ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠳᠤᠭᠤᠶᠢᠯᠠᠩ ᠬᠤᠪᠢᠶᠠᠵᠤ ︽ᠬᠤᠶᠠᠷ ᠬᠤᠷᠢᠶᠠᠨ︾᠎ ᠤ ᠠᠵᠢᠯ ᠤᠨ ᠮᠡᠳᠡᠬᠦᠯᠦᠯᠳᠡ ᠶᠢ ᠶᠠᠷᠢᠯᠴᠠᠪᠠ
ᠨᠡᠶᠢᠲᠡᠯᠡᠭᠰᠡᠨ ᠴᠠᠭ᠄
2019/3/13
     3 ᠳ᠋ᠤᠭᠠᠷ ᠰᠠᠷ᠎ᠠ ᠶᠢᠨ 12᠎ ᠤᠨ ᠡᠳᠦᠷ ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠦᠪᠡᠷ ᠦᠪᠡᠷ ᠤᠨ ᠡᠳᠡᠬᠡᠳ ᠢᠯᠭᠠᠯ ᠤᠨ ᠳᠤᠭᠤᠶᠢᠯᠠᠩ ᠳᠤ ᠪᠠᠨ ᠠᠷᠠᠳ ᠤᠨ ᠲᠡᠭᠡᠳᠦ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠶᠢ ᠶᠠᠷᠢᠯᠴᠠᠪᠠ᠃      ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠦᠮᠦᠨ ᠠᠮᠠ ᠡᠬᠢ ᠪᠠᠶᠠᠯᠢᠬ ᠤᠷᠴᠢᠨ ᠲᠤᠭᠤᠷᠢᠨ ᠎ ᠤ ᠵᠦᠪᠯᠡᠯ ᠤᠨ ᠲᠡᠳ᠋ ᠡᠷᠬᠢᠯᠡᠭᠴᠢ ᠷᠧᠨ ᠶᠠ ᠫᠢᠩ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠦᠷ ᠮᠤᠩᠭᠤᠯ ᠤᠨ ᠴᠡᠷᠢᠭ ᠤᠨ ᠲᠤᠭᠤᠷᠢᠬ ᠤᠨ ᠺᠤᠮᠠᠨᠳ᠋ᠯᠠᠬᠴᠢ ᠯᠧᠩ ᠵᠢᠶᠧ ᠰᠦᠩ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠵᠧᠩ ᠹᠦ᠋ ᠲᠢᠶᠠᠨ᠂ ᠯᠢᠦ ᠰᠢᠨ ᠯᠧ ᠶᠠᠷᠢᠯᠴᠠᠬᠤ ᠳᠤ ᠤᠷᠤᠯᠴᠠᠵᠠᠢ᠃      ᠶᠠᠷᠢᠯᠴᠠᠬᠤ ᠲᠤᠮᠳᠠ᠂ ᠬᠡᠰᠢᠬᠦᠳ ᠠᠷᠠᠳ ᠤᠨ ᠲᠡᠭᠡᠳᠦ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠳᠤ ᠠᠵᠢᠯ ᠢᠶᠠᠨ ᠪᠤᠰᠤᠳᠴᠢ ᠪᠦᠭᠡᠳ ᠪᠦᠬᠦ ᠲᠠᠯ᠎ᠠ ᠪᠠᠷ ᠳ᠋ᠦᠩᠨᠡᠵᠦ᠂ ᠠᠰᠠᠭᠤᠳᠠᠯ ᠢᠶᠠᠨ ᠬᠦᠨᠵᠡᠬᠡᠢ ᠪᠦᠭᠡᠳ ᠨᠡᠪᠳᠡᠷᠡᠳᠡᠯ᠎ᠡ ᠵᠠᠳᠠᠯᠤᠨ᠂ ᠠᠵᠢᠯ ᠤᠨ ᠭᠤᠤᠯᠳᠠᠯᠭ᠎ᠠ ᠶᠢ ᠳᠤᠪᠤᠶᠢᠯᠭᠠᠨ ᠪᠠᠶᠢᠷᠢᠯᠠᠭᠤᠯᠵᠤ᠂ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠵᠦᠢᠯᠡᠰ ᠲᠤ ᠢᠳᠡᠪᠬᠢᠳᠡᠢ ᠪᠠᠷ ᠬᠠᠷᠢᠭᠤᠯᠳᠠ ᠦᠭᠴᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠯᠡᠷᠡᠬᠦᠯᠤᠨ᠂ ᠢᠯᠡ ᠲᠤᠳᠤᠷᠬᠠᠢ ᠬᠠᠤᠯᠢᠵᠢᠯ ᠤᠨ ᠵᠤᠷᠢᠬ ᠰᠠᠨᠠᠭ᠎ᠠ ᠪᠤᠯᠤᠨ ᠴᠢᠩᠭ᠎ᠠ ᠳᠣᠯᠭᠠᠮ ᠠᠷᠠᠳ ᠤᠨ ᠲᠦᠯᠦᠬᠡ ᠴᠢᠷᠮᠠᠶᠢᠬᠤ ᠤᠬᠠᠮᠰᠠᠷ ᠢ ᠢᠯᠡᠷᠡᠬᠦᠯᠵᠦ᠂ ᠤᠯᠤᠰ ᠲᠦᠷᠦ ᠶᠢ ᠡᠷᠬᠢᠮᠯᠡᠭᠰᠡᠨ᠂ ᠡᠬᠦᠷᠬᠡ ᠬᠠᠷᠢᠭᠤᠴᠠᠯᠭ᠎ᠠ ᠲᠠᠢ᠂ ᠠᠷᠠᠳ ᠤᠨ ᠰᠠᠨᠠᠭ᠎ᠠ ᠶᠢ ᠲᠠᠭᠠᠬᠰᠠᠨ᠂ ᠵᠢᠳᠬᠦᠯ ᠴᠢᠷᠮᠠᠶᠢᠯᠭ᠎ᠠ ᠲᠠᠢ ᠰᠠᠶᠢᠨ ᠮᠡᠳᠡᠬᠦᠯᠦᠯᠳᠡ ᠪᠤᠯᠵᠠᠢ ᠬᠡᠵᠦ ᠦᠵᠡᠵᠡᠬᠡᠪᠡ᠃      ᠮᠧᠩ ᠴᠢᠩ ᠯᠦ ᠬᠡᠰᠢᠬᠦᠨ᠂ ᠦᠩᠬᠡᠷᠡᠭᠰᠡᠨ ᠨᠢᠬᠡ ᠵᠢᠯ ᠳᠤ ᠠᠷᠠᠳ ᠤᠨ ᠲᠡᠭᠡᠳᠦ ᠰᠢᠬᠦᠬᠦ ᠬᠤᠷᠢᠶ᠎ᠠ ᠪᠠ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ︽ᠬᠠᠤᠯᠢ ᠬᠡᠷᠡᠭᠵᠢᠬᠦᠯᠬᠦ ᠬᠡᠷᠡᠭ ᠪᠤᠯᠭᠠᠨ ᠠᠴᠠ ᠠᠷᠠᠳ ᠤᠯᠠᠨ ᠳᠤ ᠲᠦᠪ ᠭᠤᠤᠯᠴᠢ ᠰᠢᠳᠤᠷᠭᠤ ᠶᠤᠰᠤ ᠶᠢ ᠮᠡᠳᠡᠷᠡᠬᠦᠯᠬᠦ︾ ᠬᠠᠷᠠᠯᠳᠠ ᠶᠢᠨ ᠳᠣᠭᠤᠷᠢᠨ ᠳᠤ ᠬᠠᠤᠯᠢ ᠬᠡᠷᠡᠭᠵᠢᠬᠦᠯᠵᠤ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠳᠦᠮᠵᠢ ᠪᠠᠨ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠬᠠᠤᠯᠢ ᠬᠡᠷᠡᠭᠵᠢᠬᠦᠯᠦᠯᠳᠡ ᠶᠢᠨ ᠨᠡᠶᠢᠲᠡ ᠶᠢᠨ ᠢᠳᠡᠬᠡᠮᠵᠢ ᠶᠢᠨ ᠬᠦᠴᠦᠨ ᠪᠤᠯᠤᠨ ᠠᠷᠠᠳ ᠤᠯᠠᠨ ᠤ ᠲᠠᠭᠠᠯᠠᠮᠵᠢ ᠶᠢᠨ ᠬᠡᠮᠵᠢᠶ᠎ᠠ ᠶᠢ ᠴᠢᠨᠠᠬᠰᠢᠳᠠ ᠲᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠬᠠᠮᠠᠭᠠᠯᠠᠬᠤ ᠪᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠪᠤᠯᠤᠨ ᠴᠢᠨᠡᠬᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ ᠳᠤ ᠢᠳᠡᠪᠬᠢᠳᠡᠢ ᠬᠤᠪᠢ ᠨᠡᠮᠡᠷᠢ ᠦᠵᠡᠬᠦᠯᠵᠡᠢ ᠬᠡᠪᠡ᠃ ︽3 ᠵᠢᠯ ᠎ ᠤᠨ ᠲᠤᠷᠰᠢ᠂ ᠠᠷᠠᠳ ᠤᠨ ᠲᠡᠬᠡᠳᠤ ᠰᠢᠬᠦᠬᠦ ᠬᠤᠷᠢᠶ᠎ᠠ ᠪᠦᠬᠦ ᠬᠦᠴᠦᠨ ᠢᠶᠠᠷ ᠢᠶᠠᠨ ᠪᠤᠭᠤᠮᠳᠠ ᠰᠢᠪᠳᠤᠯᠵᠤ᠂ ᠳᠣᠭᠳᠠᠭᠰᠠᠨ ᠬᠤᠭᠤᠴᠠᠭᠠᠨ ᠳᠤ ︿ᠬᠡᠷᠡᠭᠵᠢᠬᠦᠯᠬᠦ ᠳᠤ ᠬᠦᠴᠢᠷ ᠠᠰᠠᠭᠤᠳᠠᠯ ᠢ ᠦᠨᠳᠦᠰᠦᠨ ᠳᠤ ᠨᠢ ᠰᠢᠢᠳᠪᠦᠷᠢᠯᠡᠬᠦ﹀ ᠱᠠᠳᠤᠴᠢ ᠴᠢᠨᠠᠷᠳᠠᠢ ᠬᠠᠷᠠᠯᠳᠠ ᠶᠢ ᠪᠡᠶᠡᠯᠡᠬᠦᠯᠵᠦ᠂ ᠠᠷᠠᠳ ᠤᠯᠠᠨ ᠤ ᠬᠠᠤᠯᠢ ᠶᠤᠰᠤᠨ ᠤ ᠡᠷᠬᠡ ᠠᠰᠢᠬ ᠢ ᠦᠨᠡᠨ ᠬᠦ ᠬᠠᠮᠠᠭᠠᠯᠠᠭᠰᠠᠨ ᠪᠠᠶᠢᠨ᠎ᠠ︾ ᠬᠡᠵᠦ ᠡᠸ᠋ ᠰᠢᠶᠤᠤ ᠮᠸᠢ ᠬᠡᠰᠢᠬᠦᠨ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号