᠠᠭᠤᠯᠤᠨ ᠪᠦᠲᠦᠮᠵᠢᠲᠡᠢ ᠠᠷᠭᠠᠴᠠᠭᠠᠨ ᠰᠢᠢᠳᠪᠦᠷᠢᠯᠡᠭᠰᠡᠨ ᠦᠭᠡᠢ ᠠᠴᠠ ᠪᠣᠯᠵᠤ᠂ ᠮᠠᠭᠤ ᠨᠦᠯᠦᠭᠡ ᠭᠠᠷᠭᠠᠭᠰᠠᠨ ᠪᠤᠶᠤ ᠬᠤᠬᠢᠷᠠᠯ ᠲᠠᠢ ᠪᠣᠯᠣᠭᠰᠠᠨ︔      ︵ᠭᠤᠷᠪᠠ︶ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠣᠯᠠᠨ ᠭᠤᠭᠴᠤᠭ᠎ᠠ ᠳᠤ ᠬᠤᠯᠪᠣᠭᠳᠠᠭᠰᠠᠨ ᠣᠷᠣᠨ ᠪᠦᠰᠡ ᠶᠢᠨ ᠴᠢᠨᠠᠷᠲᠠᠢ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠰᠠᠭᠤᠳᠠᠯ ᠢ ᠴᠠᠭ ᠲᠣᠬᠠᠢ ᠳᠤ ᠨᠢ ᠵᠣᠬᠢᠶᠠᠨ ᠪᠠᠶᠢᠭᠤᠯᠵᠤ ᠴᠡᠭᠴᠡᠯᠡᠨ ᠵᠠᠰᠠᠭᠰᠠᠨ ᠦᠭᠡᠢ ᠠᠴᠠ ᠪᠣᠯᠵᠤ ᠮᠠᠭᠤ ᠨᠦᠯᠦᠭᠡ ᠭᠠᠷᠭᠠᠭᠰᠠᠨ ᠪᠤᠶᠤ ᠬᠤᠬᠢᠷᠠᠯ ᠲᠠᠢ ᠪᠣᠯᠣᠭᠰᠠᠨ︔      ︵ᠳᠥᠷᠪᠡ︶ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠳᠡᠯ ᠬᠡᠷᠡᠭ ᠢ ᠨᠢᠭᠤᠨ ᠳᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ᠃      ᠨᠠᠢᠮᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠨᠢ ᠬᠠᠭᠠᠰ ᠵᠢᠯ ᠪᠦᠷᠢ ᠳᠤ 1 ᠤᠳᠠᠭ᠎ᠠ ᠪᠦᠷᠢᠯᠳᠦᠭᠦᠨ ᠨᠢᠭᠡᠴᠢ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠬᠤ ᠶᠢᠨ ᠬᠠᠮᠲᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠵᠦᠪᠯᠡᠵᠦ ᠶᠠᠷᠢᠯᠴᠠᠨ᠎ᠠ᠃      ᠶᠢᠰᠦᠳᠦᠭᠡᠷ ᠵᠦᠢᠯ   ᠵᠦᠪᠯᠡᠵᠦ ᠰᠢᠯᠭᠠᠨ ᠬᠢᠨᠠᠭᠰᠠᠨ ᠦᠷ᠎ᠡ ᠳ᠋ᠦᠩ ᠢ ᠺᠠᠳ᠋ᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠦᠨ ᠬᠦᠷᠭᠡᠵᠦ᠂ ᠠᠶᠢᠮᠠᠭ ᠬᠤᠲᠠ᠂ ᠰᠠᠯᠠᠭ᠎ᠠ ᠮᠦᠴᠢᠷ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ ᠴᠢᠬᠤᠯᠠ  ᠦᠨᠳᠦᠰᠦᠯᠡᠯ  ᠪᠣᠯᠭᠠᠨ᠎ᠠ᠃      ᠠᠷᠪᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠠᠴᠠ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠢ ᠵᠦᠪᠯᠡᠵᠦ ᠰᠢᠯᠭᠠᠨ ᠬᠢᠨᠠᠬᠤ ᠳᠤ ᠬᠤᠳᠠᠯ ᠬᠠᠭᠤᠷᠮᠠᠭ ᠢᠶᠠᠷ ᠵᠣᠬᠢᠶᠠᠭᠰᠠᠨ ᠭᠠᠵᠠᠷ ᠣᠷᠣᠨ᠂ ᠰᠠᠯᠠᠭ᠎ᠠ ᠮᠦᠴᠢᠷ ᠢ ᠮᠡᠳᠡᠭᠡᠯᠡᠨ ᠨᠡᠪᠲᠡᠷᠡᠭᠦᠯᠵᠦ ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠴᠠᠭᠠᠵᠠ ᠰᠠᠬᠢᠯᠭ᠎ᠠ ᠪᠠᠲᠤ ᠶᠤᠰᠤᠭᠠᠷ ᠬᠠᠮᠢᠶ᠎ᠠ ᠪᠦᠬᠦᠢ ᠬᠦᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠠᠷᠪᠠᠨ ᠨᠢᠭᠡᠳᠦᠭᠡᠷ ᠵᠦᠢᠯ   ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠢ ᠵᠦᠪᠯᠡᠵᠦ ᠰᠢᠯᠭᠠᠨ ᠬᠢᠨᠠᠬᠤ ᠠᠷᠭ᠎ᠠ ᠪᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ   ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠣᠯ ᠤᠨ ︽ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠠᠵᠢᠯ ᠤᠨ ᠵᠦᠪᠯᠡᠵᠦ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2016﹈ 97 ᠳ᠋ᠤᠭᠠᠷ ᠲᠣᠭᠠᠲᠤ︶ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号