3 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤ ᠬᠦᠴᠢᠷᠳᠡᠯᠲᠡᠶ ᠵᠡᠮᠳᠡᠭᠴᠦᠳ ᠤᠨ | ᠠᠮᠢᠳᠤᠷᠠᠯ ᠤᠨ ᠨᠥᠬᠦᠪᠥᠷᠢ ᠪᠣᠯᠣᠨ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ | ᠬᠥᠮᠥᠨ ᠪᠦᠷᠢ ᠰᠠᠷ᠎ᠠ ᠳᠤ 100 ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠥᠬᠦ ᠤᠯᠤᠰ ᠲᠤ ᠲᠤᠰ ᠲᠤᠰ | ᠳᠣᠯᠣᠳᠤᠭᠠᠷ ᠪᠠ ᠠᠷᠪᠠᠨ ᠨᠢᠭᠡᠳᠦᠭᠡᠷ ᠲᠤ ᠲᠤᠳᠤᠷᠠᠪᠠ᠃ ᠡᠨᠡ ᠪᠣᠯ 2017 ᠣᠨ ᠳᠤ ᠪᠠᠷᠢᠮᠵᠢᠶ᠎ᠠ ᠶᠢ | ᠳᠡᠭᠡᠭᠰᠢᠯᠡᠭᠦᠯᠦᠭᠰᠡᠨ ᠤ ᠳᠠᠷᠠᠭ᠎ᠠ᠂ ᠭᠤᠷᠪᠠᠨ ᠵᠢᠯ ᠳᠤ ᠬᠤᠶᠠᠷ ᠤᠳᠠᠭ᠎ᠠ ᠪᠠᠷᠢᠮᠵᠢᠶ᠎ᠠ ᠶᠢ ᠳᠡᠭᠡᠭᠰᠢᠯᠡᠭᠦᠯᠵᠦ ᠪᠠᠶᠢᠭ᠎ᠠ | ᠶᠠᠪᠤᠳᠠᠯ ᠪᠣᠯᠤᠨ᠎ᠠ᠃ | ᠣᠶᠢᠯᠠᠭᠠᠭᠰᠠᠨ ᠢᠶᠠᠷ᠂ ᠮᠠᠨ ᠤ ᠣᠷᠣᠨ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠳᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠮᠢᠳᠤᠷᠠᠯ ᠤᠨ ᠬᠦᠴᠢᠷᠳᠡᠯ ᠪᠣᠯᠣᠨ ᠬᠠᠷᠠᠭᠠᠯᠵᠠᠨ | ᠬᠠᠮᠠᠭᠠᠯᠠᠬᠤ ᠬᠦᠴᠢᠷᠳᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠪᠠᠶᠢᠨ᠎ᠠ᠃ 2018 ᠣᠨ ᠳᠤ᠂ ᠪᠥᠬᠦ | ᠣᠷᠣᠨ 2.76 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 24.6 ᠲᠦᠮᠡᠨ ᠬᠦᠴᠢᠷᠳᠡᠯᠲᠡᠶ | ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ ᠣᠯᠭᠤᠨ᠂ 25 ᠲᠦᠮᠡᠨ ᠬᠦᠨᠳᠦ ᠵᠡᠮᠳᠡᠭᠴᠦᠳ ᠲᠤ | ᠰᠤᠪᠢᠯᠠᠯᠲᠠ ᠶᠢᠨ ᠨᠥᠬᠦᠪᠥᠷᠢ ᠣᠯᠭᠤᠪᠠ᠃ ᠵᠠᠷᠢᠮ ᠨᠥᠬᠦᠴᠡᠯ ᠲᠠᠢ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠥᠬᠦᠪᠥᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠥᠬᠦᠪᠥᠷᠢ ᠥᠭᠬᠦ ᠬᠦᠷᠢᠶ᠎ᠡ ᠬᠡᠪᠴᠢᠶ᠎ᠡ ᠶᠢ | ᠥᠷᠭᠡᠳᠬᠡᠪᠡ᠃ ᠡᠭᠦᠨ ᠳᠤ ᠬᠦᠬᠡᠬᠤᠲᠠ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ | ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 108 ᠲᠥᠭᠦᠷᠢᠭ ᠪᠣᠯᠭᠠᠵᠤ᠂ ᠣᠷᠳᠣᠰ ᠬᠤᠲᠠ ᠬᠦᠨᠳᠦ | ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠬᠠᠮᠤᠭ ᠤᠨ ᠥᠨᠳᠥᠷ ᠲᠤ ᠪᠠᠨ ᠬᠥᠮᠥᠨ ᠪᠦᠷᠢ | ᠰᠠᠷ᠎ᠠ ᠳᠤ 333 ᠲᠥᠭᠦᠷᠢᠭ ᠪᠣᠯᠭᠠᠵᠠᠢ᠂ ᠣᠷᠳᠣᠰ ᠬᠤᠲᠠ ᠪᠠᠰᠠ ᠬᠦᠨᠳᠦ ᠳᠡᠰ ᠤᠨ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠥᠷᠢ ᠶᠢᠨ ᠬᠡᠪᠴᠢᠶ᠎ᠡ ᠶᠢ ᠭᠤᠷᠪᠠᠳᠤᠭᠠᠷ ᠳᠡᠰ᠂ ᠳᠥᠷᠪᠡᠳᠦᠭᠡᠷ ᠲᠡᠰ ᠤᠨ ᠮᠡᠳᠡᠷᠡᠯ ᠤᠨ | ᠵᠡᠮᠳᠡᠭ᠂ ᠣᠶᠣᠨ ᠤ ᠵᠡᠮᠳᠡᠭᠴᠦᠳ ᠲᠤ ᠬᠦᠷᠲᠡᠯ᠎ᠡ ᠦᠷᠭᠡᠳᠭᠡᠵᠡᠢ᠃ | ᠡᠨᠡ ᠵᠢᠯ᠂ ᠥᠪᠡᠷᠲᠡᠭᠡᠨ ᠵᠠᠰᠠᠬᠤ ᠣᠷᠣᠨ ᠠᠴᠠ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ | ᠪᠠᠯᠠ ᠮᠥᠩᠭᠦ ᠶᠢ 3.55 ᠳ᠋ᠦᠩᠰᠢᠭᠤᠷ ᠲᠥᠭᠦᠷᠢᠭ ᠪᠠᠭᠤᠯᠭᠠᠪᠠ᠂ ᠡᠭᠦᠨ ᠳᠤ ᠬᠦᠴᠢᠷᠳᠡᠯᠲᠡᠶ ᠵᠡᠮᠳᠡᠭᠴᠦᠳ ᠤᠨ | ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ 9847 ᠲᠦᠮᠡᠨ ᠲᠥᠭᠦᠷᠢᠭ᠂ ᠬᠦᠨᠳᠦ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠥᠷᠢ ᠶᠢᠨ ᠪᠠᠯᠠ ᠮᠥᠩᠭᠦ 9485 ᠲᠦᠮᠡᠨ ᠲᠥᠭᠦᠷᠢᠭ ᠢ ᠨᠢᠭᠡᠨᠲᠡ ᠨᠢᠳᠤᠨᠤᠨ ᠤ ᠵᠢᠯ ᠤᠨ | ᠡᠴᠦᠰ ᠲᠤ ᠡᠯ᠎ᠡ ᠠᠶᠢᠮᠠᠭ ᠬᠤᠲᠠ ᠳᠤ ᠤᠷᠢᠳᠴᠢᠯᠠᠨ ᠰᠠᠯᠭᠠᠨ ᠥᠭᠴᠦ᠂ ᠦᠯᠡᠳᠡᠪᠦᠷᠢ ᠪᠠᠯᠠ ᠮᠥᠩᠭᠦ ᠶᠢ ᠠᠯᠢ | ᠲᠦᠷᠭᠡᠨ ᠢᠶᠠᠷ ᠰᠠᠯᠭᠠᠨ ᠥᠭᠴᠦ ᠪᠣᠳᠠᠲᠠᠶᠢᠵᠢᠭᠤᠯᠬᠤ ᠪᠠᠷ ᠪᠠᠶᠢᠨ᠎ᠠ᠃ |