︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠢᠮ︾᠎ ᠢ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2019/3/1
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ ᠤᠶᠢᠯᠠᠭᠠᠭᠰᠠᠨ ᠢᠶᠠᠷ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠢᠮ︾᠎ ᠢ 2019 ᠤᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠢᠮ︾᠎ ᠢ 2018 ᠤᠨ ᠤ 12 ᠳ᠋ᠤᠭᠠᠷ ᠰᠠᠷ᠎ᠠ ᠶᠢᠨ 6᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠵᠤ ᠪᠠᠲᠤᠯᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠢᠮ ᠳᠤ ᠵᠠᠰᠠᠪᠤᠷᠢ ᠣᠷᠣᠭᠤᠯᠤᠭᠰᠠᠨ ᠠᠭᠤᠯᠭ᠎ᠠ ᠶᠢᠨ ᠲᠠᠯ᠎ᠠ ᠪᠠᠷ 7 ᠳᠤᠪᠤᠶᠢᠮ᠎ᠠ ᠤᠨᠴᠠᠯᠢᠭ ᠎ ᠲᠠᠢ᠄ ᠨᠢᠭᠡ ᠳᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠤᠪᠤᠶᠢᠯᠭᠠᠵᠠᠢ᠃ ᠬᠤᠶᠠᠷ ᠲᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠤᠯᠠᠷᠢᠭᠤᠯᠤᠯᠲᠠ ᠶᠢ ᠳᠤᠪᠤᠶᠢᠯᠭᠠᠵᠠᠢ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠦᠢᠯᠡᠴᠢᠯᠡᠭᠡ ᠶᠢ ᠴᠢᠬᠤᠯᠠᠴᠢᠯᠠᠵᠠᠢ᠃ ᠲᠦᠷᠪᠡ ᠳᠤ ᠲᠣᠳᠣᠷᠬᠠᠶ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠡᠯ᠎ᠡ ᠲᠠᠯ᠎ᠠ ᠶᠢᠨ ᠎ ᠬᠢᠨ ᠤ ᠡᠷᠬᠡ ᠬᠠᠷᠢᠭᠤᠴᠠᠯᠭ᠎ᠠ ᠶᠢ ᠲᠤᠳᠤᠷᠬᠠᠶᠢᠯᠠᠵᠠᠢ᠃ ᠲᠠᠪᠤ ᠳᠤ ᠮᠡᠳᠡᠯᠭᠡ ᠶᠢᠨ ᠦᠨ᠎ᠡ ᠥᠷᠲᠡᠭ ᠢᠶᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠤᠷᠮᠠᠰᠢᠭᠤᠯᠤᠯ ᠢ ᠪᠠᠷᠢᠮᠲᠠᠯᠠᠵᠠᠢ᠃ ᠵᠢᠷᠭᠤᠭ᠎ᠠ ᠳᠤ ᠠᠷᠠᠳ ᠠᠴᠠ ᠡᠵᠡᠩᠨᠡᠭᠰᠡᠨ ᠠᠵᠤ ᠠᠬᠤᠢ ᠶᠢ ᠳᠡᠮᠵᠢᠬᠦ ᠶᠢ ᠢᠯᠡᠷᠡᠭᠦᠯᠵᠡᠢ᠃ ᠲᠤᠯᠤᠭ᠎ᠠ ᠳᠤ ᠴᠡᠷᠢᠭ ᠠᠷᠠᠳ ᠢ ᠠᠭᠤᠰᠤᠯᠴᠠᠭᠤᠯᠤᠨ ᠬᠦᠭᠵᠢᠭᠦᠯᠬᠦ ᠶᠢ ᠳᠡᠮᠵᠢᠬᠦ ᠶᠢ ᠢᠯᠡᠷᠡᠭᠦᠯᠵᠡᠢ᠃      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠢᠮ︾᠎ ᠢ ᠬᠡᠷᠡᠭᠵᠢᠭᠦᠯᠦᠭᠰᠡᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠮᠠᠨ ᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠲᠦᠷᠭᠡᠳᠬᠡᠨ᠂ ᠮᠠᠨ ᠤ ᠣᠷᠣᠨ ᠤ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠳᠤ ᠬᠠᠤᠯᠢ ᠴᠠᠭᠠᠵᠠ ᠶᠢᠨ ᠪᠠᠲᠤᠯᠠᠭ᠎ᠠ ᠣᠯᠭᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号