ᠭᠠᠭᠴᠠᠮᠤᠳᠤ ᠠᠴᠠ ᠯᠢᠨᠾᠧ ᠬᠦᠷᠬᠦ ᠤᠯᠤᠰ ᠤᠨ ᠨᠢᠭᠡᠳᠦᠭᠡᠷ ᠳᠡᠰ ᠤᠨ 242 ᠵᠠᠰᠠᠮᠠᠯ ᠵᠠᠮ ᠪᠦᠭᠦ ᠱᠤᠭᠤᠮ ᠢᠶᠠᠷ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2019/3/14
     ᠤᠯᠤᠰ ᠤᠨ ᠵᠡᠮ ᠤᠨ ᠯᠤᠭᠰᠢᠭᠤᠨ ᠰᠤᠳᠠᠯ ᠡᠮᠦᠨ᠎ᠡ ᠤᠮᠠᠷ᠎ᠠ ᠶᠢ ᠬᠤᠯᠪᠤᠵᠤ᠂ ᠲᠠᠯ᠎ᠠ ᠨᠤᠲᠤᠭ ᠤᠨ ᠭᠦᠨ ᠳᠤ ᠨᠡᠪᠲᠡᠷᠡᠪᠡ᠃ 3 ᠳ᠋ᠤᠭᠠᠷ ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ᠂ 3 ᠵᠢᠯ ᠭᠠᠷᠤᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠᠷ ᠳᠠᠮᠵᠢᠨ᠂ ᠭᠠᠭᠴᠠᠮᠤᠳᠤ ᠪᠣᠭᠤᠮᠲᠠ ᠠᠴᠠ ᠯᠢᠨᠾᠧ ᠬᠦᠷᠬᠦ ᠤᠯᠤᠰ ᠤᠨ ᠨᠢᠭᠡᠳᠦᠭᠡᠷ ᠳᠡᠰ ᠤᠨ 242 ᠵᠠᠰᠠᠮᠠᠯ ᠵᠠᠮ ᠵᠢᠩᠬᠢᠨᠢ ᠪᠠᠷ ᠪᠦᠬᠦ ᠱᠤᠭᠤᠮ ᠢᠶᠠᠷ ᠲᠡᠷᠭᠡ ᠨᠡᠪᠲᠡᠷᠡᠪᠡ᠃      ᠤᠯᠤᠰ ᠤᠨ ᠵᠠᠰᠠᠮᠠᠯ ᠵᠠᠮ 242 ᠪᠣᠯ ︽ᠤᠯᠤᠰ ᠤᠨ ︿13·5﹀᠎ ᠶᠢᠨ ᠬᠤᠭᠤᠴᠠᠭᠠᠨ ᠤ ᠤᠳᠤ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠠᠷᠪᠠᠨ ᠭᠤᠯᠳᠤ ᠠᠷᠪᠠᠨ ᠬᠥᠨᠳᠡᠯᠡᠨ︾ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠮ ᠳᠤᠲᠤᠷᠠᠬᠢ ᠳᠣᠯᠣᠳᠤᠭᠠᠷ ᠵᠤᠷᠪᠤᠰ ᠭᠤᠯᠳᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠶᠡᠭᠡ ᠵᠠᠮ ᠪᠤᠯᠤᠨ᠎ᠠ᠂ ᠬᠤᠶᠢᠲᠤ ᠲᠠᠯ᠎ᠠ ᠨᠢ ᠥᠪᠥᠷ ᠮᠣᠩᠭᠤᠯ ᠤᠨ ᠪᠠᠷᠠᠭ᠎ᠠ ᠥᠩᠭᠡᠷᠡᠬᠦ ᠬᠡᠮᠵᠢᠶ᠎ᠡ ᠪᠠᠷ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ — ᠭᠠᠭᠴᠠᠮᠤᠳᠤ ᠪᠣᠭᠤᠮᠲᠠ ᠠᠴᠠ ᠡᠬᠢᠯᠡᠵᠦ᠂ ᠡᠮᠦᠨᠡᠰᠢ ᠪᠠᠨ ᠡᠮᠦᠨᠡᠲᠦ ᠳᠠᠯᠠᠢ ᠶᠢᠨ ᠬᠦᠪᠡᠭᠡ — ᠭᠤᠸᠠᠩᠰᠢ ᠶᠢᠨ ᠴᠢᠨᠵᠸᠦ ᠳᠤ ᠬᠦᠷᠴᠦ᠂ ᠪᠦᠬᠦ ᠣᠷᠳᠣ ᠨᠢ ᠪᠠᠷᠤᠭ 2700 ᠺᠢᠯᠣᠮᠧᠲᠷ ᠪᠠᠶᠢᠬᠤ ᠡᠬᠡ ᠤᠯᠤᠰ ᠤᠨ ᠤᠮᠠᠷᠠᠲᠤ ᠬᠢᠯᠢ ᠶᠢ ᠪᠠᠷᠠᠭᠤᠨ ᠡᠮᠦᠨᠡᠲᠦ ᠣᠷᠣᠨ ᠯᠤᠭ᠎ᠠ ᠬᠤᠯᠪᠣᠭᠰᠠᠨ ᠬᠠᠮᠤᠭ ᠤᠨ ᠳᠥᠭᠦᠮ ᠳᠥᠲᠡ ᠳᠠᠯᠠᠢ ᠳᠤ ᠨᠡᠪᠲᠡᠷᠡᠬᠦ ᠵᠠᠮ ᠪᠤᠯᠤᠨ᠎ᠠ᠃      ᠤᠯᠤᠰ ᠤᠨ ᠵᠠᠰᠠᠮᠠᠯ ᠵᠠᠮ 242᠎ ᠨᠢ ᠪᠠᠶᠠᠨᠨᠠᠭᠤᠷ ᠬᠤᠲᠠ ᠪᠠᠷ ᠥᠩᠭᠡᠷᠡᠬᠦ ᠪᠦᠬᠦ ᠣᠷᠳᠣ ᠨᠢ 213 ᠺᠢᠯᠣᠮᠧᠲᠷ᠂ ᠵᠠᠰᠠᠵᠤ ᠨᠡᠪᠲᠡᠷᠡᠭᠦᠯᠦᠭᠰᠡᠨ ᠭᠠᠭᠴᠠᠮᠤᠳᠤ ᠠᠴᠠ ᠯᠢᠨᠾᠧ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠬᠦ ᠣᠷᠳᠣ ᠨᠢ 183 ᠺᠢᠯᠣᠮᠧᠲᠷ ᠪᠠᠶᠢᠵᠤ᠂ ᠨᠡᠶᠢᠲᠡ 42.3 ᠳ᠋ᠦᠩᠰᠢᠭᠤᠷ ᠲᠦᠬᠦᠷᠢᠭ ᠤᠨ  ᠪᠡᠯᠡ  ᠤᠷᠤᠭᠤᠯᠵᠠᠢ᠃ ᠲᠥᠷᠥᠯ ᠵᠦᠶᠯ ᠤᠨ ᠡᠬᠢᠯᠡᠯᠲᠡ ᠨᠢ ᠭᠠᠭᠴᠠᠮᠤᠳᠤ ᠪᠣᠭᠤᠮᠲᠠ ᠳᠤ ᠪᠠᠶᠢᠵᠤ᠂ ᠪᠠᠶᠠᠨᠨᠠᠭᠤᠷ ᠬᠤᠲᠠ ᠶᠢᠨ 3 ᠬᠤᠰᠢᠭᠤ ᠰᠢᠶᠠᠨ ᠲᠣᠭᠤᠷᠢᠭ᠂ 7 ᠰᠤᠮᠤ ᠪᠠᠯᠭᠠᠰᠤ᠂ 24 ᠭᠠᠴᠠᠭ᠎ᠠ ᠲᠤᠰᠬᠤᠨ  ᠢᠶᠠᠷ  ᠦᠩᠭᠡᠷᠡᠵᠦ᠂ 75 ᠲᠦᠮᠡᠨ ᠬᠦᠮᠦᠨ ᠳᠤ ᠰᠢᠭᠤᠳ ᠦᠢᠯᠡᠴᠢᠯᠡᠨ᠎ᠡ᠃ ᠪᠠᠷᠢᠯᠭ᠎ᠠ ᠶᠢ 2015 