2 ᠳ᠋ᠤᠭᠠᠷ ᠰᠠᠷ᠎ᠡ ᠶᠢᠨ 28 ᠡᠳᠦᠷ᠂ ᠪᠦᠬᠦ ᠤᠷᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ | ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠵᠤ | ᠶᠠᠷᠢᠶ᠎ᠡ ᠲᠡᠯᠪᠢᠵᠠᠢ᠃ | ᠡᠸᠤ ᠶᠠᠩ ᠰᠢᠶᠤᠤ ᠬᠤᠢ ᠵᠢᠭᠠᠭᠰᠠᠨ ᠨᠢ᠂ ᠲᠤᠰ ᠤᠳᠠᠭ᠎ᠠ ᠶᠢᠨ ᠬᠤᠷᠠᠯ ᠪᠤᠯ ᠦᠪᠡᠷᠳᠡᠭᠡᠨ ᠵᠠᠰᠠᠬᠤ ᠤᠷᠤᠨ | ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠡᠷᠤᠯᠳᠠ ᠶᠢᠨ ᠲᠤᠪᠴᠢᠶ᠎ᠡ ᠶᠢ ᠪᠠᠶᠢᠭᠤᠯᠤᠬᠰᠡᠨ ᠤ ᠲᠠᠷᠠᠭᠠᠬᠢ ᠠᠩᠬᠠᠳᠤᠭᠠᠷ | ᠤᠳᠠᠭ᠎ᠠ ᠶᠢᠨ ᠪᠦᠬᠦ ᠤᠷᠤᠨ ᠤ ᠣᠨ ᠤ ᠠᠵᠢᠯ ᠤᠨ ᠬᠤᠷᠠᠯ ᠪᠤᠯᠤᠨ᠎ᠡ᠃ ᠤᠯᠠᠨ ᠵᠢᠯ ᠤᠨ ᠲᠤᠷᠰᠢ᠂ ᠵᠠᠬ᠎ᠠ | ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠬᠦᠷᠢᠶᠠᠨ ᠤ ᠡᠯ᠎ᠡ ᠰᠠᠯᠠᠭ᠎ᠠ ᠮᠦᠴᠢᠷ ᠤᠳ ᠦᠪᠡᠷᠳᠡᠭᠡᠨ ᠵᠠᠰᠠᠬᠤ | ᠤᠷᠤᠨ ᠤ ᠬᠦᠭᠵᠢᠯᠳᠠ ᠶᠢᠨ ᠶᠡᠭᠡ ᠲᠠᠯ᠎ᠡ ᠶᠢᠨ ᠲᠤᠭᠤᠷᠢᠨ ᠳᠤ᠂ ᠡᠬᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ | ᠢᠳᠡᠪᠬᠢᠳᠠᠢ ᠬᠦᠢᠴᠡᠳᠭᠡᠵᠤ᠂ ᠵᠠᠬ᠎ᠠ ᠲᠡᠯᠬᠡᠬᠦᠷ ᠤᠨ ᠡᠮᠬᠢ ᠵᠢᠷᠤᠮ ᠢ ᠬᠠᠮᠠᠭᠠᠯᠠᠬᠤ ᠶᠢᠨ ᠲᠦᠯᠦᠭᠡ ᠠᠮᠤᠷ ᠲᠦᠪᠰᠢᠨ | ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠤᠯᠠᠨ ᠲᠦᠮᠡᠨ ᠤ ᠠᠰᠢᠭ ᠲᠤᠰᠠ ᠶᠢ ᠪᠠᠳᠤᠯᠠᠵᠤ᠂ ᠴᠢᠨᠠᠷ ᠰᠠᠶᠢᠳᠠᠢ | ᠬᠦᠭᠵᠢᠯᠳᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠪᠠ᠃ | ᠡᠸᠤ ᠶᠠᠩ ᠰᠢᠶᠤᠤ ᠬᠤᠢ ᠴᠢᠬᠤᠯᠠᠴᠢᠯᠠᠭᠰᠠᠨ ᠨᠢ᠂ ᠰᠢᠨ᠎ᠠ ᠭᠦᠭᠵᠢᠯᠳᠠ ᠶᠢᠨ ᠡᠬᠢᠯᠠᠯᠳᠠ ᠶᠢᠨ ᠴᠡᠭ ᠲᠤ | ᠵᠤᠭᠰᠤᠵᠤ᠂ ᠰᠢᠨ᠎ᠠ ᠪᠠᠶᠢᠳᠠᠯ ᠤᠨ ᠡᠭᠦᠷᠭᠡ ᠳᠤ ᠬᠠᠨᠳᠤᠵᠤ᠂ ᠪᠦᠭᠦ ᠤᠷᠤᠨ ᠤ ᠵᠠᠬ᠎ᠠ ᠲᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠬᠢᠨ ᠭᠦᠭᠵᠢᠯᠳᠠ ᠶᠢᠨ ᠶᠡᠭᠡ ᠪᠠᠶᠢᠳᠠᠯ ᠠᠴᠠ ᠭᠠᠷᠳᠠᠵᠤ᠂ ᠤᠯᠤᠰ ᠲᠦᠷᠤ ᠶᠢᠨ | ᠵᠤᠭᠰᠤᠴᠠ ᠪᠠᠨ ᠲᠡᠭᠡᠭᠰᠢᠯᠡᠭᠦᠯᠵᠤ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠭᠦ | ᠬᠠᠷᠢᠭᠤᠴᠠᠯᠭᠠᠳᠤ ᠰᠡᠳᠭᠢᠯᠭᠡ ᠪᠤᠯᠤᠨ ᠡᠭᠦᠷᠭᠡᠲᠦ ᠪᠤᠳᠤᠯ ᠢᠶᠠᠨ ᠦᠨᠡᠨ ᠭᠦ ᠴᠢᠩᠭᠠᠳᠬᠠᠬᠤ ᠭᠡᠷᠡᠭᠳᠠᠢ︔ ᠡᠭᠦᠷᠭᠡ | ᠴᠢᠳᠠᠪᠬᠢ ᠪᠠᠨ ᠤᠨᠤᠪᠴᠢᠳᠠᠢ ᠲᠤᠬᠳᠠᠭᠠᠬᠤ ᠶᠢ ᠡᠵᠡᠮᠳᠠᠵᠤ᠂ ᠬᠠᠷᠠᠯᠲᠠᠲᠤ ᠡᠭᠦᠷᠭᠡ ᠳᠤ ᠠᠩᠬᠠᠷᠤᠯ ᠢᠶᠠᠨ | ᠲᠦᠪᠯᠡᠷᠡᠭᠦᠯᠵᠤ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠰᠢᠨ᠎ᠠ ᠪᠠᠶᠢᠳᠠᠯ ᠢ ᠴᠢᠷᠮᠠᠶᠢᠨ | ᠡᠭᠦᠳᠭᠦ ᠭᠡᠷᠡᠭᠳᠠᠢ︔ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠮᠳᠤ ᠪᠠᠷ ᠵᠠᠰᠠᠬᠤ ᠬᠠᠮᠲᠤᠷᠠᠯ | ᠬᠦᠴᠦᠨ ᠢ ᠨᠢᠭᠳᠠᠷᠠᠭᠤᠯᠵᠤ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠭᠦ ᠳᠤ | ᠨᠠᠶᠢᠳᠠᠪᠤᠷᠢᠳᠠᠢ ᠪᠠᠳᠤᠯᠠᠭ᠎ᠠ ᠬᠠᠨᠭ᠍ᠭᠠᠬᠤ ᠭᠡᠷᠡᠭᠳᠠᠢ ᠭᠡᠪᠠ᠃ | ᠦᠢᠯᠡᠭᠠᠭᠰᠠᠨ ᠢᠶᠠᠷ᠂ 2018 ᠣᠨ ᠤ ᠰᠡᠭᠦᠯᠴᠢ ᠭᠦᠷᠳᠠᠯ᠎ᠠ᠂ ᠪᠦᠭᠦ ᠤᠷᠤᠨ ᠤ ᠵᠠᠬ᠎ᠠ ᠲᠡᠯᠭᠡᠭᠦᠷ ᠤᠨ | ᠭᠤᠤᠯ ᠴᠤᠭᠴᠠ ᠭᠦᠭᠵᠢᠭᠡᠳ 197 ᠲᠦᠮᠡᠨ ᠡᠷᠤᠭᠡ ᠪᠤᠯᠵᠤ᠂ ᠠᠳᠠᠯᠢ ᠬᠤᠭᠤᠴᠠᠭᠠᠨ ᠤ ᠬᠢ ᠠᠴᠠ 6% ᠪᠠᠷ | ᠨᠡᠮᠡᠭᠳᠡᠨ᠂ ᠡᠳᠤᠷ ᠲᠤᠮᠳᠠᠴᠢ ᠪᠠᠷ 994 ᠡᠷᠤᠭᠡ ᠨᠡᠮᠡᠭᠳᠡᠭᠰᠡᠨ ᠪᠠᠶᠢᠨ᠎ᠠ᠃ |