ᠥᠪᠥᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ︽ᠬᠠᠭᠤᠳᠠᠰᠦ ᠴᠠᠭᠠᠰᠦ ᠪᠠᠷ ᠬᠠᠶᠢᠷ᠎ᠠ ᠪᠠᠨ ᠡᠷᠭᠦᠭᠦ︾ ᠠᠵᠢᠯᠯᠠᠭ᠎ᠠ ᠦᠷᠨᠢᠭᠦᠯᠪᠠ  ᠯᠢ ᠵᠢᠢ ᠾᠸᠡᠭ ᠪᠦ᠋ ᠰᠢᠶᠤᠤ ᠯᠢᠨ ᠯᠢ ᠰᠢᠤ ᠯᠢᠩ ᠠᠵᠢᠯᠯᠠᠭ᠎ᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2019/3/11
     3 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠤ ᠪᠠᠨ ︽ᠬᠠᠭᠤᠳᠠᠰᠦ ᠴᠠᠭᠠᠰᠦ ᠪᠠᠷ ᠬᠠᠶᠢᠷ᠎ᠠ ᠪᠠᠨ ᠡᠷᠭᠦᠭᠦ︾ ᠠᠵᠢᠯᠯᠠᠭ᠎ᠠ ᠦᠷᠨᠢᠭᠦᠯᠪᠠ᠃ ᠲᠦᠯᠦᠭᠡᠯᠡᠭᠴᠢᠳ ᠬᠤᠷᠠᠯ ᠤᠨ ᠬᠤᠭᠤᠴᠠᠭᠠᠨ ᠳᠤ ᠤᠡᠭᠰᠢᠵᠦ ᠦᠡᠭᠭᠡᠷᠡᠭᠰᠡᠨ ᠬᠠᠭᠤᠴᠢᠨ ᠰᠤᠨᠢᠨ ᠰᠡᠳᠭᠦᠯ ᠢᠶᠠᠨ ᠬᠠᠶᠢᠷ᠎ᠠ ᠪᠠᠨ ᠡᠷᠭᠦᠭᠦ ᠬᠠᠶᠢᠷᠴᠠᠬ ᠲᠤ ᠬᠢᠵᠦ᠂ ᠪᠤᠳᠠᠳᠤ ᠠᠵᠢᠯᠯᠠᠭ᠎ᠠ ᠪᠠᠷ ᠢᠶᠠᠨ ᠨᠢᠭᠦᠯᠡᠰᠦᠩᠭᠦᠢ ᠶᠢᠨ ᠦᠢᠯᠡᠰ ᠢ ᠲᠡᠮᠵᠢᠯ᠎ᠠ᠃      ᠯᠢ ᠵᠢᠢ ᠾᠸᠡᠭ᠂ ᠪᠦ᠋ ᠰᠢᠶᠤᠤ ᠯᠢᠨ᠂ ᠯᠢ ᠰᠢᠤ ᠯᠢᠩ ᠵᠡᠷᠭᠡ ᠲᠦᠯᠦᠭᠡᠯᠡᠭᠴᠢ ᠠᠵᠢᠯᠯᠠᠭ᠎ᠠ ᠳᠤ ᠤᠷᠤᠯᠴᠠᠵᠠᠢ᠃      ︽ᠡᠨᠡ ᠬᠦ ᠠᠵᠢᠯᠯᠠᠭ᠎ᠠ ᠨᠢ ᠤᠷᠴᠢᠨ ᠲᠤᠭᠤᠷᠢᠨ ᠤ ᠬᠠᠮᠠᠭᠠᠯᠠᠯᠳᠠ ᠪᠠ ᠠᠷᠪᠢᠯᠠᠵᠦ ᠭᠠᠮᠨᠠᠬᠤ  ᠣᠨᠣᠯᠵᠢᠬᠤᠨ ᠢ ᠤᠬᠠᠭᠤᠯᠵᠤ ᠨᠠᠶᠢᠳᠠᠪᠤᠷᠢᠵᠢᠭᠤᠯᠬᠤ ᠳᠤ ᠴᠦᠮ ᠮᠠᠰᠢ ᠰᠠᠶᠢᠨ ᠵᠢᠯᠤᠭᠤᠳᠬᠤ ᠦᠢᠯᠡᠳᠤᠯ ᠲᠠᠢ᠃ ᠠᠷᠠᠳ ᠤᠨ ᠲᠦᠯᠦᠭᠡᠯᠡᠭᠴᠢ ᠪᠤᠯᠤᠬᠰᠠᠨ ᠤ ᠬᠤᠪᠢ ᠳᠤ ᠪᠢᠳᠠ ᠢᠳᠡᠪᠭᠢᠳᠡᠢ ᠤᠷᠤᠯᠴᠠᠨ᠎ᠠ︾ ᠭᠡᠵᠦ ᠹᠸᠡᠭ ᠶᠠᠨ ᠯᠢ ᠲᠦᠯᠦᠭᠡᠯᠡᠭᠴᠢ ᠬᠡᠯᠡᠪᠡ᠃ ᠲᠡᠷᠡ ᠬᠠᠶᠢᠷ᠎ᠠ ᠪᠠᠨ ᠡᠷᠭᠦᠭᠦ ᠠᠵᠢᠯᠯᠠᠭ᠎ᠠ ᠪᠠᠷ ᠲᠠᠮᠵᠢᠨ ᠨᠡᠩ ᠤᠯᠠᠨ ᠬᠦᠮᠦᠨ ᠢ ᠤᠷᠢᠶᠠᠯᠠᠨ ᠶᠠᠳᠠᠭᠤ ᠬᠦᠴᠢᠷᠳᠠᠯᠲᠠᠢ ᠭᠡᠷ ᠪᠦᠯᠢ ᠶᠢᠨ ᠲᠦᠷᠦᠯᠭᠢ ᠵᠢᠷᠦᠭᠡᠨ ᠡᠪᠡᠳᠴᠢᠨ ᠲᠠᠢ ᠭᠡᠤᠭᠡᠳ ᠪᠤᠯᠤᠨ ᠲᠦᠪᠠᠳ ᠦᠨᠳᠦᠰᠦᠳᠡᠨ ᠲᠦᠪᠯᠡᠷᠡᠨ ᠰᠠᠭᠤᠷᠢᠰᠢᠵᠦ ᠪᠠᠶᠢᠭ᠎ᠠ ᠭᠠᠵᠠᠷ ᠤᠷᠤᠨ ᠤ ᠪᠡᠳᠡᠭᠢ ᠶᠢᠨ ᠬᠤᠷᠤᠬᠠᠢᠢᠳᠤ ᠡᠪᠡᠳᠴᠢᠳᠠᠨ ᠢ ᠬᠠᠯᠠᠮᠵᠢᠯᠠᠨ ᠬᠠᠶᠢᠷᠠᠯᠠᠬᠤ ᠶᠢ ᠬᠦᠰᠡᠭᠰᠡᠨ ᠪᠠᠶᠢᠨ᠎ᠠ᠃      ︽︿ᠬᠠᠭᠤᠳᠠᠰᠦ ᠴᠠᠭᠠᠰᠦ ᠪᠠᠷ ᠬᠠᠶᠢᠷ᠎ᠠ ᠪᠠᠨ ᠡᠷᠭᠦᠭᠦ ᠠᠵᠢᠯᠯᠠᠭ᠎ᠠ﹀᠎ ᠨᠢ ᠶᠡᠷᠦᠩᠭᠡᠢ ᠱᠦᠵᠢ ᠰᠢ ᠶᠢᠨ ᠫᠢᠡᠭ ᠎ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠶᠠᠷᠢᠭᠰᠠᠨ ᠴᠢᠬᠤᠯᠠ ᠶᠠᠷᠢᠶᠡᠨ ᠤ ᠵᠤᠷᠢᠭ ᠰᠠᠨᠠᠭ᠎ᠠ ᠶᠢ ᠦᠢᠯᠡᠳᠦᠯᠭᠡᠵᠢᠭᠦᠯᠭᠦ ᠪᠤᠳᠠᠳᠠᠢ ᠢᠯᠡᠷᠡᠯ ᠪᠤᠯᠵᠤ᠂ ᠨᠡᠶᠢᠭᠡᠮ ᠎ ᠤᠨ ᠢᠳᠡᠪᠬᠢ ᠬᠦᠴᠦᠨ ᠢ ᠮᠠᠰᠢ ᠰᠠᠶᠢᠨ‌‍ᠲ᠋ᠠᠮᠵᠢᠭᠤᠯᠵᠠᠢ︾ ᠭᠡᠵᠦ ᠢᠤᠢ ᠰᠢᠤᠢ ᠪᠦᠸᠧ ᠲᠦᠯᠦᠭᠡᠯᠡᠭᠴᠢ ᠬᠡᠯᠡᠭᠰᠡᠨ ᠢᠶᠠᠨ ᠵᠠᠯᠭᠠᠭᠠᠳ᠄ ︽ᠪᠢᠳᠡ ᠠᠮᠢ ᠠᠬᠤᠢ ᠶᠢᠨ ᠪᠤᠯᠪᠠᠰᠤᠨ ᠤ ᠣᠨᠣᠯᠵᠢᠬᠤᠨ ᠪᠤᠯᠤᠨ ᠰᠢᠷᠭᠠᠭᠤ ᠬᠠᠳᠠᠭᠤᠵᠢᠯᠳᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠮᠢᠳᠤᠷᠠᠬᠤ ᠦᠵᠡᠯ ᠰᠠᠨᠠᠭ᠎ᠠ ᠶᠢ ᠪᠤᠳᠠᠳᠤ ᠠᠵᠢᠯ ᠳᠠᠭᠠᠨ ᠰᠠᠶᠢᠳᠤᠷ ᠨᠠᠶᠢᠳᠠᠪᠤᠷᠢᠵᠢᠭᠤᠯᠵᠦ᠂ ᠪᠦᠭᠦ ᠨᠡᠶᠢᠭᠡᠮ ᠳᠤ ᠤᠯᠠᠮᠵᠢᠯᠠᠬᠤ ᠴᠢᠬᠤᠯᠠᠳᠠᠢ︾ ᠬᠡᠪᠡ᠃      ︽ᠬᠠᠭᠤᠳᠠᠰᠦ ᠴᠠᠭᠠᠰᠦ ᠪᠠᠷ ᠬᠠᠶᠢᠷ᠎ᠠ ᠪᠠᠨ ᠡᠷᠭᠦᠭᠦ ᠠᠵᠢᠯᠯᠠᠭ᠎ᠠ︾ ᠪᠤᠯ ᠲᠤᠮᠳᠠᠳᠤ ᠶᠢᠨ ᠨᠢᠭᠦᠯᠡᠰᠦᠩᠭᠦᠢ ᠶᠢᠨ ᠶᠡᠷᠦᠩᠭᠡᠢ ᠡᠪᠯᠡᠯ ᠠᠴᠠ 2008 ᠣᠨ ᠤ 3 ᠳ᠋ᠤᠭᠠᠷ ᠰᠠᠷ᠎ᠠ ᠳᠤ ᠡᠬᠢᠯᠡᠭᠦᠯᠦᠭᠰᠡᠨ ᠲᠤᠮᠤ ᠬᠡᠯᠪᠡᠷᠢ ᠶᠢᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠤᠯᠤᠨ᠎ᠠ᠃ ᠲᠤᠰ ᠠᠵᠢᠯᠯᠠᠭ᠎ᠠ ᠨᠢ ᠬᠠᠶᠠᠬᠳᠠᠮᠠᠯ ᠴᠠᠭᠠᠰᠦ ᠶᠢ ᠴᠤᠬᠯᠠᠭᠤᠯᠵᠦ ᠬᠤᠳᠠᠯᠳᠤᠬᠰᠠᠨ ᠵᠤᠭᠤᠰ ᠢᠶᠠᠨ ᠮᠠᠨ ᠤ ᠤᠯᠤᠰ ᠤᠨ ᠴᠦᠭᠡᠨ ᠲᠤᠭᠠᠳᠤ ᠦᠨᠳᠦᠰᠦᠳᠡᠨ ᠎ ᠤ ᠭᠠᠵᠠᠷ ᠤᠷᠤᠨ ᠤ ᠶᠠᠳᠠᠭᠤ ᠬᠦᠴᠢᠷᠳᠠᠯᠲᠠᠢ ᠭᠡᠷ ᠪᠦᠯᠢ ᠶᠢᠨ ᠲᠦᠷᠦᠯᠭᠢ ᠶᠢᠨ ᠵᠢᠷᠦᠭᠡᠨ ᠡᠪᠡᠳᠴᠢᠨ ᠲᠠᠢ ᠬᠡᠤᠭᠡᠳ ᠪᠤᠯᠤᠨ ᠲᠦᠪᠡᠳ ᠦᠨᠳᠦᠰᠦᠳᠡᠨ ᠲᠦᠪᠯᠡᠷᠡᠨ ᠰᠠᠭᠤᠷᠢᠰᠢᠵᠦ ᠪᠠᠶᠢᠭ᠎ᠠ ᠭᠠᠵᠠᠷ ᠤᠷᠤᠨ ᠤ ᠶᠠᠳᠠᠭᠤ ᠬᠦᠴᠢᠷᠳᠠᠯᠲᠠᠢ ᠭᠡᠷ ᠪᠦᠯᠢ ᠶᠢᠨ ᠪᠡᠳᠡᠭᠢ ᠶᠢᠨ ᠬᠤᠷᠤᠬᠠᠢᠢᠳᠤ ᠡᠪᠡᠳᠴᠢᠳᠠᠨ ᠢ ᠡᠮᠨᠡᠨ ᠵᠠᠰᠠᠬᠤ ᠳᠤ ᠬᠡᠷᠡᠭᠯᠡᠵᠤ ᠪᠤᠢ᠃ ᠲᠦᠪ ᠤᠨ ᠤᠬᠠᠭᠤᠯᠬᠤ ᠬᠡᠯᠳᠡᠰ ᠠᠴᠠ ᠡᠨᠡ ᠬᠦ ᠠᠵᠢᠯᠯᠠᠭ᠎ᠠ ᠶᠢ ᠪᠦᠭᠦ ᠤᠯᠤᠰ ᠤᠨ ︽ᠠᠵᠢᠯᠴᠢ ᠠᠷᠪᠢᠴᠢ ᠰᠤᠷᠳᠠᠯ ᠢ ᠪᠤᠢ ᠪᠤᠯᠭᠠᠵᠦ ᠪᠦᠭᠦ ᠠᠷᠠᠳ ᠢᠶᠠᠷ ᠢᠶᠠᠨ ᠠᠷᠪᠢᠯᠠᠨ ᠭᠠᠮᠨᠠᠬᠤ︾ ᠠᠵᠢᠯᠯᠠᠭ᠎ᠠ ᠳᠤ ᠤᠷᠤᠭᠤᠯᠵᠦ᠂ ᠪᠦᠭᠦ ᠤᠯᠤᠰ ᠤᠨ ᠡᠯ᠎ᠠ ᠭᠠᠵᠠᠷ ᠤᠷᠤᠨ ᠳᠤ ᠪᠦᠭᠦ ᠲᠠᠯ᠎ᠠ ᠪᠠᠷ ᠬᠦᠨᠵᠡᠭᠡᠢ ᠦᠷᠨᠢᠭᠦᠯᠵᠦ ᠪᠤᠢ᠃      ᠲᠤᠮᠳᠠᠳᠤ ᠶᠢᠨ ᠨᠢᠭᠦᠯᠡᠰᠦᠩᠭᠦᠢ ᠶᠢᠨ ᠶᠡᠷᠦᠩᠭᠡᠢ ᠡᠪᠯᠡᠯ ᠤᠨ ᠰᠤᠨᠢᠨ ᠮᠡᠳᠡᠭᠡᠨ ᠤ ᠡᠳᠡᠭᠡᠳ ᠤᠨ ᠠᠬᠢᠭᠤᠯᠬᠤ ᠬᠤᠷᠠᠯ ᠤᠨ ᠭᠦᠢᠴᠡᠳᠭᠡᠭᠴᠢ ᠲᠠᠷᠤᠭ᠎ᠠ ᠵᠢᠴᠢ ᠨᠠᠷᠢᠨ ᠪᠢᠴᠢᠭ ᠤᠨ ᠲᠠᠷᠤᠭ᠎ᠠ ᠰᠢᠤᠢ ᠢ ᠰᠢᠤᠸᠠᠨ ᠤ ᠲᠠᠨᠢᠯᠴᠠᠭᠤᠯᠤᠬᠰᠠᠨ ᠢᠶᠠᠷ᠂ ᠲᠤᠰ ᠠᠵᠢᠯᠯᠠᠭ᠎ᠠ ᠶᠢ ᠡᠭᠢᠯᠡᠭᠦᠯᠦᠭᠰᠡᠨ ᠠᠴᠠ ᠨᠠᠭᠠᠰᠢ ᠨᠢᠭᠡᠨᠳᠡ ᠦᠪᠤᠷ ᠮᠤᠩᠭᠤᠯ ᠤᠨ ᠲᠦᠷᠦᠯᠭᠢ ᠶᠢᠨ ᠵᠢᠷᠦᠭᠡᠨ ᠡᠪᠡᠳᠴᠢᠨ ᠲᠠᠢ 117 ᠭᠡᠤᠭᠡᠳ ᠢ ᠡᠮᠨᠡᠨ ᠵᠠᠰᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号