ᠥᠪᠥᠷ ᠮᠣᠩᠭᠤᠯ ᠤᠨ ᠭᠤᠣᠯ ᠮᠦᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ︽ᠨᠡᠷ᠎ᠡ ᠲᠠᠢ︾ ᠪᠠᠶᠢᠭᠰᠠᠨ ᠠᠴᠠ ᠪᠠᠨ ︽ᠪᠣᠳᠠᠲᠠᠶ︾ ᠲᠡᠰᠢ ᠤᠷᠤᠭᠰᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2019/3/11
     ᠬᠠᠲᠤᠨ ᠭᠤᠣᠯ᠂ ᠪᠠᠷᠠᠭᠤᠨ ᠯᠢᠶᠣᠤ ᠾᠧ ᠭᠤᠣᠯ᠂ ᠡᠷᠭᠦᠨ᠎ᠡ ᠭᠤᠣᠯ᠂ ᠤᠯᠠᠭᠠᠶ ᠭᠤᠣᠯ᠂ ᠰᠢᠯᠢ ᠶᠢᠨ ᠭᠤᠣᠯ ᠁ ᠭᠤᠣᠯ ᠤᠨ ᠤᠰᠤ ᠨᠢ ᠶᠠᠭᠠᠬᠢᠭᠠᠳ ᠡᠶᠢᠮᠦ ᠲᠤᠩᠭᠠᠯᠠᠭ ᠪᠠᠶᠢᠳᠠᠭ ᠪᠤᠢ ᠭᠡᠪᠡᠯ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠥᠷᠢᠮ ᠢ ᠬᠡᠷᠡᠭᠵᠢᠭᠦᠯᠦᠭᠰᠡᠨ ᠠᠴᠠ ᠰᠠᠶ᠋ᠢ ᠡᠶᠢᠮᠦ ᠪᠣᠯᠪᠠ᠃      2016 ᠣᠨ ᠤ 12 ᠳ᠋ᠤᠭᠠᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠤᠷ᠎ᠠ᠂ ᠮᠠᠨ ᠤ ᠣᠷᠣᠨ 2017 ᠣᠨ ᠤ ᠡᠴᠦᠰ ᠲᠤ ᠭᠤᠣᠯ ᠮᠦᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠤᠭᠰᠠᠨ ᠪᠦᠭᠡᠳ ᠤᠰᠤᠨ ᠠᠰᠢᠭᠯᠠᠯᠲᠠ ᠶᠢᠨ ᠶᠠᠮᠤᠨ᠂ ᠤᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠵᠣᠬᠢᠶᠠᠨ ᠪᠠᠶᠢᠭᠤᠯᠤᠭᠰᠠᠨ ᠳᠤᠮᠳᠠ ᠬᠤᠭᠤᠴᠠᠭᠠᠨ ᠤ ᠦᠨᠡᠯᠡᠯᠲᠡ ᠳᠤ ᠪᠠᠲᠤᠯᠠᠭᠳᠠᠪᠠ᠃ ᠣᠳᠣᠬᠠᠨ ᠳᠤ᠂ ᠮᠠᠨ ᠤ ᠣᠷᠣᠨ ᠨᠢᠭᠡᠨᠲᠡ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠪᠠ᠃      ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠭᠰᠠᠨ ᠠᠴᠠ ᠨᠠᠭᠠᠰᠢ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠨᠢ ᠨᠢᠭᠡᠨᠲᠡ ᠮᠠᠨ ᠤ ᠣᠷᠣᠨ ᠳᠤ ᠪᠣᠳᠠᠲᠠᠶᠢᠵᠢᠵᠤ᠂ ᠪᠦᠬᠦ ᠣᠷᠣᠨ ᠤ ᠭᠤᠣᠯ ᠮᠥᠷᠡᠨ ᠨᠠᠭᠤᠷ ᠴᠥᠭᠦᠷᠥᠮ ᠢ ᠬᠠᠮᠤᠷᠤᠨ᠂ ᠵᠤᠷᠪᠤᠰ ᠵᠣᠷᠪᠣᠰ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠥᠷᠢᠮ ᠤᠨ ᠠᠵᠢᠯ ᠡᠮᠬᠢ ᠵᠢᠷᠤᠮ ᠲᠠᠢ ᠠᠬᠢᠵᠤ᠂ ᠠᠯᠢ ᠤᠯᠠᠨ ︽ᠭᠤᠣᠯ ᠨᠢ ᠰᠢᠯᠤᠭᠤᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ︾ ᠦᠵᠡᠰᠬᠦᠯᠡᠩᠲᠦ ᠰᠠᠶᠢᠬᠠᠨ ᠦᠵᠡᠮᠵᠢ ᠶᠢᠨ ᠵᠢᠷᠤᠭ ᠠᠯᠭᠤᠷᠬᠠᠨ ᠳᠡᠯᠭᠡᠭᠳᠡᠵᠦ᠂ ᠮᠠᠨ ᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠨᠢ ︽ᠭᠤᠣᠯ ᠮᠥᠷᠡᠨ ᠤ ᠳᠠᠷᠤᠭ᠎ᠠ ᠶᠢᠨ ᠳᠥᠷᠢᠮ ᠢ ᠮᠡᠳᠡᠬᠦ︾ ᠪᠠᠶᠢᠭᠰᠠᠨ ᠠᠴᠠ ᠪᠠᠨ ︽ᠪᠣᠳᠠᠲᠤ ᠠᠵᠢᠯᠯᠠᠭ᠎ᠠ᠂ ᠪᠣᠳᠠᠲᠤ ᠦᠷ᠎ᠡ ᠪᠦᠲᠦᠮᠵᠢ ᠶᠢ ᠣᠯᠵᠤ ᠬᠠᠷᠠᠬᠤ︾ ᠲᠡᠰᠢ ᠤᠯᠠᠷᠢᠨ᠂ ︽ᠨᠡᠷ᠎ᠡ ᠲᠠᠢ︾ ᠪᠠᠶᠢᠭᠰᠠᠨ ᠠᠴᠠ ᠪᠠᠨ ︽ᠪᠣᠳᠠᠲᠠᠶ︾ ᠲᠡᠰᠢ ᠤᠷᠤᠭᠰᠢᠯᠠᠵᠤ ᠪᠠᠶᠢᠨ᠎ᠠ᠃      ᠶᠠᠭᠤ ᠪᠣᠯᠣᠭᠰᠠᠨ ᠴᠦ ᠨᠤᠲᠤᠭ ᠤᠨ ᠤᠰᠤ ᠨᠢ ᠰᠠᠶᠢᠬᠠᠨ ᠪᠠᠶᠢᠳᠠᠭ᠃ ᠥᠪᠥᠷ ᠮᠣᠩᠭᠤᠯ ᠤᠨ ᠤᠰᠤ ᠶᠢ ᠨᠡᠩ ᠲᠤᠩᠭᠠᠯᠠᠭ ᠦᠵᠡᠮᠵᠢ ᠶᠢ ᠨᠢ ᠨᠡᠩ ᠭᠤᠶᠢᠳᠠ ᠪᠠᠶᠢᠯᠭᠠᠬᠤ ᠶᠢᠨ ᠲᠤᠰᠠᠳᠠ᠂ ᠮᠠᠨ ᠤ ᠣᠷᠣᠨ ᠤᠰᠤᠨ ᠤ ᠬᠥᠪᠡᠭᠡ ᠡᠷᠭᠢ ᠶᠢᠨ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠵᠤ᠂ ᠨᠡᠭᠡᠭᠡᠨ ᠠᠰᠢᠭᠯᠠᠬᠤ ᠦᠢᠯᠡ ᠠᠵᠢᠯᠯᠠᠭ᠎ᠠ ᠶᠢ ᠴᠢᠩᠭ᠎ᠠ ᠬᠢᠵᠠᠭᠠᠷᠯᠠᠪᠠ᠃ ᠬᠠᠲᠤᠨ ᠭᠤᠣᠯ᠂ ᠪᠠᠷᠠᠭᠤᠨ ᠯᠢᠶᠣᠤ ᠾᠧ ᠭᠤᠣᠯ᠂ ᠨᠤᠨ ᠮᠥᠷᠡᠨ ᠵᠡᠷᠭᠡ ᠭᠤᠣᠯ ᠪᠣᠯᠬᠤ ᠭᠤᠣᠯ ᠮᠥᠷᠡᠨ ᠪᠣᠯᠣᠨ ᠬᠥᠯᠥᠨ ᠨᠠᠭᠤᠷ᠂ ᠤᠯᠠᠭᠠᠨᠰᠤᠬᠠᠢ ᠨᠠᠭᠤᠷ ᠵᠡᠷᠭᠡ ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠡᠷᠭᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠪᠡ᠃ ᠲᠡᠷᠡᠴᠢᠯᠡᠨ ᠤᠰᠤᠨ ᠠᠰᠢᠭᠯᠠᠯᠲᠠ ᠶᠢᠨ ᠶᠠᠮᠤᠨ ᠤ ᠱᠠᠭᠠᠷᠳᠠᠭᠰᠠᠨ ᠬᠤᠭᠤᠴᠠᠭ᠎ᠠ ᠶᠣᠰᠣᠭᠠᠷ ᠳᠤᠷ᠎ᠠ ᠪᠠᠨ ᠢᠶᠠᠨ ᠡᠵᠡᠯᠡᠬᠦ᠂ ᠳᠤᠷ᠎ᠠ ᠪᠠᠨ ᠢᠶᠠᠨ ᠮᠠᠯᠲᠠᠬᠤ᠂ ᠳᠤᠷ᠎ᠠ ᠪᠠᠨ ᠢᠶᠠᠨ ᠣᠪᠣᠭᠠᠯᠠᠬᠤ᠂ ᠳᠤᠷ᠎ᠠ ᠪᠠᠨ ᠢᠶᠠᠨ ᠪᠠᠶᠢᠭᠤᠯᠬᠤ ᠵᠡᠷᠭᠡ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠤᠰᠤᠨ ᠤ ᠠᠮᠢ ᠠᠬᠤᠶ ᠶᠢ ᠵᠠᠰᠠᠨ ᠰᠡᠷᠭᠦᠭᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ ᠨᠠᠭᠤᠷ ᠴᠥᠭᠦᠷᠥᠮ ᠢ ᠶᠡᠷᠦᠩᠬᠡᠶᠢᠯᠡᠨ ᠵᠠᠰᠠᠬᠤ ᠢᠨᠵᠡᠸ᠋ᠨᠧᠷᠢᠭ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠂ ᠪᠦᠬᠦ ᠵᠢᠯ ᠳᠤ ᠭᠤᠣᠯᠳᠠᠯᠭ᠎ᠠ ᠲᠠᠢ ᠨᠠᠭᠤᠷ ᠲᠣᠭᠤᠷᠢᠮ ᠳᠤ 10 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠠᠮᠢ ᠠᠬᠤᠶ ᠶᠢᠨ ᠤᠰᠤ ᠨᠥᠬᠦᠪᠥᠷᠢᠯᠡᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号