ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠠᠮᠤᠭ ᠤᠨ ᠰᠢᠨ᠎ᠡ ᠲᠤᠭ᠎ᠠ ᠪᠦᠷᠢᠳᠬᠡᠯ ᠠᠴᠠ ᠦᠵᠡᠪᠡᠯ᠂ ᠣᠳᠣᠬᠠᠨ | ᠪᠣᠯᠲᠠᠯ᠎ᠠ᠂ ᠪᠥᠬᠦ ᠣᠷᠣᠨ ᠤ ᠤᠢ ᠰᠢᠭᠤᠶ ᠶᠢᠨ ᠲᠠᠯᠠᠪᠠᠶ 3.92 ᠳ᠋ᠥᠩᠰᠢᠭᠤᠷ ᠮᠦ ᠪᠣᠯᠵᠤ᠂ ᠤᠢ ᠰᠢᠭᠤᠶ ᠶᠢᠨ | ᠪᠦᠷᠬᠦᠴᠡ ᠶᠢᠨ ᠨᠤᠷᠮ᠎ᠠ ᠨᠡᠮᠡᠭᠳᠡᠭᠡᠳ 22.1% ᠳᠤ ᠬᠦᠷᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶᠠᠨ ᠤ ᠡᠯᠡᠰᠦ ᠶᠢ ᠵᠠᠰᠠᠵᠤ ᠮᠣᠳᠣ ᠲᠠᠷᠢᠵᠤ ᠣᠶᠢᠵᠢᠭᠤᠯᠬᠤ ᠭᠠᠵᠠᠷ ᠤᠨ ᠳᠠᠷᠤᠭ᠎ᠠ ᠵᠠᠩ ᠭᠧᠨ ᠰᠢ | ᠲᠠᠨᠢᠯᠴᠠᠭᠤᠯᠤᠭᠰᠠᠨ ᠢᠶᠠᠷ᠂ ᠪᠦᠬᠦ ᠤᠯᠤᠰ ᠤᠨ ᠠᠮᠢ ᠠᠬᠤᠶ ᠶᠢᠨ ᠴᠢᠬᠤᠯᠠ ᠪᠠᠶᠢᠷᠢ ᠰᠠᠭᠤᠷᠢ ᠶᠢ ᠥᠨᠳᠥᠰᠥᠯᠡᠪᠡᠯ᠂ | ᠥᠪᠥᠷ ᠮᠣᠩᠭᠤᠯ ᠤᠨ ᠠᠮᠢ ᠠᠬᠤᠶ ᠶᠢᠨ ᠪᠠᠶᠢᠭᠤᠯᠤᠯᠲᠠ ᠶᠢᠨ ᠡᠭᠦᠷᠭᠡ ᠬᠦᠨᠳᠦ ᠨᠦᠰᠡᠷ ᠪᠠᠶᠢᠵᠤ᠂ ᠣᠶᠢᠷ᠎ᠠ ᠶᠢᠨ | ᠵᠢᠯ ᠠᠴᠠ ᠨᠠᠭᠠᠰᠢ ᠵᠢᠯ ᠪᠦᠷᠢ 1000 ᠭᠠᠷᠤᠢ ᠲᠦᠮᠡᠨ ᠮᠦ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠪᠥᠬᠦ ᠤᠯᠤᠰ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠶᠢ ᠡᠵᠡᠯᠡᠵᠡᠢ᠃ | ᠥᠪᠥᠷ ᠮᠣᠩᠭᠤᠯ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ | ᠨᠢᠭᠡᠨ ᠠᠮᠢ ᠨᠠᠰᠤᠨ ᠤ ᠨᠢᠭᠡᠨ ᠬᠠᠮᠲᠤ ᠶᠢᠨ ᠴᠣᠭᠴᠠ ᠪᠠᠷ ᠦᠵᠡᠵᠦ᠂ ︽ᠶᠡᠭᠡ ᠬᠢᠩᠭᠠᠨ ᠳᠠᠪᠠᠭ᠎ᠠ᠂ ᠮᠤᠨᠢ ᠠᠭᠤᠯᠠ᠂ | ᠠᠯᠠᠱᠠᠨ ᠠᠭᠤᠯᠠ᠂ ᠡᠯᠡᠰᠦ ᠮᠠᠩᠬ᠎ᠠ᠂ ᠮᠠᠩᠬᠠᠨ ᠭᠠᠵᠠᠷ᠂ ᠲᠠᠯ᠎ᠠ ᠭᠠᠵᠠᠷ ᠤᠨ ᠣᠷᠣᠨ᠂ ᠰᠢᠷ᠎ᠠ ᠬᠥᠷᠥᠰᠥᠲᠦ | ᠳᠣᠪᠣᠷᠬᠠᠭ ᠣᠷᠣᠨ᠂ ᠮᠤᠨᠢ ᠠᠭᠤᠯᠠ ᠶᠢᠨ ᠠᠷᠤ ᠬᠤᠷᠮᠣᠶ ᠶᠢᠨ ᠰᠠᠯᠬᠢᠨ ᠳᠤ ᠡᠯᠳᠡᠭᠳᠡᠭᠰᠡᠨ ᠡᠯᠡᠰᠦᠷᠬᠡᠭ ᠣᠷᠣᠨ᠂ | ᠠᠯᠠᠱᠠ ᠶᠢᠨ ᠡᠯᠡᠰᠦᠨ ᠴᠥᠯ ᠭᠤᠪᠢ ᠣᠷᠣᠨ︾ ᠤ ᠤᠢ ᠰᠢᠭᠤᠶ ᠶᠢᠨ ᠠᠮᠢ ᠠᠬᠤᠶ ᠶᠢᠨ ᠪᠦᠳᠦᠬᠡᠨ | ᠪᠠᠶᠢᠭᠤᠯᠤᠯᠲᠠ ᠶᠢᠨ ᠪᠦᠳᠦᠭᠦᠪᠴᠢ ᠲᠥᠰᠥᠪ ᠶᠣᠰᠣᠭᠠᠷ᠂ ᠣᠷᠣᠨ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠦᠨ᠂ | ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠡ ᠪᠠᠷ | ᠨᠣᠭᠤᠭᠠᠷᠠᠭᠤᠯᠤᠨ᠂ ᠪᠠᠶᠢᠭᠠᠯᠢ ᠶᠢᠨ ᠤᠢ ᠰᠢᠭᠤᠶ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠲᠣᠭᠤᠰᠣᠨ ᠤ | ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠢ ᠮᠣᠳᠣ ᠶᠢ ᠰᠡᠷᠭᠦᠭᠡᠬᠦ᠂ ︽ᠭᠤᠷᠪᠠᠨ ᠤᠮᠠᠷᠠᠲᠤ︾ ᠶᠢᠨ | ᠬᠠᠯᠬᠠᠪᠴᠢ ᠤᠢ ᠶᠢ ᠪᠦᠳᠦᠬᠡᠨ ᠪᠠᠶᠢᠭᠤᠯᠬᠤ ᠵᠡᠷᠭᠡ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ | ᠢᠨᠵᠧᠨᠧᠷᠢᠩ ᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠶ ᠶᠢᠨ ᠰᠢᠰᠲ᠋ᠧᠮ ᠤᠨ ᠨᠢᠭᠡ | ᠴᠣᠭᠴᠠᠵᠢᠭᠤᠯᠤᠭᠰᠠᠨ ᠵᠠᠰᠠᠨ ᠰᠡᠷᠭᠦᠭᠡᠬᠦ ᠠᠵᠢᠯᠯᠠᠭ᠎ᠠ ᠶᠢ ᠲᠦᠯᠬᠢᠨ ᠠᠬᠢᠭᠤᠯᠵᠤ ᠪᠣᠢ᠃ | ᠵᠠᠩ ᠭᠧᠨ ᠰᠢ ᠬᠡᠯᠡᠭᠰᠡᠨ ᠨᠢ᠂ ᠥᠪᠥᠷ ᠮᠣᠩᠭᠤᠯ ᠡᠯᠡᠰᠦᠨ ᠴᠥᠯ᠂ ᠡᠯᠡᠰᠦᠷᠬᠡᠭ ᠭᠠᠵᠠᠷ ᠢ ᠵᠠᠰᠠᠬᠤ ᠶᠢ | ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠭᠤᠣᠯ ᠹᠷᠣᠨᠲ ᠢᠶᠠᠨ ᠪᠣᠯᠭᠠᠨ᠂ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠤ ᠡᠯᠡᠰᠦᠷᠬᠡᠭ | ᠭᠠᠵᠠᠷ᠂ ᠦᠵᠦᠮᠦᠴᠢᠨ ᠤ ᠡᠯᠡᠰᠦᠷᠬᠡᠭ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠲᠤᠰᠬᠠᠶᠢᠯᠠᠨ ᠵᠠᠰᠠᠵᠦ᠂ | ᠵᠥᠪᠬᠡᠨ 2018 ᠣᠨ ᠳᠤ ᠪᠦᠬᠦ ᠣᠷᠣᠨ ᠤ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯᠠᠪᠠᠢ ᠨᠢ | 1270 ᠲᠦᠮᠡᠨ ᠮᠦ ᠳᠤ ᠬᠦᠷᠦᠭᠰᠡᠨ ᠪᠠᠶᠢᠨ᠎ᠠ ᠭᠡᠪᠡ᠃ | ᠥᠪᠥᠷ ᠮᠣᠩᠭᠤᠯ 2015 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠪᠠᠶᠢᠭᠠᠯᠢ ᠶᠢᠨ | ᠤᠢ ᠶᠢ ᠬᠤᠳᠠᠯᠳᠤᠭᠠᠨ ᠤ ᠴᠢᠨᠠᠷᠲᠠᠶ ᠪᠠᠷ ᠣᠭᠲᠣᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠵᠣᠭᠰᠣᠭᠠᠵᠤ᠂ ᠵᠢᠯ ᠪᠦᠷᠢ | ᠣᠢ ᠮᠣᠳᠣ ᠣᠭᠲᠤᠯᠬᠤ ᠶᠢ 151.2 ᠲᠦᠮᠡᠨ ᠪᠣᠰᠤᠭ᠎ᠠ ᠳᠥᠷᠪᠡᠯᠵᠢᠨ ᠮᠧᠲᠷ ᠬᠠᠰᠤᠭᠳᠠᠭᠤᠯᠵᠤ᠂ ᠪᠠᠶᠢᠭᠠᠯᠢ ᠶᠢᠨ | ᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠪᠦᠷᠢᠨ ᠪᠦᠷᠬᠦᠭᠦᠯᠪᠡ᠃ | ᠣᠶᠢᠯᠠᠭᠠᠭᠰᠠᠨ ᠢᠶᠠᠷ᠂ ᠤᠯᠠᠨ ᠵᠢᠯ ᠤᠨ ᠠᠮᠢ ᠠᠬᠤᠶ ᠶᠢᠨ ᠵᠠᠰᠠᠯᠲᠠ ᠪᠠᠷ ᠳᠠᠮᠵᠢᠨ᠂ ᠥᠪᠥᠷ ᠮᠣᠩᠭᠤᠯ ᠤᠨ | ᠤᠢ ᠰᠢᠭᠤᠶ ᠶᠢᠨ ᠪᠦᠷᠬᠦᠴᠡ ᠶᠢᠨ ᠨᠤᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ | ᠨᠢ ᠦᠷᠭᠦᠯᠵᠢᠯᠡᠨ ︽ᠬᠤᠣᠰ ᠳᠡᠭᠡᠭᠰᠢᠯᠡᠯᠲᠡ︾ ᠲᠠᠢ ᠪᠣᠯᠵᠤ᠂ ᠴᠥᠯᠡᠷᠬᠡᠭ᠂ ᠡᠯᠡᠰᠦᠷᠬᠡᠭ ᠭᠠᠵᠠᠷ ᠰᠢᠷᠣᠶ | ᠦᠷᠭᠦᠯᠵᠢᠯᠡᠨ ︽ᠬᠤᠣᠰ ᠪᠠᠭᠤᠷᠠᠯᠲᠠ︾ ᠲᠠᠢ ᠪᠣᠯᠵᠤ᠂ ᠪᠠᠳᠠᠢ ᠶᠢᠨ ᠵᠢᠷᠠᠨ ᠤ ᠡᠯᠡᠰᠦ ᠵᠡᠷᠭᠡ ᠲᠠᠪᠤᠨ ᠶᠡᠭᠡ | ᠡᠯᠡᠰᠦ ᠶᠢᠨ ᠡᠷᠬᠢᠨ ᠲᠣᠭᠤᠷᠢᠨ ᠤ ᠭᠤᠣᠯᠳᠠᠯᠭ᠎ᠠ ᠲᠠᠢ ᠵᠠᠰᠠᠯᠲᠠ ᠶᠢᠨ ᠣᠷᠣᠨ ᠤ ᠡᠯᠡᠰᠦ ᠮᠠᠩᠬᠠᠨ ᠤ ᠲᠠᠯᠠᠪᠠᠢ | ᠥᠷᠭᠡᠵᠢᠬᠦ ᠦᠵᠡᠭᠳᠡᠯ ᠬᠤᠷᠢᠭᠯᠠᠭᠳᠠᠵᠤ᠂ ᠬᠥᠯᠥᠨ ᠪᠤᠶᠢᠷ ᠤᠨ ᠡᠯᠡᠰᠦᠷᠬᠡᠭ ᠭᠠᠵᠠᠷ ᠤᠨ ᠡᠯᠡᠰᠦᠷᠬᠡᠭᠵᠢᠬᠦ ᠳᠠᠯᠠᠪᠡᠢ | ᠪᠠᠭᠠᠰᠤᠨ᠂ ᠡᠯᠡᠰᠦᠵᠢᠬᠦ ᠬᠡᠮᠵᠢᠶ᠎ᠡ ᠪᠠᠭᠤᠷᠠᠵᠤ ᠶᠡᠭᠡ ᠬᠤᠪᠢᠷᠠᠯᠲᠠ ᠭᠠᠷᠴᠤ᠂ ᠬᠥᠪᠴᠢ ᠡᠯᠡᠰᠦ ᠶᠢᠨ ᠵᠠᠰᠠᠯᠲᠠ ᠶᠢᠨ | ᠨᠣᠷᠮ᠎ᠠ ᠨᠢ 34.7% ᠳᠤ ᠬᠦᠷᠴᠦ᠂ ᠲᠩᠷᠢ ᠡᠯᠡᠰᠦᠨ ᠤ ᠵᠡᠭᠦᠨ ᠡᠮᠦᠨᠡᠲᠦ ᠬᠥᠪᠡᠭᠡᠨ ᠳᠠᠬᠢ ᠠᠮᠢᠳᠤ ᠪᠣᠳᠠᠰ ᠤᠨ | ᠬᠠᠯᠬᠠᠪᠴᠢ ᠪᠦᠰᠡ ᠶᠢ ᠪᠣᠢ ᠪᠣᠯᠭᠠᠪᠠ᠃ |