ᠥᠪᠥᠷ ᠮᠣᠩᠭᠤᠯ ᠡᠨᠡ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ 9 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠭᠲᠠᠭᠠᠪᠠ
ᠨᠡᠶᠢᠲᠡᠯᠡᠭᠰᠡᠨ ᠴᠠᠭ᠄
2019/3/12
     ᠲᠦᠷᠦᠭᠦᠬᠡᠨ ᠬᠤᠷᠠᠯᠳᠤᠭᠰᠠᠨ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠠᠴᠠ 2019 ᠣᠨ ᠤ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ 9 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠭᠲᠠᠭᠠᠪᠠ᠃      ᠡᠨᠡ 9 ᠵᠦᠢᠯ ᠤᠨ ᠡᠭᠦᠷᠭᠡ ᠪᠣᠯ ᠲᠤᠰ ᠲᠤᠰ ᠳᠤᠮᠳᠠ ᠤᠷᠲᠤᠪᠲᠤᠷ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠰᠦᠪᠡᠭᠴᠢᠯᠡᠯᠲᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠷᠢᠰᠢᠯ ᠢ ᠪᠤᠢ ᠪᠣᠯᠭᠠᠬᠤ︔ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠩᠭᠠᠯᠭ᠎ᠠ ᠶᠢ ᠴᠢᠩᠭᠠᠳᠬᠠᠬᠤ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠠᠵᠤ ᠠᠬᠤᠢ ᠶᠢᠨ ᠨᠢᠭᠲᠠ ᠤᠶᠠᠯᠳᠤᠯ ᠢ ᠠᠬᠢᠭᠤᠯᠬᠤ︔ ᠰᠢᠨ᠎ᠡ ᠶᠢ ᠡᠭᠦᠳᠬᠦ ᠰᠠᠭᠤᠷᠢ ᠶᠢ ᠪᠠᠬᠢᠵᠢᠭᠦᠯᠵᠦ᠂ ᠥᠨᠳᠥᠷ ᠲᠦᠪᠰᠢᠨ ᠪᠦᠬᠦᠢ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠬᠤ︔ ᠲᠠᠪᠴᠠᠩ ᠤᠨ ᠠᠴᠢᠶᠠᠯᠠᠪᠤᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠪᠠᠶᠢᠭᠤᠯᠬᠤ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠢᠷᠢ ᠰᠠᠭᠤᠷᠢ ᠶᠢ ᠴᠢᠩᠭᠠᠷᠠᠭᠤᠯᠬᠤ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ ᠬᠢᠬᠦ ᠬᠠᠮᠲᠤᠷᠠᠯᠴᠠᠭ᠎ᠠ ᠶᠢ ᠲᠦᠷᠭᠡᠳᠬᠡᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠣᠷᠣᠨ ᠪᠦᠰᠡ ᠠᠯᠤᠰᠯᠠᠨ ᠲᠣᠬᠢᠷᠠᠭᠤᠯᠬᠤ ᠶᠢ ᠠᠬᠢᠭᠤᠯᠬᠤ︔ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ ᠪᠣᠶ ᠪᠣᠯᠭᠠᠬᠤ︔ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ  ᠬᠠᠩᠭᠠᠬᠤ ᠶᠠᠪᠤᠳᠠᠯ ᠪᠣᠯᠣᠨ᠎ᠠ᠃      ᠰᠢᠨ᠎ᠡ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠰᠲ᠋ᠧᠮ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠢᠪᠲᠤᠯᠤᠯᠲᠠ ᠪᠣᠯᠣᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠶᠢᠨ ᠡᠭᠦᠷᠭᠡ ᠪᠠ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠢᠷᠢ ᠰᠠᠭᠤᠷᠢ ᠶᠢ ᠬᠦᠴᠦᠯᠡᠨ ᠴᠢᠩᠭᠠᠳᠬᠠᠵᠤ᠂ ᠲᠠᠪᠴᠠᠩ ᠤᠨ ᠠᠴᠢᠶᠠᠯᠠᠪᠤᠷᠢ ᠶᠢᠨ ᠪᠦᠲᠦᠭᠡᠨ ᠪᠠᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠰᠢᠯᠢᠳᠡᠭ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠂ ᠴᠢᠳᠠᠪᠤᠷᠢᠲᠠᠨ ᠤ ᠬᠥᠭᠵᠢᠯᠲᠡ ᠶᠢᠨ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠬᠦᠴᠦᠯᠡᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ ᠬᠥᠲᠥᠯᠥᠨ ᠳᠠᠭᠠᠭᠤᠯᠵᠤ᠂ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号