ᠪᠦᠬᠦ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠪᠠ  ᠪᠠᠢ ᠢᠤᠢ ᠭᠠᠩ ᠶᠠᠷᠢᠶ᠎ᠠ ᠳᠠᠯᠪᠢᠵᠤ ᠠᠢ ᠯᠢ ᠬᠤᠸᠠ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2019/3/12
     ᠶᠡᠷᠦᠩᠬᠡᠢ ᠱᠦᠵᠢ ᠰᠢ ᠶᠢᠨ ᠫᠢᠩ ᠤᠨ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠳᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ 26 ᠳ᠋ᠤᠭᠠᠷ ᠤᠳᠠᠭ᠎ᠠ ᠶᠢᠨ ᠪᠦᠬᠦ ᠤᠯᠤᠰ ᠤᠨ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠬᠡ᠂ 3 ᠳ᠋ᠤᠭᠠᠷ ᠰᠠᠷ᠎ᠠ ᠶᠢᠨ 11᠎ ᠤ ᠡᠳᠦᠷ᠂ ᠮᠠᠨ ᠤ ᠤᠷᠤᠨ ᠪᠦᠬᠦ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠭᠤᠯᠪᠠ᠃      ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠎ ᠤᠨ ᠳᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠨ ᠶᠠᠷᠢᠶ᠎ᠠ ᠳᠠᠯᠪᠢᠵᠤ᠂ ᠦᠪᠡᠷᠳᠡᠬᠡᠨ ᠵᠠᠰᠬᠠᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ ᠬᠤᠷᠠᠯ ᠢ ᠡᠷᠬᠢᠯᠡᠵᠠᠢ᠃      ᠬᠤᠷᠠᠯ ᠠᠴᠠ ᠬᠤᠶᠢᠰᠢᠳᠠ ᠶᠢᠨ ᠨᠢᠬᠡ ᠬᠤᠭᠤᠴᠠᠭᠠᠨ ᠤ ᠮᠠᠨ ᠤ ᠤᠷᠤᠨ ᠤ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠪᠠ ᠦᠵᠡᠯ ᠰᠠᠨᠠᠭᠠᠨ ᠤ ᠠᠵᠢᠯ ᠢ ᠪᠦᠬᠦ ᠳᠠᠯ᠎ᠠ ᠪᠠᠷ ᠪᠠᠶᠢᠷᠢᠯᠠᠭᠤᠯᠵᠤ᠂ ᠦᠨᠳᠦᠰᠦᠳᠡᠨ ᠤ ᠰᠡᠷᠬᠦᠨ ᠮᠠᠨᠳᠤᠯᠳᠠ ᠶᠢᠨ ᠲᠤᠮᠤ ᠡᠬᠦᠷᠬᠡ ᠶᠢ ᠡᠬᠦᠷᠬᠡᠯᠡᠬᠦ ᠴᠠᠭ ᠦᠶ᠎ᠠ ᠶᠢᠨ ᠰᠢᠨ᠎ᠡ ᠬᠦᠮᠦᠨ ᠢ ᠬᠦᠮᠦᠵᠢᠬᠦᠯᠬᠦ ᠳᠤ ᠪᠠᠳᠤ ᠪᠠᠬᠢ ᠤᠯᠤᠰ ᠲᠦᠷᠦ ᠶᠢᠨ ᠪᠠᠳᠤᠯᠠᠭ᠎ᠠ᠂ ᠦᠵᠡᠯ ᠰᠠᠨᠠᠭ᠎ᠠ ᠶᠢᠨ ᠪᠠᠳᠤᠯᠠᠭ᠎ᠠ ᠪᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠬᠤ ᠬᠡᠷᠡᠭᠳᠡᠢ ᠬᠡᠵᠦ ᠳᠤᠷᠠᠳᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠭ ᠤᠨ ᠪᠠᠶᠢᠳᠠᠯ ᠤᠨ ᠡᠬᠦᠷᠬᠡ ᠶᠢ ᠤᠨᠤᠪᠴᠢᠳᠠᠢ ᠡᠵᠡᠮᠳᠡᠵᠦ᠂ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢ ᠰᠠᠶᠢᠳᠤᠷ ᠬᠢᠬᠦ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠡᠬᠦᠷᠬᠡ ᠬᠠᠷᠢᠭᠤᠴᠠᠯᠭᠠᠳᠤ ᠰᠡᠳᠬᠢᠯᠬᠡ ᠶᠢ ᠴᠢᠩᠭᠠᠳᠬᠠᠬᠤ ᠬᠡᠷᠡᠭᠳᠡᠢ︔ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠡᠯ᠎ᠠ ᠵᠦᠢᠯ ᠤᠨ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠬᠤ ᠬᠡᠷᠡᠭᠳᠡᠢ︔ ᠪᠤᠯᠪᠠᠰᠤᠨ ᠤ ᠦᠷ᠎ᠠ ᠪᠦᠳᠦᠮᠵᠢ ᠶᠢ ᠵᠠᠯᠭᠠᠮᠵᠢᠯᠠᠨ ᠰᠢᠨ᠎ᠡ ᠶᠢ ᠡᠬᠦᠳᠬᠦ ᠶᠢ ᠪᠠᠷᠢᠮᠳᠠᠯᠠᠵᠤ᠂ ᠶᠡᠭᠡ ᠳᠡᠬᠡᠳᠤ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠦᠨᠡᠨ ᠬᠦ ᠠᠬᠢᠭᠤᠯᠬᠤ ᠬᠡᠷᠡᠭᠳᠡᠢ︔ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠳᠠᠯᠠᠵᠤ᠂ ᠦᠵᠡᠯ ᠤᠬᠠᠮᠰᠠᠷ ᠤᠨ ᠠᠵᠢᠯ ᠤᠨ ᠤᠳᠤᠷᠢᠳᠬᠤ ᠡᠷᠬᠡ ᠶᠢ ᠴᠢᠩᠭᠠᠳᠬᠠᠨ᠂ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ ᠭᠡᠵᠡᠢ᠃      ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠡᠯ᠎ᠠ ᠶᠡᠭᠡ ᠳᠡᠬᠡᠳᠤ ᠰᠤᠷᠭᠠᠭᠤᠯᠢ ᠶᠢᠨ ᠨᠠᠮ ᠤᠨ ᠬᠤᠷᠢᠶᠠᠨ ᠪ᠊ ᠱᠦᠵᠢ᠂ ᠵᠠᠬᠢᠷᠤᠯ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ 300ᠭᠠᠷᠤᠢ ᠬᠦᠮᠦᠨ ᠬᠤᠷᠠᠯ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号