ᠥᠪᠥᠷ ᠮᠣᠩᠭᠤᠯ ᠤᠨ 2012 ᠣᠨ ᠠᠴᠠ ᠨᠠᠭᠠᠰᠢ ᠠᠯᠪᠠᠨ ᠵᠢᠷᠤᠮ ᠢᠶᠠᠷ ᠲᠠᠷᠢᠭᠰᠠᠨ ᠮᠣᠳᠣ ᠨᠡᠶᠢᠲᠡ 4.45 ᠳ᠋ᠥᠩᠰᠢᠭᠤᠷ ᠰᠠᠭᠤᠷᠢ ᠳᠤ ᠬᠦᠷᠪᠡ
ᠨᠡᠶᠢᠲᠡᠯᠡᠭᠰᠡᠨ ᠴᠠᠭ᠄
2019/3/13
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2012 ᠣᠨ ᠠᠴᠠ ᠨᠠᠭᠠᠰᠢ ᠥᠪᠥᠷ ᠮᠣᠩᠭᠤᠯ ᠨᠤᠲᠤᠭ ᠳᠡᠪᠢᠰᠬᠡᠷ ᠤᠨ ᠨᠤᠭᠤᠭᠠᠷᠠᠭᠤᠯᠤᠯᠳᠠ᠂ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠲᠥᠷᠭᠡᠳᠬᠡᠨ ᠠᠬᠢᠭᠤᠯᠵᠦ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠨᠡᠶᠢᠲᠡ 7661 ᠲᠦᠮᠡᠨ ᠬᠥᠮᠦᠨ ᠤᠳᠠᠭ᠎ᠠ ᠣᠷᠤᠯᠴᠠᠨ᠂ ᠨᠡᠶᠢᠳᠡ 4.45 ᠳ᠋ᠦᠩᠰᠢᠭᠤᠷ ᠰᠠᠭᠤᠷᠢ ᠮᠤᠳᠤ ᠲᠠᠷᠢᠵᠤ᠂ ᠡᠭᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃      ᠦᠪᠦᠷ ᠮᠤᠩᠬᠤᠯ ᠤᠨ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠲᠤᠬᠠᠢ ᠶᠢᠨ ᠭᠠᠵᠠᠷ ᠲᠤ ᠪᠠᠨ ᠲᠤᠬᠢᠷᠠᠭᠰᠠᠨ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠪᠠᠶᠢᠭᠤᠯᠵᠤ᠂ ᠠᠯᠪᠠᠨ ᠵᠢᠷᠤᠮ ᠤᠨ ᠮᠤᠳᠤ ᠲᠠᠷᠢᠬᠤ ᠶᠢ ᠬᠤᠳᠠ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠳᠠ᠂ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ᠂ ᠰᠢᠨ᠎ᠡ ᠲᠠᠷᠢᠶᠠᠯᠠᠬᠤ ᠣᠷᠣᠨ ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠳᠠ᠂ ᠭᠤᠤᠯᠳᠠᠯᠭ᠎ᠠ ᠲᠠᠢ ᠣᠷᠣᠨ ᠪᠦᠰᠡ ᠶᠢᠨ ᠨᠤᠭᠤᠭᠠᠷᠠᠭᠤᠯᠤᠯᠳᠠ ᠲᠠᠢ ᠤᠶᠠᠯᠳᠤᠭᠤᠯᠵᠤ᠂ ᠬᠤᠳᠠ ᠬᠦᠳᠡᠭᠡ᠂ ᠰᠠᠯᠠᠭ᠎ᠠ ᠮᠦᠴᠢᠷ ᠬᠠᠮᠲᠤ ᠪᠠᠷ ᠬᠦᠳᠡᠯᠦᠯᠴᠡᠨ᠂ ᠨᠢᠬᠡᠨ ᠪᠦᠯᠦᠭ ᠤᠢ ᠰᠢᠭᠤᠶᠢᠳᠤ ᠬᠤᠳᠠ᠂ ᠪᠤᠬᠢᠷᠳᠤᠯ ᠦᠭᠡᠢ ᠲᠤᠰᠬᠤᠨ ᠪᠠᠯᠭᠠᠰᠤ᠂ ᠪᠤᠬᠢᠷᠳᠤᠯ ᠦᠭᠡᠢ ᠬᠤᠷᠢᠶᠠᠯᠠᠯ᠂ ᠪᠤᠬᠢᠷᠳᠤᠯ ᠦᠭᠡᠢ ᠰᠤᠷᠭᠠᠭᠤᠯᠢ ᠶᠢᠨ ᠬᠦᠷᠢᠶ᠎ᠡ᠂ ᠪᠤᠬᠢᠷᠳᠤᠯ ᠦᠭᠡᠢ ᠴᠡᠷᠢᠭ ᠤᠨ ᠬᠤᠸᠠᠷᠠᠨ ᠢ ᠪᠠᠶᠢᠭᠤᠯᠤᠨ᠂ ᠣᠶᠢᠵᠢᠭᠤᠯᠤᠯᠲᠠ ᠨᠤᠭᠤᠭᠠᠷᠠᠭᠤᠯᠤᠯᠳᠠ ᠶᠢᠨ ᠠᠭᠤᠯᠬᠤᠨ ᠢ ᠤᠯᠠᠮ ᠪᠠᠶᠠᠯᠢᠭᠵᠢᠭᠤᠯᠪᠠ᠃      1981 ᠤᠨ ᠠᠴᠠ ᠡᠬᠢᠯᠡᠨ ᠪᠦᠬᠦ ᠠᠷᠠᠳ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠦᠪᠦᠷ ᠮᠣᠩᠭᠤᠯ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠨᠡᠶᠢᠲᠡ 3.4 ᠳ᠋ᠦᠩᠰᠢᠭᠤᠷ ᠭᠠᠷᠤᠢ ᠬᠦᠮᠦᠨ ᠤᠳᠠᠭ᠎ᠠ ᠤᠷᠤᠯᠴᠠᠵᠤ᠂ ᠲᠠᠷᠢᠭᠰᠠᠨ ᠮᠤᠳᠤ ᠨᠢ 17 ᠳ᠋ᠦᠩᠰᠢᠭᠤᠷ ᠰᠠᠭᠤᠷᠢ ᠶᠢ ᠳᠠᠪᠠᠨ᠂ ᠡᠯ᠎ᠡ ᠱᠠᠳᠤ ᠡᠯ᠎ᠡ ᠲᠦᠷᠦᠯ ᠤᠨ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠢ 3500 ᠭᠠᠷᠤᠢ ᠪᠠᠶᠢᠭᠤᠯᠵᠤ᠂ ᠲᠠᠯᠠᠪᠠᠢ ᠨᠢ 600 ᠭᠠᠷᠤᠢ ᠲᠦᠮᠡᠡ ᠮᠦ ᠳᠤ ᠬᠦᠷᠴᠡᠢ᠃      ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ᠮᠠᠨ ᠤ ᠤᠯᠤᠰ ᠤᠨ ᠵᠡᠬᠦᠨ ᠬᠤᠶᠢᠳᠤ ᠣᠷᠣᠨ᠂ ᠤᠮᠠᠷᠠᠳᠤ ᠣᠷᠣᠨ ᠪᠤᠯᠤᠨ ᠪᠠᠷᠠᠭᠤᠨ ᠬᠤᠶᠢᠳᠤ ᠣᠷᠣᠨ ᠢ ᠰᠤᠨᠳᠠᠯᠠᠵᠦ᠂ ᠡᠷᠬᠦᠨ᠎ᠡ ᠭᠤᠤᠯ᠂ ᠨᠤᠨ ᠮᠦᠷᠡᠨ᠂ ᠯᠢᠶᠣᠤ ᠾᠧ ᠭᠤᠤᠯ ᠤᠨ ᠡᠬᠢ ᠭᠠᠵᠠᠷ ᠪᠣᠯᠬᠤ ᠪᠦᠬᠡᠳ ᠪᠠᠳᠢ ᠶᠢᠨ ᠵᠢᠷᠠᠨ᠂ ᠲᠡᠭᠷᠢ ᠡᠯᠡᠰᠦ᠂ ᠤᠯᠠᠭᠠᠨᠪᠤᠬ᠎ᠠ᠂ ᠬᠦᠪᠴᠢ᠂ ᠪᠠᠶ᠋ᠬᠠᠦ᠋ᠨᠳᠤᠷ ᠲᠠᠪᠤᠨ ᠲᠤᠮᠤ ᠡᠯᠡᠰᠦᠨ ᠴᠦᠯ ᠪᠤᠯᠤᠨ ᠮᠤᠤᠠᠤᠰᠤ᠂ ᠬᠤᠯᠠᠨ ᠰᠢᠷᠭ᠎ᠠ ᠲᠠᠭ᠎ᠠ ᠶᠢᠨ ᠮᠠᠩᠬ᠎ᠠ ᠂ ᠬᠤᠷᠴᠢᠨ᠂ ᠬᠦᠯᠦᠨ ᠪᠤᠶᠢᠷ᠂ ᠦᠵᠦᠮᠦᠴᠢᠨ ᠵᠡᠷᠭᠡ ᠲᠠᠪᠤᠨ ᠲᠤᠮᠤ ᠡᠯᠡᠰᠦᠷᠬᠡᠭ ᠭᠠᠵᠠᠷ ᠲᠠᠢ ᠪᠣᠯᠬᠤᠷ ᠠᠮᠢ ᠠᠬᠤᠢ ᠵᠢᠴᠢ ᠤᠢ ᠰᠢᠭᠤᠢ ᠶᠢᠨ ᠦᠢᠯᠡᠰ ᠤᠨ ᠪᠦᠲᠦᠭᠡᠨ ᠪᠠᠶᠢᠭᠤᠯᠤᠯᠳᠠ ᠶᠢᠨ ᠡᠬᠦᠷᠬᠡ ᠨᠦᠰᠡᠷ ᠬᠦᠨᠳᠦ ᠪᠠᠶᠢᠨ᠎ᠠ᠃  
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号