ᠪᠥ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠳᠠᠯ᠎ᠠ ᠪᠠᠷ ᠬᠡᠷᠡᠭᠵᠢᠭᠦᠯᠬᠦ ᠰᠠᠨᠠᠯ ᠵᠡᠷᠭᠡ ᠵᠦᠢᠯᠡᠰ ᠢ ᠰᠤᠳᠤᠯᠵᠠᠢ
ᠨᠡᠶᠢᠲᠡᠯᠡᠭᠰᠡᠨ ᠴᠠᠭ᠄
2019/3/1
     2 ᠳ᠋ᠤᠭᠠᠷ ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠳᠠᠯ᠎ᠠ ᠪᠠᠷ ᠬᠡᠷᠡᠭᠵᠢᠭᠦᠯᠬᠦ ᠰᠠᠨᠠᠯ ᠪᠤᠯᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠠᠷᠭ᠎ᠠ ᠵᠡᠷᠬᠡ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠬᠰᠠᠨ ᠴᠢᠬᠤᠯᠠ ᠡᠭᠦᠷᠭᠡ ᠮᠥᠨ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠪᠠᠶᠢᠭᠤᠯᠬᠤ ᠴᠢᠬᠤᠯᠠ ᠠᠭᠤᠯᠭ᠎ᠠ ᠮᠥᠨ᠂ ᠪᠠᠰᠠ ᠴᠤ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠳᠠ ᠶᠢ ᠰᠢᠯᠢᠳᠡᠭᠵᠢᠬᠦᠯᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠶᠢᠨ᠂ ᠪᠦᠷᠢᠨ ᠶᠠᠪᠤᠴᠠ ᠶᠢᠨ᠂ ᠪᠦᠬᠦᠨ ᠢ ᠬᠠᠮᠤᠷᠤᠬᠰᠠᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠳᠦᠷᠬᠡᠪᠴᠢᠯᠡᠨ ᠪᠠᠶᠢᠭᠤᠯᠵᠥ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠳᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ ᠪᠠ ᠭᠦᠢᠴᠡᠳᠭᠡᠬᠦ ᠬᠦᠴᠦᠨ ᠢ ᠨᠡᠮᠡᠭᠳᠡᠭᠦᠯᠬᠦ ᠬᠡᠷᠡᠭᠳᠡᠢ ᠬᠡᠪᠠ᠃      ᠬᠤᠷᠠᠯ ᠠᠴᠠ ᠵᠢᠭᠠᠭᠰᠠᠨ ᠨᠢ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠪᠤᠯ ︽ᠵᠠᠬᠢᠳᠠᠯ ᠰᠤᠷᠪᠤᠯᠵᠢᠯᠠᠯ ᠤᠨ ᠲᠦᠷᠢᠮ︾᠎ ᠳᠤ ᠳᠤᠬᠳᠠᠭᠠᠬᠰᠠᠨ ᠨᠢᠭᠡ ᠦᠨᠳᠦᠰᠦᠨ ᠳᠦᠷᠢᠮ ᠪᠤᠯᠤᠨ᠎ᠡ᠂ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ᠲᠠᠬᠢᠨ ᠪᠠᠶᠢᠴᠠᠭᠠᠵᠤ ᠬᠢᠨᠠᠬᠤ ᠠᠷᠭ᠎ᠠ ᠶᠢ ᠴᠢᠭᠯᠡᠭᠦᠯᠤᠯᠳᠤ ᠴᠢᠨᠠᠷ ᠲᠠᠢ᠂ ᠵᠢᠯᠣᠭᠤᠳᠬᠤ ᠴᠢᠨᠠᠷ ᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠳᠤᠬᠳᠠᠭᠠᠬᠤ ᠨᠢ ᠵᠠᠬᠢᠳᠠᠯ ᠰᠤᠷᠪᠤᠯᠵᠢᠯᠠᠯ ᠎ ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠠᠵᠢᠯ ᠢ ᠵᠢᠷᠤᠮᠵᠢᠭᠤᠯᠬᠤ᠂ ᠵᠠᠬᠢᠳᠠᠯ ᠰᠤᠷᠪᠤᠯᠵᠢᠯᠠᠯ ᠬᠢᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠵᠠᠬᠢᠳᠠᠯ ᠰᠤᠷᠪᠤᠯᠵᠢᠯᠠᠯ ᠤᠨ ᠡᠮᠬᠢ ᠵᠢᠷᠤᠮ ᠢ ᠬᠠᠮᠠᠭᠠᠯᠠᠬᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠳᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ ᠬᠡᠪᠠ᠃ ᠬᠤᠷᠠᠯ ᠠᠴᠠ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠴᠠᠭ ᠲᠤᠬᠠᠶ ᠲᠤ ᠨᠢ ᠰᠠᠶᠢᠲᠤᠷ ᠬᠢᠵᠦ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠠᠬᠢᠨ ᠪᠠᠶᠢᠴᠠᠭᠠᠵᠤ ᠬᠢᠨᠠᠬᠤ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠬᠤ ᠬᠡᠷᠡᠭᠳᠡᠢ ᠬᠡᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠯᠢ ᠶᠢᠨ ᠭᠤᠤᠯ ᠠᠶᠢᠮᠠᠭ ᠲᠤ ︽2.23︾᠎ ᠤ ᠬᠦᠨᠳᠦ ᠶᠡᠭᠡ ᠠᠳᠡᠯ ᠭᠠᠷᠤᠭᠰᠠᠨ ᠨᠢ ᠮᠠᠨ ᠤ ᠣᠷᠣᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠲᠡᠶᠢᠮᠦ ᠰᠠᠶᠢᠨ ᠪᠢᠰᠢ ᠪᠠᠶᠢᠬᠤ ᠎ ᠶᠢ ᠬᠠᠷᠠᠭᠤᠯᠵᠤ ᠪᠠᠶᠢᠨ᠎ᠠ᠂ ᠡᠷᠬᠡᠪᠰᠢ ᠰᠡᠷᠡᠮᠵᠢ ᠶᠢᠨ ᠬᠤᠨᠭ᠍ᠬᠤ ᠶᠢ ᠪᠠᠶᠢᠩᠭᠤ ᠴᠣᠬᠢᠵᠤ᠂ ᠰᠤᠷᠭᠠᠮᠵᠢ ᠠᠪᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠳ ᠠᠮᠤᠷ ᠲᠦᠪᠰᠢᠨ ᠤ ᠪᠠᠶᠢᠴᠠᠭᠠᠯᠳᠠ ᠪᠠ ᠵᠠᠰᠠᠯᠳᠠ ᠬᠢᠨᠠᠯᠲᠠ ᠬᠠᠮᠢᠶᠠᠷᠤᠯᠲᠠ ᠶᠢ ᠰᠠᠶᠢᠳᠤᠷ ᠠᠳᠬᠤᠬᠤ ᠬᠡᠷᠡᠭᠲᠡᠢ᠂ ᠰᠤᠯᠠᠷᠠᠬᠤ ᠪᠠ ᠵᠠᠪᠰᠢᠬᠤ ᠪᠣᠳᠣᠯ ᠲᠠᠢ ᠪᠠᠶᠢᠵᠤ ᠤᠬᠳᠤ ᠪᠤᠯᠬᠤ ᠦᠬᠡᠢ᠂ ᠶᠠᠮᠠᠷᠪᠠ ᠠᠮᠤᠷ ᠲᠦᠪᠰᠢᠨ ᠤ ᠬᠡᠮ ᠰᠣᠭᠤᠭ ᠢ ᠴᠤ ᠦᠯᠡᠳᠡᠬᠡᠯ ᠦᠬᠡᠢ ᠠᠷᠢᠯᠭᠠᠬᠤ ᠬᠡᠷᠡᠭᠳᠡᠢ᠃ ᠲᠦᠷᠢᠮ ᠪᠠ ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠳᠠᠯ ᠢ ᠬᠦᠨᠵᠡᠬᠡᠢ ᠵᠠᠳᠠᠯᠵᠥ᠂ ᠴᠢᠭᠯᠡᠭᠦᠯᠤᠯᠳᠤ ᠴᠢᠨᠠᠷ ᠲᠠᠢ ᠪᠠᠷ ᠰᠠᠶᠢᠲᠤᠷ ᠲᠡᠭᠦᠯᠳᠡᠷᠵᠢᠭᠦᠯᠦᠨ ᠰᠠᠶᠢᠵᠢᠷᠠᠭᠤᠯᠵᠤ᠂ ᠠᠮᠤᠷ ᠳᠦᠪᠰᠢᠨ ᠤ ᠠᠳᠡᠯ ᠠᠴᠠ ᠰᠡᠷᠭᠡᠶᠢᠯᠡᠬᠦ ᠪᠦᠲᠦᠮᠵᠢᠲᠡᠶ ᠲᠣᠭᠲᠠᠴᠠ ᠶᠢ ᠦᠨᠡᠨ ᠬᠦ ᠪᠠᠶᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠬᠯᠠᠬᠤ ᠬᠡᠷᠡᠭᠲᠡᠶ ᠬᠡᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠭᠡ ᠣᠩᠭᠤᠴᠠᠨ ᠤ ᠭᠠᠶᠢᠯᠢ ᠶᠢᠨ ᠳᠦᠷᠢᠮ﹀᠎ ᠢ ᠬᠡᠷᠡᠭᠵᠢᠭᠦᠯᠬᠦ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠭᠠᠵᠠᠷ ᠤᠨ ᠬᠥᠷᠥᠩᠭᠡ ᠶᠢᠨ ᠭᠠᠶᠢᠯᠢ ᠶᠢ ᠬᠡᠷᠡᠭᠵᠢᠭᠦᠯᠬᠦ ᠨᠠᠷᠢᠨ ᠲᠦᠷᠢᠮ︾᠎ ᠳᠤ ᠵᠠᠰᠠᠪᠤᠷᠢ ᠤᠷᠤᠭᠤᠯᠬᠤ ᠳᠤᠬᠠᠢ ᠲᠣᠭᠲᠠᠭᠠᠯ ᠢ ᠰᠤᠳᠤᠯᠤᠨ ᠪᠠᠳᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号