ᠣᠨ ᠤ 8 ᠳ᠋ᠤᠭᠠᠷ ᠰᠠᠷ᠎ᠠ ᠠᠴᠠ ᠡᠬᠢᠯᠡᠨ ᠪᠦᠳᠦᠭᠡᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠳᠤ ᠤᠷᠤᠯᠴᠠᠭᠰᠠᠨ ᠪᠠᠷᠢᠯᠭ᠎ᠠ ᠶᠢᠨ ᠠᠩᠭᠢ ᠪᠡᠷᠬᠡ ᠬᠠᠲᠠᠭᠤᠵᠢᠯᠲᠠᠶ ᠭᠠᠵᠠᠷ ᠰᠢᠨᠵᠢᠯᠡᠭᠡᠨ ᠤ ᠪᠠᠶᠢᠭᠠᠯᠢ ᠶᠢᠨ ᠨᠦᠭᠦᠴᠡᠯ ᠢ ᠢᠯᠠᠨ ᠳᠠᠪᠠᠵᠤ᠂ ᠪᠣᠷᠣᠲᠣᠬᠤᠢ ᠶᠢᠨ ᠲᠠᠯ᠎ᠠ ᠭᠠᠵᠠᠷ᠂ ᠮᠤᠨᠢ ᠠᠭᠤᠯᠠ ᠨᠢᠷᠤᠭᠤ᠂ ᠤᠷᠠᠳ ᠤᠨ ᠲᠠᠯ᠎ᠠ ᠨᠤᠲᠤᠭ ᠪᠠ ᠡᠯᠡᠰᠦᠨ ᠴᠦᠯ ᠭᠤᠪᠢ ᠶᠢ ᠲᠤᠭᠤᠯᠵᠤ᠂ ᠪᠠᠷᠢᠯᠭ᠎ᠠ ᠶᠢᠨ ᠭᠤᠣᠯ ᠴᠣᠭᠴᠠ ᠶᠢ 2018 ᠤᠨ ᠤ 10 ᠳ᠋ᠤᠭᠠᠷ ᠳᠤ ᠰᠠᠷ᠎ᠠ ᠳᠤ ᠪᠠᠷᠢᠵᠤ ᠳᠠᠭᠤᠰᠬᠠᠪᠠ᠃      ᠲᠤᠰ ᠵᠠᠰᠠᠮᠠᠯ ᠵᠡᠮ ᠤᠨ ᠠᠮᠵᠢᠯᠲᠠ ᠲᠠᠢ ᠪᠠᠷ ᠲᠡᠷᠭᠡ ᠨᠡᠪᠲᠡᠷᠡᠭᠰᠡᠨ ᠨᠢ ᠪᠠᠶᠠᠨᠨᠠᠭᠤᠷ ᠬᠤᠲᠠ ᠶᠢᠨ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠳᠤ ᠲᠦᠷᠭᠡᠨ ᠠᠭᠤᠰᠤᠯᠴᠠᠵᠤ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠪᠤᠭᠤᠮᠲᠠ ᠶᠢᠨ ᠬᠥᠭᠵᠢᠯᠲᠡ ᠶᠢ ᠲᠦᠷᠭᠡᠳᠬᠡᠵᠦ᠂ ᠳᠤᠮᠳᠠᠳᠤ ᠮᠣᠩᠭᠤᠯ ᠤᠨ ᠠᠵᠤ ᠠᠬᠤᠢ ᠠᠷᠠᠯᠵᠢᠶ᠎ᠠ ᠪᠠ ᠰᠣᠶᠣᠯ ᠤᠨ ᠰᠤᠯᠢᠯᠴᠠᠭ᠎ᠠ ᠶᠢ ᠨᠡᠮᠡᠭᠳᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠶᠢ ᠪᠦᠲᠦᠭᠡᠨ ᠪᠠᠶᠢᠭᠤᠯᠬᠤ ᠵᠡᠷᠭᠡ ᠳᠤ ᠴᠦᠮ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号