ᠥᠪᠥᠷ ᠮᠣᠩᠭᠤᠯ᠄ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2019/3/1
     2 ᠳ᠋ᠤᠭᠠᠷ ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠰᠡᠨ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠰᠢᠷᠢᠰ ᠰᠣᠨᠢᠨ ᠮᠡᠳᠡᠭᠡ ᠨᠡᠶᠢᠲᠡᠯᠡᠬᠦ ᠭᠤᠷᠪᠠᠳᠤᠭᠠᠷ ᠲᠠᠯᠠᠪᠠᠢ ᠶᠢᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠭᠤᠣᠯ ᠰᠡᠳᠦᠪ ᠢ ᠨᠡᠶᠢᠲᠡᠯᠡᠭᠰᠡᠨ ᠪᠦᠭᠡᠳ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠎ ᠲᠠᠢ ᠬᠠᠮᠲᠤ ᠲᠣᠰᠪᠣᠷᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号