3 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠭᠠᠶᠢᠯᠢ ᠶᠢᠨ | ᠶᠠᠪᠤᠳᠠᠯ ᠮᠥᠩᠭᠦᠨ ᠭᠦᠢᠯᠭᠡᠭᠡᠨ ᠤ ᠠᠵᠢᠯ ᠤᠨ ᠤᠳᠤᠷᠢᠳᠬᠤ ᠳᠤᠭᠤᠶᠢᠯᠠᠩ 2019 ᠣᠨ ᠤ ᠪᠦᠬᠦ ᠣᠷᠣᠨ ᠤ | ᠮᠥᠩᠭᠦᠨ ᠭᠦᠢᠯᠭᠡᠭᠡᠨ ᠢ ᠳᠤᠭᠳᠠᠪᠤᠷᠢᠵᠢᠭᠤᠯᠤᠨ ᠬᠥᠭᠵᠢᠯᠲᠡ ᠶᠢ ᠠᠬᠢᠭᠤᠯᠵᠤ ᠠᠶᠤᠯ ᠲᠦᠭᠰᠢᠭᠦᠷᠢ ᠶᠢ ᠰᠡᠷᠭᠡᠶᠢᠯᠡᠬᠦ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠶᠠᠷᠢᠶ᠎ᠠ ᠲᠠᠯᠪᠢᠵᠠᠢ᠃ | ᠵᠠᠩ ᠱᠤᠤ ᠴᠦᠨ ᠴᠢᠬᠤᠯᠠᠴᠢᠯᠠᠭᠰᠠᠨ ᠨᠢ᠂ 2018 ᠣᠨ ᠳᠤ ᠪᠦᠬᠦ ᠣᠷᠣᠨ ᠤ ᠮᠥᠩᠭᠦᠨ ᠭᠦᠢᠯᠭᠡᠭᠡᠨ ᠤ | ᠦᠢᠯᠡᠰ ᠤᠨ ᠬᠡᠪᠴᠢᠶ᠎ᠡ᠂ ᠬᠤᠷᠳᠤᠴᠠ᠂ ᠶᠠᠰᠤ ᠴᠢᠨᠠᠷ ᠪᠠ ᠦᠷ᠎ᠡ ᠠᠰᠢᠭ ᠵᠡᠷᠭᠡ ᠪᠠᠷ ᠲᠠᠬᠡᠭᠰᠢᠯᠡᠵᠤ᠂ ᠪᠥᠬᠦ ᠣᠷᠣᠨ | ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | 2019 ᠣᠨ ᠳᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ | ᠴᠢᠳᠠᠪᠤᠷᠢ ᠶᠢ ᠴᠢᠨᠠᠭᠰᠢᠳᠠ ᠴᠢᠩᠭᠠᠳᠬᠠᠨ᠂ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠲᠠᠮᠵᠢᠭᠤᠯᠬᠤ | ᠲᠣᠭᠲᠠᠴᠠ ᠶᠢ ᠰᠢᠯᠤᠭᠤᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ︽ᠡᠴᠦᠰ ᠤᠨ ᠨᠢᠭᠡ ᠺᠢᠯᠣᠮᠧᠲᠷ︾ | ᠢ ᠬᠦᠴᠦᠯᠡᠨ ᠨᠡᠪᠳᠡᠷᠡᠭᠦᠯᠬᠦ ᠬᠡᠷᠡᠭᠳᠡᠢ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠦᠷᠦᠯ ᠵᠦᠢᠯ ᠤᠨ | ᠬᠥᠮᠥᠷᠭᠡ ᠪᠠ ᠠᠵᠤ ᠠᠬᠤᠶᠢᠯᠠᠯ ᠤᠨ ᠬᠥᠮᠥᠷᠭᠡ ᠶᠢ ᠪᠠᠶᠢᠭᠤᠯᠤᠨ᠂ ᠤᠨᠤᠪᠴᠢᠳᠠᠢ ᠪᠠᠷ ᠮᠥᠩᠭᠦᠨ ᠭᠦᠢᠯᠭᠡᠭᠡᠨ ᠤ | ᠵᠥᠷᠢᠶᠡᠲᠦ ᠦᠢᠯᠡᠴᠢᠯᠡᠭᠡ ᠬᠠᠩᠭᠠᠬᠤ ᠶᠢ ᠠᠬᠢᠭᠤᠯᠬᠤ ᠬᠡᠷᠡᠭᠳᠠᠢ︔ ᠶᠡᠷᠦᠩᠬᠡᠶᠢᠯᠡᠭᠰᠡᠨ᠂ ᠬᠠᠮᠲᠤᠷᠠᠭᠰᠠᠨ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠰᠢᠭᠤᠳ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ᠂ | ᠪᠠᠩᠬᠢ ᠪᠠ ᠳᠠᠭᠠᠳᠬᠠᠯ ᠤᠨ ᠬᠠᠮᠲᠤᠷᠠᠯᠴᠠᠭ᠎ᠠ᠂ ᠪᠠᠩᠬᠢ ᠪᠠ ᠪᠠᠳᠤᠯᠠᠭᠠᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠬᠤ ᠬᠡᠷᠡᠭᠳᠠᠢ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠰᠢᠰᠲ᠋ᠧᠮ ᠤᠨ ᠴᠢᠨᠠᠷᠳᠠᠢ ᠠᠶᠤᠯ ᠲᠦᠭᠰᠢᠭᠦᠷᠢ | ᠦᠯᠦ ᠡᠭᠦᠰᠭᠦ ᠬᠤᠷᠢᠭ᠎ᠠ ᠱᠤᠭᠤᠮ ᠢ ᠪᠠᠲᠤ ᠰᠠᠬᠢᠵᠤ᠂ ᠬᠥᠮᠦᠨ ᠢᠶᠠᠨ ᠰᠠᠶᠢᠨ ᠬᠠᠷᠠᠨ ᠵᠣᠭᠤᠰ ᠢᠶᠠᠨ ᠰᠠᠶᠢᠨ | ᠬᠠᠮᠢᠶᠠᠷᠴᠦ᠂ ᠲᠦᠷᠢᠮ ᠤᠨ ᠰᠡᠷᠭᠡᠶᠢᠯᠡᠯᠲᠡ ᠶᠢ ᠪᠠᠳᠤᠳᠬᠠᠬᠤ ᠬᠡᠷᠡᠭᠳᠠᠢ᠃ ᠮᠥᠩᠭᠦᠨ ᠭᠦᠢᠯᠭᠡᠭᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠭᠤᠶᠢᠪᠢᠰᠢ ᠤᠢᠭᠡᠢ ᠪᠠᠷᠢᠮᠳᠠᠯᠠᠵᠤ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠠᠪᠤᠴᠠ ᠳᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ | ᠪᠦᠳᠦᠮᠵᠢ ᠪᠤᠯᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ | ᠭᠡᠪᠠ᠃ | ᠬᠤᠷᠠᠯ ᠠᠴᠠ᠂ 2018 ᠣᠨ ᠤ ᠪᠦᠬᠦ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠲᠡᠷᠢᠭᠦᠨ ᠤ | ᠬᠠᠮᠲᠤ ᠨᠢᠭᠡᠴᠢ ᠪᠠ ᠬᠤᠪᠢ ᠬᠥᠮᠦᠨ ᠢ ᠰᠠᠶᠢᠰᠢᠶᠠᠨ ᠬᠥᠬᠢᠭᠦᠯᠵᠠᠢ᠃ |