ᠡᠨᠡ ᠵᠢᠯ ᠮᠠᠨ ᠤ ᠤᠷᠤᠨ ᠸᠠᠺᠼᠢᠨ ᠤ ᠲᠠᠷᠢᠯᠭ᠎ᠠ ᠬᠢᠬᠦ ᠪᠥᠬᠦ ᠶᠠᠪᠤᠴᠠ ᠳᠤ ᠮᠦᠷᠳᠡᠯᠲᠡ ᠬᠢᠬᠦ ᠶᠢ ᠪᠡᠶᠡᠯᠡᠭᠦᠯᠬᠦ ᠪᠤᠯᠤᠨ᠎ᠠ
ᠨᠡᠶᠢᠲᠡᠯᠡᠭᠰᠡᠨ ᠴᠠᠭ᠄
2019/3/13
     ᠲᠦᠷᠦᠭᠦᠬᠡᠨ᠂ ᠰᠤᠷᠪᠤᠯᠵᠢᠯᠠᠭᠴᠢ ᠪᠥᠬᠦ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠳᠡᠭᠡᠷ᠎ᠡ ᠠᠴᠠ ᠣᠶᠢᠯᠠᠭᠠᠵᠤ ᠮᠡᠳᠡᠭᠰᠡᠨ ᠢᠶᠠᠷ᠂ 2019 ᠣᠨ ᠳᠤ᠂ ᠮᠠᠨ ᠤ ᠤᠷᠤᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠪᠦᠬᠦ ᠣᠷᠣᠨ ᠤ ᠬᠡᠦᠬᠡᠳ ᠤᠨ ᠮᠡᠳᠡᠭᠡ ᠵᠠᠩᠭᠢᠵᠢᠯᠲᠠ ᠶᠢᠨ ᠲᠤᠭ᠎ᠠ ᠪᠠᠷᠢᠮᠲᠠ ᠶᠢ ᠵᠣᠯᠭᠠᠭᠤᠯᠬᠤ ᠠᠵᠢᠯ ᠢ ᠪᠡᠶᠡᠯᠡᠭᠦᠯᠵᠦ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠵᠢᠷᠤᠮᠵᠢᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠸᠠᠺᠼᠢᠨ ᠤ ᠬᠥᠮᠥᠷᠭᠡ ᠳᠤ ᠣᠷᠣᠭᠤᠯᠵᠤ ᠬᠥᠮᠥᠷᠭᠡ ᠠᠴᠠ ᠭᠠᠷᠭᠠᠬᠤ ᠡᠯᠧᠺᠲᠷᠣᠨ ᠬᠠᠮᠢᠶᠠᠷᠤᠯᠲᠠ᠂ ᠬᠦᠢᠳᠡᠨ ᠬᠡᠯᠬᠢᠶᠡᠲᠦ ᠡᠷᠭᠢᠯᠲᠡ ᠶᠢᠨ ᠴᠠᠭ ᠲᠤᠨᠢ ᠬᠢᠨᠠᠨ ᠡᠵᠡᠮᠳᠡᠬᠦ᠂ ᠸᠠᠺᠼᠢᠨ ᠤ ᠲᠠᠷᠢᠯᠭ᠎ᠠ ᠤᠷᠢᠳᠴᠢᠯᠠᠨ ᠪᠣᠯᠵᠣᠬᠤ᠂ ᠸᠠᠺᠼᠢᠨ ᠤ ᠬᠤᠭᠤᠴᠠᠭ᠎ᠠ ᠰᠠᠨᠠᠭᠤᠯᠬᠤ᠂ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠪᠦᠷᠢᠳᠬᠡᠬᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠪᠥᠬᠦ ᠶᠠᠪᠤᠴᠠ ᠳᠤ ᠮᠦᠷᠳᠡᠯᠲᠡ ᠬᠢᠬᠦ ᠶᠢ ᠪᠡᠶᠡᠯᠡᠭᠦᠯᠬᠦ ᠪᠤᠯᠤᠨ᠎ᠠ᠃      ᠡᠭᠦᠨ ᠤ ᠬᠠᠮᠲᠤ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠠᠵᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠣᠷᠣᠨ ᠬᠦᠢᠳᠡᠨ ᠬᠡᠯᠬᠢᠶᠡᠲᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠨᠢᠭᠡᠴᠢ ᠶᠢᠨ ᠬᠦᠢᠳᠡᠨ ᠢᠶᠠᠷ ᠬᠠᠳᠠᠭᠠᠯᠠᠬᠤ ᠲᠦᠬᠦᠭᠡᠷᠦᠮᠵᠢ ᠬᠠᠭᠤᠴᠢᠨ ᠬᠤᠴᠣᠷᠤᠩᠭᠤᠢ᠂ ᠲᠤᠭ᠎ᠠ ᠨᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠪᠤᠯᠤᠨ᠎ᠠ᠃ 2019 ᠣᠨ ᠳᠤ ᠪᠦᠬᠦ ᠣᠷᠣᠨ ᠤ 13 ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠦᠢᠲᠡᠨ ᠬᠥᠮᠥᠷᠭᠡ᠂ ᠸᠠᠺᠼᠢᠨ ᠤ ᠬᠦᠢᠳᠡᠨ ᠲᠡᠷᠭᠡ ᠶᠢᠨ ᠲᠤᠬᠢᠷᠠᠭᠤᠯᠤᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠳᠤᠯᠠᠭᠠᠨ ᠴᠢᠭᠢᠭᠯᠢᠭ ᠤᠨ ᠬᠡᠮᠵᠢᠶ᠎ᠡ ᠶᠢ ᠬᠢᠨᠠᠨ ᠡᠵᠡᠮᠳᠡᠬᠦ ᠰᠢᠰᠲ᠋ᠧᠮ ᠤᠨ ᠲᠤᠬᠢᠷᠠᠭᠤᠯᠤᠯᠲᠠ ᠶᠢ 100%᠎ ᠳᠤ ᠬᠦᠷᠦᠭᠦᠯᠵᠦ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠨᠢᠭᠡᠴᠢ ᠶᠢᠨ ᠬᠥᠯᠳᠡᠭᠡᠭᠦᠷ᠂ ᠬᠦᠢᠲᠡᠨ ᠢᠶᠠᠷ ᠬᠠᠳᠠᠭᠠᠯᠠᠬᠤ ᠪᠤᠭᠤᠳᠠᠯ ᠵᠡᠷᠭᠡ ᠬᠦᠢᠲᠡᠨ ᠬᠡᠯᠬᠢᠶᠡᠲᠦ ᠪᠡᠯᠡᠳᠬᠡᠮᠵᠢ ᠨᠢ ᠠᠵᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠤᠯᠭᠠᠵᠤ᠂ 2020 ᠣᠨ ᠪᠣᠯᠬᠤ ᠳᠤ ᠡᠮᠴᠢᠯᠡᠭᠡᠨ ᠳᠤ ᠬᠡᠷᠡᠭᠯᠡᠬᠦ ᠴᠠᠬᠢᠯᠭᠠᠨ ᠬᠥᠯᠳᠡᠭᠡᠭᠦᠷ ᠶᠢᠨ ᠲᠤᠬᠢᠷᠠᠭᠤᠯᠤᠯᠲᠠ ᠶᠢᠨ ᠨᠤᠷᠮ᠎ᠠ ᠶᠢ 100%᠎ ᠳᠤ ᠬᠦᠷᠦᠭᠦᠯᠦᠨ᠎ᠡ᠃ ᠪᠠᠰᠠ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠶᠠᠰᠤ ᠴᠢᠨᠠᠷ ᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠬᠡᠷᠡᠭᠵᠢᠭᠦᠯᠬᠦ ᠶᠢ ᠡᠬᠢᠯᠡᠭᠦᠯᠵᠦ᠂ ᠸᠠᠺᠼᠢᠨ ᠤ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠶᠠᠨ ᠤ ᠱᠠᠲᠤᠨ ᠤ ᠨᠡᠶᠢᠳᠡᠮ ᠪᠠᠶᠢᠴᠠᠭᠠᠬᠤ᠂ ᠬᠤᠲᠠ ᠶᠢᠨ ᠱᠠᠲᠤᠨ ᠤ ᠳᠠᠪᠲᠠᠨ ᠪᠠᠶᠢᠴᠠᠭᠠᠬᠤ᠂ ᠮᠤᠵᠢ ᠶᠢᠨ ᠱᠠᠲᠤᠨ ᠤ ᠰᠤᠭᠤᠴᠢᠨ ᠪᠠᠶᠢᠴᠠᠭᠠᠬᠤ ᠪᠠᠷ ᠳᠠᠮᠵᠢᠭᠤᠯᠤᠨ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠴᠡᠭ ᠤᠨ ᠬᠠᠮᠢᠶᠠᠷᠤᠯᠲᠠ ᠶᠢᠨ ᠡᠮᠵᠡᠭ ᠲᠠᠯ᠎ᠠ ᠪᠠ ᠲᠠᠯᠳᠠ ᠭᠡᠮ ᠢ ᠪᠦᠬᠦ ᠲᠠᠯ᠎ᠠ ᠪᠠᠷ᠂ ᠪᠣᠰᠤᠭ᠎ᠠ ᠴᠣᠭᠴᠠᠲᠤ ᠬᠡᠯᠪᠡᠷᠢ ᠪᠠᠷ᠂ ᠦᠨᠴᠦᠭ ᠪᠤᠯᠤᠩ ᠦᠯᠡᠳᠡᠭᠡᠯ ᠦᠭᠡᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠠᠵᠢᠯ ᠤᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ ᠳᠡᠭᠡᠳᠦ ᠬᠠᠭᠠᠰ ᠵᠢᠯ ᠳᠤ ᠪᠥᠬᠦ ᠣᠷᠣᠨ ᠤ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠬᠡᠪ ᠤᠨ ᠪᠤᠰᠤ ᠲᠤᠰᠬᠠᠯ ᠤᠨ ᠬᠤᠳᠠᠯᠳᠤᠭᠠᠨ ᠤ ᠳᠠᠭᠠᠳᠬᠠᠯ ᠤᠨ ᠨᠥᠬᠦᠪᠥᠷᠢ ᠥᠭᠬᠦ ᠠᠵᠢᠯ ᠢ ᠬᠡᠷᠡᠭᠵᠢᠭᠦᠯᠬᠦ ᠪᠠᠷ ᠴᠢᠷᠮᠠᠶᠢᠵᠤ᠂ ᠵᠠᠰᠠᠭ ᠤᠨ ᠣᠷᠳᠣᠨ᠂ ᠸᠠᠺᠼᠢᠨ ᠤ ᠠᠵᠤ ᠠᠬᠤᠶᠢᠯᠠᠯ ᠪᠠ ᠭᠡᠷ ᠪᠦᠯᠢ ᠶᠢᠨ ᠬᠠᠷᠢᠭᠤᠴᠠᠯᠭ᠎ᠠ ᠶᠢᠨ ᠠᠶᠤᠯ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠬᠦ ᠬᠡᠪ ᠤᠨ ᠪᠤᠰᠤ ᠲᠤᠰᠬᠠᠯ ᠤᠨ ᠳᠠᠭᠠᠳᠬᠠᠯ ᠤᠨ ᠨᠥᠬᠦᠪᠥᠷᠢ ᠥᠭᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号