︵2019 ᠣᠨ ᠤ 3 ᠳ᠋ᠤᠭᠠᠷ ᠰᠠᠷ᠎ᠠ ᠶᠢᠨ 3 ᠤ ᠡᠳᠦᠷ︶ | ᠡᠨᠡ ᠵᠢᠯ ᠪᠣᠯᠤᠨ ᠳᠠᠷᠠᠭ᠎ᠠ ᠵᠢᠯ ᠪᠣᠯ ᠴᠢᠨᠡᠭᠡᠯᠢᠭ ᠨᠡᠶᠢᠭᠡᠮ ᠢ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ | ᠢᠯᠠᠯᠳᠠ ᠶᠢ ᠲᠡᠮᠡᠴᠡᠨ ᠤᠯᠬᠤ ᠵᠠᠩᠬᠢᠯᠠᠭ᠎ᠠ ᠶᠢᠨ ᠬᠤᠭᠤᠴᠠᠭ᠎ᠠ ᠪᠣᠯᠤᠨ᠎ᠠ᠂ ︽ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠢ ᠡᠯ᠎ᠡ ᠵᠦᠢᠯ ᠤᠨ ᠠᠶᠦᠯ | ᠲᠦᠭᠰᠢᠬᠦᠷᠢ ᠬᠢᠬᠡᠳ ᠥᠷᠢᠰᠦᠯᠳᠦᠭᠡᠨ ᠢ ᠪᠦᠲᠦᠮᠵᠢᠲᠡᠢ ᠠᠷᠭᠠᠴᠡᠭᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ | ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠢᠭᠡᠳᠤᠭᠡᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠬᠦ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠡᠯ᠎ᠡ ᠱᠠᠲᠤᠨ ᠤᠢ᠋ᠨᠠᠮ ᠤᠢ᠋ᠨ ᠬᠤᠷᠢᠶ᠎ᠠ ᠪᠣᠯᠤᠨ ᠵᠠᠰᠠᠭ ᠤᠨ ᠣᠷᠳᠣᠨ ︽ᠮᠠᠯ ᠠᠵᠤ | ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠴᠢᠬᠤᠯᠠ ᠠᠴᠠ | ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ | ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤᠨ | ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠳᠠ ᠪᠠ ︽ᠲᠦᠷᠪᠡᠨ ᠪᠦᠬᠦ ᠳᠠᠯ᠎ᠠ︾ ᠶᠢ ᠵᠤᠬᠢᠴᠠᠩᠭᠤᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠳᠠ ᠶᠤᠰᠤᠭᠠᠷ᠂ ᠲᠠᠷᠢᠶᠠᠯᠠᠩ ᠲᠠᠷᠢᠶᠠᠯᠠᠬᠤ ᠤᠷᠤᠨ ᠢ ᠤᠷᠢᠳ ᠢᠶᠠᠷ ᠬᠦᠭᠵᠢᠬᠦᠯᠬᠦ ᠶᠡᠷᠦᠩᠬᠡᠢ | ᠴᠢᠭᠯᠡᠯᠳᠡ ᠶᠢ ᠪᠠᠷᠢᠮᠳᠠᠯᠠᠵᠤ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠠᠷᠢᠮᠳᠠᠯᠠᠵᠤ᠂ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠮᠠᠯ ᠠᠵᠤ | ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠠᠵᠢᠯ ᠤᠨ ᠡᠷᠬᠡᠪᠰᠢ ᠬᠦᠢᠴᠡᠳᠬᠡᠬᠦ | ᠬᠠᠳᠠᠭᠤ ᠡᠬᠦᠷᠭᠡ ᠶᠢ ᠪᠡᠶᠡᠯᠡᠬᠦᠯᠬᠦ ᠪᠠᠷ ᠪᠠᠷᠢᠮᠵᠢᠶᠠᠯᠠᠵᠦ᠂ ᠭᠤᠤᠯᠳᠠᠯᠭ᠎ᠠ ᠶᠢ ᠠᠳᠬᠤᠵᠤ᠂ ᠳᠤᠳᠠᠭᠤᠳᠠᠯ ᠢᠶᠠᠨ | ᠨᠦᠬᠦᠪᠦᠷᠢᠯᠡᠵᠤ᠂ ᠰᠠᠭᠤᠷᠢ ᠪᠠᠨ ᠪᠠᠬᠢᠵᠢᠬᠦᠯᠵᠤ᠂ ︽ᠪᠠᠬᠢᠵᠢᠬᠦᠯᠬᠦ᠂ ᠴᠢᠩᠭᠠᠷᠠᠭᠤᠯᠬᠤ᠂ ᠳᠡᠭᠡᠭᠰᠢᠯᠡᠬᠦᠯᠬᠦ᠂ | ᠰᠢᠯᠤᠭᠤᠳᠬᠠᠬᠤ︾ ᠶᠢᠨ ᠳᠤᠭᠤᠷᠢᠨ ᠳᠤ᠂ ᠮᠠᠯ ᠠᠵᠤ ᠠᠬᠤᠢ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ | ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠵᠤ᠂ ᠮᠠᠯᠵᠢᠬᠤ ᠲᠠᠷᠢᠶᠠᠯᠠᠬᠤ ᠤᠷᠤᠨ ᠤ | ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠬᠢᠯᠡᠯᠳᠡ ᠶᠢᠨ ᠦᠢᠯᠡᠳᠤᠯ ᠢ ᠬᠦᠢᠴᠡᠳ | ᠪᠠᠳᠠᠷᠠᠭᠤᠯᠵᠤ᠂ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠵᠤ᠂ ᠮᠠᠨ ᠤ | ᠤᠷᠤᠨ ᠤ ᠪᠦᠬᠦ ᠤᠯᠤᠰ ᠲᠠᠢ ᠵᠡᠷᠭᠡ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠪᠠᠳᠤᠯᠠᠬᠤ | ᠬᠡᠷᠡᠭᠳᠠᠢ᠃ ︽ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠲᠠᠷᠢᠶᠠᠯᠠᠬᠤ | ᠤᠷᠤᠨ ᠢ ᠤᠷᠢᠳ ᠢᠶᠠᠷ ᠬᠦᠭᠵᠢᠬᠦᠯᠬᠦ ᠶᠢ ᠪᠠᠷᠢᠮᠳᠠᠯᠠᠨ ︵ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︶ ᠤ | ᠠᠵᠢᠯ ᠢ ᠰᠠᠶᠢᠲᠤᠷ ᠬᠢᠬᠦ ᠲᠤᠬᠠᠢ ᠰᠠᠨᠠᠯ ᠤᠳ︾ ᠤᠨ ᠵᠣᠷᠢᠭ ᠰᠠᠨᠠᠭ᠎ᠠ ᠶᠢ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠳᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ | ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠵᠤ ᠲᠤᠶᠢᠯ ᠤᠨ ᠣᠨᠣᠪᠴᠢᠲᠠᠢ ᠪᠠᠷ | ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠵᠠᠪᠠᠯ ᠲᠡᠮᠡᠴᠡᠨ ᠤᠯᠤᠨ᠎ᠠ | ︵ᠨᠢᠭᠡ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠬᠦᠷᠭᠡ ᠶᠢ ᠵᠠᠪᠠᠯ ᠪᠡᠶᠡᠯᠡᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠶᠢ ᠳᠤᠰᠬᠠᠢ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠣᠭᠲᠣ ᠰᠤᠯᠠᠷᠠᠭᠤᠯᠤᠯ ᠦᠬᠡᠢ ᠠᠳᠬᠤᠨ᠎ᠠ᠃ ᠲᠤᠶᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠭᠦᠬᠦ ᠬᠠᠷᠠᠯᠲᠠ ᠪᠠᠨ ᠣᠨᠣᠪᠴᠢᠲᠠᠢ ᠳᠤᠭᠳᠠᠭᠠᠵᠦ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ 2019 ᠣᠨ ᠳᠤ᠂ ᠮᠠᠯᠵᠢᠬᠤ | ᠲᠠᠷᠢᠶᠠᠯᠠᠬᠤ ᠣᠷᠣᠨ ᠤ 14 ᠲᠦᠮᠡ ᠠᠴᠠ ᠳᠡᠭᠡᠭᠰᠢᠬᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠭᠠᠴᠠᠭ᠎ᠠ ᠳᠤᠰᠬᠤᠨ ᠢ ᠪᠦᠬᠦᠨ ᠢᠶᠠᠷ ᠨᠢ ᠶᠠᠳᠠᠭᠤ ᠶᠢᠨ ᠳᠤᠭᠠᠨ ᠠᠴᠠ | ᠭᠠᠷᠭᠠᠵᠦ᠂ ᠤᠯᠤᠰ ᠤᠨ ᠭᠤᠤᠯᠳᠠᠯᠭ᠎ᠠ ᠲᠠᠢ ᠶᠠᠳᠠᠭᠤ ᠶᠢ ᠲᠡᠳᠭᠦᠵᠤ ᠨᠡᠭᠡᠭᠡᠨ ᠬᠥᠭᠵᠢᠭᠦᠯᠵᠦ ᠪᠠᠶᠢᠭ᠎ᠠ 20 | ᠬᠤᠰᠢᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠦᠨᠡ︔ 2020 ᠣᠨ ᠪᠤᠯᠬᠤ ᠳᠤ᠂ ᠣᠳᠣ ᠶᠢᠨ | ᠬᠡᠷᠡᠭᠵᠢᠭᠦᠯᠵᠦ ᠪᠠᠶᠢᠭ᠎ᠠ ᠪᠠᠷᠢᠮᠵᠢᠶᠠᠨ ᠳᠠᠬᠢ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠪᠠᠷ ᠢᠶᠠᠨ ᠶᠠᠳᠠᠭᠤ | ᠬᠦᠴᠢᠷᠳᠡᠯᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ | ᠲᠡᠳᠭᠦᠬᠦ ᠪᠠᠷᠢᠮᠵᠢᠶ᠎ᠠ ᠶᠢ ᠴᠢᠩᠭ᠎ᠠ ᠪᠠᠷᠢᠮᠲᠠᠯᠠᠵᠤ ︽ᠢᠳᠡᠵᠤ ᠡᠮᠦᠰᠬᠦ ᠳᠤ ᠪᠠᠨ ᠵᠤᠪᠠᠭ᠋ᠤ ᠦᠭᠡᠢ᠂ ᠠᠯᠪᠠᠨ ᠵᠢᠷᠤᠮ | ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ᠂ ᠤᠷᠤᠨ ᠰᠠᠭᠤᠴᠠ ᠶᠢᠨ ᠠᠮᠤᠷ ᠲᠦᠪᠰᠢᠨ ᠳᠤ | ᠪᠠᠳᠤᠯᠠᠭ᠎ᠠ ᠲᠠᠢ︾ ᠪᠤᠯᠭᠠᠬᠤ ᠳᠤ ᠳᠤᠯᠭᠠᠷᠠᠵᠤ ᠪᠠᠶᠢᠬᠤ ᠳᠣᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠪᠠᠷ | ᠰᠠᠶᠢᠲᠤᠷ ᠰᠢᠢᠳᠪᠦᠷᠢᠯᠡᠵᠦ᠂ ᠪᠠᠷᠢᠮᠵᠢᠶ᠎ᠠ ᠶᠢ ᠦᠨᠳᠦᠷ ᠪᠤᠯᠭᠠᠬᠤ᠂ ᠶᠡᠭᠡ ᠶᠢ ᠰᠠᠨᠠᠭᠠᠷᠬᠠᠬᠤ ᠶᠢ ᠰᠡᠷᠬᠡᠶᠢᠯᠡᠵᠤ᠂ | ᠲᠤᠭ᠎ᠠ ᠪᠠᠷᠢᠮᠳᠠ ᠪᠠᠷ ᠶᠠᠳᠠᠭᠤ ᠠᠴᠠ ᠠᠩᠭᠢᠵᠢᠷᠠᠭᠤᠯᠬᠤ᠂ ᠬᠤᠳᠠᠯ ᠬᠠᠭᠤᠷᠮᠠᠭ ᠢᠶᠠᠷ ᠶᠠᠳᠠᠭᠤ ᠠᠴᠠ | ᠠᠩᠬᠢᠵᠢᠷᠠᠭᠤᠯᠬᠤ ᠶᠢ ᠡᠷᠡᠰ ᠬᠤᠷᠢᠬᠯᠠᠨᠡ᠃ ᠲᠠᠪᠤᠨ ᠱᠠᠲᠤᠨ ᠤ ᠱᠦᠵᠢ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ | ᠤᠷᠤᠨ ᠤ ᠳᠡᠰ ᠤᠨ ᠳᠠᠭᠠᠭᠠᠴᠢᠯᠠᠵᠤ ᠬᠠᠷᠢᠴᠠᠬᠤ ᠤᠳᠤᠷᠢᠳᠤᠯᠭ᠎ᠠ᠂ ᠴᠡᠭ ᠳᠤᠭᠳᠠᠭᠠᠨ ᠬᠠᠪᠰᠤᠷᠤᠨ ᠳᠡᠳᠬᠦᠬᠦ | ᠪᠠᠶᠢᠭᠤᠯᠭ᠎ᠠ ᠨᠢᠭᠡᠴᠢ᠂ ᠳᠤᠰᠬᠠᠢ ᠲᠦᠷᠦᠯ ᠢᠶᠠᠷ ᠶᠠᠳᠠᠭᠤ ᠶᠢ ᠲᠡᠳᠭᠦᠬᠦ ᠠᠵᠢᠯ ᠶᠢ ᠠᠬᠢᠭᠤᠯᠬᠤ ᠳᠤᠭᠤᠢᠢᠯᠠᠩ᠂ | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠲᠣᠮᠢᠯᠠᠨ ᠰᠠᠭᠤᠯᠭᠠᠬᠤ ᠠᠵᠢᠯ ᠤᠨ ᠶᠡᠷᠦᠩᠬᠡᠢ ᠳᠤᠭᠤᠢᠢᠯᠠᠩ᠂ | ᠲᠣᠰᠬᠤᠨ ᠳᠤ ᠰᠠᠭᠤᠵᠤ ᠠᠵᠢᠯᠯᠠᠬᠤ ᠠᠩᠭᠢ ᠵᠡᠷᠭᠡ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠬᠠᠷᠢᠭᠤᠴᠠᠯᠭ᠎ᠠ ᠶᠢ ᠪᠣᠳᠠᠳᠠᠶᠢᠵᠢᠭᠤᠯᠤᠨᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠭᠦᠬᠦ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠴᠡᠭ ᠲᠣᠭᠲᠠᠭᠠᠨ ᠲᠡᠳᠭᠦᠨ ᠳᠡᠮᠵᠢᠬᠦ ᠶᠢ ᠯᠠᠪᠳᠠᠭᠤᠨ ᠪᠠᠲᠤᠲᠠᠢ | ᠥᠷᠨᠢᠭᠦᠯᠵᠦ᠂ ᠨᠡᠶᠢᠭᠡᠮ ᠠᠴᠠ ᠬᠠᠪᠰᠤᠷᠤᠨ ᠳᠡᠳᠬᠦᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠶᠢ | ᠬᠢᠨᠠᠨ ᠬᠡᠮᠵᠢᠬᠦ ᠶᠢ ᠴᠢᠩᠭᠠᠳᠬᠠᠵᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠠᠵᠢᠯ ᠤᠨ ᠳᠠᠩᠰᠠ | ᠪᠠ ᠺᠠᠷᠲ ᠠᠪᠤᠭᠰᠠᠨ ᠳᠤᠭ᠎ᠠ ᠪᠠᠷᠢᠮᠳᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠵᠦ᠂ ᠳᠠᠩᠰᠠ ᠪᠠ | ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ | ᠠᠬᠢᠭᠤᠯᠬᠤ ᠶᠢ ᠬᠦᠨᠵᠡᠬᠡᠢ ᠠᠬᠢᠭᠤᠯᠤᠨ᠎ᠡ᠃ ᠬᠠᠮᠤᠭ ᠴᠢᠩᠭ᠎ᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ | ᠬᠡᠷᠡᠭᠵᠢᠭᠦᠯᠵᠦ᠂ ᠲᠤᠶᠢᠯ ᠤᠨ ᠣᠨᠣᠪᠴᠢᠲᠠᠢ ᠪᠠᠷ ᠬᠠᠷᠢᠭᠤᠴᠠᠯᠭ᠎ᠠ ᠳᠤᠯᠭᠠᠵᠤ ᠦᠷ᠎ᠡ ᠪᠦᠳᠦᠮᠵᠢ ᠶᠢ ᠨᠢ ᠦᠵᠡᠨ᠎ᠠ᠃ | ᠪᠠᠶᠢᠡᠭᠭᠤ ᠶᠢᠨ ᠴᠢᠨᠠᠷᠳᠠᠢ ᠪᠤᠯᠵᠤᠨ ᠶᠠᠷᠢᠯᠴᠠᠬᠤ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠠᠰᠠᠭᠤᠳᠠᠯ ᠢᠯᠡᠷᠡᠬᠦᠯᠪᠡᠯ | ᠴᠠᠭ ᠳᠤᠬᠠᠢ ᠳᠤ ᠨᠢ ᠪᠣᠯᠵᠣᠨ ᠶᠠᠷᠢᠯᠴᠠᠨ᠎ᠠ᠃ | ︵ᠬᠤᠶᠠᠷ︶ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠭᠦᠴᠦᠨ ᠢᠶᠠᠨ ᠲᠦᠪᠯᠡᠷᠡᠬᠦᠯᠦᠨ᠎ᠠ᠃ | ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠤ ᠦᠨᠳᠤᠰᠦᠨ ᠨᠦᠬᠦᠴᠡᠯ ᠪᠠᠭᠤᠷᠡᠢ᠂ ᠤᠯᠠᠨ ᠨᠡᠶᠢᠳᠡ ᠶᠢᠨ | ᠦᠢᠯᠡᠴᠢᠯᠡᠭᠡᠨ ᠲᠤᠳᠠᠮᠠᠭ᠂ ᠬᠦᠮᠦᠨ ᠠᠮᠠ ᠶᠢᠨ ᠤᠷᠤᠰᠢᠨ ᠰᠠᠭᠤᠷᠢᠰᠢᠯ ᠲᠠᠷᠠᠬᠠᠢ ᠪᠤᠳᠠᠷᠬᠠᠢ᠂ ᠶᠡᠳᠠᠭᠤ ᠶᠢ | ᠲᠡᠳᠬᠦᠬᠦ ᠦᠪᠡᠷ ᠤᠨ ᠦᠷᠳᠡᠭ ᠦᠨᠳᠤᠷ᠂ ᠲᠡᠬᠢᠨ ᠶᠠᠳᠠᠭᠤᠷᠠᠬᠤ ᠬᠡᠮ ᠰᠤᠭᠤᠭ ᠤᠯᠠᠨ ᠵᠡᠷᠭᠡ ᠠᠰᠠᠭᠤᠳᠠᠯ ᠳᠤ | ᠴᠢᠭᠯᠡᠬᠦᠯᠦᠨ᠂ ᠲᠦᠷᠦᠯ ᠵᠦᠢᠯ ᠤᠨ ᠨᠠᠷᠢᠨ ᠲᠠᠩᠰᠠ ᠶᠢ ᠵᠢᠭᠰᠠᠭᠠᠵᠤ᠂ ᠣᠨᠣᠪᠴᠢᠲᠠᠢ ᠠᠷᠭ᠎ᠠ ᠬᠡᠮᠵᠢᠶ᠎ᠠ | ᠬᠡᠷᠡᠭᠵᠢᠬᠦᠯᠵᠤ᠂ ᠨᠢᠭᠡ ᠨᠢᠭᠡ ᠪᠠᠷ ᠬᠠᠷᠠᠭᠠᠯᠵᠠᠭᠤᠯᠤᠨ ᠰᠢᠢᠳᠪᠤᠷᠢᠯᠡᠨ᠎ᠠ᠃ ᠶᠠᠳᠠᠭᠤ ᠶᠢ ᠲᠡᠳᠬᠦᠬᠦ ᠰᠢᠨ᠎ᠠ ᠶᠢ | ᠡᠬᠦᠳᠬᠦ ᠲᠦᠷᠦ ᠶᠢᠨ ᠪᠤᠳᠤᠯᠭ᠎ᠠ ᠶᠢ ᠴᠡᠭᠴᠡᠯᠡᠨ ᠨᠡᠶᠢᠳᠭᠡᠵᠤ᠂ ᠡᠬᠢ ᠪᠠᠶᠠᠯᠢᠭ ᠤᠨ ᠡᠯᠧᠮᠧᠨᠲ ᠢ ᠤᠨᠴᠠ ᠶᠠᠳᠠᠭᠤ | ᠬᠦᠴᠢᠷᠳᠡᠯᠳᠡᠢ ᠭᠠᠵᠠᠷ ᠤᠷᠤᠨ ᠳᠤ ᠲᠦᠪᠯᠡᠷᠡᠬᠦ ᠶᠢ ᠬᠦᠳᠦᠯᠦᠨ ᠵᠢᠯᠤᠭᠤᠳᠤᠨ᠎ᠠ᠃ 15 ᠤᠨᠴᠠ ᠶᠠᠳᠠᠭᠤ | ᠬᠦᠴᠢᠷᠳᠡᠯᠳᠡᠢ ᠭᠠᠵᠠᠷ ᠤᠷᠤᠨ ᠤ ᠬᠤᠰᠢᠭᠤ ᠰᠢᠶᠠᠨ ᠢ ᠤᠨᠴᠠᠯᠢᠭᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠤᠷᠢᠤᠨᠴᠢᠯᠡᠨ ᠭᠦᠭᠵᠢᠭᠦᠯᠭᠦ ᠤᠷᠤᠨ ᠪᠤᠯᠭᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠮᠦᠩᠬᠦᠨ | ᠬᠦᠢᠯᠭᠡᠭᠡᠨ ᠢᠶᠠᠷ ᠲᠡᠮᠵᠢᠬᠦ᠂ ᠺᠠᠳ᠋ᠷ ᠴᠢᠳᠠᠪᠤᠷᠢᠳᠡᠨ ᠢ ᠬᠦᠮᠦᠵᠢᠬᠦᠯᠬᠦ᠂ ᠨᠡᠶᠢᠭᠡᠮ ᠤᠨ ᠬᠠᠪᠰᠤᠷᠤᠨ ᠲᠡᠳᠬᠦᠬᠦ ᠵᠡᠷᠭᠡ | ᠲᠠᠯ᠎ᠠ ᠪᠠᠷ ᠬᠡᠯᠪᠠᠶᠢᠯᠭᠡᠵᠤ᠂ ᠤᠨᠴᠠᠯᠢᠭᠳᠤ ᠲᠠᠷᠢᠮᠠᠯ ᠲᠡᠵᠢᠭᠡᠪᠤᠷᠢ ᠶᠢᠨ ᠦᠢᠯᠡᠰ᠂ ᠬᠦᠳᠡᠯᠮᠤᠷᠢ ᠬᠦᠴᠦ ᠲᠦᠪᠯᠡᠷᠡᠭᠰᠡᠨ | ᠮᠠᠶ᠋ᠢᠭ ᠤᠨ ᠡᠳ᠋ᠰᠢᠬᠦᠯᠦᠨ ᠪᠤᠯᠪᠠᠰᠤᠷᠠᠭᠤᠯᠬᠤ ᠦᠢᠯᠡᠰ ᠢ ᠬᠦᠭᠵᠢᠬᠦᠯᠬᠦ ᠶᠢ ᠭᠤᠤᠯᠳᠠᠯᠭ᠎ᠠ ᠲᠠᠢ ᠲᠠᠮᠵᠢᠵᠤ᠂ | ᠵᠢᠭᠤᠯᠴᠢᠯᠡᠯ ᠢᠶᠠᠷ ᠶᠠᠳᠠᠭᠤ ᠶᠢ ᠲᠡᠳᠬᠦᠬᠦ᠂ ᠡᠯᠧᠺᠲᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ᠂ ᠭᠡᠷᠡᠯ ᠴᠡᠨᠡᠭ | ᠢᠶᠠᠷ ᠶᠠᠳᠠᠭᠤ ᠶᠢ ᠲᠡᠳᠬᠦᠬᠦ ᠶᠢ ᠠᠬᠢᠭᠤᠯᠤᠨ᠂ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠤ ᠠᠰᠢᠭ ᠤᠷᠤᠯᠭ᠎ᠠ | ᠶᠢ ᠪᠦᠳᠦᠮᠵᠢᠳᠡᠢ ᠨᠡᠮᠡᠭᠳᠡᠬᠦᠯᠬᠦ ᠠᠵᠤ ᠦᠢᠯᠡᠰ ᠤᠨ ᠬᠡᠯᠬᠢᠶᠡᠵᠢᠯ ᠢ ᠲᠦᠷᠭᠡᠳᠭᠡᠨ ᠪᠠᠶᠢᠭᠤᠯᠤᠨ᠎ᠠ᠃ ᠤᠢ ᠰᠢᠭᠤᠢ | ᠠᠠᠮᠢ ᠠᠬᠤᠢ ᠶᠢᠨ ᠬᠠᠮᠠᠭᠠᠯᠠᠯᠳᠠ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠦᠷᠬᠦᠯᠵᠢᠯᠡᠨ ᠤᠨᠴᠡ ᠶᠠᠳᠠᠭᠤ | ᠬᠦᠴᠢᠷᠳᠡᠯᠳᠡᠢ ᠭᠠᠵᠠᠷ ᠤᠷᠤᠨ ᠳᠤ ᠬᠡᠯᠪᠠᠶᠢᠯᠭᠡᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠦᠮᠦᠨ ᠠᠮᠠ ᠶᠢ | ᠠᠮᠢ ᠠᠬᠤᠢ ᠶᠢᠨ ᠬᠠᠮᠠᠭᠠᠯᠠᠯᠳᠠ ᠪᠤᠯᠤᠨ ᠰᠡᠷᠬᠦᠭᠡᠨ ᠵᠠᠰᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠳᠤ | ᠤᠷᠤᠯᠴᠠᠭᠤᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠤᠢ ᠰᠢᠭᠤᠢ ᠨᠤᠳᠤᠭ ᠪᠡᠯᠴᠢᠭᠡᠷ ᠢ ᠬᠠᠮᠠᠭᠠᠯᠠᠬᠤ | ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠲᠤᠬᠢᠷᠠᠭᠤᠯᠤᠨ ᠠᠵᠢᠯ ᠤᠯᠭᠤᠬᠤ᠂ ᠤᠢ ᠰᠢᠭᠤᠢ ᠶᠢᠨ | ᠠᠵᠤ ᠠᠬᠤᠢ ᠶᠢ ᠬᠦᠭᠵᠢᠬᠦᠯᠬᠦ ᠪᠠ ᠠᠮᠢ ᠠᠬᠤᠢ ᠶᠢᠨ ᠨᠦᠬᠦᠪᠤᠷᠢ ᠵᠡᠷᠭᠡ ᠤᠯᠠᠨ ᠠᠷᠭ᠎ᠠ ᠬᠡᠮᠵᠢᠶ᠎ᠠ ᠠᠪᠴᠤ᠂ | ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠤᠷᠤᠯᠭ᠎ᠠ ᠶᠢ ᠨᠡᠮᠡᠭᠳᠡᠬᠦᠯᠬᠦ ᠵᠠᠮ ᠢ ᠦᠷᠭᠡᠳᠭᠡᠨ᠎ᠠ᠃ ᠡᠳ᠋ ᠤᠨ ᠵᠠᠰᠠᠭ | ᠢᠶᠠᠷ ᠶᠠᠳᠠᠭᠤ ᠶᠢ ᠲᠡᠳᠬᠦᠬᠦ ᠪᠡᠯᠡ ᠮᠦᠩᠬᠦ ᠪᠤᠯᠤᠨ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠪᠡᠯᠡ ᠮᠦᠩᠬᠦ | ᠶᠢ ᠰᠢᠨ᠎ᠠ ᠪᠠᠷ ᠨᠡᠮᠡᠭᠳᠡᠬᠦᠯᠵᠤ ᠦᠷᠬᠦᠯᠵᠢᠯᠡᠨ ᠤᠨᠴᠡ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ | ᠬᠡᠯᠪᠠᠶᠢᠯᠭᠡᠨᠠ᠃ | ︵ᠭᠤᠷᠪᠠ︶ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠠᠨ᠎ᠠ᠃ᠣᠨᠣᠪᠴᠢᠲᠠᠢ ᠠᠷᠭ᠎ᠠ ᠬᠡᠮᠵᠢᠶ᠎ᠠ | ᠬᠡᠷᠡᠭᠵᠢᠬᠦᠯᠵᠤ᠂ ᠦᠷ᠎ᠠ ᠪᠦᠳᠦᠮᠵᠢᠳᠡᠢ ᠲᠡᠳᠬᠦᠬᠦ ᠶᠢ ᠪᠠᠷᠢᠮᠳᠠᠯᠠᠵᠤ᠂ ᠨᠡᠶᠢᠭᠡᠮ ᠤᠨ ᠲᠠᠭᠠᠳᠬᠠᠯ᠂ ᠨᠡᠶᠢᠭᠡᠮ ᠤᠨ | ᠲᠡᠳᠬᠦᠮᠵᠢ᠂ ᠨᠡᠶᠢᠭᠡᠮ ᠤᠨ ᠠᠰᠠᠷᠠᠮᠵᠢ ᠵᠡᠷᠭᠡ ᠡᠯ᠎ᠠ ᠲᠦᠷᠦᠯ ᠤᠨ ᠪᠠᠳᠤᠯᠠᠭ᠎ᠠ ᠶᠢᠨ ᠲᠡᠳᠬᠦᠮᠵᠢ ᠶᠢᠨ ᠠᠷᠭ᠎ᠠ | ᠬᠡᠮᠵᠢᠶ᠎ᠠ ᠶᠢ ᠶᠡᠷᠤᠩᠭᠡᠶᠢᠯᠡᠨ ᠠᠰᠢᠬᠯᠠᠵᠤ᠂ ᠬᠦᠨᠳᠤ ᠡᠪᠡᠳᠴᠢᠨ ᠠᠷᠬᠠᠭ ᠡᠪᠡᠳᠴᠢᠨ ᠲᠠᠢ ᠡᠪᠡᠳᠴᠢᠳᠡᠨ᠂ | ᠵᠠᠮᠳᠡᠭᠴᠤᠳ᠂ ᠭᠤᠤᠨᠢ ᠪᠡᠯᠪᠡᠰᠤᠨ ᠨᠠᠰᠤᠳᠠᠶᠢᠴᠤᠳ ᠵᠡᠷᠭᠡ ᠤᠨᠴᠠ ᠶᠠᠳᠠᠭᠤ ᠬᠦᠴᠢᠷᠳᠡᠯᠳᠡᠢ ᠬᠦᠮᠦᠰ ᠢ | ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠨ᠎ᠠ᠃ ᠤᠷᠳᠤ ᠬᠤᠭᠤᠴᠠᠭᠠᠨ ᠪ᠊ ᠦᠷ᠎ᠠ ᠠᠰᠢᠬᠳᠡᠢ ᠶᠠᠳᠠᠭᠤ ᠶᠢ | ᠲᠡᠳᠬᠦᠬᠦ ᠠᠵᠤ ᠦᠢᠯᠡᠰ ᠢ ᠶᠡᠭᠡ ᠬᠦᠴᠦᠨ ᠢᠶᠠᠷ ᠬᠦᠭᠵᠢᠬᠦᠯᠵᠤ᠂ ᠵᠠᠬ᠎ᠠ ᠲᠡᠯᠬᠡᠬᠦᠷ ᠤᠨ ᠡᠵᠡᠩᠨᠡᠨ ᠪᠤᠷᠤᠯᠠᠭᠤᠯᠬᠤ | ᠠᠠᠰᠠᠭᠤᠳᠠᠯ ᠢ ᠤᠨᠴᠠᠯᠠᠨ ᠰᠢᠢᠳᠪᠤᠷᠢᠯᠡᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠬᠦᠨ ᠢ ᠦᠢᠯᠡᠳᠪᠤᠷᠢᠯᠡᠵᠤ ᠪᠤᠷᠤᠯᠠᠭᠤᠯᠬᠤ ᠵᠤᠯᠭᠠᠯᠴᠠᠭ᠎ᠠ ᠶᠢ ᠲᠡᠳᠬᠦᠵᠤ᠂ ᠶᠠᠳᠠᠭᠤ | ᠬᠦᠴᠢᠷᠳᠡᠯᠳᠡᠢ ᠬᠦᠮᠦᠨ ᠠᠮᠠ ᠶᠢᠨ ᠤᠷᠤᠯᠴᠠᠬᠤ ᠬᠡᠮᠵᠢᠶ᠎ᠠ ᠪᠤᠯᠤᠨ ᠰᠢᠭᠤᠳ ᠠᠰᠢᠭ ᠬᠦᠷᠳᠡᠬᠦ ᠲᠦᠪᠰᠢᠨ ᠢ | ᠲᠡᠭᠡᠭᠰᠢᠯᠡᠬᠦᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠤᠨᠤᠪᠴᠢ ᠶᠢ ᠡᠷᠤᠭᠡ ᠠᠴᠠ ᠬᠦᠮᠦᠨ ᠳᠤ ᠭᠦᠷᠭᠡᠵᠤ᠂ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠪᠦᠬᠦᠨ ᠢ ᠬᠦᠳᠡᠯᠮᠤᠷᠢᠯᠡᠬᠦ ᠴᠢᠳᠠᠪᠤᠷᠢ ᠲᠠᠢ ᠶᠠᠳᠠᠭᠤ | ᠬᠦᠴᠢᠷᠳᠡᠯᠳᠡᠢ ᠬᠦᠮᠦᠨ ᠠᠮᠠ ᠳᠤ ᠪᠦᠷᠬᠦᠬᠦᠯᠬᠦ ᠶᠢ ᠪᠠᠶᠡᠯᠡᠬᠦᠯᠦᠨ᠎ᠠ᠃ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ | ᠢ ᠬᠦᠭᠵᠢᠬᠦᠯᠬᠦ ᠬᠠᠮᠳᠤ ᠶᠢᠨ ᠠᠵᠤ ᠠᠬᠤᠢ ᠶᠢ ᠲᠡᠳᠬᠦᠵᠤ᠂ ᠭᠠᠴᠠᠭ᠎ᠠ ᠲᠤᠰᠬᠤᠨ ᠪᠦᠭᠦᠨ ᠢ ᠬᠠᠮᠳᠤ ᠶᠢᠨ ᠠᠵᠤ | ᠠᠬᠤᠢ ᠲᠠᠢ ᠪᠣᠯᠭᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠡᠢ ᠬᠡᠷ ᠪᠠᠶᠢᠰᠢᠩ ᠢ ᠦᠭᠡᠷᠡᠴᠢᠯᠡᠨ | ᠵᠠᠰᠠᠬᠤ ᠶᠢ ᠦᠷᠬᠦᠯᠵᠢᠯᠡᠨ ᠠᠬᠢᠭᠤᠯᠵᠤ᠂ 2019 ᠣᠨ ᠳᠤ 1.43 ᠲᠦᠮᠡᠨ ᠡᠷᠤᠭᠡ ᠶᠢᠨ ᠲᠦᠷᠪᠡᠨ ᠲᠦᠷᠦᠯ | ᠤᠨ ᠭᠤᠤᠯᠳᠠᠯᠭ᠎ᠠ ᠲᠠᠢ ᠡᠳᠡᠭᠡᠳ ᠤᠨ ᠨᠤᠷᠠᠬᠤ ᠠᠶᠤᠯᠳᠠᠢ ᠬᠡᠷ ᠪᠠᠶᠢᠰᠢᠩ ᠢ ᠦᠭᠡᠷᠡᠴᠢᠯᠡᠨ ᠵᠠᠰᠠᠬᠤ ᠡᠬᠦᠷᠭᠡ ᠶᠢ | ᠪᠡᠶᠠᠯᠡᠭᠦᠯᠵᠤ᠂ ᠳᠠᠩᠰᠠ ᠪᠠ ᠺᠠᠷᠲ ᠠᠪᠤᠭᠰᠠᠨ ᠶᠠᠳᠠᠭᠤ ᠬᠦᠴᠢᠷᠳᠡᠯᠳᠡᠢ ᠡᠷᠤᠭᠡ ᠶᠢᠨ ᠨᠤᠷᠠᠬᠤ ᠠᠶᠤᠯᠳᠡᠢ ᠬᠡᠷ | ᠪᠠᠶᠢᠰᠢᠩ ᠢ ᠦᠭᠡᠷᠡᠴᠢᠯᠡᠨ ᠵᠠᠰᠠᠬᠤ ᠡᠬᠦᠷᠭᠡ ᠶᠢ ᠪᠦᠬᠦᠨ ᠢ ᠪᠠᠶᠡᠯᠡᠬᠦᠯᠦᠨ᠎ᠠ᠃ ᠶᠠᠳᠠᠭᠤ ᠬᠦᠴᠢᠷᠳᠡᠯᠳᠡᠢ ᠡᠷᠤᠭᠡ ᠶᠢ | ᠤᠨᠳᠤᠤ ᠭᠠᠵᠠᠷ ᠨᠡᠬᠦᠯᠭᠡᠵᠤ ᠶᠠᠳᠠᠭᠤ ᠶᠢ ᠲᠡᠳᠬᠦᠬᠦ ᠡᠬᠦᠷᠭᠡ ᠶᠢ ᠪᠦᠬᠦᠨ ᠢ ᠪᠡᠶᠡᠯᠡᠬᠦᠯᠵᠤ᠂ ᠨᠡᠬᠦᠯᠭᠡᠭᠰᠡᠨ ᠤ | ᠲᠠᠷᠠᠭᠠᠬᠢ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠠ ᠶᠢ ᠴᠢᠩᠭᠠᠳᠬᠠᠨ᠂ ᠠᠵᠤ ᠦᠢᠯᠡᠰ ᠤᠨ ᠢᠵᠢ ᠪᠦᠷᠢᠯᠳᠦᠬᠦᠯᠬᠦ | ᠪᠠ ᠠᠵᠢᠯ ᠤᠯᠭᠤᠯᠳᠠ ᠶᠢᠨ ᠳᠤᠬᠢᠷᠠᠭᠤᠯᠤᠯᠳᠠ ᠶᠢ ᠬᠦᠴᠦᠯᠡᠨ ᠴᠢᠩᠭᠠᠳᠬᠠᠵᠤ᠂ ᠨᠡᠬᠦᠯᠭᠡᠵᠤ ᠲᠡᠶᠢᠯᠬᠦ᠂ | ᠲᠤᠭᠳᠠᠭᠤᠨ ᠪᠠᠶᠢᠯᠭᠠᠬᠤ᠂ ᠪᠠᠶᠠᠵᠢᠵᠤ ᠲᠠᠶᠢᠯᠬᠦ ᠶᠢ ᠪᠠᠳᠤᠯᠠᠨ᠎ᠠ᠃ ᠶᠠᠳᠠᠭᠤ ᠬᠦᠴᠢᠷᠳᠡᠯᠳᠡᠢ ᠭᠠᠵᠠᠷ ᠤᠷᠤᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠨᠦᠬᠦᠴᠡᠯ ᠪᠠᠭᠤᠷᠡᠢ ᠰᠤᠷᠭᠠᠭᠤᠯᠢ᠂ ᠬᠦᠳᠡᠭᠡ ᠲᠤᠰᠬᠤᠨ ᠤ ᠪᠠᠭ᠎ᠠ | ᠬᠡᠪᠴᠢᠶᠡᠨ ᠤ ᠰᠤᠷᠭᠠᠭᠤᠯᠢ ᠪᠤᠯᠤᠨ ᠰᠤᠮᠤ ᠪᠠᠯᠭᠠᠰᠤ ᠶᠢᠨ ᠪᠠᠶᠢᠷᠢ ᠳᠤ ᠰᠠᠭᠤᠬᠤ ᠲᠦᠷᠢᠮᠳᠤ ᠰᠤᠷᠭᠠᠭᠤᠯᠢ ᠶᠢᠨ | ᠦᠭᠡᠷᠡᠴᠢᠯᠡᠯᠳᠡ ᠶᠢᠨ ᠡᠷᠴᠢᠮ ᠢ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠶᠠᠰᠤ ᠴᠢᠨᠠᠷ ᠢ | ᠲᠡᠭᠡᠭᠰᠢᠯᠡᠬᠦᠯᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠬᠤᠭᠤᠴᠠᠭᠠᠨ ᠳᠤ ᠰᠤᠷᠭᠠᠭᠤᠯᠢ ᠠᠴᠠ ᠪᠠᠨ ᠲᠤᠷᠭᠠᠨ ᠵᠤᠭᠰᠤᠬᠤ ᠶᠢ ᠬᠢᠵᠠᠭᠠᠷᠯᠠᠵᠤ ᠰᠤᠷᠭᠠᠭᠤᠯᠢ ᠳᠤ ᠰᠠᠭᠤᠯᠭᠠᠬᠤ | ᠶᠢ ᠪᠠᠳᠤᠯᠠᠨ᠎ᠠ᠃ ᠬᠦᠳᠡᠭᠡ ᠲᠤᠰᠬᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷ ᠰᠦᠯᠵᠢᠶ᠎ᠠ ᠶᠢ ᠪᠠᠳᠤ | ᠪᠠᠬᠢ ᠪᠤᠯᠭᠠᠵᠤ᠂ ᠡᠮ ᠡᠮᠨᠡᠯᠭᠡ ᠶᠢᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠠᠪᠬᠤᠷ ᠦᠢᠯᠡᠳᠤᠯ ᠢ | ᠪᠠᠳᠠᠷᠠᠭᠤᠯᠤᠨ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠪᠡᠳᠴᠢᠨ ᠦᠵᠡᠬᠦᠯᠬᠦ ᠲᠠᠷᠤᠭᠠᠰᠤ ᠶᠢ | ᠪᠠᠭᠤᠷᠠᠭᠤᠯᠵᠤ᠂ ᠦᠨᠳᠤᠰᠦᠨ ᠡᠮ ᠡᠮᠨᠡᠯᠭᠡ ᠶᠢᠨ ᠱᠠᠭᠠᠷᠳᠠᠯᠭ᠎ᠠ ᠶᠢ ᠪᠠᠳᠤᠯᠠᠨ᠎ᠠ᠃ ᠶᠠᠳᠠᠭᠤ ᠬᠦᠴᠢᠷᠳᠡᠯᠳᠡᠢ ᠭᠠᠵᠠᠷ | ᠤᠷᠤᠨ ᠤ ᠤᠯᠠᠨ ᠨᠡᠶᠢᠳᠡ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠵᠤ᠂ ᠨᠦᠬᠦᠴᠡᠯ ᠪᠦᠷᠢᠯᠳᠦᠭᠰᠡᠨ ᠶᠠᠳᠠᠭᠤ ᠬᠦᠴᠢᠷᠳᠡᠯᠳᠡᠢ | ᠭᠠᠴᠠᠭ᠎ᠠ ᠲᠤᠰᠬᠤᠨ ᠪᠦᠬᠦᠨ ᠳᠤ ᠴᠠᠬᠢᠯᠭᠠᠨ ᠨᠡᠪᠳᠡᠷᠡᠬᠦᠯᠬᠦ᠂ ᠤᠷᠤᠰᠢᠨ ᠰᠠᠭᠤᠷᠢᠰᠢᠯ ᠲᠠᠷᠠᠬᠠᠢ ᠪᠤᠳᠠᠷᠬᠠᠢ ᠮᠠᠯᠵᠢᠬᠤ | ᠤᠷᠤᠨ ᠳᠤ ᠰᠠᠯᠬᠢᠨ ᠪᠡ ᠢᠯᠴᠢ ᠶᠢᠨ ᠡᠨᠧᠷᠬᠢ ᠬᠠᠷᠢᠯᠴᠠᠨ ᠨᠦᠬᠦᠪᠤᠷᠢᠯᠡᠬᠦ ᠪᠠᠷ ᠲᠠᠮᠵᠢᠨ ᠴᠠᠬᠢᠯᠭᠠᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠪᠡᠶᠡᠯᠡᠬᠦᠯᠵᠤ᠂ ᠦᠷᠭᠡᠨ ᠪᠦᠰᠡᠳᠤ ᠰᠦᠯᠵᠢᠶ᠎ᠠ᠂ ᠰᠢᠯᠵᠢᠮᠡᠯ ᠰᠦᠯᠵᠢᠶ᠎ᠠ | ᠶᠢ ᠪᠦᠬᠦᠨ ᠢ ᠪᠦᠷᠬᠦᠬᠦᠯᠬᠦ ᠶᠢ ᠪᠠᠶᠡᠯᠡᠬᠦᠯᠦᠨ᠎ᠠ᠃ ᠶᠠᠳᠠᠭᠤ ᠶᠢ ᠲᠡᠳᠬᠦᠬᠦ ᠪᠤᠯᠤᠨ ᠢᠳᠡᠭᠡᠯ ᠵᠤᠷᠢᠭ ᠢ ᠲᠡᠮᠵᠢᠬᠦ | ᠤᠶᠤᠨ ᠤᠬᠠᠭᠠᠨ ᠢ ᠲᠡᠳᠬᠦᠬᠦ ᠶᠢ ᠤᠶᠠᠯᠳᠤᠭᠤᠯᠬᠤ ᠶᠢ ᠪᠠᠷᠢᠮᠳᠠᠯᠠᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠤᠨ ᠬᠦᠴᠦᠯᠡᠴᠡ ᠶᠢ | ᠴᠢᠩᠭᠠᠳᠬᠠᠵᠤ᠂ ᠨᠡᠭᠡᠭᠡᠨ ᠬᠦᠭᠵᠢᠬᠦᠯᠬᠦ ᠮᠠᠶ᠋ᠢᠭ ᠤᠨ ᠶᠠᠳᠠᠭᠤ ᠶᠢ ᠲᠡᠳᠬᠦᠬᠦ ᠵᠢᠴᠢ ᠪᠠᠳᠤᠯᠠᠭ᠎ᠠ ᠶᠢᠨ ᠴᠢᠨᠠᠷᠳᠡᠢ | ᠶᠡᠳᠠᠭᠤ ᠶᠢ ᠲᠡᠳᠬᠦᠬᠦ ᠨᠢᠭᠡᠳᠤᠯᠳᠡᠢ ᠲᠦᠯᠦᠪᠵᠢᠬᠦᠯᠦᠭᠰᠡᠨ ᠵᠤᠯᠭᠠᠯᠴᠠᠭ᠎ᠠ ᠶᠢ ᠴᠢᠩᠭᠠᠷᠠᠭᠤᠯᠵᠤ᠂ ᠶᠠᠳᠠᠭᠤ | ᠬᠦᠴᠢᠷᠳᠡᠯᠳᠡᠢ ᠤᠯᠠᠨ ᠲᠦᠮᠡᠨ ᠤ ᠳᠤᠳᠤᠭᠠᠳᠤ ᠶᠢᠨ ᠬᠦᠳᠡᠯᠭᠡᠬᠦ ᠬᠦᠴᠦᠨ ᠪᠠ ᠦᠪᠡᠷ ᠢ ᠪᠠᠨ ᠬᠦᠭᠵᠢᠬᠦᠯᠬᠦ | ᠴᠢᠳᠠᠪᠤᠷᠢ ᠶᠢ ᠴᠢᠩᠭᠠᠳᠬᠠᠨ᠎ᠠ᠃ ᠨᠢᠭᠡᠳᠤᠭᠡᠷ ᠹᠷᠤᠨᠲ ᠤᠨ ᠲᠤᠶᠢᠯ ᠤᠨ ᠣᠨᠣᠪᠴᠢᠲᠠᠢ ᠪᠠᠷ ᠶᠠᠳᠠᠭᠤ ᠢ ᠲᠡᠳᠬᠦᠬᠦ | ᠬᠦᠴᠦᠨ ᠢ ᠲᠡᠬᠦᠯᠳᠡᠷᠵᠢᠬᠦᠯᠵᠤ᠂ ᠲᠤᠰᠬᠤᠨ ᠳᠤ ᠰᠠᠭᠤᠭ᠎ᠠ ᠠᠵᠢᠯᠯᠠᠬᠤ ᠡᠩᠨᠡᠭᠡ ᠶᠢ ᠲᠡᠷᠢᠬᠦᠨ ᠳᠤ ᠲᠤᠬᠢᠷᠠᠭᠤᠯᠤᠨ᠂ | ᠶᠠᠳᠠᠭᠤ ᠶᠢ ᠲᠡᠳᠬᠦᠬᠦ ᠺᠠᠳ᠋ᠷ ᠢ ᠬᠠᠶᠢᠷᠠᠯᠠᠵᠤ ᠬᠠᠯᠠᠮᠵᠢᠯᠠᠨ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ | ᠲᠠᠶᠢᠯᠠᠯᠳᠤᠭᠠᠨ ᠲᠤᠮᠳᠠ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠨᠢᠭᠡᠴᠢ ᠪᠤᠯᠤᠨ ᠬᠤᠪᠢ ᠬᠦᠮᠦᠨ ᠢ | ᠬᠦᠬᠢᠬᠦᠯᠦᠨ ᠰᠠᠶᠢᠰᠢᠶᠠᠨ᠎ᠠ᠃ ᠵᠠᠰᠠᠭ ᠤᠨ ᠤᠷᠳᠤᠨ ᠤ ᠶᠠᠳᠠᠭᠤ ᠶᠢ ᠲᠡᠳᠬᠦᠬᠦ ᠦᠷᠢ ᠦᠭᠴᠡᠭᠡᠨ ᠤ ᠠᠶᠤᠯ | ᠲᠦᠭᠰᠢᠬᠦᠷᠢ ᠪᠠ ᠢᠳᠡᠭᠡᠮᠵᠢᠳᠤ ᠵᠢᠭᠡᠯᠡᠯᠭᠡ ᠶᠢᠨ ᠠᠶᠤᠯ ᠲᠦᠭᠰᠢᠬᠦᠷᠢ ᠶᠢ ᠰᠡᠷᠭᠡᠶᠢᠯᠡᠨ ᠰᠢᠢᠳᠪᠤᠷᠢᠯᠡᠨ᠎ᠠ᠃ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠡᠪ ᠰᠤᠷᠳᠠᠯ ᠢ ᠴᠡᠭᠴᠡᠯᠡᠵᠤ᠂ ᠶᠠᠳᠠᠭᠤ ᠶᠢ ᠲᠡᠳᠬᠦᠬᠦ | ᠬᠦᠷᠢᠶᠡᠨ ᠳᠠᠬᠢ ᠢᠯᠵᠡᠷᠠᠮᠡᠯ ᠪᠤᠯᠤᠨ ᠬᠡᠪ ᠰᠤᠷᠳᠠᠯ ᠤᠨ ᠠᠰᠠᠭᠤᠳᠠᠯ ᠢ ᠲᠤᠰᠬᠠᠢ ᠲᠦᠷᠦᠯ ᠢᠶᠠᠷ ᠵᠠᠰᠠᠬᠤ ᠶᠢ | ᠦᠷᠬᠦᠯᠵᠢᠯᠡᠨ ᠦᠷᠨᠢᠬᠦᠯᠵᠤ᠂ ᠬᠠᠭᠤᠷᠮᠠᠭ ᠢᠶᠠᠷ ᠮᠡᠳᠡᠬᠦᠯᠬᠦ᠂ ᠱᠠᠮᠰᠢᠵᠤ ᠨᠡᠬᠦᠯᠭᠡᠨ ᠰᠢᠯᠵᠢᠬᠦᠯᠬᠦ ᠪᠤᠯᠤᠨ ᠰᠠᠳᠤᠨ | ᠲᠦᠷᠦᠯ ᠨᠠᠶᠢᠵᠡ ᠨᠦᠬᠦᠳ ᠲᠤ ᠪᠠᠨ ᠤᠯᠵᠠ ᠠᠰᠢᠭ ᠬᠦᠷᠳᠡᠭᠡᠬᠦ᠂ ᠬᠦᠮᠦᠨ ᠤ ᠬᠢ ᠶᠢ ᠢᠳᠡᠭᠦ ᠠᠪᠬᠤ ᠭᠠᠴᠢᠬᠤ | ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠤᠷᠢᠯᠡᠨ᠎ᠠ᠃ | ︵ᠳᠥᠷᠪᠡ︶ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠲᠣᠭᠲᠡᠴᠡ ᠶᠢ ᠲᠡᠭᠦᠯᠳᠡᠷᠵᠢᠭᠦᠯᠵᠦ᠂ | ᠰᠢᠪᠲᠤᠯᠤᠯᠲᠠ ᠲᠠᠶᠢᠯᠠᠯᠳᠤᠭᠠᠨ ᠤ ᠬᠤᠭᠤᠴᠠᠭᠠᠨ ᠳᠤ ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ ᠶᠠᠳᠠᠭᠤ | ᠬᠦᠴᠢᠷᠳᠡᠯᠲᠡᠢ ᠭᠠᠴᠠᠭ᠎ᠠ ᠲᠣᠰᠬᠤᠨ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠲᠣᠭᠲᠠᠭᠤᠨ ᠪᠠᠶᠢᠯᠭᠠᠵᠤ᠂ ᠪᠠᠬᠢᠵᠢᠭᠦᠯᠬᠦ ᠵᠠᠢ ᠦᠯᠡᠳᠡᠭᠡᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ | ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠵᠣᠯᠭᠠᠯᠴᠠᠭᠤᠯᠬᠤ ᠠᠵᠢᠯ ᠢ ᠰᠠᠶᠢᠲᠤᠷ ᠬᠢᠬᠦ ᠨᠢ ᠶᠠᠳᠠᠭᠤ ᠠᠴᠠ ᠠᠩᠭᠢᠵᠢᠷᠠᠭᠰᠠᠨ | ᠶᠠᠳᠠᠭᠤ ᠬᠦᠴᠢᠷᠲᠡᠢ ᠬᠤᠰᠢᠭᠤ ᠰᠢᠶᠠᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠵᠤ ᠬᠥᠭᠵᠢᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ᠪᠣᠭᠤᠮᠲᠠ ᠰᠢᠪᠲᠤᠯᠤᠭᠰᠠᠨ ᠨᠡᠶᠢᠲᠡᠯᠢᠭ ᠲᠤᠷᠰᠢᠯᠭ᠎ᠠ ᠪᠣᠯᠤᠨ ᠠᠮᠵᠢᠯᠲᠠ ᠣᠯᠤᠭᠰᠠᠨ ᠵᠢᠱᠢᠶ᠎ᠡ ᠶᠢ | ᠤᠬᠠᠭᠤᠯᠤᠨ ᠳᠡᠯᠭᠡᠷᠡᠭᠦᠯᠦᠨ᠎ᠡ᠃ ᠣᠷᠣᠯᠭ᠎ᠠ ᠶᠢᠨ ᠬᠢᠷᠢ ᠬᠡᠮᠵᠢᠶ᠎ᠡ ᠨᠢ ᠳᠠᠩᠰᠠ ᠪᠠ ᠺᠠᠷᠲ ᠠᠪᠤᠭᠰᠠᠨ ᠶᠠᠳᠠᠭᠤ | ᠬᠦᠴᠢᠷᠳᠡᠯᠲᠡᠢ ᠡᠷᠦᠬᠡ ᠠᠴᠠ ᠵᠢᠭᠠᠬᠠᠨ ᠥᠨᠳᠥᠷ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ | ᠬᠦᠷᠦᠯᠴᠡᠬᠦ ᠦᠭᠡᠢ ᠪᠠᠶᠢᠬᠤ ᠵᠡᠷᠭᠡ ᠰᠢᠨ᠎ᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠠ᠃ 2020 ᠣᠨ ᠳᠤ | ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭᠠᠬᠢ ᠪᠠᠶᠢᠯᠳᠤᠬᠤ | ᠪᠣᠳᠣᠯᠭ᠎ᠠ ᠪᠠᠨ ᠡᠷᠲᠡᠬᠡᠨ ᠲᠥᠯᠥᠪᠯᠡᠨ ᠲᠣᠭᠲᠠᠭᠠᠨ᠎ᠠ᠃ | ᠬᠤᠶᠠᠷ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠪᠣᠯᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠳᠤᠳᠠᠭᠤᠳᠠᠯ ᠢ ᠲᠦᠷᠭᠡᠨ ᠨᠥᠬᠦᠬᠦ ᠬᠡᠷᠡᠭᠲᠡᠢ | ︵ᠨᠢᠭᠡ︶ ᠬᠥᠳᠡᠭᠡ ᠲᠣᠰᠬᠤᠨ ᠤ ᠲᠥᠯᠥᠪᠵᠢᠭᠦᠯᠭᠡ ᠶᠢ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ | ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠵᠦ᠂ ᠮᠠᠯᠵᠢᠬᠤ ᠣᠷᠣᠨ᠂ ᠲᠠᠷᠢᠶᠠᠯᠠᠬᠤ | ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ᠂ ᠰᠢᠭᠤᠶᠢᠲᠤ ᠣᠷᠣᠨ᠂ ᠠᠲᠠᠷ ᠬᠠᠭᠠᠯᠪᠤᠷᠢᠯᠠᠯᠲᠠ ᠶᠢᠨ | ᠣᠷᠣᠨ᠂ ᠬᠢᠯᠢ ᠬᠢᠵᠠᠭᠠᠷ ᠣᠷᠣᠨ ᠤ ᠣᠨᠴᠠᠯᠢᠭ ᠢ ᠳᠣᠪᠤᠶᠢᠯᠭᠠᠵᠤ᠂ ᠬᠥᠨᠳᠡᠶᠢᠷᠡᠭᠰᠡᠨ ᠲᠣᠰᠬᠤᠨ ᠪᠠ | ᠨᠡᠶᠢᠯᠡᠭᠦᠯᠦᠭᠰᠡᠨ ᠲᠣᠰᠬᠤᠨ ᠢ ᠭᠦᠢᠴᠡᠳ ᠪᠣᠳᠣᠯᠬᠢᠯᠠᠵᠤ᠂ ᠬᠥᠳᠡᠭᠡ ᠲᠣᠰᠬᠤᠨ ᠤ ᠪᠠᠶᠢᠷᠢᠯᠠᠭᠤᠯᠤᠯᠲᠠ ᠶᠢᠨ | ᠲᠥᠯᠥᠪᠵᠢᠭᠦᠯᠭᠡ ᠪᠠ ᠲᠤᠰᠬᠠᠢ ᠲᠥᠷᠥᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ | ᠲᠥᠯᠥᠪᠵᠢᠭᠦᠯᠵᠦ᠂ ᠡᠯ᠎ᠡ ᠲᠥᠷᠥᠯ ᠤᠨ ᠲᠥᠯᠥᠪᠵᠢᠭᠦᠯᠭᠡ ᠶᠢᠨ ᠵᠣᠯᠭᠠᠯᠲᠠ ᠶᠢ ᠵᠣᠬᠢᠴᠠᠭᠤᠯᠤᠨ᠎ᠠ᠃ ᠬᠤᠰᠢᠭᠤ | ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠥᠳᠡᠭᠡ ᠲᠣᠰᠬᠤᠨ ᠤ | ᠲᠥᠯᠥᠪᠵᠢᠭᠦᠯᠭᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠷᠢᠳ ᠢᠶᠠᠷ ᠲᠥᠯᠥᠪᠵᠢᠭᠦᠯᠵᠦ | ᠲᠠᠷᠠᠭ᠎ᠠ ᠨᠢ ᠪᠦᠲᠦᠭᠡᠨ ᠪᠠᠶᠢᠭᠤᠯᠬᠤ ᠪᠣᠯᠤᠨ ᠲᠥᠯᠥᠪᠵᠢᠭᠦᠯᠭᠡ ᠦᠭᠡᠢ ᠪᠣᠯ ᠪᠡᠯᠡ ᠣᠷᠣᠭᠤᠯᠬᠤ ᠦᠭᠡᠢ ᠵᠠᠷᠴᠢᠮ ᠢ | ᠪᠠᠷᠢᠮᠲᠠᠯᠠᠨ᠂ ᠭᠠᠵᠠᠷ ᠰᠢᠷᠣᠢ ᠶᠢᠨ ᠠᠰᠢᠬᠯᠠᠯᠲᠡ᠂ ᠠᠵᠤ ᠦᠢᠯᠡᠰ ᠤᠨ ᠬᠥᠭᠵᠢᠯᠲᠡ᠂ ᠰᠠᠭᠤᠭᠠᠯᠢ ᠠᠷᠠᠳ ᠤᠨ | ᠴᠡᠭ ᠤᠨ ᠪᠦᠲᠦᠭᠡᠨ ᠪᠠᠶᠢᠭᠤᠯᠤᠯᠲᠠ᠂ ᠣᠷᠣᠰᠢᠨ ᠰᠠᠭᠤᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠠᠮᠢ | ᠠᠬᠤᠢ ᠶᠢᠨ ᠬᠠᠮᠠᠭᠠᠯᠠᠯᠲᠠ ᠵᠡᠷᠭᠡ ᠡᠯᠧᠮᠧᠨ᠋ᠲ ᠢ ᠪᠣᠳᠣᠯᠬᠢᠯᠠᠵᠤ᠂ ᠣᠷᠣᠨ ᠨᠤᠲᠤᠭ ᠤᠨ ᠦᠩᠭᠡ ᠦᠵᠡᠮᠵᠢ ᠶᠢ ᠤᠤᠯ | ᠬᠡᠪ ᠢᠶᠠᠷ ᠪᠠᠶᠢᠯᠭᠠᠬᠤ᠂ ᠵᠥᠷᠢᠶᠡᠴᠢᠯᠡᠭᠰᠡᠨ ᠲᠥᠯᠥᠪᠵᠢᠭᠦᠯᠭᠡ ᠪᠠ ᠬᠡᠷᠡᠭᠯᠡᠭᠡᠨ ᠤ ᠴᠢᠨᠠᠷᠲᠠᠢ ᠲᠣᠰᠬᠤᠨ ᠤ | ᠲᠥᠯᠥᠪᠵᠢᠭᠦᠯᠭᠡ ᠲᠣᠭᠲᠠᠭᠠᠬᠤ ᠶᠢ ᠴᠢᠬᠤᠯᠠᠴᠢᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠪᠠᠷᠢᠬᠤ | ᠵᠥᠪᠰᠢᠶᠡᠷᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ︵ᠬᠤᠶᠠᠷ︶ ᠬᠦᠳᠡᠭᠡ ᠳᠤᠰᠬᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠠᠳᠬᠤᠨ᠎ᠠ᠃ ᠵᠧᠵᠢᠶᠠᠩ ᠤᠨ ︽ | ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠤ᠂ ᠲᠦᠮᠡᠨ ᠲᠣᠰᠬᠤᠨ ᠢ ᠴᠡᠭᠴᠡᠯᠡᠡ ᠵᠠᠰᠠᠬᠤ︾ ᠢᠨᠵᠧᠨᠧᠷᠢᠩ ᠤᠨ | ᠲᠤᠷᠰᠢᠯᠭ᠎ᠠ ᠶᠢ ᠭᠦᠨᠵᠡᠭᠡᠢ ᠰᠤᠷᠤᠯᠴᠠᠨ ᠳᠡᠯᠭᠡᠷᠡᠭᠦᠯᠵᠦ᠂ ᠪᠦᠬᠦ ᠣᠷᠣᠨ ᠪᠦᠰᠡ ᠳᠤ ᠬᠡᠷᠡᠭᠵᠢᠭᠦᠯᠦᠭᠰᠡᠨ ᠰᠠᠭᠤᠷᠢᠨ | ᠳᠡᠭᠡᠷ᠎ᠡ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ | ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠠᠵᠢᠯᠯᠠᠭ᠎ᠠ ᠶᠢ ᠬᠡᠷᠡᠭᠵᠢᠭᠦᠯᠵᠦ᠂ ᠬᠤᠭ ᠨᠣᠪᠰᠢ ᠪᠣᠬᠢᠷ | ᠤᠰᠤᠨ ᠤ ᠰᠢᠢᠳᠪᠦᠷᠢᠯᠡᠯᠲᠡ᠂ ᠵᠣᠷᠯᠣᠩ ᠤᠨ ᠬᠤᠪᠢᠰᠬᠠᠯ᠂ ᠲᠣᠰᠬᠤᠨ ᠤ ᠳᠦᠷᠢ ᠲᠥᠷᠬᠦ ᠶᠢᠨ ᠰᠠᠶᠢᠵᠢᠷᠠᠯᠲᠠ ᠶᠢ | ᠰᠠᠶᠢᠲᠤᠷ ᠠᠳᠬᠤᠵᠤ᠂ 2020 ᠣᠨ ᠪᠣᠯᠬᠤ ᠳᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠲᠣᠭᠤᠷᠢᠨ ᠢᠯᠡᠳᠲᠡ ᠰᠠᠶᠢᠵᠢᠷᠠᠯᠲᠠ ᠲᠠᠢ ᠪᠣᠯᠬᠤ ᠶᠢ ᠪᠠᠲᠤᠯᠠᠵᠤ᠂ ᠬᠥᠳᠡᠭᠡ ᠲᠣᠰᠬᠤᠨ ᠤ ᠣᠷᠴᠢᠨ | ᠲᠣᠭᠤᠷᠢᠨ ᠢ ᠦᠨᠳᠦᠰᠦᠨ ᠳᠤ ᠪᠠᠨ ᠴᠡᠪᠡᠷ ᠲᠣᠬᠢᠯᠢᠭ ᠡᠮᠬᠢ ᠵᠢᠷᠤᠮ ᠲᠠᠢ ᠪᠣᠯᠭᠠᠵᠤ᠂ ᠲᠣᠰᠬᠤᠨ ᠤ ᠠᠷᠠᠳ ᠤᠨ | ᠣᠷᠴᠢᠨ ᠲᠣᠭᠤᠷᠢᠨ ᠪᠠ ᠡᠷᠡᠭᠦᠯ ᠮᠡᠨᠳᠦ ᠶᠢᠨ ᠲᠤᠬᠠᠢ ᠦᠵᠡᠯ ᠤᠬᠠᠮᠰᠠᠷ ᠢ ᠨᠡᠶᠢᠳᠡᠮ ᠳᠡᠭᠡᠭᠰᠢᠯᠡᠭᠦᠯᠤᠨ᠎ᠠ᠃ | ᠮᠠᠯᠴᠢᠨ ᠲᠠᠷᠢᠶᠠᠴᠢᠨ ᠲᠥᠪᠯᠡᠷᠡᠨ ᠰᠠᠭᠤᠭᠰᠠᠨ ᠣᠷᠣᠨ᠂ ᠮᠠᠯᠴᠢᠨ ᠲᠠᠷᠢᠶᠠᠴᠢᠨ ᠲᠠᠷᠠᠬᠠᠢ ᠪᠤᠲᠠᠷᠬᠠᠢ ᠰᠠᠭᠤᠷᠢᠰᠢᠵᠤ | ᠪᠠᠶᠢᠭ᠎ᠠ ᠣᠷᠣᠨ ᠪᠠ ᠬᠤᠲᠠ ᠪᠠᠯᠭᠠᠰᠤᠨ ᠤ ᠲᠡᠭᠦᠷᠭᠡ ᠵᠡᠷᠭᠡ ᠶᠢ ᠢᠯᠭᠠᠵᠤ᠂ ᠲᠤᠰ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ᠵᠣᠷᠯᠣᠩ ᠤᠨ ᠬᠤᠪᠢᠰᠬᠠᠯ ᠢ ᠲᠦᠯᠬᠢᠨ ᠠᠬᠢᠭᠤᠯᠵᠤ᠂ ᠬᠤᠣᠷ ᠬᠥᠨᠥᠭᠡᠯ ᠦᠭᠡᠢ | ᠡᠷᠡᠭᠦᠯ ᠬᠠᠮᠠᠭᠠᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ | ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ ︽ᠭᠤᠷᠪᠠ ᠶᠢ | ᠠᠷᠢᠯᠭᠠᠵᠤ ᠨᠢᠭᠡ ᠶᠢ ᠥᠭᠡᠷᠡᠴᠢᠯᠡᠬᠦ︾ ᠪᠠᠷ ᠭᠤᠣᠯᠳᠠᠯᠭ᠎ᠠ ᠪᠣᠯᠭᠠᠭᠰᠠᠨ ᠲᠣᠰᠬᠤᠨ ᠤ ᠠᠷᠢᠭᠤᠨ ᠴᠡᠪᠡᠷ ᠤᠨ | ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠮᠠᠯᠴᠢᠨ ᠲᠠᠷᠢᠶᠠᠴᠢᠨ ᠤ ᠦᠪᠡᠷᠰᠡᠳ ᠢᠶᠠᠨ ᠠᠷᠢᠯᠭᠠᠨ | ᠴᠡᠪᠡᠷᠯᠡᠬᠦ᠂ ᠣᠶᠢᠵᠢᠭᠤᠯᠤᠨ ᠨᠣᠭᠤᠭᠠᠷᠠᠭᠤᠯᠬᠤ᠂ ᠪᠦᠲᠦᠭᠡᠨ ᠪᠠᠶᠢᠭᠤᠯᠬᠤ᠂ ᠬᠠᠮᠢᠶᠠᠷᠤᠯᠲᠠ ᠬᠠᠮᠠᠭᠠᠯᠠᠯᠲᠠ ᠬᠢᠬᠦ ᠶᠢ | ᠳᠠᠶᠢᠴᠢᠯᠠᠵᠤ᠂ ᠦᠷᠭᠦᠯᠵᠢᠯᠡᠨ ᠠᠬᠢᠭᠤᠯᠬᠤ ᠲᠣᠭᠲᠡᠴᠡ ᠶᠢ ᠪᠣᠢ ᠪᠣᠯᠭᠠᠨ᠎ᠠ᠃ ᠦᠵᠡᠰᠬᠦᠯᠡᠩᠲᠦ ᠰᠠᠶᠢᠬᠠᠨ ᠣᠷᠣᠰᠢᠨ | ᠰᠠᠭᠤᠷᠢᠰᠢᠬᠤ ᠳᠤ ᠲᠠᠭᠠᠯᠠᠮᠵᠢᠲᠠᠢ ᠲᠣᠰᠬᠤᠨ ᠪᠠ ᠬᠠᠮᠤᠭ ᠭᠤᠶᠣ ᠭᠡᠷ ᠣᠷᠣᠨ ᠢ ᠪᠦᠳᠦᠬᠡᠨ ᠪᠠᠶᠢᠭᠤᠯᠬᠤ | ᠠᠵᠢᠯᠯᠠᠭ᠎ᠠ ᠥᠷᠨᠢᠭᠦᠯᠵᠦ᠂ ᠮᠠᠯᠴᠢᠳ ᠲᠠᠷᠢᠶᠠᠴᠢᠨ ᠤ ᠭᠡᠷ ᠣᠷᠣᠨ ᠤ ᠣᠷᠴᠢᠨ ᠲᠣᠭᠤᠷᠢᠨ ᠢᠶᠠᠨ ᠴᠡᠭᠴᠡᠯᠡᠵᠦ | ᠵᠠᠰᠠᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ᠭᠡᠷ ᠪᠦᠯᠢ ᠶᠢᠨ ᠠᠵᠤ ᠠᠬᠤᠢ ᠶᠢ ᠬᠥᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠣᠭᠲᠡᠴᠡ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ | ᠲᠤᠰᠬᠠᠢ ᠲᠥᠷᠥᠯ ᠤᠨ ᠪᠡᠯᠡ ᠮᠥᠩᠭᠦ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ | ᠣᠷᠴᠢᠨ ᠲᠣᠭᠤᠷᠢᠨ ᠳᠤ ᠴᠡᠭᠴᠡᠯᠡᠯᠲᠡ ᠬᠢᠬᠦ ᠶᠢ ᠳᠡᠮᠵᠢᠵᠦ᠂ ᠬᠤᠰᠢᠭᠤ ᠰᠢᠶᠠᠨ ︵ᠬᠤᠲᠠ᠂ ᠲᠣᠭᠤᠷᠢᠭ︶ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠵᠦ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠲᠥᠪᠯᠡᠷᠡᠭᠦᠯᠦᠨ | ᠬᠡᠷᠡᠭᠯᠡᠬᠦ ᠶᠢ ᠵᠥᠪᠰᠢᠶᠡᠷᠡᠨ᠎ᠡ᠃ ᠭᠠᠴᠠᠭᠠᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠨᠢᠭᠡ | ᠶᠠᠪᠤᠳᠠᠯ ᠢ ᠨᠢᠭᠡ ᠵᠥᠪᠯᠡᠬᠦ ᠡᠳ᠋ ᠤᠨ ᠵᠠᠰᠠᠭ ᠤᠨ ᠱᠠᠩᠨᠠᠵᠤ ᠨᠥᠬᠦᠪᠥᠷᠢᠯᠡᠬᠦ ᠠᠵᠢᠯ ᠢ ᠲᠦᠯᠬᠢᠨ ᠠᠬᠢᠭᠤᠯᠵᠤ᠂ | ᠨᠡᠶᠢᠭᠡᠮ ᠤᠨ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤ ᠢᠳᠡᠪᠬᠢᠲᠡᠢ ᠣᠷᠣᠯᠴᠠᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠵᠤ ᠠᠬᠤᠢ | ᠶᠢᠨ ᠬᠥᠭᠵᠢᠯᠲᠡ ᠶᠢᠨ ᠬᠢᠷᠢ ᠬᠡᠮᠵᠢᠶ᠎ᠡ ᠲᠠᠢ ᠬᠠᠷᠢᠯᠴᠠᠨ ᠵᠣᠬᠢᠴᠠᠭᠤᠯᠵᠤ᠂ ᠲᠤᠬᠠᠢ ᠶᠢᠨ ᠭᠠᠵᠠᠷ ᠤᠨ ᠰᠣᠶᠣᠯ᠂ | ᠣᠷᠣᠨ ᠨᠤᠲᠤᠭ ᠤᠨ ᠰᠣᠶᠣᠯ ᠢᠷᠭᠡᠨᠰᠢᠯ ᠪᠣᠯᠤᠨ ᠪᠠᠶᠢᠭᠠᠯᠢ ᠶᠢᠨ ᠣᠷᠴᠢᠨ ᠲᠣᠭᠤᠷᠢᠨ ᠲᠠᠢ ᠠᠭᠤᠰᠤᠯᠴᠠᠭᠤᠯᠵᠦ᠂ | ᠬᠦᠭ ᠬᠦᠯ ᠦᠬᠡᠢ ᠳᠡᠷᠪᠡᠵᠦ᠂ ᠥᠩᠭᠡᠨ ᠲᠠᠯ᠎ᠠ ᠶᠢᠨ ᠠᠵᠢᠯ ᠬᠢᠬᠦ ᠶᠢ ᠰᠡᠷᠬᠡᠶᠢᠯᠡᠨ᠎ᠠ᠃ | ︵ᠭᠤᠷᠪᠠ︶ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠠᠳᠬᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ | ᠳᠡᠭᠡᠭᠰᠢᠯᠡᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠤᠶᠢᠳᠠ ᠪᠥᠭᠯᠡᠭᠦᠦ ᠠᠭᠤᠯᠠᠷᠬᠠᠭ | ᠣᠷᠣᠨ᠂ ᠬᠢᠯᠢ ᠬᠢᠵᠠᠭᠠᠷ ᠣᠷᠣᠨ᠂ ᠬᠠᠬᠢᠷ ᠬᠦᠢᠲᠡᠨ ᠭᠠᠵᠠᠷ ᠣᠷᠣᠨ ᠤ ︽ᠤᠤᠭᠤᠬᠤ ᠤᠰᠤᠨ ᠤ ᠬᠦᠴᠢᠷᠳᠡᠯ︾ | ᠪᠣᠯᠤᠨ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠲᠦᠷᠭᠡᠨ ᠰᠢᠢᠳᠪᠦᠷᠢᠯᠡᠵᠦ᠂ 2020 ᠣᠨ ᠤ ᠵᠢᠯ | ᠤᠨ ᠰᠡᠭᠦᠯᠴᠢ ᠠᠴᠠ ᠡᠮᠦᠨ᠎ᠡ ᠤᠤᠭᠤᠬᠤ ᠤᠰᠤᠨ ᠤ ᠹᠯᠤᠷ᠂ ᠠᠷᠰᠧᠨ ᠵᠡᠷᠭᠡ ᠪᠠᠷᠢᠮᠵᠢᠶᠠᠨ ᠠᠴᠠ ᠬᠡᠲᠦᠷᠡᠭᠰᠡᠨ | ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠨ᠎ᠡ᠃ ︽ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾ | ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠵᠠᠮ ᠤᠨ ᠳᠠᠷᠤᠭ᠎ᠠ ᠶᠢᠨ ᠳᠦᠷᠢᠮ︾ ᠢ | ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠭᠦᠨᠵᠡᠭᠡᠢ | ᠠᠬᠢᠭᠤᠯᠵᠤ᠂ ᠬᠠᠳᠠᠭᠤᠷᠠᠭᠤᠯᠤᠭᠰᠠᠨ ᠵᠠᠮ ᠢ ᠲᠣᠰᠬᠤᠨ ᠳᠠᠶᠢᠰᠢ ᠤᠷᠲᠤᠳᠬᠠᠬᠤ ᠶᠢ ᠲᠦᠷᠭᠡᠳᠬᠡᠵᠦ᠂ ᠲᠣᠰᠬᠤᠨ ᠤ | ᠳᠣᠲᠣᠷᠠᠬᠢ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠴᠠᠬᠢᠯᠭᠠᠨᠵᠢᠭᠤᠯᠬᠤ | ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠰᠢᠨ᠎ᠡ ᠨᠢᠭᠡᠨ ᠡᠭᠡᠯᠵᠢ ᠶᠢᠨ ᠴᠠᠬᠢᠯᠭᠠᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ | ᠤ ᠲᠦᠷᠭᠡᠨ ᠳᠠᠮᠵᠢᠭᠤᠯᠭ᠎ᠠ ᠶᠢᠨ ᠡᠳ᠋ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠰᠦᠯᠵᠢᠶ᠎ᠡ ᠶᠢ | ᠲᠡᠭᠦᠯᠳᠡᠷᠵᠢᠭᠦᠯᠦᠨ᠂ ᠭᠠᠷᠤᠯᠲᠠ ᠶᠢᠨ ᠭᠠᠵᠠᠷ ᠲᠤ ᠮᠠᠯ ᠤᠨ ᠠᠰᠢᠭ ᠰᠢᠮ᠎ᠡ᠂ ᠳᠠᠷᠢᠶᠠᠯᠠᠩ ᠤᠨ ᠪᠦᠲᠦᠭᠡᠭᠳᠡᠬᠦᠨ ᠢ | ᠰᠢᠨ᠎ᠡ ᠰᠣᠷᠭᠤᠭ ᠢᠶᠠᠷ ᠬᠠᠳᠠᠭᠠᠯᠠᠬᠤ᠂ ᠳᠡᠰ ᠬᠤᠪᠢᠶᠠᠨ ᠪᠣᠭᠤᠳᠠᠯᠯᠠᠬᠤ ᠵᠡᠷᠭᠡ ᠲᠥᠬᠦᠭᠡᠷᠦᠮᠵᠢ ᠶᠢ ᠪᠠᠶᠢᠭᠤᠯᠬᠤ ᠶᠢ | ᠳᠡᠮᠵᠢᠵᠦ᠂ ᠪᠠᠶᠢᠭᠤᠯᠤᠮᠵᠢᠳᠤ ᠲᠣᠰᠬᠤᠨ ᠤ ᠰᠢᠤᠳᠠᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠪᠠ ᠨᠥᠬᠦᠴᠡᠯ ᠢ | ᠪᠦᠷᠢᠯᠳᠦᠭᠦᠯᠦᠭᠰᠡᠨ ᠭᠠᠴᠠᠭ᠎ᠠ ᠲᠣᠰᠬᠤᠨ ᠳᠤ ᠪᠣᠳᠠᠰ ᠤᠨ ᠭᠦᠢᠯᠭᠡᠭᠡ ᠶᠢ ᠲᠣᠬᠢᠷᠠᠭᠤᠯᠤᠨ ᠬᠦᠷᠭᠡᠬᠦ ᠲᠣᠣᠷ ᠴᠡᠭ | ᠪᠠᠶᠢᠭᠤᠯᠬᠤ ᠶᠢ ᠵᠣᠷᠢᠭᠵᠢᠭᠤᠯᠤᠨ᠎ᠠ᠃ ᠥᠷᠭᠡᠨ ᠪᠦᠰᠡᠲᠦ ᠰᠦᠯᠵᠢᠶ᠎ᠡ ᠶᠢ ᠲᠣᠰᠬᠤᠨ ᠳᠠᠶᠢᠰᠢ ᠤᠷᠲᠤᠳᠬᠠᠬᠤ ᠶᠢ | ᠲᠦᠯᠬᠢᠨ ᠠᠬᠢᠭᠤᠯᠵᠤ᠂ ᠬᠤᠷᠳᠤᠴᠠ ᠶᠢ ᠲᠦᠷᠭᠡᠳᠬᠡᠨ ᠰᠦᠢᠳᠬᠡᠯ ᠢ ᠨᠢ ᠪᠠᠭᠤᠷᠠᠭᠤᠯᠤᠨ᠎ᠠ᠃ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠬᠠᠮᠢᠶᠠᠷᠴᠤ | ᠬᠠᠮᠠᠭᠠᠯᠠᠬᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠣᠷᠣᠰᠢᠨ ᠠᠮᠢᠳᠤᠷᠠᠬᠤ ᠣᠷᠴᠢᠨ | ᠲᠣᠭᠤᠷᠢᠨ ᠢ ᠤᠷᠲᠤ ᠬᠤᠭᠤᠴᠠᠭ᠎ᠠ ᠪᠠᠷ ᠪᠦᠲᠦᠮᠵᠢᠲᠡᠢ ᠬᠠᠮᠢᠶᠠᠷᠴᠤ ᠬᠠᠮᠠᠭᠠᠯᠠᠬᠤ ᠲᠣᠭᠲᠡᠴᠡ ᠶᠢ ᠪᠠᠶᠢᠭᠤᠯᠤᠨ᠎ᠠ᠃ | ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ | ᠨᠡᠶᠢᠭᠡᠮ ᠤᠨ ᠪᠠᠳᠤᠯᠠᠪᠤᠷᠢ᠂ ᠨᠠᠰᠤᠵᠢᠯ ᠤᠨ ᠠᠰᠠᠷᠠᠮᠵᠢ᠂ ᠰᠣᠶᠣᠯ ᠪᠡᠶ᠎ᠠ ᠲᠠᠮᠢᠷ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ ᠲᠦᠷᠭᠡᠳᠬᠡᠨ ᠠᠬᠢᠭᠤᠯᠤᠨ᠎ᠠ᠃ ᠬᠤᠲᠠ ᠬᠥᠳᠡᠭᠡ | ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠬᠤ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ | ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠰᠢᠶᠠᠨ ᠤ | ᠬᠡᠪᠴᠢᠶᠡᠨ ᠳᠠᠬᠢ ᠬᠤᠲᠠᠬᠥ᠋ᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠥᠷᠢᠶ᠎ᠡ ᠶᠢ ᠪᠠᠭᠠᠰᠬᠠᠨ᠎ᠠ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠰᠢᠪᠲᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠨᠡᠶᠢᠳᠡᠮ ᠬᠠᠷᠠᠭᠠᠯᠵᠠᠬᠤ ᠬᠥᠭᠵᠢᠯᠲᠡ ᠶᠢ ᠠᠬᠢᠭᠤᠯᠤᠨ᠎ᠠ᠃ ᠰᠤᠮᠤ | ᠰᠢᠶᠠᠩ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠦᠷᠦᠭᠡ︶ ᠶᠢ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠶᠡᠷᠦᠩᠬᠡᠢ ᠰᠠᠯᠠᠭᠠᠨ ᠤ ᠡᠮᠴᠢ ᠶᠢᠨ ᠣᠨᠴᠠ | ᠠᠵᠢᠯ ᠤᠨ ᠪᠠᠶᠢᠷᠢ ᠶᠢᠨ ᠲᠥᠯᠥᠪᠯᠡᠭᠡ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠮᠠᠯᠵᠢᠬᠤ ᠣᠷᠣᠨ ᠤ ᠭᠠᠴᠠᠭᠠᠨ ᠤ ᠡᠮᠴᠢ ᠶᠢᠨ | ᠰᠠᠭᠤᠭ᠎ᠠ ᠭᠠᠵᠠᠷ ᠲᠠᠭᠠᠨ ᠮᠠᠯᠴᠢᠳ ᠲᠤ ᠡᠮ ᠡᠮᠨᠡᠯᠭᠡ ᠪᠠ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠶᠢ | ᠳᠡᠮᠵᠢᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠢᠭᠡᠳᠦᠯᠲᠡᠢ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠦᠨᠳᠦ ᠡᠪᠡᠳᠴᠢᠨ ᠤ ᠳᠠᠭᠠᠳᠬᠠᠯ ᠢ ᠬᠠᠮᠲᠤ ᠳᠤ ᠨᠢ ᠴᠡᠭᠴᠡᠯᠡᠨ ᠨᠡᠶᠢᠳᠬᠡᠨᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠲᠣᠭᠲᠠᠭᠠᠬᠤ ᠪᠠ ᠰᠠᠭᠤᠷᠢ ᠨᠠᠰᠤᠵᠢᠯ ᠤᠨ | ᠮᠥᠩᠭᠦ ᠶᠢᠨ ᠬᠡᠪ ᠤᠨ ᠲᠣᠬᠢᠷᠠᠭᠤᠯᠤᠯᠲᠠ ᠶᠢᠨ ᠲᠣᠭᠲᠡᠴᠡ ᠶᠢ ᠪᠠᠶᠢᠭᠤᠯᠤᠨ᠎ᠠ᠃ ᠬᠤᠲᠠ ᠬᠥᠳᠡᠭᠡ ᠶᠢᠨ ᠨᠡᠶᠢᠭᠡᠮ | ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠨᠢᠭᠡᠳᠦᠯᠲᠡᠢ ᠲᠥᠯᠥᠪᠵᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠳᠦᠷᠢᠮ᠂ ᠠᠰᠠᠷᠠᠨ ᠬᠠᠷᠠᠭᠠᠯᠵᠠᠵᠤ ᠲᠥᠪᠬᠢᠨᠡᠭᠦᠯᠬᠦ ᠳᠦᠷᠢᠮ ᠢ ᠲᠡᠭᠦᠯᠳᠡᠷᠵᠢᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ | ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 2020 ᠣᠨ ᠪᠣᠯᠲᠠᠯ᠎ᠠ ᠪᠦᠬᠦᠨ ᠢ ᠪᠦᠷᠬᠦᠭᠦᠯᠦᠨᠠ᠃ | ᠮᠠᠯᠵᠢᠬᠤ ᠲᠠᠷᠢᠶᠠᠯᠠᠬᠤ ᠣᠷᠣᠨ ᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠡᠮᠡᠭᠲᠡᠶᠢᠴᠦᠳ ᠨᠠᠰᠤᠲᠠᠶᠢᠴᠤᠳ ᠢ | ᠠᠩᠬᠠᠷᠤᠨ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ | ᠣᠷᠣᠨ ᠤ ᠣᠯᠠᠨ ᠳᠡᠰ ᠳᠠᠪᠬᠤᠷᠭ᠎ᠠ ᠪᠦᠬᠦᠢ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ | ᠳᠡᠮᠵᠢᠨ᠎ᠠ᠃ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠠᠷᠤᠳᠠᠯ ᠤᠨ ᠣᠷᠣᠭᠤᠯᠤᠯᠲᠠ ᠶᠢᠨ ᠲᠣᠭᠲᠡᠴᠡ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ | ᠲᠡᠭᠦᠯᠳᠡᠷᠵᠢᠭᠦᠯᠦᠨ᠎ᠡ᠃ | ︵ᠲᠠᠪᠤ︶ ᠮᠠᠯᠵᠢᠬᠤ ᠲᠠᠷᠢᠶᠠᠯᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠠᠭᠤᠯᠠ ᠤᠰᠤ ᠤᠢ ᠮᠤᠲᠦ ᠭᠠᠵᠠᠷ ᠲᠠᠷᠢᠶ᠎ᠠ ᠨᠠᠭᠤᠷ ᠪᠦᠷᠢᠲᠦ ᠨᠤᠲᠤᠭ | ᠪᠠᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠲᠦᠯᠲᠡᠢ ᠲᠦᠯᠦᠪᠵᠢᠬᠦᠯᠦᠨ ᠠᠬᠢᠭᠤᠯᠵᠦ᠂ ᠮᠠᠯ ᠠᠵᠦ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠪᠤᠬᠢᠷᠳᠤᠯ ᠦᠬᠡᠢ ᠬᠦᠭᠵᠢᠯᠲᠡ ᠶᠢ ᠠᠬᠢᠭᠤᠯᠤᠨ᠎ᠠ᠃ ᠲᠠᠷᠢᠶᠠᠯᠠᠩ | ᠤᠨ ᠪᠤᠬᠢᠷᠳᠤᠯ ᠤᠨ ᠡᠬᠢ ᠰᠤᠷᠪᠤᠯᠵᠢ ᠶᠢ ᠵᠠᠰᠠᠬᠤ ᠡᠷᠴᠢᠮ ᠢ ᠴᠢᠩᠭᠠᠷᠠᠭᠤᠯᠵᠦ᠂ ᠮᠠᠯ ᠠᠵᠦ ᠠᠬᠤᠢ ᠲᠠᠷᠢᠶᠠᠯᠠᠩ | ᠤᠨ ᠭᠠᠷᠤᠯᠲᠠ ᠶᠢᠨ ᠤᠷᠤᠨ ᠤ ᠤᠷᠴᠢᠨ ᠲᠤᠭᠤᠷᠢᠨ ᠢ ᠴᠡᠪᠡᠷᠰᠢᠬᠦᠯᠬᠦ ᠠᠵᠢᠯᠯᠠᠭ᠎ᠠ ᠶᠢ ᠬᠡᠷᠡᠭᠵᠢᠬᠦᠯᠵᠦ᠂ ᠬᠢᠮᠢ ᠶᠢᠨ | ᠪᠤᠷᠳᠤᠭᠤᠷ ᠲᠠᠷᠢᠶᠠᠨ ᠡᠮ ᠢ ᠬᠡᠷᠡᠭᠯᠡᠬᠦ ᠬᠡᠮᠵᠢᠶ᠎ᠡ ᠶᠢ ᠪᠠᠭᠤᠷᠠᠭᠤᠯᠬᠤ ᠶᠢ ᠦᠷᠬᠦᠯᠵᠢᠯᠡᠨ ᠪᠠᠷᠢᠮᠳᠠᠯᠠᠵᠦ᠂ ᠮᠠᠯ ᠠᠵᠦ | ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠬᠳᠠᠮᠠᠯ ᠪᠤᠳᠠᠰ ᠢ ᠡᠬᠢ ᠪᠠᠶᠠᠯᠢᠭᠵᠢᠭᠤᠯᠤᠨ ᠠᠰᠢᠬᠯᠠᠬᠤ ᠶᠢ | ᠠᠬᠢᠭᠤᠯᠵᠦ᠂ 2019 ᠣᠨ ᠳᠤ ᠰᠢᠨ᠎ᠡ ᠪᠠᠷ ᠨᠡᠮᠡᠭᠳᠡᠭᠰᠡᠨ 22 ᠬᠤᠰᠢᠭᠤ ᠰᠢᠶᠠᠨ ᠤ ᠭᠠᠳᠠᠬᠰᠢᠯᠠᠭᠤᠯᠤᠬᠰᠠᠨ | ᠪᠤᠳᠠᠰ ᠢ ᠡᠬᠢ ᠪᠠᠶᠠᠯᠢᠭᠵᠢᠭᠤᠯᠤᠨ ᠠᠰᠢᠬᠯᠠᠵᠦ ᠰᠢᠶᠠᠨ ᠢᠶᠠᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ︽ | ᠤᠮᠠᠷᠡᠳᠦ ᠶᠢᠨ ᠭᠤᠷᠪᠡᠨ ᠤᠷᠤᠨ︾ ᠤ ᠮᠠᠭᠤᠲᠠᠬᠰᠠᠨ ᠬᠠᠯᠬᠠᠪᠴᠢ ᠤᠢ ᠶᠢᠨ ᠰᠡᠷᠬᠦᠭᠡᠯᠲᠡ ᠶᠢ ᠴᠢᠩᠭᠠᠳᠬᠠᠵᠦ᠂ | ᠡᠯᠡᠰᠦᠷᠭᠡᠭᠵᠢᠯ ᠢ ᠰᠡᠷᠬᠡᠶᠢᠯᠡᠬᠦ ᠡᠯᠡᠰᠦ ᠶᠢ ᠵᠠᠰᠠᠬᠤ ᠪᠤᠯᠤᠨ ᠴᠦᠯᠯᠡᠷᠭᠡᠭᠵᠢᠯ ᠤᠨ ᠵᠠᠰᠠᠯᠲᠠ ᠶᠢ ᠠᠬᠢᠭᠤᠯᠵᠦ᠂ | ᠨᠤᠲᠤᠭ ᠪᠡᠯᠴᠢᠭᠡᠷ ᠪᠤᠯᠤᠨ ᠤᠢ ᠰᠢᠭᠤᠢ ᠶᠢ ᠳᠤᠷ᠎ᠠ ᠪᠠᠷ ᠬᠠᠭᠠᠯᠪᠤᠷᠢᠯᠠᠬᠤ ᠲᠤᠷ᠎ᠠ ᠪᠠᠷ ᠮᠠᠯᠳᠠᠬᠤ ᠳᠤᠪᠤᠶᠢᠮ᠎ᠠ | ᠠᠰᠠᠭᠤᠳᠠᠯ ᠢ ᠴᠡᠭᠴᠡᠯᠡᠨ ᠵᠠᠰᠠᠨ᠎ᠠ᠃ ᠤᠯᠤᠰ ᠤᠨ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠪᠠᠨ ᠵᠤᠬᠰᠤᠭᠠᠵᠦ | ᠤᠢᠢᠵᠢᠭᠤᠯᠬᠤ ᠪᠡᠯᠴᠢᠭᠡᠷ ᠢ ᠰᠡᠷᠬᠦᠬᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠲᠠᠷᠢᠶᠠᠯᠠᠬᠤ ᠪᠠᠨ | ᠵᠤᠬᠰᠤᠵᠦ ᠤᠢᠢᠵᠢᠭᠤᠯᠬᠤ ᠪᠡᠯᠴᠢᠬᠡᠷ ᠢ ᠰᠡᠷᠬᠦᠬᠡᠬᠦ ᠬᠡᠪᠴᠢᠶ᠎ᠡ ᠶᠢ ᠦᠷᠭᠡᠳᠭᠡᠨ᠎ᠡ᠃ ᠮᠠᠯ ᠪᠡᠯᠴᠢᠭᠡᠷ ᠢ | ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ ᠵᠤᠬᠰᠤᠭᠠᠨ ᠪᠡᠯᠴᠢᠭᠡᠷ ᠰᠡᠷᠭᠦᠭᠡᠬᠦ ᠰᠡᠯᠭᠦᠨ ᠮᠠᠯᠵᠢᠬᠤ ᠲᠦᠷᠢᠮ ᠢ | ᠴᠢᠩᠭ᠎ᠠ ᠬᠡᠷᠡᠭᠵᠢᠬᠦᠯᠵᠦ᠂ ᠰᠢᠨ᠎ᠡ ᠨᠢᠭᠡᠨ ᠡᠬᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠦ | ᠪᠦᠳᠦᠬᠡᠨ ᠪᠠᠶᠢᠭᠤᠯᠬᠤ ᠨᠦᠬᠦᠪᠦᠷᠢ ᠪᠡ ᠱᠠᠩᠨᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ | ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ ᠰᠡᠷᠬᠦᠭᠡᠬᠦ᠂ ᠨᠢᠬᠡᠨᠲᠡ ᠬᠠᠭᠠᠯᠪᠤᠷᠢᠯᠠᠬᠰᠠᠨ ᠨᠤᠲᠤᠭ ᠪᠡᠯᠴᠢᠭᠡᠷ ᠢ | ᠵᠠᠰᠠᠬᠤ ᠵᠡᠷᠭᠡ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠵᠦ ᠪᠦᠲᠦᠭᠡᠨ ᠪᠠᠶᠢᠭᠤᠯᠬᠤ ᠢᠨᠵᠧᠨᠧᠷᠢᠩ ᠢ ᠵᠤᠬᠢᠶᠠᠨ | ᠪᠠᠶᠢᠭᠤᠯᠤᠨ ᠬᠡᠷᠡᠭᠵᠢᠬᠦᠯᠦᠨ᠎ᠡ᠃ ᠡᠬᠡᠯᠵᠢᠯᠡᠬᠦ ᠳᠦᠷᠢᠮ ᠤᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ | ᠮᠠᠯ ᠠᠵᠦ ᠠᠬᠤᠢ ᠲᠠᠷᠢᠶᠠᠯᠠᠩ ᠤᠨ ᠪᠤᠬᠢᠷᠳᠤᠯ ᠦᠬᠡᠢ ᠬᠦᠭᠵᠢᠯᠲᠡ ᠶᠢᠨ ᠬᠤᠰᠢᠭᠤᠴᠢ ᠤᠷᠤᠨ ᠢ ᠡᠬᠦᠳᠦᠨ | ᠪᠠᠶᠢᠭᠤᠯᠤᠨ᠎ᠠ᠃ ᠬᠦᠳᠡᠭᠡ ᠲᠤᠰᠬᠤᠨ ᠤ ᠨᠤᠭᠤᠭᠠᠷᠠᠭᠤᠯᠤᠯᠲᠠ ᠭᠤᠶᠤᠵᠢᠭᠤᠯᠤᠯᠲᠠ ᠶᠢᠨ ᠠᠵᠢᠯᠯᠠᠭ᠎ᠠ ᠶᠢ | ᠬᠡᠷᠡᠭᠵᠢᠬᠦᠯᠵᠦ᠂ 1000 ᠠᠴᠠ ᠳᠡᠭᠡᠭᠰᠢᠬᠢ ᠨᠤᠭᠤᠭᠠᠷᠠᠭᠤᠯᠤᠯᠲᠠ ᠭᠤᠶᠤᠵᠢᠭᠤᠯᠤᠯᠲᠠ ᠶᠢᠨ ᠵᠢᠱᠢᠶ᠎ᠠ ᠦᠵᠡᠬᠦᠯᠬᠦ | ᠲᠤᠰᠬᠤᠨ ᠪᠤᠯᠤᠨ 10000 ᠠᠴᠠ ᠳᠡᠭᠡᠭᠰᠢᠬᠢ ᠨᠤᠭᠤᠭᠠᠷᠠᠭᠤᠯᠤᠯᠲᠠ ᠶᠢᠨ ᠲᠤᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠦ᠂ ᠨᠢᠭᠡ ᠪᠦᠯᠦᠭ ᠰᠢᠭᠤᠢᠢᠳᠤ ᠬᠦᠳᠡᠭᠡ ᠲᠤᠰᠬᠤᠨ ᠢ ᠪᠦᠲᠦᠭᠡᠨ ᠪᠠᠶᠢᠭᠤᠯᠵᠦ᠂ | ᠬᠦᠳᠡᠭᠡ ᠲᠤᠰᠬᠤᠨ ᠤ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮᠵᠢ ᠶᠢᠨ ᠤᠤᠭᠠᠯ ᠴᠢᠨᠠᠷ ᠪᠤᠯᠤᠨ ᠪᠦᠷᠢᠨ | ᠪᠦᠲᠦᠨ ᠴᠢᠨᠠᠷ ᠢ ᠬᠠᠮᠠᠭᠠᠯᠠᠨ᠎ᠠ᠃ ᠡᠷᠳᠡᠨ ᠤ ᠮᠤᠲᠦ ᠨᠡᠷᠡᠳᠦ ᠮᠤᠲᠦ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠭᠤᠤᠯ ᠮᠦᠷᠡᠨ ᠤ ᠳᠠᠷᠤᠭ᠎ᠠ ᠶᠢᠨ ᠳᠦᠷᠢᠮ᠂ ᠨᠠᠭᠤᠷ ᠪᠦᠷᠢᠲᠦ ᠶᠢᠨ ᠲᠠᠷᠤᠭ᠎ᠠ ᠶᠢᠨ ᠲᠦᠷᠢᠮ ᠢ | ᠨᠠᠶᠢᠳᠠᠪᠤᠷᠢᠵᠢᠭᠤᠯᠵᠦ᠂ ᠤᠰᠤᠨ ᠤ ᠪᠤᠬᠢᠷᠳᠤᠯ ᠤᠨ ᠵᠠᠰᠠᠯᠳᠠ᠂ ᠤᠰᠤᠨ ᠤ ᠠᠮᠢ ᠠᠬᠤᠢ ᠶᠢᠨ ᠰᠡᠷᠭᠦᠭᠡᠯᠲᠡ᠂ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ︽ᠭᠤᠷᠪᠠᠨ ᠤᠰᠤ ᠶᠢ ᠬᠠᠮᠲᠤ ᠪᠠᠷ ᠵᠠᠰᠠᠬᠤ︾ ᠶᠢ ᠨᠢᠭᠡᠲᠦᠯᠲᠡᠢ | ᠲᠦᠯᠦᠪᠵᠢᠬᠦᠯᠦᠨ ᠠᠬᠢᠭᠤᠯᠵᠦ᠂ ᠪᠠᠷᠠᠭᠤᠨ ᠯᠢᠶᠤᠤ ᠾᠧ ᠭᠤᠤᠯ ᠤᠨ ᠤᠰᠤᠨ ᠤ ᠠᠮᠢ ᠠᠬᠤᠢ ᠶᠢᠨ ᠰᠡᠷᠬᠦᠭᠡᠯᠲᠡ | ᠪᠤᠯᠤᠨ ᠬᠡᠰᠡᠭ ᠭᠠᠵᠠᠷ ᠤᠷᠤᠨ ᠤ ᠭᠠᠵᠠᠷ ᠳᠤᠤᠷᠠᠬᠢ ᠤᠰᠤ ᠶᠢ ᠬᠡᠳᠦᠷᠡᠲᠡᠯ᠎ᠡ ᠠᠰᠢᠬᠯᠠᠬᠤ ᠶᠢ ᠵᠠᠰᠠᠬᠤ ᠶᠢ | ᠠᠬᠢᠭᠤᠯᠤᠨ᠎ᠠ᠃ ᠬᠦᠳᠡᠭᠡ ᠲᠤᠰᠬᠤᠨ ᠤ ᠭᠤᠤᠯ ᠮᠦᠷᠡᠨ ᠨᠠᠭᠤᠷ ᠪᠦᠷᠢᠲᠦ ᠶᠢᠨ ᠡᠷᠬᠢ ᠳᠠᠭᠠᠥ ᠵᠡᠷᠭᠡ ᠶᠢᠨ ᠠᠮᠢ | ᠠᠬᠤᠢ ᠶᠢᠨ ᠤᠷᠤᠨ ᠵᠠᠢ ᠶᠢᠨ ᠬᠠᠮᠢᠶᠠᠷᠤᠯᠲᠠ ᠶᠢ ᠴᠢᠩᠳᠠᠯᠠᠨ᠎ᠠ᠃ | ᠭᠤᠷᠪᠠ᠂ ᠮᠠᠯ ᠠᠵᠦ ᠠᠬᠤᠢ ᠲᠠᠷᠢᠶᠠᠯᠠᠩ ᠤᠨ ᠬᠦᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠮᠠᠯ ᠠᠵᠦ | ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ︵ᠨᠢᠭᠡ︶ ᠮᠠᠯ ᠠᠵᠦ ᠠᠬᠤᠢ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠲᠠᠷᠢᠶᠠᠨ ᠭᠠᠵᠠᠷ ᠤᠨ ᠤᠰᠤᠨ ᠠᠰᠢᠬᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ | ᠴᠢᠨᠠᠬᠰᠢᠲᠠ ᠴᠢᠩᠭᠠᠳᠬᠠᠵᠦ᠂ ︽ᠳᠦᠷᠪᠡᠨ ᠮᠢᠩᠭᠠᠨ ᠲᠦᠮᠡᠨ ᠮᠦ︾ ᠤᠰᠤ ᠠᠷᠪᠢᠯᠠᠬᠤ ᠤᠰᠤᠯᠠᠯᠲᠠ ᠶᠢᠨ | ᠢᠨᠵᠧᠨᠧᠷᠢᠩ ᠢ ᠰᠠᠶᠢᠲᠤᠷ ᠠᠳᠬᠤᠵᠦ᠂ ᠳᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠤᠷᠤᠨ ᠤ ᠤᠰᠤᠨ | ᠠᠰᠢᠬᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠳᠤᠤᠷ᠎ᠠ ᠪᠠᠷᠢᠮᠵᠢᠶᠠᠵᠢᠲᠦ | ᠤᠰᠤᠯᠠᠯᠲᠠ ᠶᠢᠨ ᠲᠦᠬᠦᠭᠡᠷᠦᠮᠵᠢ ᠶᠢ ᠳᠡᠰ ᠳᠡᠪᠰᠢᠬᠦᠯᠵᠦ ᠦᠭᠡᠷᠡᠴᠢᠯᠡᠬᠦ ᠶᠢ ᠠᠬᠢᠭᠤᠯᠵᠦ᠂ ᠢᠨᠵᠧᠨᠧᠷᠢᠩ ᠤᠨ | ᠤᠷᠲᠦ ᠬᠤᠭᠤᠴᠠᠭᠠᠨ ᠤ ᠪᠦᠲᠦᠮᠵᠢᠲᠦ ᠡᠵᠡᠩᠨᠡᠯᠲᠡ ᠬᠠᠮᠢᠶᠠᠷᠤᠯᠲᠠ ᠶᠢᠨ ᠲᠤᠬᠲᠡᠴᠡ ᠶᠢ ᠪᠠᠶᠢᠭᠤᠯᠤᠨ᠎ᠠ᠃ ᠮᠠᠯ | ᠲᠡᠵᠢᠭᠡᠪᠦᠷᠢ ᠶᠢᠨ ᠫᠧᠩ ᠰᠠᠷᠠᠪᠴᠢ ᠶᠢ ᠦᠭᠡᠷᠡᠴᠢᠯᠡᠨ ᠳᠡᠰ ᠳᠡᠪᠰᠢᠬᠦᠯᠬᠦ ᠶᠢ ᠠᠬᠢᠭᠤᠯᠵᠦ᠂ ᠬᠦᠬᠡ ᠳᠠᠷᠤᠰᠢ ᠶᠢᠨ | ᠵᠤᠭᠤᠷᠢ᠂ ᠤᠰᠤ ᠠᠷᠪᠢᠯᠠᠬᠤ ᠤᠰᠤᠯᠠᠯᠲᠠ ᠶᠢᠨ ᠡᠪᠡᠰᠤ ᠪᠤᠷᠳᠤᠭᠠᠨ ᠤ ᠰᠠᠭᠤᠷᠢᠨ᠂ ᠡᠪᠡᠰᠤ ᠪᠤᠷᠳᠤᠭ᠎ᠠ ᠡᠳ᠋ᠰᠢᠬᠦᠯᠬᠦ | ᠦᠢᠯᠡᠳᠪᠦᠷᠢ ᠪᠤᠯᠤᠨ ᠨᠦᠭᠡᠴᠡᠯᠡᠬᠦ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠮᠠᠯᠵᠢᠬᠤ ᠤᠷᠤᠨ | ᠤ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠤᠷᠠᠭᠤᠯᠬᠤ ᠴᠢᠳᠠᠪᠤᠷᠢ ᠶᠢ ᠴᠢᠩᠭᠠᠷᠠᠭᠤᠯᠤᠨ᠎ᠠ᠃ ᠮᠠᠯ ᠠᠵᠦ ᠠᠬᠤᠢ | ᠲᠠᠷᠢᠶᠠᠯᠠᠩ ᠤᠨ ᠮᠠᠰᠢᠨ ᠲᠤᠨᠤᠭ ᠬᠤᠳᠠᠯᠳᠤᠨ ᠠᠪᠬᠤ ᠨᠦᠬᠦᠪᠦᠷᠢ ᠶᠢᠨ ᠡᠷᠴᠢᠮ ᠢ ᠴᠢᠩᠭᠠᠷᠠᠭᠤᠯᠵᠦ᠂ ᠮᠠᠯ ᠠᠵᠦ | ᠠᠬᠤᠢ ᠲᠠᠷᠢᠶᠠᠯᠠᠩ ᠤᠨ ᠲᠦᠬᠦᠭᠡᠷᠦᠮᠵᠢ ᠶᠢᠨ ᠮᠧᠬᠠᠨᠢᠬᠵᠢᠯᠲᠠ ᠶᠢᠨ ᠲᠦᠪᠰᠢᠨ ᠢ ᠳᠡᠭᠡᠭᠰᠢᠯᠡᠬᠦᠯᠦᠨ᠎ᠡ᠃ ︽ | ᠬᠤᠵᠢᠷᠯᠢᠭ ᠭᠠᠵᠠᠷ ᠢ ᠦᠭᠡᠷᠡᠴᠢᠯᠡᠨ ᠡᠪᠡᠰᠦ ︵ᠪᠤᠷᠳᠤᠭ᠎ᠠ︶ ᠶᠢ ᠨᠡᠮᠡᠭᠳᠡᠬᠦᠯᠵᠦ ᠮᠠᠯ ᠠᠵᠦ ᠠᠬᠤᠢ ᠶᠢ ᠬᠦᠭᠵᠢᠭᠦᠯᠬᠦ | ᠵᠢᠱᠢᠶ᠎ᠡ ᠦᠵᠡᠬᠦᠯᠬᠦ ᠢᠨᠵᠧᠨᠧᠷᠢᠩ︾ ᠢ ᠲᠦᠷᠭᠡᠳᠭᠡᠨ ᠭᠡᠷᠡᠭᠵᠢᠬᠦᠯᠵᠦ᠂ ᠲᠠᠷᠢᠶᠠᠯᠠᠩ ᠤᠨ ᠮᠡᠷᠭᠡᠰᠢᠯ᠂ ᠲᠠᠷᠢᠶᠠᠯᠠᠩ | ᠤᠨ ᠮᠠᠰᠢᠨ᠂ ᠠᠮᠢᠲᠦ ᠪᠤᠳᠠᠰ᠂ ᠬᠢᠮᠢ᠂ ᠢᠨᠵᠧᠨᠧᠷᠢᠩ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠵᠦ᠂ | ᠬᠤᠵᠢᠷᠰᠢᠬᠰᠠᠨ ᠭᠠᠵᠠᠷ ᠰᠢᠷᠤᠢ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠦ᠂ ᠨᠢᠭᠡ ᠪᠦᠯᠦᠭ ᠡᠪᠡᠰᠦᠨ ᠤ ᠠᠵᠦ | ᠦᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠤᠨ᠎ᠠ᠃ ᠬᠦᠨᠲᠦ ᠬᠡᠴᠡᠭᠦᠦ ᠭᠠᠮᠰᠢᠭ ᠤᠨ ᠴᠢᠨᠠᠷᠲᠠᠢ ᠠᠭᠤᠷ | ᠠᠮᠢᠰᠬᠤᠯ ᠢ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠡᠨ ᠰᠡᠷᠭᠡᠶᠢᠯᠡᠯᠲᠡ ᠶᠢ ᠴᠢᠩᠭᠠᠳᠬᠠᠵᠦ᠂ ᠮᠠᠯ | ᠠᠵᠦ ᠠᠬᠤᠢ ᠲᠠᠷᠢᠶᠠᠯᠠᠩ᠂ ᠴᠢᠬᠤᠯᠠ ᠪᠤᠯᠬᠤ ᠠᠵᠦ ᠦᠢᠯᠡᠰ ᠤᠨ ᠴᠠᠬ ᠠᠭᠤᠷ ᠤᠨ ᠪᠠᠲᠤᠯᠠᠭ᠎ᠠ ᠶᠢᠨ | ᠦᠢᠯᠡᠴᠢᠯᠡᠭᠡ ᠶᠢ ᠴᠢᠩᠭᠠᠳᠬᠠᠨ᠎ᠠ᠃ | ︵ᠬᠤᠶᠠᠷ︶ ᠦᠨᠳᠦᠷ ᠪᠡᠷᠢᠮᠵᠢᠶᠡᠲᠦ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠲᠠᠷᠢᠶᠠᠨ ᠭᠠᠵᠠᠷ ᠢ ᠰᠠᠶᠢᠵᠢᠷᠠᠭᠤᠯᠵᠤ ᠠᠮᠤ ᠪᠤᠳᠠᠭᠠᠨ ᠤ ᠤᠨᠠᠯᠲᠠ ᠶᠢ ᠨᠡᠮᠡᠭᠳᠡᠬᠦᠯᠵᠦ᠂ ᠮᠡᠷᠭᠡᠵᠢᠯ ᠢᠶᠠᠷ ᠠᠮᠤ | ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠦᠨᠳᠦᠷ ᠪᠠᠷᠢᠮᠵᠢᠶᠠᠲᠦ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠬᠦᠴᠦᠨ ᠢᠶᠠᠷ ᠭᠡᠷᠡᠭᠵᠢᠬᠦᠯᠵᠦ᠂ ᠠᠮᠤ ᠪᠤᠳᠠᠭ᠎ᠠ ᠶᠢᠨ | ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠬᠦᠯᠵᠦ᠂ 2020 ᠣᠨ ᠪᠤᠯᠲᠠᠯ᠎ᠠ | ᠪᠦᠬᠦ ᠤᠷᠤᠨ ᠳᠤ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 5000 ᠲᠦᠮᠡᠨ ᠮᠦ ᠪᠠᠶᠢᠭᠤᠯᠵᠦ᠂ ᠠᠮᠤ ᠪᠤᠳᠠᠭ᠎ᠠ | ᠶᠢ ᠲᠠᠷᠢᠵᠦ ᠤᠷᠭᠤᠭᠤᠯᠬᠤ ᠲᠠᠯᠠᠪᠠᠢ ᠶᠢ 8000 ᠲᠦᠮᠡᠨ ᠮᠦ ᠳᠤ ᠲᠤᠭᠲᠠᠪᠤᠷᠢᠵᠢᠭᠤᠯᠵᠦ᠂ ᠠᠮᠤ ᠪᠤᠳᠠᠭ᠎ᠠ ᠶᠢᠨ | ᠤᠨᠠᠯᠲᠠ ᠶᠢ 600 ᠳ᠋ᠦᠩᠰᠢᠭᠤᠷ ᠵᠢᠩ ᠤᠷᠴᠢᠮ ᠳᠤ ᠲᠤᠬᠲᠠᠪᠤᠷᠢᠵᠢᠭᠤᠯᠤᠨᠠ᠃ ᠠᠮᠤ ᠪᠤᠳᠠᠭ᠎ᠠ ᠦᠢᠯᠡᠳᠪᠦᠷᠢᠯᠡᠬᠦ | ᠴᠢᠳᠠᠮᠵᠢᠲᠦ ᠤᠷᠤᠨ ᠪᠤᠯᠤᠨ ᠭᠤᠤᠯ ᠪᠤᠯᠬᠤ ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠤᠷᠤᠨ ᠳᠤ | ᠡᠬᠦᠷᠭᠡ ᠲᠤᠭᠲᠠᠭᠠᠬᠤ ᠶᠢ ᠪᠡᠶᠡᠯᠡᠬᠦᠯᠵᠦ᠂ ︽ᠬᠤᠶᠠᠷ ᠤᠷᠤᠨ︾ ᠢ ᠵᠢᠷᠤᠭᠯᠠᠵᠦ ᠬᠦᠮᠦᠷᠭᠡᠯᠡᠬᠦ᠂ ᠳᠠᠩᠰᠠᠯᠠᠨ | ᠪᠦᠷᠢᠳᠭᠡᠬᠦ ᠠᠵᠢᠯ ᠢ ᠰᠠᠶᠢᠲᠤᠷ ᠬᠢᠵᠦ᠂ ᠳᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠤᠷᠤᠨ ᠢ ᠦᠷᠭᠦᠯᠵᠢᠯᠡᠨ | ᠪᠠᠶᠢᠭᠤᠯᠵᠦ ᠢᠵᠢ ᠪᠦᠷᠢᠲᠦᠭᠦᠯᠬᠦ ᠪᠠ ᠤᠰᠤ ᠠᠷᠪᠢᠯᠠᠬᠤ ᠦᠭᠡᠷᠡᠴᠢᠯᠡᠯᠲᠡ ᠵᠡᠷᠭᠡ ᠲᠠᠷᠢᠶᠠᠯᠠᠩ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢ ︽ᠬᠤᠶᠠᠷ ᠤᠷᠤᠨ︾ ᠲᠡᠶᠢᠰᠢ | ᠬᠡᠯᠪᠠᠶᠢᠯᠭᠡᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ︽ | ᠬᠤᠶᠠᠷ ᠤᠷᠤᠨ︾ ᠳᠤ ᠲᠤᠬᠢᠷᠠᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠬᠦᠯᠵᠦ᠂ | ᠲᠠᠷᠢᠶᠠᠨ ᠭᠠᠵᠠᠷ ᠤᠨ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠦᠭᠡᠷᠡᠴᠢᠯᠡᠨ | ᠰᠠᠶᠢᠵᠢᠷᠠᠭᠤᠯᠬᠤ ᠪᠤᠯᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠵᠢᠵᠢᠭ ᠤᠰᠤᠯᠠᠯᠲᠠ᠂ ᠳᠤᠰᠤᠯᠭᠠᠨ | ᠤᠰᠤᠯᠠᠯᠲᠠ ᠵᠡᠷᠭᠡ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠶᠡᠭᠡ ᠬᠦᠴᠦᠨ ᠢᠶᠠᠷ | ᠲᠦᠭᠡᠮᠡᠯᠵᠢᠬᠦᠯᠵᠦ᠂ ᠵᠡᠬᠦᠨ ᠬᠡᠰᠡᠭ ᠤᠨ ᠠᠮᠤ ᠪᠤᠳᠠᠭ᠎ᠠ ᠶᠢᠨ ᠭᠤᠤᠯ ᠭᠠᠷᠤᠯᠲᠠ ᠶᠢᠨ ᠤᠷᠤᠨ ᠤ ᠪᠦᠲᠦᠮᠵᠢᠲᠡᠢ | ᠤᠰᠤ ᠠᠷᠪᠢᠯᠠᠬᠤ ᠠᠵᠢᠯ ᠢ ᠨᠡᠩ ᠴᠢᠬᠤᠯᠠᠴᠢᠯᠠᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ | ᠲᠡᠭᠡᠭᠰᠢᠯᠡᠭᠦᠯᠬᠦ ᠠᠵᠢᠯᠯᠠᠭ᠎ᠠ ᠶᠢ ᠦᠷᠨᠢᠬᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ | ᠠᠬᠤᠢ ︽ᠭᠤᠷᠪᠠ ᠶᠢ ᠨᠢᠭᠡ ᠴᠤᠬᠴᠠᠵᠢᠭᠤᠯᠬᠤ︾ ᠬᠠᠮᠠᠭᠠᠯᠠᠯᠲᠠ ᠶᠢ ᠨᠢᠭᠡᠲᠦᠯᠲᠡᠢ ᠲᠦᠯᠦᠪᠵᠢᠬᠦᠯᠦᠨ᠎ᠡ᠃ ᠵᠡᠬᠦᠨ | ᠬᠡᠰᠡᠭ ᠤᠨ ᠭᠠᠵᠠᠷ ᠤᠷᠤᠨ ᠤ ᠬᠠᠷ᠎ᠠ ᠰᠢᠷᠤᠢ ᠶᠢᠨ ᠬᠠᠮᠠᠭᠠᠯᠠᠯᠲᠠ ᠠᠰᠢᠬᠯᠠᠯᠲᠠ ᠶᠢ ᠴᠢᠩᠭᠠᠳᠬᠠᠨ᠎ᠠ᠃ ᠲᠠᠷᠢᠶᠠᠨ | ᠭᠠᠵᠠᠷ ᠤᠨ ᠤᠰᠤᠯᠠᠯᠲᠠ ᠶᠢᠨ ᠲᠦᠬᠦᠭᠡᠷᠦᠮᠵᠢ᠂ ᠮᠠᠰᠢᠨ ᠢᠶᠠᠷ ᠲᠠᠷᠢᠶᠠᠯᠠᠬᠤ ᠵᠠᠮ᠂ ᠲᠠᠷᠢᠶᠠᠨ ᠭᠠᠵᠠᠷ ᠤᠢ ᠰᠢᠭᠤᠢ | ᠶᠢᠨ ᠲᠤᠤᠷ᠂ ᠴᠠᠬᠢᠯᠭᠠᠨ ᠬᠦᠷᠬᠡᠬᠦ ᠪᠠ ᠲᠦᠭᠡᠭᠡᠬᠦ ᠲᠦᠬᠦᠭᠡᠷᠦᠮᠵᠢ᠂ ᠬᠦᠷᠦᠰᠦ ᠰᠢᠷᠤᠢ ᠶᠢ ᠰᠠᠶᠢᠵᠢᠷᠠᠭᠤᠯᠬᠤ ᠵᠡᠷᠭᠡ | ᠲᠠᠷᠢᠶᠠᠨ ᠭᠠᠵᠠᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠨᠢᠬᠦᠯᠵᠦ᠂ ᠳᠤᠮᠲᠠ ᠳᠤᠤᠷ᠎ᠠ | ᠤᠨᠠᠯᠲᠠᠳᠤ ᠲᠠᠷᠢᠶ᠎ᠠ ᠶᠢ ᠶᠡᠭᠡ ᠬᠡᠪᠴᠢᠶ᠎ᠡ ᠪᠠᠷ ᠦᠭᠡᠷᠡᠴᠢᠯᠡᠨ᠎ᠠ᠃ | ︵ᠭᠤᠷᠪᠠ︶ ᠮᠠᠯ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠵᠦ ᠳᠡᠰ ᠳᠡᠪᠰᠢᠬᠦᠯᠬᠦ ᠶᠢ ᠲᠦᠷᠭᠡᠳᠭᠡᠨ | ᠠᠬᠢᠭᠤᠯᠤᠨ᠎ᠠ᠃ ᠳ᠋ᠦᠩᠰᠢᠭᠤᠷ ᠲᠤᠭᠠᠨ ᠤ ᠮᠢᠬᠠᠨ ᠤ ᠬᠤᠨᠢ ᠶᠢᠨ ᠴᠢᠨᠠᠷ ᠴᠢᠨᠰᠠᠭ᠎ᠠ ᠪᠠ ᠬᠤᠨᠢ ᠶᠢᠨ ᠨᠢᠭᠡᠴᠢ | ᠤᠨᠠᠯᠲᠠ ᠶᠢ ᠳᠡᠭᠡᠭᠰᠢᠯᠡᠯᠲᠠ ᠲᠠᠢ ᠪᠤᠯᠭᠠᠬᠤ᠂ ᠮᠢᠩᠭᠠᠨ ᠲᠦᠮᠡᠨ ᠲᠤᠯᠤᠭᠠᠢ ᠮᠢᠬᠠᠨ ᠤ ᠦᠬᠡᠷ ᠤᠨ ᠲᠤᠭ᠎ᠠ ᠬᠡᠮᠵᠢᠶ᠎ᠡ | ᠶᠠᠰᠤ ᠴᠢᠨᠠᠷ ᠤᠨ ᠰᠢᠪᠲᠤᠯᠤᠯᠲᠠ᠂ ᠠᠳᠤᠭᠤᠨ ᠤ ᠦᠢᠯᠡᠰ ᠢ ᠬᠦᠭᠵᠢᠬᠦᠯᠦᠨ ᠮᠠᠨᠳᠤᠭᠤᠯᠬᠤ᠂ ᠡᠪᠡᠰᠦ ᠪᠤᠷᠲᠤᠭ᠎ᠠ | ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠢᠨᠵᠧᠨ᠋ᠸᠧᠷᠢᠩ ᠢ ᠬᠡᠷᠡᠭᠵᠢᠬᠦᠯᠵᠦ᠂ ᠴᠢᠨᠠᠷ ᠰᠠᠶᠢᠲᠠᠢ | ᠦᠭᠡᠷ ᠬᠤᠨᠢ ᠦᠢᠯᠡᠳᠪᠦᠷᠢᠯᠡᠬᠦ ᠰᠠᠭᠤᠷᠢᠨ ᠢ ᠪᠠᠶᠢᠭᠤᠯᠵᠦ᠂ ᠮᠠᠯ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ | ᠶᠢ ᠠᠬᠢᠭᠤᠯᠤᠨ᠎ᠠ᠃ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠲᠦᠯᠦᠪᠯᠡᠭᠡ ᠶᠢ ᠬᠡᠷᠡᠭᠵᠢᠬᠦᠯᠵᠦ᠂ ᠴᠢᠨᠠᠷ | ᠰᠠᠶᠢᠲᠠᠢ ᠰᠦ ᠶᠢᠨ ᠡᠬᠢ ᠰᠤᠷᠪᠤᠯᠵᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠳᠤᠮᠳᠠ | ᠪᠠᠭ᠎ᠠ ᠬᠡᠯᠪᠡᠷᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠲᠠᠯᠠᠪᠠᠢ ᠶᠢ ᠳᠡᠰ ᠳᠡᠪᠰᠢᠬᠦᠯᠵᠦ | ᠦᠭᠡᠷᠡᠴᠢᠯᠡᠬᠦ ᠶᠢ ᠲᠦᠷᠭᠡᠳᠭᠡᠵᠦ᠂ ᠰᠠᠭᠠᠯᠢ ᠶᠢᠨ ᠦᠨᠢᠶ᠎ᠡ ᠶᠢᠨ ᠲᠤᠭ᠎ᠠ ᠪᠠ ᠰᠦ ᠶᠢᠨ ᠭᠠᠷᠤᠯᠲᠠ ᠶᠢᠨ ᠬᠡᠮᠵᠢᠶ᠎ᠡ | ᠶᠢᠨ ᠲᠤᠬᠲᠠᠭᠤᠨ ᠨᠡᠮᠡᠭᠳᠡᠯ ᠢ ᠠᠬᠢᠭᠤᠯᠤᠨ᠎ᠠ᠃ ᠮᠠᠯ ᠤᠨ ᠰᠠᠶᠢᠨ ᠡᠭᠦᠯᠲᠡᠷ ᠢ ᠰᠤᠩᠭᠤᠵᠦ ᠪᠤᠶᠢᠵᠢᠭᠤᠯᠬᠤ | ᠠᠯᠬᠤᠭ᠎ᠠ ᠶᠢ ᠲᠦᠷᠭᠡᠳᠭᠡᠵᠦ᠂ ᠤᠷᠤᠨ ᠨᠤᠳᠤᠭ ᠤᠨ ᠰᠢᠯᠢᠳᠡᠭ ᠡᠭᠦᠯᠲᠡᠷ ᠢ ᠬᠠᠮᠠᠭᠠᠯᠠᠬᠤ ᠪᠠ ᠨᠡᠭᠡᠭᠡᠨ | ᠬᠦᠭᠵᠢᠬᠦᠯᠬᠦ ᠡᠷᠴᠢᠮ ᠢ ᠴᠢᠩᠭᠠᠷᠠᠭᠤᠯᠵᠦ᠂ ᠭᠤᠤᠯ ᠡᠭᠦᠯᠲᠡᠷ ᠤᠨ ᠡᠬᠢ ᠶᠢᠨ ᠦᠪᠡᠷ ᠤᠨ ᠬᠠᠩᠭᠠᠯᠭ᠎ᠠ ᠶᠢᠨ ᠨᠤᠷᠮ᠎ᠠ | ᠶᠢ ᠳᠡᠭᠡᠭᠰᠢᠯᠡᠬᠦᠯᠵᠦ᠂ ᠰᠢᠯᠢᠳᠡᠭ ᠡᠭᠦᠯᠲᠡᠷ ᠤᠨ ᠮᠠᠯ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ᠃ | ᠲᠡᠵᠢᠭᠡᠨ ᠦᠷᠡᠵᠢᠬᠦᠯᠬᠦ ᠲᠤᠮᠤ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠬᠤᠷᠰᠢᠶ᠎ᠠ᠂ ᠲᠠᠭᠠᠭᠤᠯᠤᠭᠴᠢ | ᠠᠵᠦ ᠠᠬᠤᠢᠢᠯᠠᠯ ᠵᠡᠷᠭᠡ ᠰᠢᠨ᠎ᠡ ᠬᠡᠯᠪᠡᠷᠢ ᠶᠢᠨ ᠮᠠᠯ ᠠᠵᠦ ᠠᠬᠤᠢ ᠶᠢᠨ ᠡᠵᠡᠩᠨᠡᠯᠲᠡ ᠶᠢᠨ ᠭᠤᠤᠯ ᠴᠤᠬᠴᠠ ᠶᠢ | ᠢᠳᠡᠪᠬᠢᠲᠡᠢ ᠪᠤᠶᠢᠵᠢᠭᠤᠯᠵᠦ᠂ ᠪᠠᠷᠢᠮᠵᠢᠶᠠᠵᠢᠬᠰᠠᠨ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠦᠢᠯᠡᠰ ᠢ ᠶᠡᠭᠡ ᠪᠠᠷ | ᠬᠦᠭᠵᠢᠬᠦᠯᠦᠨ᠎ᠡ᠃ ᠡᠪᠡᠰᠦ ᠪᠤᠷᠲᠤᠭᠠᠨ ᠤ ᠠᠵᠦ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠤᠳᠤ ᠦᠶ᠎ᠡ ᠶᠢᠨ ᠡᠪᠡᠰᠦ ᠪᠤᠷᠲᠤᠭᠠᠨ ᠤ ᠠᠵᠦ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ | ᠦᠨᠳᠦᠰᠦᠨ ᠱᠠᠲᠦᠨ ᠤ ᠬᠢᠵᠢᠭ ᠢ ᠰᠡᠷᠬᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠠᠹᠷᠢᠺᠠ | ᠲᠢᠪ ᠤᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ ᠬᠢᠵᠢᠭ ᠤᠨ ᠪᠠᠶᠢᠲᠠᠯ ᠢ ᠬᠢᠨᠠᠨ ᠪᠠᠶᠢᠴᠠᠭᠠᠵᠦ ᠰᠡᠷᠬᠡᠶᠢᠯᠡᠨ | ᠡᠵᠡᠮᠲᠡᠬᠦ ᠡᠷᠴᠢᠮ ᠢ ᠴᠢᠩᠭᠠᠷᠠᠭᠤᠯᠵᠦ᠂ ᠰᠡᠷᠬᠡᠶᠢᠯᠡᠨ ᠡᠵᠡᠮᠲᠡᠬᠦ ᠠᠷᠭ᠎ᠠ ᠪᠠᠷᠢᠯ ᠢ ᠦᠨᠡᠨ ᠬᠦ ᠴᠢᠩᠭᠠᠳᠬᠠᠵᠦ᠂ | ᠬᠦᠨᠳᠦ ᠶᠡᠭᠡ ᠬᠢᠵᠢᠭ ᠤᠨ ᠪᠠᠶᠢᠳᠠᠯ ᠡᠬᠦᠰᠬᠦ ᠦᠭᠡᠢ ᠪᠠᠶᠢᠬᠤ ᠶᠢ ᠪᠠᠲᠤᠯᠠᠨ᠎ᠠ᠃ | ︵ᠲᠦᠷᠪᠡ︶ ᠮᠠᠯ ᠠᠵᠤ ᠠᠬᠤᠢ ᠲᠠᠷᠢᠶᠠᠯᠠᠩ ᠤᠨ ᠦᠢᠯᠡᠳᠪᠤᠷᠢᠯᠡᠯ ᠤᠨ ᠪᠦᠳᠦᠴᠡ ᠶᠢ ᠰᠢᠯᠢᠳᠡᠭᠵᠢᠬᠦᠯᠦᠨ᠎ᠠ᠃ | ᠲᠠᠷᠢᠮᠠᠯ ᠤᠨ ᠦᠢᠯᠡᠰ ᠤᠨ ᠪᠠᠶᠢᠷᠢᠰᠢᠭᠤᠯᠤᠯᠳᠠ ᠪᠠ ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠡᠷᠳᠡᠨᠢ | ᠰᠢᠰᠢ᠂ ᠪᠤᠭᠤᠳᠠᠢ᠂ ᠲᠦᠮᠦᠰᠦ᠂ ᠪᠤᠷᠴᠠᠭ᠂ ᠲᠤᠳᠤᠷᠭ᠎ᠠ ᠵᠡᠷᠭᠡ ᠲᠠᠪᠤᠨ ᠶᠡᠭᠡ ᠲᠠᠷᠢᠮᠠᠯ ᠢ ︽ᠬᠤᠶᠠᠷ ᠪᠦᠰᠡ | ᠲᠦᠷᠪᠡᠨ ᠤᠷᠤᠨ︾ ᠵᠦᠭ ᠲᠦᠪᠯᠡᠷᠡᠬᠦᠯᠬᠦ ᠶᠢ ᠠᠬᠢᠭᠤᠯᠤᠨ᠎ᠠ᠃ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ | ᠲᠤᠬᠢᠷᠠᠭᠤᠯᠤᠨ ᠪᠠᠭᠠᠰᠬᠠᠬᠤ ᠦᠷ᠎ᠠ ᠪᠦᠳᠦᠮᠵᠢ ᠶᠢ ᠪᠠᠳᠤᠳᠬᠠᠵᠤ᠂ ᠪᠤᠷᠴᠠᠭ ᠲᠠᠷᠢᠬᠤ ᠲᠠᠯᠠᠪᠠᠢ ᠶᠢ ᠦᠷᠭᠡᠳᠭᠡᠵᠦ᠂ | ᠪᠤᠭᠤᠳᠠᠢ᠂ ᠲᠦᠮᠦᠰᠦ ᠪᠠ ᠲᠤᠳᠤᠷᠭ᠎ᠠ ᠶᠢᠨ ᠲᠠᠷᠢᠮᠠᠯ ᠢ ᠲᠤᠬᠳᠠᠭᠤᠨ ᠢᠶᠠᠷ ᠭᠦᠭᠵᠢᠬᠦᠯᠵᠦ᠂ ᠭᠠᠵᠠᠷ ᠤᠷᠤᠨ ᠤ | ᠪᠠᠶᠢᠲᠠᠯ ᠳᠤ ᠪᠠᠨ ᠲᠤᠬᠢᠷᠠᠭᠤᠯᠤᠨ ᠡᠯᠳᠡᠪ ᠠᠮᠤ ᠪᠤᠷᠴᠠᠭ ᠤᠨ ᠵᠦᠢᠯ ᠢ ᠭᠦᠭᠵᠢᠬᠦᠯᠦᠨ᠎ᠠ᠃ ᠤᠰᠤᠨ ᠤ | ᠬᠡᠮᠵᠢᠶ᠎ᠠ ᠪᠠᠷ ᠲᠠᠷᠢᠬᠤ ᠶᠢ ᠪᠠᠷᠢᠮᠳᠠᠯᠠᠵᠤ᠂ ᠪᠤᠷᠳᠤᠭᠤᠷ ᠪᠠ ᠤᠰᠤ ᠶᠢ ᠶᠡᠭᠡ ᠪᠠᠷ ᠬᠤᠷᠤᠭᠳᠠᠭᠤᠯᠬᠤ ᠲᠠᠷᠢᠮᠠᠯ ᠢ | ᠲᠠᠷᠢᠬᠤ ᠶᠢ ᠲᠤᠬᠢᠷᠠᠭᠤᠯᠤᠨ ᠪᠠᠭᠠᠰᠬᠠᠵᠤ᠂ ᠲᠤᠰᠬᠠᠢ ᠲᠦᠷᠦᠯ ᠤᠨ ᠡᠭᠦᠯᠳᠡᠷ ᠤᠨ ᠬᠡᠪᠴᠢᠶᠡᠵᠢᠭᠰᠡᠨ ᠲᠠᠷᠢᠮᠠᠯ᠂ | ᠪᠠᠷᠢᠮᠵᠢᠶᠠᠵᠢᠬᠰᠠᠨ ᠦᠢᠯᠡᠳᠪᠤᠷᠢᠯᠡᠯ ᠢ ᠶᠡᠭᠡ ᠪᠠᠷ ᠠᠬᠢᠭᠤᠯᠤᠨ᠎ᠠ᠃ ᠲᠦᠬᠦᠭᠡᠷᠦᠮᠵᠢᠳᠤ ᠢᠳᠡᠰᠢᠨ ᠨᠤᠭᠤᠭ᠎ᠠ᠂ | ᠭᠤᠸ᠋ᠨ ᠵᠢᠮᠢᠰ᠂ ᠰᠢᠬᠢᠷᠯᠢᠭ ᠨᠤᠭᠤᠭ᠎ᠠ᠂ ᠨᠠᠷᠠᠨ ᠬᠤᠸᠠᠷ ᠵᠡᠷᠭᠡ ᠠᠵᠤ ᠠᠬᠤᠢ ᠶᠢᠨ ᠲᠠᠷᠢᠮᠠᠯ ᠢ ᠲᠤᠬᠳᠠᠭᠤᠨ ᠢᠶᠠᠷ | ᠭᠦᠭᠵᠢᠬᠦᠯᠵᠦ᠂ ᠡᠬᠦᠯᠳᠡᠷ ᠶᠠᠰᠤ ᠴᠢᠨᠠᠷ ᠪᠠ ᠤᠷᠤᠨ ᠪᠦᠰᠡ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠵᠦ᠂ | ᠬᠤᠳᠠ ᠶᠢᠨ ᠲᠡᠭᠦᠷᠭᠡ ᠶᠢᠨ ᠲᠦᠪᠯᠡᠷᠡᠵᠦ ᠵᠠᠯᠭᠠᠯᠳᠤᠬᠰᠠᠨ ᠬᠤᠳᠠ ᠶᠢᠨ ᠤᠳᠤᠬᠢᠴᠢᠯᠠᠬᠰᠠᠨ ᠲᠦᠭᠦᠭᠡᠷᠦᠮᠵᠢᠳᠤ | ᠲᠠᠷᠢᠶᠠᠯᠠᠩ ᠢ ᠭᠦᠭᠵᠢᠬᠦᠯᠬᠦ ᠶᠢ ᠵᠤᠷᠢᠭᠵᠢᠭᠤᠯᠤᠨ᠎ᠠ᠃ ︽ᠠᠮᠤ ᠪᠤᠳᠠᠭᠠᠨ ᠤ ᠲᠠᠷᠢᠮᠠᠯ ᠢ ᠡᠪᠡᠰᠤ ᠪᠤᠷᠳᠤᠭᠠᠨ ᠤ | ᠲᠠᠷᠢᠮᠠᠯ ᠪᠤᠯᠭᠠᠨ ᠦᠭᠡᠷᠡᠴᠢᠯᠡᠬᠦ︾ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠬᠤ ᠤᠷᠤᠨ ᠤ ᠲᠡᠵᠢᠭᠡᠨ | ᠦᠷᠡᠵᠢᠬᠦᠯᠬᠦ ᠲᠦᠪᠯᠡᠷᠡᠩᠭᠦᠢ ᠤᠷᠤᠨ ᠳᠤ ᠬᠦᠬᠡ ᠲᠠᠷᠤᠰᠢ ᠶᠢᠨ ᠡᠷᠳᠡᠨᠢ ᠰᠢᠰᠢ ᠪᠠ ᠴᠢᠨᠠᠷ ᠰᠠᠶᠢᠲᠠᠢ ᠡᠪᠡᠰᠤᠨ ᠤ | ᠦᠢᠯᠡᠰ ᠢ ᠶᠡᠭᠡ ᠪᠠᠷ ᠭᠦᠭᠵᠢᠬᠦᠯᠵᠦ᠂ ᠲᠠᠷᠢᠶᠠᠯᠠᠬᠤ ᠮᠠᠯᠵᠢᠬᠤ ᠰᠤᠯᠪᠢᠴᠠᠬᠰᠠᠨ ᠪᠦᠰᠡ ᠲᠤ ᠲᠠᠷᠢᠶᠠᠯᠠᠬᠤ ᠶᠢ | ᠵᠤᠬᠰᠤᠭᠠᠵᠤ ᠪᠡᠯᠴᠢᠭᠡᠷ ᠢ ᠰᠡᠷᠭᠦᠭᠡᠬᠦ᠂ ᠴᠢᠨᠠᠷ ᠰᠠᠶᠢᠲᠠᠢ ᠲᠡᠵᠢᠭᠡᠯ ᠡᠪᠡᠰᠦ ᠶᠢᠨ ᠲᠠᠷᠢᠮᠠᠯ ᠤᠨ ᠲᠠᠯᠠᠪᠠᠢ ᠶᠢ | ᠦᠷᠭᠡᠳᠭᠡᠬᠦ ᠶᠢ ᠠᠬᠢᠭᠤᠯᠤᠨ᠎ᠠ᠃ ᠲᠠᠯ᠎ᠠ ᠨᠤᠳᠤᠭ ᠤᠨ ᠮᠠᠯ ᠠᠵᠤ ᠠᠬᠤᠢ ᠶᠢ ᠰᠢᠯᠢᠳᠡᠭᠵᠢᠬᠦᠯᠵᠦ᠂ ᠲᠠᠷᠢᠶᠠᠯᠠᠬᠤ | ᠤᠷᠤᠨ ᠤ ᠮᠠᠯ ᠠᠵᠤ ᠠᠬᠤᠢ ᠶᠢ ᠬᠦᠴᠦᠷᠭᠡᠭᠵᠢᠬᠦᠯᠤᠨ᠂ ᠮᠢᠬᠠᠨ ᠤ ᠬᠤᠨᠢ᠂ ᠮᠢᠬᠠᠨ ᠤ ᠦᠭᠡᠷ ᠪᠠ ᠰᠠᠭᠠᠯᠢ ᠶᠢᠨ | ᠦᠨᠢᠶᠠᠨ ᠤ ᠦᠢᠯᠡᠰ ᠢ ᠲᠤᠬᠳᠠᠭᠤᠨ ᠢᠶᠠᠷ ᠭᠦᠭᠵᠢᠬᠦᠯᠵᠦ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠶᠡᠭᠡ ᠪᠠᠷ | ᠠᠬᠢᠭᠤᠯᠵᠤ᠂ ᠲᠡᠵᠢᠭᠡᠬᠦ ᠪᠠᠷ ᠲᠠᠷᠢᠬᠤ ᠶᠢ ᠲᠠᠭᠠᠭᠤᠯᠬᠤ᠂ ᠮᠠᠯᠵᠢᠬᠤ ᠶᠢᠨ ᠲᠦᠯᠦᠭᠡ ᠲᠠᠷᠢᠶᠠᠯᠠᠬᠤ᠂ ᠲᠠᠷᠢᠶᠠᠯᠠᠬᠤ | ᠮᠠᠯᠵᠢᠬᠤ ᠶᠢ ᠤᠶᠠᠯᠳᠤᠭᠤᠯᠤᠬᠰᠠᠨ ᠲᠠᠷᠢᠵᠤ ᠲᠡᠵᠢᠭᠡᠬᠦ ᠪᠦᠳᠦᠴᠡ ᠶᠢ ᠪᠦᠷᠢᠯᠳᠦᠬᠦᠯᠵᠦ᠂ ᠮᠠᠯ ᠠᠵᠤ ᠠᠬᠤᠢ ᠶᠢᠨ | ᠨᠢᠭᠡᠳᠦᠭᠡᠷ ᠠᠵᠤ ᠦᠢᠯᠡᠰ ᠳᠠᠬᠢ ᠬᠤᠪᠢ ᠶᠢᠨ ᠵᠢᠩ ᠢ ᠲᠤᠬᠳᠠᠭᠤᠨ ᠢᠶᠠᠷ ᠲᠡᠭᠡᠭᠰᠢᠯᠡᠬᠦᠯᠦᠨ᠎ᠠ᠃ | ︵ᠲᠠᠪᠤ︶ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ | ᠡᠬᠦᠳᠬᠦ ᠪᠠ ᠲᠦᠭᠡᠮᠡᠯᠵᠢᠬᠦᠯᠬᠦ ᠶᠢ ᠠᠬᠢᠭᠤᠯᠤᠨ᠎ᠠ᠃ ᠮᠠᠯ ᠠᠵᠤ ᠠᠬᠤᠢ ᠲᠡᠷᠢᠶᠠᠯᠠᠩ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠵᠦ᠂ ᠮᠠᠯ ᠠᠵᠤ ᠠᠬᠤᠢ | ᠲᠠᠷᠢᠶᠠᠯᠠᠩ ᠤᠨ ᠵᠠᠩᠭᠢᠯᠠᠭ᠎ᠠ ᠶᠢᠨ ᠭᠤᠤᠯ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ ᠦᠷᠳᠡᠭ ᠢ ᠠᠷᠪᠢᠯᠠᠨ | ᠴᠢᠨᠠᠷ ᠢ ᠲᠡᠭᠡᠭᠰᠢᠯᠡᠭᠦᠯᠬᠦ᠂ ᠴᠢᠨᠠᠷ ᠰᠠᠶᠢᠳᠠᠢ ᠠᠮᠤᠷ ᠲᠦᠪᠰᠢᠨ᠂ ᠪᠤᠬᠢᠷᠳᠦᠯ ᠦᠭᠡᠢ ᠤᠷᠴᠢᠨ ᠲᠤᠭᠤᠷᠢᠨ ᠢ | ᠬᠠᠮᠠᠭᠠᠯᠠᠬᠤ᠂ ᠤᠶᠤᠨᠴᠢ ᠮᠠᠯ ᠠᠵᠤ ᠠᠬᠤᠢ ᠲᠠᠷᠢᠶᠠᠯᠠᠩ ᠵᠡᠷᠭᠡ ᠲᠡᠷᠢᠬᠦᠨ ᠤ ᠪᠤᠳᠠᠳᠤ ᠬᠡᠷᠡᠭᠯᠡᠭᠡᠨ ᠤ ᠮᠡᠷᠭᠡᠵᠢᠯ ᠢ | ᠬᠤᠪᠢᠷᠠᠭᠤᠯᠤᠨ ᠲᠡᠯᠭᠡᠷᠡᠬᠦᠯᠬᠦ ᠶᠢ ᠲᠡᠳᠬᠦᠨ᠎ᠠ᠃ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠦᠯᠦᠪᠯᠡᠭᠡ ᠶᠢᠨ ᠲᠤᠬᠳᠠᠬᠰᠠᠨ ᠴᠢᠭᠯᠡᠯ ᠤᠨ ᠲᠡᠮᠵᠢᠬᠦ ᠡᠷᠴᠢᠮ ᠢ ᠴᠢᠩᠭᠠᠷᠠᠭᠤᠯᠵᠤ᠂ ᠮᠠᠯ ᠠᠵᠤ | ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠢ ᠭᠦᠮᠦᠵᠢᠬᠦᠯᠬᠦ ᠶᠢ | ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠬᠦᠯᠬᠦ | ᠡᠩᠨᠡᠭᠡ ᠶᠢ ᠪᠤᠵᠠᠭᠠᠢᠢᠷᠠᠭᠤᠯᠵᠤ᠂ ᠦᠢᠯᠡᠳᠪᠤᠷᠢᠯᠡᠯ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠢ | ᠨᠢᠭᠡ ᠴᠤᠬᠴᠠᠵᠢᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠢ | ᠬᠤᠪᠢᠷᠠᠭᠤᠯᠬᠤ ᠴᠢᠳᠠᠪᠤᠷᠢ ᠶᠢ ᠲᠡᠭᠡᠭᠰᠢᠯᠡᠬᠦᠯᠦᠨ᠎ᠠ᠃ ᠡᠰᠢ ᠰᠦᠷᠡᠯ᠂ ᠬᠠᠶᠠᠬᠳᠠᠮᠠᠯ ᠰᠦᠯᠢᠶᠤᠤ ᠪᠦᠷᠭᠦᠪᠴᠢ ᠪᠠ ᠮᠠᠯ | ᠵᠢᠬᠦᠷᠲᠡᠨ ᠤ ᠲᠡᠵᠢᠭᠡᠪᠤᠷᠢ ᠶᠢᠨ ᠬᠠᠶᠠᠬᠳᠠᠮᠠᠯ ᠪᠤᠳᠠᠰ ᠢ ᠡᠬᠢ ᠪᠠᠶᠠᠯᠢᠬᠵᠢᠭᠤᠯᠤᠨ ᠶᠡᠷᠦᠩᠬᠡᠶᠢᠯᠡᠨ ᠠᠰᠢᠬᠯᠠᠬᠤ᠂ ᠮᠠᠯ | ᠤᠨ ᠠᠰᠢᠬ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠢ ᠬᠠᠮᠢᠶᠠᠷᠤᠨ ᠡᠵᠡᠮᠳᠡᠬᠦ | ᠪᠠ ᠰᠢᠮ᠎ᠠ ᠲᠡᠵᠢᠭᠡᠯ ᠶᠠᠰᠤ ᠴᠢᠨᠠᠷ ᠤᠨ ᠦᠨᠡᠯᠡᠯᠳᠠ᠂ ᠪᠤᠬᠢᠷᠳᠦᠯ ᠦᠭᠡᠢ ᠦᠨᠲᠦᠷ ᠦᠷ᠎ᠡ ᠠᠰᠢᠬᠳᠤ ᠲᠠᠷᠢᠵᠤ | ᠤᠷᠭᠤᠭᠤᠯᠬᠤ ᠵᠡᠷᠭᠡ ᠮᠡᠷᠭᠡᠵᠢᠯ ᠢ ᠶᠡᠭᠡ ᠪᠠᠷ ᠲᠦᠭᠡᠮᠡᠯᠵᠢᠬᠦᠯᠵᠦ᠂ ᠤᠳᠤ ᠦᠶ᠎ᠡ ᠶᠢᠨ ᠲᠠᠷᠢᠮᠠᠯ ᠤᠨ ᠦᠢᠯᠡᠰ ᠢ | ᠲᠦᠷᠭᠡᠳᠭᠡᠨ ᠭᠦᠭᠵᠢᠭᠦᠯᠵᠦ᠂ ᠰᠢᠨ᠎ᠠ ᠶᠢ ᠡᠭᠦᠳᠦᠭᠰᠡᠨ ᠦᠷ᠎ᠠ ᠪᠦᠳᠦᠭᠡᠯ ᠢ ᠦᠢᠯᠡᠳᠪᠤᠷᠢᠯᠡᠯ ᠤᠨ ᠬᠦᠴᠦᠨ | ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠦᠢᠯᠡᠴᠢᠯᠡᠭᠡᠨ ᠤ | ᠪᠠᠶᠢᠭᠤᠯᠤᠮᠵᠢ ᠪᠠᠷ ᠭᠤᠤᠯᠯᠠᠨ ᠤᠳᠤᠷᠢᠳᠤᠭᠤᠯᠵᠦ᠂ ᠡᠵᠡᠩᠨᠡᠯᠳᠠ ᠶᠢᠨ ᠴᠢᠨᠠᠷᠳᠠᠢ ᠦᠢᠯᠡᠴᠢᠯᠡᠭᠡᠨ ᠤ ᠵᠤᠬᠢᠶᠠᠨ | ᠪᠠᠶᠢᠭᠤᠯᠤᠯᠳᠠ ᠪᠠᠷ ᠭᠤᠤᠯ ᠴᠤᠬᠴᠠ ᠪᠤᠯᠭᠠᠬᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠡᠯᠭᠡᠷᠡᠬᠦᠯᠦᠨ | ᠦᠢᠯᠡᠴᠢᠯᠡᠬᠦ ᠰᠢᠰᠲ᠋ᠧᠮᠵᠢ ᠶᠢ ᠪᠦᠷᠢᠨᠰᠢᠬᠦᠯᠵᠦ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠵᠢᠱᠢᠶ᠎ᠠ | ᠦᠵᠡᠬᠦᠯᠬᠦ ᠬᠤᠰᠢᠭᠤ ᠰᠢᠶᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠠᠯᠠᠩ ᠲᠤᠭᠤᠷᠢᠭ᠂ ᠵᠢᠱᠢᠶ᠎ᠠ | ᠦᠵᠡᠬᠦᠯᠬᠦ ᠰᠠᠭᠤᠷᠢᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠤᠷᠰᠢᠯᠳᠠ ᠶᠢᠨ ᠴᠡᠭ | ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠨᠦᠬᠦᠴᠡᠯ ᠳᠤ ᠨᠡᠶᠢᠴᠡᠭᠰᠡᠨ ᠦᠪᠡᠷᠳᠡᠭᠡᠨ ᠵᠠᠰᠠᠬᠤ ᠤᠷᠤᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠠᠯᠡᠩ ᠲᠤᠭᠤᠷᠢᠭ ᠢ ᠤᠯᠤᠰ ᠤᠨ ᠲᠡᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠠᠯᠡᠩ ᠲᠤᠭᠤᠷᠢᠭ ᠪᠤᠯᠭᠠᠨ ᠡᠭᠦᠳᠦᠨ | ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠢᠢᠯᠠᠯ ᠤᠨ ᠮᠡᠷᠭᠡᠵᠢᠯ ᠤᠨ ᠰᠢᠨ᠎ᠠ ᠶᠢ ᠡᠭᠦᠳᠭᠦ ᠭᠤᠤᠯ ᠴᠤᠬᠴᠠ ᠶᠢᠨ | ᠪᠠᠶᠢᠷᠢ ᠰᠠᠭᠤᠷᠢ ᠶᠢ ᠴᠢᠩᠭᠠᠷᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠠ ᠶᠢ ᠡᠭᠦᠳᠭᠦ ᠬᠡᠯᠪᠡᠷᠢ ᠶᠢᠨ ᠠᠵᠤ ᠠᠬᠤᠢᠢᠯᠠᠯ ᠢ ᠬᠦᠮᠦᠵᠢᠬᠦᠯᠵᠦ᠂ ᠨᠦᠬᠦᠴᠡᠯ ᠳᠤ ᠨᠡᠶᠢᠴᠡᠭᠰᠡᠨ | ᠠᠵᠤ ᠠᠬᠤᠢᠢᠯᠠᠯ ᠤᠨ ᠮᠡᠷᠭᠡᠵᠢᠯ ᠤᠨ ᠰᠢᠨ᠎ᠠ ᠶᠢ ᠡᠭᠦᠳᠭᠦ ᠲᠦᠷᠦᠯ ᠵᠦᠢᠯ ᠢ ᠲᠠᠭᠠᠭᠤᠯᠤᠨ ᠬᠡᠷᠡᠭᠵᠢᠬᠦᠯᠬᠦ ᠶᠢ | ᠲᠡᠮᠵᠢᠨ᠎ᠡ᠃ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ | ᠤᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠵᠦ᠂ ᠡᠷᠲᠡᠮ ᠰᠢᠨᠵᠢᠯᠡᠭᠡᠨ ᠤ ᠠᠵᠢᠯᠲᠠᠨ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠤᠨ ᠦᠮᠴᠢᠯᠡᠯ ᠤᠨ ᠡᠷᠭᠡ ᠤᠯᠭᠤᠬᠤ ᠶᠢ | ᠰᠦᠪᠡᠭᠴᠢᠯᠡᠵᠦ᠂ ᠴᠢᠳᠠᠪᠤᠷᠢᠳᠠᠨ ᠤ ᠦᠨᠡᠯᠡᠯᠳᠠ ᠪᠠ ᠨᠡᠭᠦᠳᠡᠯ ᠪᠠᠳᠤᠯᠠᠭ᠎ᠠ ᠶᠢᠨ ᠲᠤᠬᠳᠠᠴᠠ ᠶᠢ ᠲᠡᠬᠦᠯᠳᠡᠷᠵᠢᠬᠦᠯᠵᠦ᠂ | ᠲᠤᠰᠢᠶᠠᠯ ᠬᠠᠪᠰᠤᠷᠭᠠᠬᠤ ᠴᠠᠯᠢᠩ ᠬᠠᠪᠰᠤᠷᠭᠠᠬᠤ᠂ ᠦᠷ᠎ᠠ ᠪᠦᠳᠦᠭᠡᠯ ᠤᠨ ᠡᠷᠭᠡ ᠠᠰᠢᠭ ᠢ ᠬᠤᠪᠢᠶᠠᠷᠢᠯᠠᠬᠤ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ ᠮᠠᠯ ᠠᠵᠤ ᠠᠬᠤᠢ ᠲᠠᠷᠢᠶᠠᠯᠠᠩ ᠤᠨᠦᠢᠯᠡᠳᠪᠤᠷᠢᠯᠡᠯ ᠤᠨ | ᠪᠡᠷᠢᠮᠵᠢᠶᠠᠵᠢᠭᠰᠠᠨ ᠠᠵᠢᠯᠯᠠᠭ᠎ᠠ ᠶᠢ ᠬᠡᠷᠡᠭᠵᠢᠬᠦᠯᠵᠤ᠂ ᠪᠠᠷᠢᠮᠵᠢᠶ᠎ᠠ ᠦᠭᠡᠢ ᠪᠤᠯ ᠪᠠᠷᠢᠮᠵᠢᠶ᠎ᠠ ᠲᠠᠢ ᠪᠤᠯᠭᠠᠬᠤ᠂ | ᠪᠠᠷᠢᠮᠵᠢᠶ᠎ᠠ ᠲᠠᠢ ᠪᠤᠯ ᠪᠠᠷᠢᠮᠵᠢᠶ᠎ᠠ ᠪᠠᠨ ᠲᠡᠭᠡᠭᠰᠢᠯᠡᠬᠦᠯᠬᠦ ᠵᠡᠷᠴᠢᠮ ᠢ ᠪᠠᠷᠢᠮᠳᠠᠯᠠᠵᠤ᠂ ᠮᠠᠯ ᠠᠵᠦ ᠠᠬᠤᠢ ᠲᠠᠷᠢᠶᠠᠯᠠᠩ | ᠤᠨ ᠦᠢᠯᠡᠳᠪᠤᠷᠢᠯᠡᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠵᠤ᠂ ᠨᠢᠭᠡᠳᠤᠯᠳᠠᠢ ᠰᠡᠷᠭᠡᠶᠢᠯᠡᠵᠤ | ᠨᠢᠭᠡᠳᠤᠯᠳᠠᠢ ᠵᠠᠰᠠᠬᠤ᠂ ᠪᠤᠬᠢᠷᠳᠤᠯ ᠦᠭᠡᠢ ᠰᠡᠷᠭᠡᠶᠢᠯᠡᠨ ᠡᠵᠡᠮᠳᠡᠬᠦ᠂ ᠨᠠᠶᠢᠷᠠᠯᠭ᠎ᠠ ᠲᠠᠢ ᠪᠤᠷᠳᠤᠭᠤᠷ ᠤᠷᠤᠭᠤᠯᠬᠤ᠂ | ᠡᠷᠡᠬᠦᠯ ᠢᠶᠠᠷ ᠲᠡᠵᠢᠭᠡᠨ ᠦᠷᠡᠵᠢᠬᠦᠯᠬᠦ ᠪᠠ ᠦᠨᠳᠦᠷ ᠦᠷ᠎ᠡ ᠠᠰᠢᠬᠳᠤ ᠲᠤᠤᠷ᠎ᠠ ᠬᠤᠤᠷᠳᠠᠯᠳᠤ ᠲᠠᠷᠢᠶᠠᠯᠠᠩ ᠤᠨ ᠡᠮ | ᠮᠠᠯ ᠤᠨ ᠡᠮ ᠭᠡᠷᠡᠭᠯᠡᠬᠦ ᠵᠡᠷᠭᠡ ᠪᠠᠷᠢᠮᠵᠢᠶᠠᠵᠢᠭᠰᠠᠨ ᠦᠢᠯᠡᠳᠪᠤᠷᠢᠯᠡᠯ ᠤᠨ ᠮᠡᠷᠭᠡᠵᠢᠯ ᠢ ᠲᠦᠬᠡᠮᠡᠯᠵᠢᠬᠦᠯᠦᠨ᠎ᠠ᠃ ᠰᠢᠨ᠎ᠠ | ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠠ ᠶᠢᠨ ᠭᠤᠤᠯ ᠴᠤᠬᠴᠠ ᠶᠢᠨ ᠵᠢᠵᠢᠭ ᠮᠠᠯᠵᠢᠬᠤ | ᠲᠠᠷᠢᠶᠠᠯᠠᠬᠤ ᠡᠷᠦᠭᠡ ᠶᠢ ᠲᠠᠶᠢᠴᠢᠯᠠᠨ ᠪᠡᠷᠢᠮᠵᠢᠶ᠎ᠠ ᠪᠠᠷ ᠦᠢᠯᠡᠳᠪᠤᠷᠢᠯᠡᠬᠦ ᠶᠢ ᠤᠷᠮᠠᠰᠢᠭᠤᠯᠤᠨ ᠵᠤᠷᠢᠭᠵᠢᠭᠤᠯᠵᠤ᠂ ᠮᠠᠯ | ᠠᠵᠦ ᠠᠬᠤᠢ ᠲᠠᠷᠢᠶᠠᠯᠠᠩ ᠤᠨ ᠦᠢᠯᠡᠳᠪᠤᠷᠢᠯᠡᠯ ᠤᠨ ᠪᠠᠷᠢᠮᠵᠢᠶᠠᠵᠢᠭᠰᠠᠨ᠂ ᠪᠤᠬᠢᠷᠳᠤᠯ ᠦᠭᠡᠢ ᠬᠦᠭᠵᠢᠯᠲᠡ᠂ ᠴᠢᠨᠠᠷ | ᠰᠠᠶᠢᠲᠠᠢ ᠬᠦᠭᠵᠢᠯᠲᠡ ᠶᠢᠨ ᠲᠦᠪᠰᠢᠨ ᠢ ᠲᠡᠭᠡᠭᠰᠢᠯᠡᠬᠦᠯᠤᠨ᠎ᠠ᠃ ᠮᠠᠯ ᠠᠵᠤ ᠠᠬᠤᠢ ᠲᠠᠷᠢᠶᠠᠯᠠᠩ ᠤᠨ | ᠦᠢᠯᠡᠳᠪᠤᠷᠢᠯᠡᠯ ᠤᠨ ᠪᠡᠯᠡ ᠤᠷᠤᠭᠤᠯᠤᠯᠳᠠ ᠶᠢᠨ ᠪᠦᠳᠦᠭᠡᠭᠳᠡᠬᠦᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ | ᠴᠢᠳᠠᠪᠤᠷᠢ ᠶᠢ ᠲᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠬᠦᠯᠵᠤ᠂ ᠵᠠᠰᠠᠭ ᠤᠨ ᠤᠷᠳᠤᠨ ᠤ ᠬᠠᠷᠢᠶ᠎ᠠ ᠭᠠᠵᠠᠷ ᠤᠨ | ᠬᠠᠮᠢᠶᠠᠷᠤᠯᠳᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ᠂ | ᠦᠢᠯᠡᠳᠪᠤᠷᠢᠯᠡᠭᠴᠢ ᠡᠵᠡᠩᠨᠡᠭᠴᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠯ | ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ | ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠦᠨᠳᠦᠰᠤᠨ ᠱᠠᠳᠤᠨ ᠤ ᠬᠢᠨᠠᠨ ᠬᠠᠮᠢᠶᠠᠷᠤᠯᠳᠠ ᠶᠢᠨ | ᠴᠢᠳᠠᠪᠤᠷᠢ ᠶᠢ ᠲᠡᠭᠡᠭᠰᠢᠯᠡᠬᠦᠯᠵᠤ᠂ ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠲᠦᠨ ᠪᠠᠶᠢᠭᠤᠯᠬᠤ ᠶᠢ | ᠠᠭᠢᠭᠤᠯᠤᠨ᠎ᠠ᠃ ᠬᠠᠦᠯᠢ ᠬᠡᠷᠡᠭᠵᠢᠬᠦᠯᠬᠦ ᠬᠢᠨᠠᠨ ᠬᠠᠮᠢᠶᠠᠷᠤᠯᠳᠠ ᠶᠢᠨ ᠬᠦᠴᠦᠯᠡᠴᠡ ᠪᠠᠨ ᠴᠢᠩᠭᠠᠳᠬᠠᠵᠤ᠂ ᠲᠠᠷᠢᠶᠠᠯᠠᠩ | ᠤᠨ ᠬᠡᠷᠡᠭᠰᠡᠯ ᠤᠨ ᠬᠠᠭᠤᠷᠮᠠᠭ ᠵᠦᠢᠯ ᠳᠤ ᠴᠤᠬᠢᠯᠲᠠ ᠦᠭᠬᠦ ᠪᠠ ᠲᠤᠰᠬᠠᠢ ᠵᠠᠰᠠᠯᠲᠠ ᠦᠷᠨᠢᠭᠦᠯᠵᠦ᠂ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠦᠯᠢ ᠠᠴᠠ | ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠬᠡᠨ᠎ᠡ᠃ ᠢᠳᠡᠭᠡᠨ ᠤ ᠠᠮᠤᠷ ᠲᠦᠪᠰᠢᠨ ᠤ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠵᠤ᠂ ᠲᠠᠷᠢᠶᠠᠨ ᠭᠠᠵᠠᠷ ᠮᠠᠯᠵᠢᠯ ᠤᠨ ᠲᠠᠯᠠᠪᠠᠢ ᠠᠴᠠ ᠬᠤᠭᠤᠯᠠᠨ ᠰᠢᠷᠡᠭᠡᠨ ᠳᠤ ᠬᠦᠷᠳᠡᠯᠡᠬᠢ | ᠶᠠᠰᠤ ᠴᠢᠨᠠᠷ ᠢ ᠮᠦᠷᠲᠡᠬᠦ ᠰᠢᠰᠲ᠋ᠧᠮᠵᠢ ᠶᠢ ᠪᠦᠷᠢᠨᠰᠢᠬᠦᠯᠤᠨ᠎ᠠ᠃ | ︵ᠲᠤᠯᠤᠭ᠎ᠠ︶ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠲᠦᠷᠦᠯ ᠲᠡᠮᠳᠡᠭ ᠤᠨ | ᠴᠤᠬᠴᠠᠯᠠᠯᠲᠠ ᠶᠢ ᠴᠢᠩᠭᠠᠳᠬᠠᠨ᠎ᠠ᠃ ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠠᠮᠳᠡᠭ ᠤᠨ | ᠲᠡᠭᠡᠭᠰᠢᠯᠡᠯᠳᠠ ᠶᠢᠨ ᠠᠵᠢᠯᠯᠠᠭ᠎ᠠ ᠶᠢ ᠬᠡᠷᠡᠭᠵᠢᠬᠦᠯᠵᠤ᠂ 2020ᠣᠨ ᠳᠤ ᠪᠦᠬᠦ ᠤᠯᠤᠰ ᠲᠤ ᠨᠡᠯᠢᠶᠡᠳ ᠨᠡᠷ᠎ᠡ | ᠨᠦᠯᠦᠭᠡ ᠲᠠᠢ ᠪᠠ ᠨᠦᠯᠦᠭᠡᠯᠡᠬᠦ ᠬᠦᠴᠦᠨ ᠲᠠᠢ ︽ᠦᠪᠦᠷ ᠮᠤᠩᠭᠤᠯ ᠨᠡᠷᠡᠲᠦ︾ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠬᠦᠨ ᠤ ᠲᠦᠷᠦᠯ ᠲᠡᠮᠳᠡᠭ ᠪᠠ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠦᠷᠦᠯ ᠲᠠᠮᠳᠡᠭ ᠢ 20 ᠠᠴᠠ ᠲᠡᠭᠡᠭᠰᠢᠬᠢ ᠴᠤᠬᠴᠠᠯᠠᠬᠤ ᠪᠠᠷ ᠴᠢᠷᠮᠠᠶᠢᠨ᠎ᠠ᠃ ᠮᠠᠨ ᠤ ᠤᠷᠤᠨ ᠤ ᠮᠠᠯ ᠠᠵᠤ ᠠᠬᠤᠢ | ᠲᠠᠷᠢᠶᠠᠯᠠᠩ ᠤᠨ ᠤᠨᠴᠠᠯᠢᠭᠳᠤ ᠲᠠᠪᠠᠭᠤᠯᠢᠬ ᠠᠵᠤ ᠦᠢᠯᠡᠰ ᠤᠨ ᠲᠤᠭᠤᠷᠢᠨ ᠳᠤ᠂ ᠪᠤᠬᠢᠷᠳᠤᠯ ᠦᠭᠡᠢ ᠮᠠᠯ ᠤᠨ | ᠠᠰᠢᠬ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ | ᠲᠠᠮᠳᠡᠭ ᠤᠨ ᠴᠤᠬᠴᠠᠯᠠᠯᠲᠠ ᠶᠢᠨ ᠢᠨᠵᠧᠨᠧᠷᠢᠩ ᠢ ᠬᠡᠷᠡᠭᠵᠢᠬᠦᠯᠵᠤ᠂ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ | ᠤ ᠲᠦᠷᠦᠯ ᠲᠠᠮᠳᠡᠭ ᠢ ᠡᠭᠦᠲᠦᠨ ᠪᠠᠶᠢᠭᠤᠯᠬᠤ᠂ ᠬᠡᠷᠡᠭᠯᠡᠬᠦ᠂ ᠬᠠᠮᠢᠶᠠᠷᠬᠤ ᠪᠠ ᠬᠠᠮᠠᠭᠠᠯᠠᠬᠤ ᠲᠤᠬᠳᠠᠴᠠ ᠶᠢ | ᠪᠠᠶᠢᠭᠤᠯᠵᠤ᠂ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠠᠮᠳᠡᠭ ᠤᠨ ᠦᠷᠳᠡᠭ ᠢ | ᠲᠡᠭᠡᠭᠰᠢᠯᠡᠬᠦᠯᠵᠤ᠂ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠪᠠ ᠠᠵᠤ ᠠᠬᠤᠢᠢᠯᠠᠯ ᠢ ᠬᠦᠲᠦᠯᠦᠨ | ᠵᠢᠯᠤᠭᠤᠳᠴᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠠᠮᠳᠡᠭ ᠢ ᠱᠤᠭᠤᠵᠦ | ᠲᠦᠭᠡᠮᠡᠯᠵᠢᠬᠦᠯᠦᠨ᠎ᠡ᠃ ᠰᠢᠨ᠎ᠠ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠠᠯᠳᠠ ᠶᠢᠨ ᠭᠤᠤᠯ | ᠴᠤᠭᠴᠠ ᠪᠠ ᠠᠵᠢᠯ ᠲᠦᠷᠦᠯ ᠤᠨ ᠨᠡᠶᠢᠭᠡᠮᠯᠢᠭ ᠤᠨ ︽ᠨᠡᠶᠢᠲᠡ ᠳᠤ ᠬᠤᠤᠷᠠᠳᠤᠯ ᠦᠭᠡᠢ ᠲᠠᠷᠢᠶᠠᠯᠠᠩ ᠤᠨ | ᠪᠦᠲᠦᠭᠡᠭᠳᠡᠭᠦᠨ ᠤᠷᠭᠠᠨᠢᠬ ᠲᠠᠷᠢᠶᠠᠯᠠᠩ ᠤᠨ ᠪᠦᠲᠦᠭᠡᠭᠳᠡᠭᠦᠨ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ | ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ︾ ᠤᠨ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ | ᠬᠡᠷᠡᠴᠢᠯᠡᠯᠲᠡ ᠦᠷᠨᠢᠬᠦᠯᠬᠦ ᠶᠢ ᠲᠠᠮᠵᠢᠵᠤ᠂ ᠭᠠᠵᠠᠷ ᠵᠦᠢ ᠶᠢᠨ ᠤᠨᠴᠠᠯᠢᠭᠳᠤ ᠮᠠᠯ ᠤᠨ ᠠᠰᠢᠬ ᠰᠢᠮ᠎ᠡ ᠲᠠᠷᠢᠶᠠᠯᠠᠩ | ᠤᠨ ᠪᠦᠳᠦᠭᠡᠭᠳᠡᠬᠦᠨ ᠢ ᠬᠠᠮᠠᠭᠠᠯᠠᠬᠤ ᠪᠠ ᠬᠦᠭᠵᠢᠬᠦᠯᠦᠨ᠎ᠠ᠃ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠳᠦᠭᠡᠭᠳᠡᠬᠦᠨ ᠤ ᠲᠦᠷᠦᠯ ᠲᠠᠮᠳᠡᠭ ᠤᠨ ᠪᠠᠶᠢᠭᠤᠯᠤᠯᠳᠠ ᠶᠢᠨ ᠲᠦᠷᠦ ᠶᠢᠨ ᠪᠤᠳᠤᠯᠭ᠎ᠠ ᠶᠢᠨ ᠲᠠᠮᠵᠢᠯᠭᠡ ᠶᠢᠨ | ᠰᠢᠰᠲ᠋ᠧᠮᠵᠢ ᠶᠢ ᠲᠡᠬᠦᠯᠳᠡᠷᠵᠢᠬᠦᠯᠵᠤ᠂ ᠦᠪᠡᠷᠳᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ | ᠲᠦᠷᠦᠯ ᠲᠠᠮᠳᠡᠭ ᠤᠨ ᠬᠠᠮᠢᠶᠠᠷᠤᠯᠳᠠ ᠶᠢᠨ ᠠᠷᠭ᠎ᠠ ᠪᠠ ᠭᠠᠷᠴᠠᠭ ᠤᠨ ᠲᠦᠷᠢᠮ ᠢ ᠰᠦᠪᠡᠭᠴᠢᠯᠡᠨ ᠲᠤᠭᠳᠠᠭᠠᠨ᠎ᠠ᠃ | ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠲᠦᠷᠦᠯ ᠲᠡᠮᠳᠡᠭ ᠤᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠤᠨ᠂ ᠪᠤᠷᠤᠯᠠᠭᠤᠯᠤᠨ ᠲᠠᠨᠢᠯᠴᠠᠭᠤᠯᠬᠤ ᠲᠠᠪᠴᠠᠩ ᠢ ᠪᠠᠶᠢᠭᠤᠯᠵᠤ᠂ ᠴᠢᠨᠠᠷ ᠰᠠᠶᠢᠲᠠᠢ ᠮᠠᠯ ᠤᠨ ᠠᠰᠢᠬ | ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠪᠤᠷᠤᠯᠠᠭᠤᠯᠭ᠎ᠠ ᠶᠢᠨ ᠵᠠᠮ ᠢ ᠦᠷᠭᠡᠳᠭᠡᠵᠤ᠂ ︽ᠦᠪᠦᠷ ᠮᠤᠩᠭᠤᠯ ᠤᠨ | ᠦᠨᠤᠷ ᠠᠮᠳᠠ︾ ᠲᠦᠷᠦᠯ ᠲᠠᠮᠳᠡᠭ ᠤᠨ ᠨᠦᠯᠦᠭᠡᠯᠡᠬᠦ ᠬᠦᠴᠦᠨ ᠢ ᠦᠷᠭᠡᠳᠭᠡᠨ᠎ᠠ᠃ ︽ᠨᠢᠭᠡ ᠪᠦᠰᠠ ᠨᠢᠭᠡ ᠵᠠᠮ︾ | ᠲᠠᠭᠠᠤ ᠶᠢᠨ ᠤᠯᠤᠰ ᠲᠠᠢ ᠮᠠᠯ ᠠᠵᠤ ᠠᠬᠤᠢ ᠲᠠᠷᠢᠶᠠᠯᠠᠩ ᠤᠨ ᠬᠠᠮᠳᠤᠷᠠᠯᠴᠠᠭ᠎ᠠ ᠶᠢ ᠴᠢᠩᠭᠠᠳᠬᠠᠨ᠂ ᠤᠨᠴᠠᠯᠢᠭᠳᠤ | ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠢ ᠭᠠᠲᠠᠭᠠᠲᠦ ᠳᠤ ᠭᠠᠷᠭᠠᠬᠤ ᠰᠠᠭᠤᠷᠢᠨ ᠢ ᠴᠤᠬᠴᠠᠯᠠᠵᠤ᠂ | ᠲᠠᠪᠠᠭᠤᠯᠢᠬᠳᠤ ᠤᠨᠴᠠᠯᠢᠭᠳᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠢ ᠭᠠᠲᠠᠭᠠᠲᠦ ᠳᠤ | ᠭᠠᠷᠭᠠᠬᠤ ᠬᠡᠪᠴᠢᠶᠡᠵᠢᠯ ᠢ ᠦᠷᠭᠡᠳᠭᠡᠨ᠎ᠠ᠃ | ᠲᠦᠷᠪᠡ᠂ ᠬᠦᠲᠡᠭᠡ ᠲᠤᠰᠬᠤᠨ ᠤ ᠠᠵᠦ ᠠᠬᠤᠢᠢᠯᠠᠯ ᠢ ᠬᠦᠭᠵᠢᠭᠦᠯᠦᠨ ᠪᠤᠵᠠᠭᠠᠢᠢᠷᠠᠭᠤᠯᠵᠦ᠂ ᠮᠠᠯᠴᠢᠨ | ᠲᠠᠷᠢᠶᠠᠴᠢᠨ ᠤ ᠤᠷᠤᠯᠭ᠎ᠠ ᠶᠢ ᠨᠡᠮᠡᠭᠲᠡᠭᠦᠯᠬᠦ ᠵᠠᠮ ᠢ ᠦᠷᠭᠡᠳᠬᠡᠨ᠎ᠡ | ︵ᠨᠢᠭᠡ︶ ᠬᠦᠲᠡᠭᠡ ᠲᠤᠰᠬᠤᠨ ᠤ ᠤᠨᠴᠠᠯᠢᠬᠲᠦ ᠠᠵᠦ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠎ᠡ᠃ | ᠡᠬᠢ ᠪᠠᠶᠠᠯᠢᠬ ᠤᠨ ᠨᠦᠬᠦᠴᠡᠯ ᠪᠠ ᠠᠵᠦ ᠦᠢᠯᠡᠰ ᠤᠨ ᠰᠠᠭᠤᠷᠢ ᠳᠤ ᠰᠠᠭᠤᠷᠢᠯᠠᠨ᠂ ︽ᠨᠢᠭᠡ ᠲᠤᠰᠬᠤᠨ ᠳᠤ ᠨᠢᠭᠡ | ᠲᠦᠷᠦᠯ ᠲᠡᠮᠲᠡᠭ ᠲᠠᠢ︾ ︽ᠨᠢᠭᠡ ᠲᠤᠰᠬᠤᠨ ᠳᠤ ᠨᠢᠭᠡ ᠭᠤᠤᠯᠯᠠᠬᠤ ᠠᠵᠦ ᠦᠢᠯᠡᠰ ᠲᠠᠢ︾ ᠪᠠᠶᠢᠬᠤ ᠶᠢ | ᠤᠷᠢᠶᠠᠯᠠᠨ᠎ᠠ᠃ ᠲᠤᠬᠠᠢ ᠶᠢᠨ ᠭᠠᠵᠠᠷ ᠤᠨ ᠪᠠᠶᠢᠲᠠᠯ ᠳᠤ ᠨᠢ ᠲᠤᠬᠢᠷᠠᠭᠤᠯᠵᠦ ᠢᠲᠡᠰᠢᠨ ᠨᠤᠭᠤᠭ᠎ᠠ᠂ ᠢᠲᠡᠭᠡᠨ ᠤ | ᠮᠦᠬᠦ᠂ ᠡᠯᠲᠡᠪ ᠠᠮᠤ ᠪᠤᠷᠴᠠᠭ ᠤᠨ ᠵᠦᠢᠯ᠂ ᠲᠦᠮᠦᠰᠦ᠂ ᠬᠢᠲᠠᠳ ᠮᠤᠩᠭᠤᠯ ᠡᠮ ᠤᠨ ᠮᠠᠲ᠋ᠧᠷᠢᠶᠠᠯ᠂ ᠴᠡᠴᠡᠭ | ᠡᠪᠡᠰᠦ᠂ ᠵᠤᠯᠵᠠᠭ᠎ᠠ ᠮᠤᠳᠤ᠂ ᠦᠵᠦᠮ ᠵᠡᠷᠭᠡ ᠤᠷᠤᠨ ᠪᠦᠰᠡ ᠶᠢᠨ ᠤᠨᠴᠠᠯᠢᠬ ᠲᠠᠢ ᠲᠡᠷᠢᠮᠠᠯ ᠤᠨ ᠦᠢᠯᠡᠰ ᠢ | ᠬᠦᠭᠵᠢᠭᠦᠯᠵᠦ᠂ ᠮᠤᠷᠢ᠂ ᠲᠡᠮᠡᠭᠡ᠂ ᠡᠯᠵᠢᠭᠡ᠂ ᠪᠤᠭᠤ᠂ ᠨᠤᠤᠯᠤᠭᠤᠷ ᠤᠨ ᠢᠮᠠᠭ᠎ᠠ ᠵᠡᠷᠭᠡ ᠤᠨᠴᠠᠯᠢᠬᠲᠦ ᠲᠡᠵᠢᠭᠡᠨ | ᠦᠷᠡᠵᠢᠭᠦᠯᠬᠦ ᠦᠢᠯᠡᠰ ᠢ ᠢᠲᠡᠪᠬᠢᠲᠡᠢ ᠬᠦᠭᠵᠢᠭᠦᠯᠵᠦ᠂ ᠤᠢ ᠲᠤᠳᠤᠷᠠᠬᠢ ᠠᠵᠦ ᠠᠬᠤᠢ ᠪᠠ ᠡᠯᠡᠰᠦᠨ ᠤ ᠠᠵᠦ | ᠦᠢᠯᠡᠰ ᠢ ᠢᠲᠡᠪᠬᠢᠲᠡᠢ ᠬᠦᠭᠵᠢᠭᠦᠯᠦᠨ᠎ᠡ᠃ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠦ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠤᠨᠴᠠᠯᠢᠬᠲᠦ ᠮᠠᠯ ᠤᠨ ᠠᠰᠢᠬ ᠰᠢᠮ᠎ᠡ ᠲᠠᠷᠢᠶᠠᠯᠠᠩ | ᠤᠨ ᠪᠦᠲᠦᠭᠡᠭᠲᠡᠭᠦᠨ ᠤ ᠲᠠᠪᠠᠭᠤᠯᠢᠬᠲᠦ ᠤᠷᠤᠨ ᠢ ᠡᠭᠦᠲᠦᠨ ᠪᠠᠶᠢᠭᠤᠯᠵᠦ᠂ ᠨᠢᠭᠡ ᠪᠦᠯᠦᠭ ᠬᠡᠪᠴᠢᠶᠠᠵᠢᠯ ᠲᠠᠢ᠂ | ᠲᠦᠷᠦᠯ ᠲᠡᠮᠲᠡᠭ ᠲᠠᠢ᠂ ᠦᠷ᠎ᠡ ᠠᠰᠢᠬ ᠲᠠᠢ ᠤᠨᠴᠠᠯᠢᠬᠲᠦ ᠠᠵᠦ ᠦᠢᠯᠡᠰ ᠤᠨ ᠰᠠᠭᠤᠷᠢᠨ ᠢ ᠪᠦᠲᠦᠭᠡᠨ | ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠷᠠᠨ ᠲᠠᠷᠬᠠᠳ ᠢ ᠶᠡᠭᠡ ᠪᠠᠷ ᠢᠯᠡᠷᠡᠭᠦᠯᠦᠨ᠂ ᠨᠢᠭᠡ ᠪᠦᠯᠦᠭ | ᠬᠡᠷ ᠪᠦᠯᠢ ᠶᠢᠨ ᠦᠢᠯᠡᠳᠪᠦᠷᠢ᠂ ᠭᠠᠷ ᠤᠷᠠᠯᠠᠯ ᠤᠨ ᠦᠢᠯᠡᠳᠬᠡᠯ ᠤᠨ ᠭᠠᠵᠠᠷ᠂ ᠬᠦᠲᠡᠭᠡ ᠲᠤᠰᠬᠤᠨ ᠤ | ᠦᠢᠯᠡᠳᠪᠦᠷᠢ ᠶᠢᠨ ᠲᠠᠰᠤᠭ ᠢ ᠬᠦᠮᠦᠵᠢᠭᠦᠯᠦᠨ᠂ ᠦᠨᠳᠦᠰᠦᠲᠡᠨ ᠪᠠ ᠭᠠᠵᠠᠷ ᠤᠷᠤᠨ ᠤ ᠤᠨᠴᠠᠯᠢᠬ ᠲᠠᠢ ᠬᠦᠲᠡᠭᠡ | ᠲᠤᠰᠬᠤᠨ ᠤ ᠭᠠᠷ ᠤᠷᠠᠯᠠᠯ ᠤᠨ ᠦᠢᠯᠡᠰ ᠤᠨ ᠰᠢᠨ᠎ᠡ ᠶᠢ ᠡᠭᠦᠲᠦᠨ ᠬᠦᠭᠵᠢᠭᠦᠯᠦᠨ᠎ᠡ᠃ ᠤᠨᠴᠠᠯᠢᠬᠲᠦ ᠮᠠᠯ ᠤᠨ | ᠠᠰᠢᠬ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ ᠪᠦᠬᠦ ᠶᠠᠪᠤᠴᠠ ᠶᠢᠨ ᠦᠢᠯᠡᠳᠪᠦᠷᠢᠯᠡᠯ ᠤᠨ ᠪᠠᠷᠢᠮᠵᠢᠶᠠᠨ ᠤ | ᠰᠢᠰᠲ᠋ᠧᠮᠵᠢ ᠶᠢ ᠪᠦᠷᠢᠨᠰᠢᠭᠦᠯᠵᠦ᠂ ᠨᠢᠭᠡ ᠪᠦᠯᠦᠭ ᠪᠤᠬᠢᠷᠲᠦᠯ ᠦᠭᠡᠢ ᠰᠢᠯᠢᠲᠡᠭ ᠶᠠᠰᠤ ᠴᠢᠨᠠᠷ ᠲᠠᠢ᠂ ᠠᠮᠤᠷ | ᠲᠦᠪᠰᠢᠨ ᠡᠷᠡᠭᠦᠯ ᠮᠡᠨᠲᠦ᠂ ᠪᠤᠷᠤᠯᠠᠭᠤᠯᠬᠤ ᠳᠤ ᠲᠤᠬᠢᠷᠠᠮᠵᠢᠲᠠᠢ ︽ᠤᠷᠤᠨ ᠨᠤᠳᠤᠭ ᠤᠨ ᠤᠨᠴᠠᠯᠢᠬ ᠲᠠᠢ︾ ︽ | ᠰᠢᠶᠠᠩ ᠲᠤᠰᠬᠤᠨ ᠤ ᠤᠨᠴᠠᠯᠢᠬ ᠲᠠᠢ︾ ᠤᠨᠴᠠᠯᠢᠬᠲᠦ ᠠᠵᠦ ᠦᠢᠯᠡᠰ ᠢ ᠬᠦᠮᠦᠵᠢᠭᠦᠯᠵᠦ᠂ ᠰᠦ ᠮᠢᠬ᠎ᠠ | ᠨᠤᠤᠯᠤᠭᠤᠷ᠂ ᠠᠮᠤ ᠵᠢᠮᠢᠰ ᠢᠳᠡᠰᠢᠨ ᠨᠤᠭᠤᠭ᠎ᠠ᠂ ᠤᠢ ᠰᠢᠭᠤᠢ ᠡᠯᠡᠰᠦ ᠡᠪᠡᠰᠤ ᠵᠡᠷᠭᠡ ᠤᠨᠴᠠᠯᠢᠬᠲᠦ ᠲᠠᠪᠠᠭᠤᠯᠢᠬ | ᠦᠢᠯᠡᠳᠬᠦᠨ ᠢ ᠨᠡᠷ᠎ᠡ ᠠᠯᠳᠠᠷᠳᠠᠢ᠂ ᠢᠲᠡᠭᠡᠮᠵᠢᠲᠡᠢ ︽ᠦᠪᠦᠷ ᠮᠤᠩᠭᠤᠯ ᠤᠨ ᠤᠨᠴᠠᠯᠢᠬ ᠲᠠᠢ︾ ᠨᠡᠷ᠎ᠠ ᠶᠢᠨ | ᠬᠠᠭᠤᠲᠠᠰᠤ ᠪᠤᠯᠭᠠᠨᠴᠤᠬᠴᠠᠯᠠᠨᠠ᠃ | ︵ᠬᠤᠶᠠᠷ︶ ᠤᠳᠤ ᠦᠶ᠎ᠡ ᠶᠢᠨ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ ᠡᠳ᠋ᠰᠢᠭᠦᠯᠬᠦ | ᠦᠢᠯᠡᠰ ᠢ ᠬᠦᠮᠦᠵᠢᠭᠦᠯᠦᠨ ᠪᠤᠵᠠᠭᠠᠢᠢᠷᠠᠭᠤᠯᠤᠨ᠎ᠠ᠃ ︽ᠲᠠᠷᠢᠮᠠᠯ ᠨᠢ ᠡᠬᠢᠨ ᠳᠤ ᠪᠦᠲᠦᠭᠡᠭᠲᠡᠭᠦᠨ ᠨᠢ ᠰᠡᠭᠦᠯ ᠳᠤ︾ | ︽ᠬᠦᠲᠡᠭᠡ ᠠᠵᠦ ᠠᠬᠤᠢ ᠨᠢ ᠡᠬᠢᠨ ᠳᠤ ᠠᠵᠦ ᠦᠢᠯᠡᠳᠪᠦᠷᠢ ᠨᠢ ᠰᠡᠭᠦᠯ ᠳᠤ︾ ᠪᠠᠷ ᠠᠳᠬᠤᠴᠠ ᠪᠤᠯᠭᠠᠨ᠂ ᠮᠠᠯ | ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ ᠭᠤᠤᠯ ᠭᠠᠷᠤᠯᠲᠠ ᠶᠢᠨ ᠤᠷᠤᠨ ᠤ ᠬᠤᠰᠢᠭᠤ ᠰᠢᠶᠠᠨ ᠳᠤ | ᠲᠦᠰᠢᠭᠯᠡᠨ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠲᠦᠭᠡᠭᠲᠡᠭᠦᠨ ᠤ ᠡᠳ᠋ᠰᠢᠭᠦᠯᠬᠦ ᠠᠵᠦ ᠦᠢᠯᠡᠰ ᠤᠨ | ᠪᠦᠯᠦᠭᠯᠡᠯ ᠢ ᠪᠦᠷᠢᠯᠲᠦᠭᠦᠯᠬᠦ ᠪᠠᠷ ᠲᠡᠮᠵᠢᠵᠦ᠂ ᠠᠵᠦ ᠦᠢᠯᠡᠰ ᠤᠨ ᠭᠡᠯᠬᠢᠶᠡᠵᠢᠯ ᠢ ᠬᠤᠰᠢᠭᠤ ᠰᠢᠶᠠᠨ ᠳᠤ ᠪᠠᠨ | ᠦᠯᠡᠲᠡᠭᠡᠨ᠂ ᠮᠠᠯᠵᠢᠬᠤ ᠲᠠᠷᠢᠶᠠᠯᠠᠬᠤ ᠤᠷᠤᠨ ᠤ ᠲᠦᠬᠦᠭᠡᠢ ᠮᠠᠲ᠋ᠧᠷᠢᠶᠠᠯ ᠢ ᠬᠤᠳᠠᠯᠳᠤᠬᠤ᠂ ᠬᠤᠲᠠ ᠳᠤ ᠡᠳ᠋ᠰᠢᠭᠦᠯᠬᠦ | ᠪᠠᠶᠢᠷᠢᠰᠢᠯ ᠢ ᠬᠤᠪᠢᠷᠠᠭᠤᠯᠤᠨ᠎ᠠ᠃ ᠮᠠᠯᠴᠢᠨ ᠲᠠᠷᠢᠶᠠᠴᠢᠨ ᠤ ᠬᠤᠷᠰᠢᠶᠠᠵᠢᠯ᠂ ᠬᠡᠷ ᠪᠦᠯᠢ ᠶᠢᠨ ᠮᠠᠯᠵᠢᠯ ᠲᠠᠷᠢᠶᠠᠯᠠᠩ | ᠤᠨ ᠲᠠᠯᠠᠪᠠᠢ᠂ ᠲᠡᠵᠢᠭᠡᠨ ᠦᠷᠡᠵᠢᠭᠦᠯᠬᠦ ᠲᠤᠮᠤ ᠡᠷᠦᠭᠡ ᠶᠢᠨ ᠡᠵᠡᠩᠨᠡᠯᠲᠡ ᠳᠤ ᠵᠤᠬᠢᠴᠠᠬᠰᠠᠨ ᠮᠠᠯ ᠤᠨ ᠠᠰᠢᠬ ᠰᠢᠮ᠎ᠡ | ᠲᠠᠷᠢᠶᠠᠯᠠᠩ ᠤᠨ ᠪᠦᠲᠦᠭᠡᠭᠲᠡᠭᠦᠨ ᠤ ᠠᠩᠬ᠎ᠠ ᠡᠳ᠋ᠰᠢᠭᠦᠯᠦᠯᠲᠡ ᠶᠢ ᠲᠡᠮᠵᠢᠨ ᠬᠦᠭᠵᠢᠭᠦᠯᠦᠨ᠎ᠡ᠃ ᠮᠠᠯ ᠤᠨ ᠠᠰᠢᠬ | ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠢ ᠨᠠᠷᠢᠯᠢᠬ ᠡᠳ᠋ᠰᠢᠭᠦᠯᠬᠦ ᠦᠢᠯᠡᠳᠪᠦᠷᠢᠯᠡᠬᠦ ᠴᠢᠲᠠᠪᠤᠷᠢ ᠶᠢ ᠮᠠᠯ ᠤᠨ ᠠᠰᠢᠬ | ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ ᠭᠤᠤᠯ ᠭᠠᠷᠤᠯᠲᠠ ᠶᠢᠨ ᠤᠷᠤᠨ ᠪᠤᠯᠤᠨ ᠤᠳᠤ ᠦᠶ᠎ᠡ ᠶᠢᠨ ᠮᠠᠯ ᠠᠵᠦ | ᠠᠬᠤᠢ ᠲᠠᠷᠢᠶᠠᠯᠠᠩ ᠤᠨ ᠠᠵᠦ ᠦᠢᠯᠡᠰ ᠤᠨ ᠬᠦᠷᠢᠶᠡᠯᠡᠩ ᠳᠤ ᠪᠠᠶᠢᠷᠢᠯᠠᠭᠤᠯᠬᠤ ᠪᠠᠷ ᠲᠠᠭᠠᠭᠤᠯᠤᠨ᠂ ᠬᠤᠰᠢᠭᠤ | ᠰᠢᠶᠠᠨ᠂ ᠰᠤᠮᠤ ᠰᠢᠶᠠᠩ ᠪᠠᠯᠭᠠᠰᠤᠨ ᠳᠤ ᠬᠦᠭᠵᠢᠭᠦᠯᠵᠦ᠂ ᠨᠢᠭᠡ ᠪᠦᠯᠦᠭ ᠠᠵᠦ ᠦᠢᠯᠡᠰ ᠤᠨ ᠬᠡᠪᠴᠢᠶᠡᠵᠢᠯ ᠶᠡᠭᠡ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠲᠦᠯᠲᠡ ᠴᠢᠩᠭ᠎ᠠ᠂ ᠡᠳ᠋ᠰᠢᠭᠦᠯᠬᠦ ᠬᠡᠮᠵᠢᠶ᠎ᠡ ᠨᠠᠷᠢᠯᠢᠬ᠂ | ᠵᠢᠱᠢᠶ᠎ᠡ ᠦᠵᠡᠭᠦᠯᠦᠨ ᠲᠠᠶᠢᠴᠢᠯᠠᠬᠤ ᠦᠷ᠎ᠡ ᠠᠰᠢᠬ ᠲᠤᠪᠤᠶᠢᠮ᠎ᠠ ᠮᠠᠯ ᠤᠨ ᠠᠰᠢᠬ ᠰᠢᠮ᠎ᠡ ᠲᠠᠷᠢᠶᠠᠯᠠᠩ ᠤᠨ | ᠪᠦᠲᠦᠭᠡᠭᠲᠡᠭᠦᠨ ᠤ ᠨᠠᠷᠢᠯᠢᠬ ᠡᠳ᠋ᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠪᠦᠭᠡᠮ | ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ ᠨᠠᠷᠢᠯᠢᠬ ᠡᠳ᠋ᠰᠢᠭᠦᠯᠦᠯᠲᠡ ᠶᠢ ᠶᠡᠭᠡ ᠬᠦᠴᠦᠨ ᠢᠶᠠᠷ | ᠬᠦᠭᠵᠢᠭᠦᠯᠵᠦ᠂ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠢ ᠲᠤᠬᠠᠢ ᠶᠢᠨ ᠭᠠᠵᠠᠷ ᠲᠤ ᠨᠢ ᠤᠢᠢᠷ᠎ᠠ | ᠤᠷᠴᠢᠮ ᠳᠤ ᠨᠢ ᠬᠤᠪᠢᠷᠠᠭᠤᠯᠤᠨ ᠦᠷᠲᠡᠭ ᠢ ᠨᠡᠮᠡᠭᠲᠡᠭᠦᠯᠬᠦ ᠶᠢ ᠠᠬᠢᠭᠤᠯᠤᠨ᠎ᠠ᠃ ᠤᠢ ᠲᠤᠳᠤᠷᠠᠬᠢ ᠠᠵᠦ ᠠᠬᠤᠢ᠂ | ᠡᠯᠡᠰᠦᠨ ᠤ ᠠᠵᠦ ᠦᠢᠯᠡᠰ᠂ ᠠᠳᠤᠭᠤᠨ ᠤ ᠠᠵᠦ ᠦᠢᠯᠡᠰ᠂ ᠲᠡᠮᠡᠭᠡᠨ ᠤ ᠠᠵᠦ ᠦᠢᠯᠡᠰ ᠵᠡᠷᠭᠡ ᠤᠨᠴᠠᠯᠢᠬᠲᠦ | ᠠᠵᠦ ᠦᠢᠯᠡᠰ ᠢ ᠬᠦᠨᠵᠡᠭᠡᠢ ᠨᠡᠭᠡᠭᠡᠬᠦ ᠶᠢ ᠴᠢᠩᠭᠠᠳᠬᠠᠨ᠂ ᠡᠰᠢ ᠰᠦᠷᠡᠯ᠂ ᠡᠷᠲᠡᠨᠢ ᠰᠢᠰᠢ ᠶᠢᠨ ᠭᠤᠤᠯ᠂ ᠠᠮᠢᠲᠠᠨ | ᠤ ᠲᠤᠰᠤ᠂ ᠶᠠᠰᠤ ᠮᠢᠬ᠎ᠠ ᠵᠡᠷᠭᠡ ᠶᠢ ᠶᠡᠷᠦᠩᠬᠡᠶᠢᠯᠡᠨ ᠠᠰᠢᠬᠯᠠᠬᠤ ᠶᠢ ᠲᠦᠷᠬᠡᠳᠬᠡᠨ᠂ ᠢᠳᠡᠰᠢᠨ ᠨᠤᠭᠤᠭ᠎ᠠ ᠲᠦᠮᠦᠰᠦ | ᠂ ᠵᠢᠮᠢᠰ᠂ ᠡᠯᠲᠡᠪ ᠠᠮᠤ᠂ ᠮᠦᠬᠦ ᠶᠢᠨ ᠲᠦᠷᠦᠯ᠂ ᠬᠢᠲᠠᠳ ᠮᠤᠩᠭᠤᠯ ᠡᠮ ᠤᠨ ᠮᠠᠲ᠋ᠧᠷᠢᠶᠠᠯ ᠵᠡᠷᠭᠡ ᠰᠢᠮ᠎ᠡ ᠲᠡᠵᠢᠭᠡᠯ | ᠤᠨ ᠴᠢᠲᠠᠪᠬᠢᠲᠦ ᠪᠦᠷᠢᠯᠲᠦᠭᠦᠨ ᠢ ᠭᠠᠷᠭᠠᠨ ᠠᠪᠴᠤ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠎ᠠ᠃ ᠮᠠᠯ ᠤᠨ ᠠᠰᠢᠬ | ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠢ ᠡᠳ᠋ᠰᠢᠭᠦᠯᠬᠦ ᠠᠵᠦ ᠠᠬᠤᠢᠢᠯᠠᠯ ᠤᠨ ᠮᠡᠷᠭᠡᠵᠢᠯ ᠤᠨ ᠦᠭᠡᠷᠡᠴᠢᠯᠠᠯᠲᠠ᠂ | ᠲᠤᠨᠤᠭ ᠲᠦᠭᠦᠭᠡᠷᠦᠮᠵᠢ ᠶᠢᠨ ᠲᠡᠰ ᠲᠡᠪᠰᠢᠯᠲᠡ᠂ ᠪᠦᠲᠦᠭᠡᠭᠲᠡᠭᠦᠨ ᠤ ᠨᠡᠭᠡᠭᠡᠯᠲᠡ ᠪᠠ ᠵᠠᠬᠪᠤᠷ ᠤᠨ ᠰᠢᠨ᠎ᠡ ᠶᠢ | ᠡᠭᠦᠳᠬᠦ ᠶᠢ ᠲᠦᠷᠭᠡᠳᠬᠡᠬᠦ ᠶᠢ ᠲᠡᠮᠵᠢᠵᠦ᠂ ᠠᠵᠦ ᠦᠢᠯᠡᠰ ᠤᠨ ᠬᠡᠯᠬᠢᠶᠡᠵᠢᠯ ᠢ ᠤᠷᠳᠤᠳᠬᠠᠨ᠂ ᠪᠦᠲᠦᠭᠡᠭᠲᠡᠭᠦᠨ ᠤ | ᠦᠷᠢᠰᠦᠯᠲᠦᠬᠦ ᠬᠦᠴᠦᠨ ᠪᠠ ᠲᠠᠶᠢᠴᠢᠯᠠᠬᠤ ᠴᠢᠲᠠᠪᠤᠷᠢ ᠶᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ | ᠨᠢᠭᠡᠲᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ | 2020 ᠣᠨ ᠪᠤᠯᠲᠠᠯ᠎ᠠ ᠪᠦᠬᠦ ᠤᠷᠤᠨ ᠤ ᠮᠠᠯ ᠤᠨ ᠠᠰᠢᠬ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ | ᠡᠳ᠋ᠰᠢᠭᠦᠯᠦᠯᠲᠡ ᠶᠢᠨ ᠨᠤᠷᠮ᠎ᠠ ᠶᠢ 65% ᠳᠤ ᠬᠦᠷᠬᠡᠨ᠎ᠡ᠃ | ︵ᠭᠤᠷᠪᠠ︶ ᠬᠦᠳᠡᠭᠡ ᠲᠤᠰᠬᠤᠨ ᠤ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ | ᠬᠦᠭᠵᠢᠭᠦᠯᠤᠨ᠎ᠠ᠃ ᠬᠠᠩᠭᠠᠨ ᠪᠤᠷᠤᠯᠠᠭᠤᠯᠬᠤ᠂ ᠰᠢᠤᠳᠠᠨ ᠤ ᠶᠠᠪᠤᠳᠠᠯ᠂ ᠮᠠᠯ ᠠᠵᠤ ᠠᠬᠤᠢ ᠲᠠᠷᠢᠶᠠᠯᠠᠩ ᠤᠨ | ᠦᠢᠯᠡᠴᠢᠯᠡᠭᠡᠨ ᠤ ᠺᠤᠮᠫᠠᠨᠢ᠂ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠶᠢᠨ ᠲᠠᠷᠢᠶᠠᠯᠠᠩ ᠤᠨ ᠮᠡᠷᠭᠡᠵᠢᠯ | ᠳᠡᠯᠭᠡᠷᠡᠭᠦᠯᠬᠦ᠂ ᠭᠠᠵᠠᠷ ᠰᠢᠷᠤᠢ ᠨᠠᠶᠢᠳᠠᠨ ᠬᠠᠮᠢᠶᠠᠷᠤᠭᠤᠯᠬᠤ᠂ ᠤᠷᠤᠯᠠᠨ ᠲᠠᠷᠢᠬᠤ᠂ ᠨᠢᠭᠡᠳᠦᠯᠲᠡᠢ ᠰᠡᠷᠭᠡᠶᠢᠯᠡᠨ | ᠵᠠᠰᠠᠬᠤ᠂ ᠠᠮᠤ ᠪᠤᠳᠠᠭ᠎ᠠ ᠬᠠᠲᠠᠭᠠᠨ ᠬᠠᠳᠠᠭᠠᠯᠠᠬᠤ ᠵᠡᠷᠭᠡ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡ ᠦᠷᠨᠢᠭᠦᠯᠬᠦ ᠶᠢ ᠳᠡᠮᠵᠢᠨ᠎ᠡ᠃ ᠬᠦᠳᠡᠭᠡ ᠲᠤᠰᠬᠤᠨ ᠤ ᠡᠬᠢ ᠪᠠᠶᠠᠯᠢᠭ᠂ ᠠᠮᠢ ᠠᠬᠤᠢ | ᠪᠤᠯᠤᠨ ᠰᠤᠶᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠱᠠᠭᠠᠷᠳᠠᠯᠭ᠎ᠠ ᠳᠤ ᠲᠤᠬᠢᠷᠠᠭᠰᠠᠨ ᠰᠡᠯᠡᠭᠦᠴᠡᠯ ᠵᠢᠭᠤᠯᠴᠢᠯᠠᠯ᠂ ᠬᠤᠭᠤᠯᠠ ᠤᠮᠳᠠ ᠠᠶᠢᠯ ᠡᠷᠦᠬᠡ ᠶᠢᠨ ᠪᠠᠭᠤᠳᠠᠯ᠂ | ᠰᠤᠶᠤᠯ ᠤᠨ ᠤᠢᠢᠯᠠᠭᠠᠯᠲᠠ᠂ ᠡᠷᠡᠭᠦᠯ ᠮᠡᠨᠳᠦ ᠡᠷᠡᠭᠦᠯᠵᠢᠯ ᠨᠠᠰᠤᠵᠢᠯ ᠵᠡᠷᠭᠡ ᠦᠢᠯᠡᠴᠢᠯᠡᠭᠡᠨ ᠤ ᠠᠵᠤ ᠦᠢᠯᠡᠰ ᠢ | ᠬᠦᠭᠵᠢᠭᠦᠯᠵᠦ᠂ ᠨᠢᠭᠡ ᠪᠦᠯᠦᠭ ᠵᠢᠭᠤᠯᠴᠢᠯᠠᠯ ᠤᠨ ᠤᠨᠴᠠᠯᠢᠭᠲᠤ ᠵᠢᠵᠢᠭ ᠪᠠᠯᠭᠠᠰᠤ᠂ ᠠᠷᠠᠳ ᠤᠨ ᠵᠠᠩ ᠦᠢᠯᠡ ᠶᠢᠨ | ᠵᠢᠭᠤᠯᠴᠢᠯᠠᠯ ᠤᠨ ᠲᠤᠰᠬᠤᠨ᠂ ᠰᠡᠯᠡᠭᠦᠴᠡᠯ ᠤᠨ ᠲᠠᠷᠢᠶᠠᠴᠢᠨ ᠠᠶᠢᠯ᠂ ᠬᠦᠳᠡᠭᠡ ᠲᠤᠰᠬᠤᠨ ᠤ ᠠᠶᠢᠯ ᠡᠷᠦᠬᠡ ᠶᠢᠨ | ᠪᠠᠭᠤᠳᠠᠯ᠂ ᠡᠷᠡᠭᠦᠯᠵᠢᠯ ᠪᠡᠶ᠎ᠡ ᠰᠤᠪᠢᠯᠠᠯᠲᠠ᠂ ᠦᠪᠠᠰᠦᠪᠡᠨ ᠲᠡᠷᠭᠡ ᠵᠢᠯᠤᠭᠤᠳᠤᠨ ᠵᠢᠭᠤᠯᠴᠢᠯᠠᠭᠴᠢᠳ ᠤᠨ | ᠵᠤᠭᠰᠤᠭᠠᠯ ᠵᠡᠷᠭᠡ ᠶᠢ ᠪᠠᠶᠢᠭᠤᠯᠤᠨ᠎ᠠ᠃ ᠬᠦᠳᠡᠭᠡ ᠲᠤᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠳᠡᠰ ᠳᠡᠪᠰᠢᠭᠦᠯᠬᠦ ᠠᠵᠢᠯᠯᠠᠭ᠎ᠠ ᠶᠢ ᠦᠷᠭᠦᠯᠵᠢᠯᠡᠨᠦᠷᠨᠢᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠰᠠᠭᠤᠷᠢ | ᠪᠡᠯᠡᠳᠬᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠮᠡᠳᠡᠭᠡ ᠵᠠᠩᠭᠢ᠂ | ᠰᠢᠤᠳᠠᠨ ᠤ ᠶᠠᠪᠤᠳᠠᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢ ᠰᠠᠶᠢᠵᠢᠷᠠᠭᠤᠯᠤᠨ᠎ᠠ᠃ | ︵ᠳᠦᠷᠪᠡ︶ ᠲᠤᠭᠠᠴᠢᠯᠠᠭᠰᠠᠨ ᠬᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ︽ | ᠢᠨᠲ᠋ᠧᠷ ᠰᠦᠯᠵᠢᠶ᠎ᠡ + ᠮᠠᠯ ᠠᠵᠤ ᠠᠬᠤᠢ ᠲᠠᠷᠢᠶᠠᠯᠠᠩ︾ ᠢ ᠭᠦᠨᠵᠡᠭᠡᠢ ᠠᠬᠢᠭᠤᠯᠵᠤ᠂ ᠪᠤᠳᠠᠰ ᠤᠨ ᠭᠦᠢᠯᠭᠡᠭᠡᠨ ᠤ | ᠰᠦᠯᠵᠢᠶ᠎ᠡ᠂ ᠡᠭᠦᠯᠡᠨ ᠪᠤᠳᠤᠯᠲᠠ᠂ ᠲᠤᠮᠤ ᠳ᠋ᠠᠶᠢᠲ᠋ᠠ᠂ ᠨᠡᠭᠦᠳᠡᠯ ᠬᠤᠯᠪᠤᠭ᠎ᠠ ᠵᠡᠷᠭᠡ ᠶᠢᠨ ᠮᠡᠷᠭᠡᠵᠢᠯ ᠤᠨ ᠮᠠᠯ ᠠᠵᠤ | ᠠᠬᠤᠢ ᠲᠠᠷᠢᠶᠠᠯᠠᠩ ᠤᠨ ᠬᠦᠷᠢᠶᠡᠨ ᠳᠠᠬᠢ ᠵᠢᠱᠢᠶ᠎ᠡ ᠦᠵᠡᠭᠦᠯᠬᠦ ᠬᠡᠷᠡᠭᠯᠡᠭᠡᠨ ᠢ ᠦᠷᠭᠡᠳᠬᠡᠵᠦ᠂ ᠤᠶᠤᠨᠴᠢ ᠮᠠᠯ ᠠᠵᠤ | ᠠᠬᠤᠢ ᠲᠠᠷᠢᠶᠠᠯᠠᠩ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠭᠦᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠤᠮᠤ ᠳ᠋ᠠᠶᠢᠲ᠋ᠠ ᠶᠢᠨ ᠪᠠᠶᠢᠭᠤᠯᠤᠯᠲᠠ ᠶᠢ ᠠᠬᠢᠭᠤᠯᠵᠤ᠂ | ᠲᠤᠭᠠᠴᠢᠯᠠᠭᠰᠠᠨ ᠮᠠᠯ ᠠᠵᠤ ᠠᠬᠤᠢ ᠲᠠᠷᠢᠶᠠᠯᠠᠩ ᠤᠨ ᠮᠠᠯᠵᠢᠬᠤ ᠲᠠᠷᠢᠶᠠᠯᠠᠬᠤ ᠤᠷᠤᠨ ᠤ ᠰᠢᠰᠲ᠋ᠧᠮᠴᠢᠯᠡᠭᠰᠡᠨ | ᠪᠠᠶᠢᠭᠤᠯᠤᠯᠲᠠ ᠶᠢ ᠰᠠᠶᠢᠲᠤᠷ ᠪᠡᠶᠡᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ | ᠤᠷᠤᠨ ᠳᠤ ᠤᠷᠤᠭᠤᠯᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ︽ᠢᠨᠲ᠋ᠧᠷ ᠰᠦᠯᠵᠢᠶ᠎ᠡ +︾ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠬᠦᠳᠡᠭᠡ ᠲᠤᠰᠬᠤᠨ ᠠᠴᠠ ᠬᠤᠲᠠ ᠳᠤ ᠬᠦᠷᠭᠡᠬᠦ ᠢᠨᠵᠧᠨᠧᠷᠢᠩ | ᠢ ᠬᠡᠷᠡᠭᠵᠢᠭᠦᠯᠦᠨ᠎ᠡ᠃ ᠮᠠᠯ ᠠᠵᠤ ᠠᠬᠤᠢ ᠲᠠᠷᠢᠶᠠᠯᠠᠩ ᠤᠨ ᠪᠤᠳᠠᠰ ᠤᠨ ᠭᠦᠢᠯᠭᠡᠭᠡ ᠶᠢᠨ ᠰᠦᠯᠵᠢᠶ᠎ᠡ ᠶᠢᠨ ᠬᠡᠷᠡᠭᠯᠡᠭᠡᠨ | ᠤ ᠵᠢᠱᠢᠶ᠎ᠡ ᠦᠵᠡᠭᠦᠯᠬᠦ ᠰᠠᠭᠤᠷᠢᠨ ᠪᠠᠶᠢᠭᠤᠯᠬᠤ ᠶᠢ ᠦᠷᠨᠢᠭᠦᠯᠵᠦ᠂ ᠮᠡᠳᠡᠭᠡ ᠵᠠᠩᠭᠢ ᠶᠢ ᠠᠶᠢᠯ ᠡᠷᠦᠬᠡ ᠳᠤ | ᠨᠡᠪᠲᠡᠷᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠭᠠᠴᠠᠭ᠎ᠠ ᠲᠤᠰᠬᠤᠨ ᠤ ᠲᠠᠷᠢᠶᠠᠯᠠᠩ ᠳᠤ ᠠᠰᠢᠭᠲᠠᠢ ᠮᠡᠳᠡᠭᠡ | ᠵᠠᠩᠭᠢ ᠶᠢᠨ ᠦᠢᠯᠡᠴᠢᠯᠡᠭᠡᠨ ᠤ ᠬᠤᠷᠢᠶ᠎ᠡ ᠪᠠᠶᠢᠭᠤᠯᠬᠤ ᠶᠢ ᠦᠷᠨᠢᠭᠦᠯᠵᠦ᠂ ︽ᠢᠨᠲ᠋ᠧᠷ ᠰᠦᠯᠵᠢᠶ᠎ᠡ +︾ ᠳᠤ | ᠲᠦᠰᠢᠭᠯᠡᠨ ᠤᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠤᠷᠤᠨ ᠵᠦᠭ ᠦᠷᠭᠡᠳᠬᠡᠵᠦ᠂ ᠠᠯᠤᠰ | ᠡᠵᠡᠮᠰᠢᠯᠲᠤ ᠡᠮᠴᠢᠯᠡᠭᠡ᠂ ᠠᠯᠤᠰ ᠡᠵᠠᠮᠰᠢᠯᠲᠤ ᠰᠤᠷᠭᠠᠨ ᠬᠦᠮᠦᠵᠢᠯ ᠢ ᠶᠡᠭᠡ ᠪᠠᠷ ᠠᠬᠢᠭᠤᠯᠤᠨ᠎ᠠ᠃ ᠪᠦᠬᠦ ᠤᠷᠤᠨ ᠤ | ᠮᠠᠯ ᠠᠵᠤ ᠠᠬᠤᠢ ᠲᠠᠷᠢᠶᠠᠯᠠᠩ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠰᠢᠯᠭᠠᠨ ᠪᠠᠶᠢᠴᠠᠭᠠᠵᠤ ᠤᠷᠢᠳᠴᠢᠯᠠᠨ | ᠰᠡᠷᠡᠮᠵᠢᠯᠡᠭᠦᠯᠬᠦ ᠲᠠᠪᠴᠠᠩ ᠤᠨ ᠪᠠᠶᠢᠭᠤᠯᠤᠯᠲᠠ ᠪᠤᠯᠤᠨ ᠲᠠᠷᠢᠶᠠᠯᠠᠩ ᠤᠨ ᠬᠡᠷᠡᠭᠰᠡᠯ ᠤᠨ ᠪᠤᠳᠠᠰ ᠤᠨ ᠭᠦᠢᠯᠭᠡᠭᠡ ᠶᠢᠨ | ᠰᠦᠯᠵᠢᠶ᠎ᠡ ᠶᠢᠨ ᠬᠡᠷᠡᠭᠯᠡᠭᠡᠨ ᠢ ᠲᠦᠷᠭᠡᠳᠬᠡᠨ᠎ᠡ᠃ ᠦᠪᠡᠷᠲᠡᠭᠡᠨ ᠵᠠᠰᠠᠬᠤ ᠤᠷᠤᠨ ᠤ ᠮᠠᠯ ᠠᠵᠤ ᠠᠬᠤᠢ ᠲᠠᠷᠢᠶᠠᠯᠠᠩ | ᠤᠨ ᠳ᠋ᠠᠶᠢᠲ᠋ᠠ ᠶᠢᠨ ᠲᠦᠪ ᠢ ᠦᠭᠡᠷᠡᠴᠢᠯᠡᠨ ᠳᠡᠰ ᠳᠡᠪᠰᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ︽ᠪᠢᠴᠢᠯ | ᠪᠦᠷᠭᠡ᠂ ᠵᠢᠷᠭᠢᠶ᠎ᠡ᠂ ᠰᠢᠯᠵᠢᠶ᠎ᠡ ᠪᠠ ᠲᠦᠪ ᠰᠦᠯᠵᠢᠶ᠎ᠡ︾ ᠶᠢᠨ ᠦᠢᠯᠡᠴᠢᠯᠡᠭᠡᠨ ᠤ ᠳᠠᠪᠴᠠᠩ ᠪᠠ ︽12316︾᠂ | ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠦᠢᠯᠡᠴᠢᠯᠡᠭᠡᠨ ᠤ | ᠬᠠᠯᠠᠮᠰᠢᠯ ᠤᠳᠠᠰᠤ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︵ᠲᠠᠪᠤ︶ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠤᠯᠭᠤᠬᠤ ᠶᠢ | ᠠᠬᠢᠭᠤᠯᠤᠨ᠎ᠠ᠃ ᠰᠢᠨ᠎ᠡ ᠪᠠᠷ ᠪᠤᠢ ᠪᠤᠯᠤᠭᠰᠠᠨ ᠬᠦᠯᠦᠰᠦᠨ ᠮᠠᠯᠴᠢᠨ ᠲᠠᠷᠢᠶᠠᠴᠢᠨ ᠢᠶᠠᠷ ᠪᠤᠯᠪᠠᠰᠤᠷᠠᠯ ᠬᠦᠷᠲᠡᠭᠡᠬᠦ | ᠭᠤᠤᠯᠳᠠᠯᠭ᠎ᠠ ᠪᠤᠯᠭᠠᠭᠰᠠᠨ ︽ᠬᠠᠪᠤᠷ ᠤᠨ ᠤᠷᠢ ᠶᠢᠨ ᠠᠵᠢᠯᠯᠠᠭ᠎ᠠ︾ ᠶᠢ ᠬᠡᠷᠡᠭᠵᠢᠭᠦᠯᠵᠦ᠂ ᠵᠠᠬᠢᠶᠠᠯᠠᠭ᠎ᠠ ᠶᠢᠨ | ᠬᠡᠯᠪᠡᠷᠢ ᠶᠢᠨ᠂ ᠠᠵᠢᠯ ᠤᠨ ᠪᠠᠶᠢᠷᠢ ᠶᠢ ᠲᠤᠭᠲᠠᠭᠠᠭᠰᠠᠨ ᠪᠠ ᠬᠠᠨᠳᠤᠯᠭᠠᠲᠤ ᠬᠡᠯᠪᠡᠷᠢ ᠶᠢᠨ ᠪᠤᠯᠪᠠᠰᠤᠷᠠᠯ ᠪᠤᠯᠤᠨ | ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠯ ᠢ ᠦᠷᠨᠢᠭᠦᠯᠵᠦ᠂ ᠪᠤᠯᠪᠠᠰᠤᠷᠠᠯ ᠳᠤ | ᠤᠷᠤᠯᠴᠠᠭᠰᠠᠨ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ ᠳᠤ ᠬᠦᠮᠦᠨ ᠪᠦᠷᠢ ᠳᠤ ᠡᠳᠦᠷ ᠲᠤ 100 | ᠲᠦᠭᠦᠷᠢᠭ ᠤᠨ ᠠᠵᠢᠯ ᠰᠠᠭᠠᠲᠠᠭᠰᠠᠨ ᠨᠦᠬᠦᠪᠦᠷᠢ ᠪᠤᠯᠤᠨ ᠵᠠᠮ ᠬᠠᠷᠢᠯᠴᠠᠭᠠᠨ ᠤ ᠨᠦᠬᠦᠪᠦᠷᠢ ᠤᠯᠭᠤᠨ᠎ᠠ᠃ ︽ | ᠤᠷᠢᠬᠠᠨ ᠬᠠᠪᠤᠷ ᠤᠨ ᠠᠵᠢᠯᠯᠠᠭ᠎ᠠ︾ ᠪᠤᠯᠤᠨ ︽ᠪᠡᠭᠡᠵᠢᠩ ᠦᠪᠦᠷ ᠮᠤᠩᠭᠤᠯ ᠤᠨ ᠬᠦᠳᠡᠯᠮᠦᠷᠢ ᠬᠦᠴᠦ ᠶᠢ | ᠵᠠᠯᠭᠠᠭᠤᠯᠬᠤ︾ ᠵᠡᠷᠭᠡ ᠲᠤᠰᠬᠠᠢ ᠲᠦᠷᠦᠯ ᠤᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ | ᠲᠤᠬᠢᠷᠠᠮᠵᠢᠲᠠᠢ ᠠᠵᠤ ᠦᠢᠯᠡᠰ ᠢ ᠵᠢᠵᠢᠭ ᠬᠤᠲᠠ ᠪᠠᠯᠭᠠᠰᠤ ᠵᠦᠭ ᠲᠦᠪᠯᠡᠷᠡᠭᠦᠯᠬᠦ ᠶᠢ ᠳᠡᠮᠵᠢᠵᠦ᠂ ᠠᠵᠢᠯ ᠤᠯᠭᠤᠬᠤ | ᠴᠢᠳᠠᠪᠤᠷᠢ ᠪᠠᠷ ᠴᠢᠩᠭ᠎ᠠ ᠬᠦᠳᠡᠭᠡ ᠲᠤᠰᠬᠤᠨ ᠤ ᠠᠵᠤ ᠠᠬᠤᠢᠢᠯᠠᠯ ᠤᠨ ᠬᠦᠭᠵᠢᠯᠲᠡ ᠶᠢ ᠳᠡᠮᠵᠢᠵᠦ᠂ ᠠᠵᠤ | ᠠᠬᠤᠢᠢᠯᠠᠯ ᠤᠨ ᠬᠦᠳᠡᠭᠡ ᠲᠤᠰᠬᠤᠨ ᠳᠤ ᠦᠢᠯᠡᠳᠪᠦᠷᠢᠯᠡᠯ ᠤᠨ ᠲᠠᠰᠤᠭ ᠪᠠᠶᠢᠭᠤᠯᠬᠤ᠂ ᠠᠵᠢᠯ ᠤᠯᠭᠤᠬᠤ ᠰᠠᠭᠤᠷᠢᠨ | ᠪᠠᠶᠢᠭᠤᠯᠬᠤ ᠶᠢ ᠳᠡᠮᠵᠢᠵᠦ᠂ ᠮᠠᠯᠴᠢᠨ ᠲᠠᠷᠢᠶᠠᠴᠢᠨ ᠤ ᠠᠵᠢᠯ ᠤᠯᠬᠤ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ | ᠬᠤᠲᠠ ᠬᠦᠳᠡᠭᠡ ᠲᠡᠩᠴᠡᠭᠦᠷᠢᠰᠢᠭᠰᠡᠨ ᠤᠯᠠᠨ ᠨᠡᠶᠢᠲᠡ ᠶᠢᠨ ᠠᠵᠢᠯ ᠤᠯᠭᠤᠯᠲᠠ ᠶᠢᠨ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠭᠠᠵᠠᠷ ᠤᠷᠤᠨ ᠦᠷᠭᠦᠯᠵᠢᠯᠡᠨ ᠲᠤᠭᠲᠠᠭᠰᠠᠨ ᠬᠤᠭᠤᠴᠠᠭ᠎ᠠ ᠲᠠᠢ ᠪᠠᠷ | ᠬᠦᠯᠦᠰᠦᠨ ᠮᠠᠯᠴᠢᠨ ᠲᠠᠷᠢᠶᠠᠴᠢᠨ ᠤ ᠲᠤᠰᠬᠠᠢ ᠲᠠᠯᠠᠪᠠᠢ ᠠᠵᠢᠯᠲᠠᠨ ᠡᠯᠰᠡᠬᠦ ᠬᠤᠷᠠᠯ ᠬᠢᠵᠦ᠂ ᠬᠦᠯᠦᠰᠦᠨ ᠮᠠᠯᠴᠢᠨ | ᠲᠠᠷᠢᠶᠠᠴᠢᠨ ᠳᠤ ᠠᠵᠢᠯ ᠤᠯᠭᠤᠬᠤ ᠲᠠᠪᠴᠠᠩ ᠬᠠᠩᠭᠠᠵᠤ᠂ ᠬᠦᠯᠦᠰᠦᠨ ᠮᠠᠯᠴᠢᠨ ᠲᠠᠷᠢᠶᠠᠴᠢᠨ ᠤ ᠲᠤᠭᠲᠠᠭᠤᠨ | ᠠᠵᠢᠯ ᠤᠯᠬᠤ ᠶᠢ ᠠᠬᠢᠭᠤᠯᠤᠨ᠂ ᠴᠠᠯᠢᠩ ᠬᠦᠯᠦᠰᠦ ᠶᠢ ᠨᠢ ᠴᠠᠭ ᠲᠤᠬᠠᠢ ᠳᠤ ᠨᠢ ᠲᠤᠭ᠎ᠠ ᠶᠤᠰᠤᠭᠠᠷ ᠦᠭᠬᠦ ᠶᠢ | ᠪᠠᠲᠤᠯᠠᠨ᠎ᠠ᠃ ᠮᠠᠯ ᠠᠵᠤ ᠠᠬᠤᠢ ᠲᠠᠷᠢᠶᠠᠯᠠᠩ ᠤᠨ ᠰᠢᠯᠵᠢᠭᠰᠡᠨ ᠬᠦᠮᠦᠨ ᠠᠮᠠ ᠶᠢᠨ ᠬᠤᠲᠠ ᠶᠢᠨ ᠠᠷᠠᠳ ᠪᠤᠯᠬᠤ ᠶᠢ | ᠲᠦᠷᠭᠡᠳᠬᠡᠵᠦ᠂ ᠬᠤᠲᠠ ᠬᠦᠳᠡᠭᠡ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠪᠠᠶᠢᠩᠭᠤ ᠰᠠᠭᠤᠭ᠎ᠠ | ᠬᠦᠮᠦᠨ ᠪᠦᠬᠦᠨ ᠳᠤ ᠬᠦᠷᠲᠡᠭᠡᠬᠦ ᠶᠢ ᠠᠬᠢᠭᠤᠯᠤᠨ᠎ᠠ᠃ | ︵ᠵᠢᠷᠭᠤᠭ᠎ᠠ︶ ᠬᠦᠳᠡᠭᠡ ᠲᠤᠰᠬᠤᠨ ᠤ ᠰᠢᠨ᠎ᠡ ᠶᠢ ᠡᠭᠦᠳᠴᠦ ᠦᠢᠯᠡᠰ ᠪᠤᠰᠬᠠᠬᠤ ᠶᠢ ᠳᠡᠮᠵᠢᠨ᠎ᠡ᠃ | ᠮᠠᠯᠵᠢᠬᠤ ᠲᠠᠷᠢᠶᠠᠯᠠᠬᠤ ᠤᠷᠤᠨ ᠤ ᠠᠵᠢᠯ ᠤᠯᠭᠤᠯᠳᠠ ᠪᠠ ᠦᠢᠯᠡᠰ ᠪᠤᠰᠬᠠᠬᠤ ᠶᠢ ᠠᠬᠢᠭᠤᠯᠬᠤ ᠠᠵᠢᠯᠯᠠᠭ᠎ᠠ ᠶᠢ | ᠦᠷᠨᠢᠬᠦᠯᠵᠦ᠂ ᠭᠠᠳᠠᠭᠰᠢ ᠭᠠᠷᠤᠭᠰᠠᠨ ᠬᠦᠯᠦᠰᠦᠨ ᠮᠠᠯᠴᠢᠨ ᠲᠠᠷᠢᠶᠠᠴᠢᠨ᠂ ᠲᠡᠭᠦᠰᠦᠭᠰᠡᠨ ᠤᠶᠤᠳᠠᠳ᠂ | ᠴᠡᠷᠢᠭ ᠠᠴᠠ ᠬᠠᠯᠠᠭᠳᠠᠭᠰᠠᠳ᠂ ᠬᠤᠳᠠ ᠶᠢᠨ ᠡᠯ᠎ᠡ ᠲᠦᠷᠦᠯ ᠤᠨ ᠴᠢᠳᠠᠪᠤᠷᠢᠳᠠᠨ ᠤ ᠨᠤᠳᠤᠭ ᠲᠤ ᠪᠠᠨ ᠪᠤᠴᠠᠵᠦ | ᠬᠦᠳᠡᠭᠡ ᠪᠠᠭᠤᠵᠤ ᠰᠢᠨ᠎ᠡ ᠶᠢ ᠡᠭᠦᠳᠦᠨ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃ ᠦᠢᠯᠡᠰ ᠪᠤᠰᠬᠠᠬᠤ ᠶᠢ | ᠲᠤᠯᠭᠠᠭᠤᠷᠢᠯᠠᠬᠤ ᠤᠯᠠᠨ ᠵᠦᠢᠯ ᠤᠨ ᠦᠢᠯᠡᠴᠢᠯᠡᠭᠡᠨ ᠤ ᠳᠡᠪᠴᠡᠩ ᠪᠠᠶᠢᠭᠤᠯᠬᠤ ᠶᠢ ᠳᠡᠮᠵᠢᠵᠦ᠂ ᠬᠦᠳᠡᠭᠡ ᠲᠤᠰᠬᠤᠨ | ᠤ ᠰᠢᠨ᠎ᠡ ᠶᠢ ᠡᠭᠦᠳᠦᠨ ᠦᠢᠯᠡᠰ ᠪᠤᠰᠬᠠᠬᠤ ᠶᠢ ᠳᠡᠮᠵᠢᠬᠦ ᠦᠢᠯᠡᠴᠢᠯᠡᠭᠡᠨ ᠤ ᠰᠢᠰᠲ᠋ᠧᠮᠵᠢ ᠶᠢ ᠳᠡᠬᠦᠯᠳᠡᠷᠵᠢᠬᠦᠯᠦᠨ᠎ᠡ᠃ | ᠭᠠᠶᠢᠯᠢ ᠶᠢ ᠬᠠᠰᠤᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠡᠯ᠎ᠡ | ᠭᠠᠵᠠᠷ ᠤᠷᠤᠨ ᠲᠤ ᠬᠦᠳᠡᠭᠡ ᠲᠤᠰᠬᠤᠨ ᠤ ᠠᠵᠢᠯ ᠤᠯᠭᠤᠯᠳᠠ ᠦᠢᠯᠡᠰ ᠪᠤᠰᠬᠠᠬᠤ ᠶᠢ ᠵᠢᠯᠤᠭᠤᠳᠬᠤ ᠪᠡᠯᠡ | ᠮᠦᠩᠬᠦ ᠳᠤᠬᠢᠷᠠᠭᠤᠯᠵᠦ᠂ ᠪᠠᠲᠤᠯᠠᠭ᠎ᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠭᠠᠵᠠᠷ ᠭᠡᠷᠡᠭᠯᠡᠬᠦ᠂ ᠢᠳᠡᠭᠡᠮᠵᠢᠳᠦ | ᠵᠢᠭᠡᠯᠡᠯᠭᠡ ᠬᠢᠬᠦ ᠵᠡᠷᠭᠡ ᠬᠦᠴᠢᠷᠳᠡᠯ ᠢ ᠦᠨᠡᠨ ᠬᠦ ᠰᠢᠢᠳᠪᠦᠷᠢᠯᠡᠨ᠎ᠡ᠃ ᠰᠢᠨ᠎ᠡ ᠶᠢ ᠡᠭᠦᠳᠦᠨ ᠦᠢᠯᠡᠰ ᠪᠤᠰᠬᠠᠬᠤ ᠶᠢ | ᠨᠡᠪᠴᠢᠬᠦᠯᠬᠦ ᠳᠡᠪᠴᠡᠩ ᠤᠨ ᠪᠠᠶᠢᠭᠤᠯᠤᠯᠳᠠ ᠶᠢ ᠴᠢᠩᠭᠠᠳᠬᠠᠨ᠂ ᠨᠢᠭᠡ ᠪᠦᠯᠦᠭ ᠨᠤᠳᠤᠭ ᠲᠤ ᠪᠠᠨ ᠪᠤᠴᠠᠵᠦ | ᠦᠢᠯᠡᠰ ᠪᠤᠰᠬᠠᠬᠤ ᠬᠦᠷᠢᠶᠡᠯᠡᠩ ᠢ ᠡᠭᠦᠳᠦᠨ ᠪᠠᠶᠢᠭᠤᠯᠵᠦ᠂ ᠪᠠᠭ᠎ᠠ ᠵᠢᠵᠢᠭ ᠠᠵᠦ ᠠᠬᠤᠢᠢᠯᠠᠯ ᠤᠨ ᠬᠦᠭᠵᠢᠯᠳᠡ ᠶᠢ | ᠳᠡᠮᠵᠢᠨ᠎ᠡ᠃ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ | ᠲᠤᠭᠤᠷᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠦ ᠠᠬᠤᠢᠢᠯᠠᠯ᠂ ᠮᠠᠯᠴᠢᠨ ᠲᠠᠷᠢᠶᠠᠴᠢᠨ | ᠤ ᠲᠤᠰᠬᠠᠢ ᠬᠤᠷᠰᠢᠶ᠎ᠠ ᠵᠡᠷᠭᠡ ᠪᠠᠷ ᠠᠴᠢᠶᠠᠯᠠᠪᠤᠷᠢ ᠪᠤᠯᠭᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠ | ᠲᠤᠮᠢᠯᠠᠭᠳᠠᠭᠰᠠᠳ᠂ ᠲᠡᠭᠦᠰᠦᠭᠰᠡᠨ ᠤᠶᠤᠳᠠᠳ᠂ ᠨᠤᠳᠤᠭ ᠲᠤ ᠪᠠᠨ ᠪᠤᠴᠠᠭᠰᠠᠨ ᠬᠦᠯᠦᠰᠦᠨ ᠮᠠᠯᠴᠢᠨ ᠲᠠᠷᠢᠶᠠᠴᠢᠨ᠂ | ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠵᠡᠷᠭᠡ ᠳᠤ ᠬᠠᠨᠳᠤᠭᠤᠯᠤᠨ᠂ 200 ᠭᠠᠷᠤᠢ ᠦᠪᠡᠷᠳᠡᠭᠡᠨ ᠵᠠᠰᠠᠬᠤ | ᠤᠷᠤᠨ ᠤ ᠮᠠᠯᠵᠢᠬᠤ ᠲᠠᠷᠢᠶᠠᠯᠠᠬᠤ ᠤᠷᠤᠨ ᠤ ︽ᠤᠳᠤᠨ ᠡᠭᠦᠳᠦᠯᠳᠡ ᠶᠢᠨ ᠤᠷᠤᠨ ᠵᠠᠢ︾ ᠶᠢ ᠴᠤᠭᠴᠠᠯᠠᠨ᠎ᠠ᠃ | ᠲᠠᠪᠤ᠂ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠦ᠂ ︽ | ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ︾ ᠤ ᠬᠦᠭᠵᠢᠯᠳᠡ ᠶᠢᠨ ᠠᠮᠢᠵᠢᠷᠠᠯ ᠤᠨ ᠬᠦᠴᠦᠨ ᠢ | ᠲᠠᠰᠤᠷᠠᠯᠳᠡ ᠦᠭᠡᠢ ᠬᠦᠭᠵᠢᠭᠡᠨ᠎ᠡ | ︵ᠨᠢᠭᠡ︶ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠡᠵᠡᠩᠨᠡᠯᠳᠡ ᠶᠢᠨ ᠳᠦᠷᠢᠮ ᠢ ᠪᠠᠬᠢᠵᠢᠬᠦᠯᠬᠦ ᠪᠠ | ᠲᠡᠬᠦᠯᠳᠡᠷᠵᠢᠬᠦᠯᠦᠨ᠎ᠡ᠃ ᠭᠡᠷ ᠪᠦᠯᠢ ᠶᠢᠨ ᠡᠵᠡᠩᠨᠡᠯᠳᠡ ᠶᠢᠨ ᠰᠠᠭᠤᠷᠢᠯᠠᠬᠤ ᠴᠢᠨᠠᠷᠳᠠᠢ ᠪᠠᠶᠢᠷᠢ ᠰᠠᠭᠤᠷᠢ ᠶᠢ | ᠪᠠᠷᠢᠮᠳᠠᠯᠠᠨ᠎ᠠ᠃ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠯᠤᠨ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠬᠤᠶᠠᠷ | ᠲᠦᠷᠦᠯ ᠤᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠠ ᠶᠢ ᠲᠦᠷᠭᠡᠳᠭᠡᠨ | ᠬᠦᠭᠵᠢᠬᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠪᠤᠶᠢᠵᠢᠭᠤᠯᠬᠤ ᠲᠦᠯᠦᠪᠯᠡᠭᠡ ᠶᠢ | ᠡᠬᠢᠯᠡᠬᠦᠯᠵᠦ᠂ ᠨᠢᠭᠡ ᠪᠦᠯᠦᠭ ᠬᠡᠪᠴᠢᠶ᠎ᠡ ᠨᠢ ᠳᠤᠬᠢᠷᠠᠮᠵᠢᠳᠠᠢ᠂ ᠦᠢᠯᠡᠳᠪᠦᠷᠢᠯᠡᠯ ᠨᠢ ᠡᠷᠴᠢᠮᠯᠢᠭ᠂ ᠲᠠᠷᠢᠬᠦᠨ ᠤ | ᠬᠠᠮᠢᠶᠠᠷᠤᠯᠳᠠ ᠲᠠᠢ᠂ ᠦᠷ᠎ᠠ ᠠᠰᠢᠭ ᠨᠢ ᠳᠤᠪᠤᠶᠢᠮ᠎ᠠ ᠵᠢᠱᠢᠶᠡᠴᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ | ᠶᠢ ᠪᠤᠶᠢᠵᠢᠭᠤᠯᠵᠦ᠂ 2020 ᠣᠨ ᠪᠤᠯᠳᠠᠯ᠎ᠠ ᠪᠦᠬᠦ ᠤᠷᠤᠨ ᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ | ᠶᠢ 3 ᠲᠦᠮᠡ ᠠᠴᠠ ᠳᠡᠭᠡᠭᠰᠢ ᠪᠤᠯᠭᠠᠨ᠎ᠠ᠃ ᠮᠠᠯᠴᠢᠨ ᠲᠠᠷᠢᠶᠠᠴᠢᠨ ᠤ ᠬᠤᠷᠰᠢᠶ᠎ᠠ ᠶᠢ ᠳᠦᠷᠢᠮᠵᠢᠬᠦᠯᠦᠨ ᠳᠡᠰ | ᠳᠡᠪᠰᠢᠬᠦᠯᠬᠦ ᠠᠵᠢᠯᠯᠠᠭ᠎ᠠ ᠶᠢ ᠦᠷᠨᠢᠬᠦᠯᠵᠦ᠂ ᠬᠠᠮᠳᠤ ᠪᠠᠷ ᠪᠡᠯᠡ ᠮᠦᠩᠬᠦ ᠭᠠᠷᠭᠠᠵᠦ᠂ ᠲᠦᠷᠦᠯ ᠳᠡᠮᠳᠡᠭ ᠢ | ᠬᠠᠮᠳᠤ ᠪᠠᠷ ᠡᠭᠦᠳᠴᠦ᠂ ᠦᠷ᠎ᠡ ᠠᠰᠢᠭ ᠢ ᠬᠠᠮᠳᠤ ᠪᠠᠷ ᠡᠳ᠋ᠯᠡᠬᠦ ᠬᠤᠷᠰᠢᠶ᠎ᠠ ᠬᠤᠯᠪᠤᠭᠠᠳᠦ ᠬᠤᠷᠰᠢᠶ᠎ᠠ ᠶᠢ ᠬᠠᠤᠯᠢ | ᠶᠤᠰᠤᠭᠠᠷ ᠪᠠᠶᠢᠭᠤᠯᠬᠤ ᠶᠢ ᠵᠤᠷᠢᠭᠵᠢᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ | ᠲᠠᠷᠢᠶᠠᠴᠢᠨ ᠤ ᠬᠤᠷᠰᠢᠶ᠎ᠠ ᠪᠠ ᠦᠨᠳᠦᠰᠦᠨ ᠱᠠᠳᠤᠨ ᠤ ᠬᠠᠩᠭᠠᠨ ᠪᠤᠷᠤᠯᠠᠭᠤᠯᠬᠤ ᠬᠤᠷᠰᠢᠶ᠎ᠡ ᠶᠢᠨ ᠬᠦᠭᠵᠢᠯᠳᠡ ᠶᠢ | ᠳᠡᠮᠵᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠪᠤᠯᠤᠨ ᠬᠠᠮᠢᠶᠠᠷᠤᠯᠳᠠ ᠶᠢᠨ ᠳᠦᠷᠢᠮ ᠢ ᠲᠤᠭᠳᠠᠭᠠᠵᠦ | ᠪᠦᠷᠢᠨᠰᠢᠬᠦᠯᠦᠨ᠎ᠡ᠃ ᠪᠠᠭ᠎ᠠ ᠮᠠᠯᠴᠢᠨ ᠲᠠᠷᠢᠶᠠᠴᠢᠨ ᠡᠷᠦᠭᠡ ᠬᠢᠭᠡᠳ ᠤᠳᠤ ᠦᠶ᠎ᠡ ᠶᠢᠨ ᠮᠠᠯ ᠠᠵᠤ ᠠᠬᠤᠢ | ᠲᠠᠷᠢᠶᠠᠯᠠᠩ ᠤᠨ ᠬᠦᠭᠵᠢᠯᠳᠡ ᠶᠢ ᠤᠷᠭᠠᠨᠢᠭ ᠢᠶᠠᠷ ᠵᠤᠯᠭᠠᠭᠤᠯᠬᠤ ᠶᠢ ᠳᠡᠮᠵᠢᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠡᠯ᠎ᠡ ᠲᠦᠷᠦᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠶᠢ | ᠲᠦᠷᠭᠡᠳᠭᠡᠨ ᠪᠤᠶᠢᠵᠢᠭᠤᠯᠵᠦ᠂ ᠮᠠᠯᠴᠢᠨ ᠲᠠᠷᠢᠶᠠᠴᠢᠨ ᠳᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ | ᠬᠠᠩᠭᠠᠵᠦ᠂ ᠪᠠᠭ᠎ᠠ ᠮᠠᠯᠴᠢᠨ ᠲᠠᠷᠢᠶᠠᠴᠢᠨ ᠡᠷᠦᠭᠡ ᠶᠢᠨ ᠦᠢᠯᠡᠳᠪᠦᠷᠢᠯᠡᠯ ᠡᠵᠡᠩᠨᠡᠯᠳᠡ ᠶᠢᠨ ᠴᠢᠳᠠᠪᠤᠷᠢ ᠪᠠ ᠵᠤᠬᠢᠶᠠᠨ | ᠪᠠᠶᠢᠭᠤᠯᠤᠯᠴᠠᠬᠤ ᠬᠢᠷᠢ ᠳᠦᠪᠰᠢᠨ ᠢ ᠳᠡᠭᠡᠭᠰᠢᠯᠡᠬᠦᠯᠵᠦ᠂ ᠪᠠᠭ᠎ᠠ ᠮᠠᠯᠴᠢᠨ ᠲᠠᠷᠢᠶᠠᠴᠢᠨ ᠡᠷᠦᠭᠡ ᠶᠢ ᠤᠳᠤ ᠦᠶ᠎ᠡ ᠶᠢᠨ | ᠮᠠᠯ ᠠᠵᠤ ᠠᠬᠤᠢ ᠲᠠᠷᠢᠶᠠᠯᠠᠩ ᠢ ᠬᠦᠭᠵᠢᠬᠦᠯᠬᠦ ᠢᠳᠡᠪᠬᠢᠳᠠᠢ ᠤᠷᠤᠯᠴᠠᠭᠴᠢ ᠪᠠ ᠰᠢᠭᠤᠳ ᠠᠰᠢᠭ ᠬᠦᠷᠳᠡᠭᠴᠢ | ᠪᠤᠯᠭᠠᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠳᠦᠷᠢᠮ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ | ᠬᠠᠷᠢᠴᠠᠭ᠎ᠠ ᠶᠢᠨ ᠲᠤᠭᠳᠠᠭᠤᠨ ᠪᠦᠭᠡᠳ ᠤᠷᠳᠤ ᠬᠤᠭᠤᠴᠠᠭ᠎ᠠ ᠬᠤᠪᠢᠷᠠᠬᠤ ᠦᠭᠡᠢ ᠪᠠᠶᠢᠬᠤ ᠶᠢ ᠪᠠᠲᠤᠯᠠᠵᠦ᠂ | ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ | ᠳᠠᠬᠢᠨ 30 ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠰᠠᠶᠢᠳᠤᠷ ᠵᠤᠯᠭᠠᠭᠤᠯᠤᠨ ᠨᠠᠶᠢᠳᠠᠪᠤᠷᠢᠵᠢᠭᠤᠯᠵᠦ᠂ ︽ | ᠭᠤᠷᠪᠠᠨ ᠡᠷᠭᠡ ᠶᠢ ᠰᠠᠯᠭᠠᠬᠤ︾ ᠶᠢᠨ ᠪᠦᠲᠦᠮᠵᠢᠳᠠᠢ ᠪᠡᠶᠡᠯᠡᠭᠳᠡᠯ ᠤᠨ ᠬᠡᠯᠪᠡᠷᠢ ᠶᠢ ᠬᠠᠶᠢᠨ ᠰᠦᠪᠡᠭᠴᠢᠯᠡᠨ᠎ᠡ᠃ | ᠭᠠᠵᠠᠷ ᠰᠢᠷᠤᠢ ᠶᠢᠨ ᠳᠠᠭᠠᠭᠠᠴᠢᠯᠠᠯᠳᠠ ᠡᠵᠡᠩᠨᠡᠯᠳᠡ ᠶᠢᠨ ᠡᠷᠭᠡ ᠶᠢ ᠳᠤᠳᠤᠷᠬᠠᠢᠢᠯᠠᠵᠦ ᠳᠠᠩᠰᠠᠯᠠᠭᠤᠯᠤᠨ ᠦᠨᠡᠮᠯᠡᠯ | ᠤᠯᠭᠤᠬᠤ ᠠᠵᠢᠯ ᠤᠨ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠶᠢ ᠦᠷᠨᠢᠬᠦᠯᠵᠦ᠂ ᠦᠯᠡᠳᠡᠭᠳᠡᠯ ᠠᠰᠠᠭᠤᠳᠠᠯ ᠢ | ᠳᠤᠬᠢᠲᠠᠢ ᠰᠢᠢᠳᠪᠦᠷᠢᠯᠡᠵᠦ᠂ ᠭᠠᠵᠠᠷ ᠰᠢᠷᠤᠢ ᠶᠢᠨ ᠳᠠᠭᠠᠭᠠᠴᠢᠯᠠᠯᠳᠠ ᠡᠵᠡᠩᠨᠡᠯᠳᠡ ᠶᠢᠨ ᠡᠷᠭᠡ ᠶᠢᠨ ᠦᠨᠡᠮᠯᠡᠯ ᠢ | ᠮᠠᠯᠴᠢᠨ ᠲᠠᠷᠢᠶᠠᠴᠢᠨ ᠳᠤ ᠬᠤᠪᠢᠶᠠᠵᠦ ᠦᠭᠭᠦᠨ᠎ᠡ᠃ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠶᠢ ᠬᠦᠢᠯᠭᠡᠭᠡᠬᠦ | ᠳᠦᠷᠢᠮᠵᠢᠭᠰᠡᠨ ᠬᠠᠮᠢᠶᠠᠷᠤᠯᠳᠠ ᠶᠢᠨ ᠳᠦᠷᠢᠮ ᠢ ᠪᠦᠷᠢᠨᠰᠢᠬᠦᠯᠵᠦ᠂ ᠡᠷᠭᠡ ᠶᠢ ᠨᠢ ᠳᠤᠳᠤᠷᠬᠠᠢᠢᠯᠠᠭᠰᠠᠨ ᠦᠷ᠎ᠡ | ᠪᠦᠲᠦᠮᠵᠢ ᠶᠢᠨ ᠭᠡᠷᠡᠭᠯᠡᠭᠡᠨ ᠢ ᠠᠬᠢᠭᠤᠯᠵᠦ᠂ ᠭᠠᠵᠠᠷ ᠰᠢᠷᠤᠢ ᠶᠢ ᠳᠠᠭᠠᠭᠠᠴᠢᠯᠠᠭᠰᠠᠨ ᠡᠵᠡᠩᠨᠡᠯᠳᠡ ᠶᠢᠨ ᠡᠷᠭᠡ ᠪᠠᠷ | ᠪᠠᠲᠤᠯᠠᠭ᠎ᠠ ᠪᠤᠯᠭᠠᠵᠦ ᠪᠡᠯᠡ ᠮᠦᠩᠬᠦ ᠴᠤᠭᠯᠠᠭᠤᠯᠬᠤ ᠶᠢ ᠵᠦᠪᠰᠢᠶᠡᠷᠡᠨ᠎ᠡ᠃ ᠬᠤᠷᠢᠨᠭᠡᠷ ᠰᠢᠶᠠᠨ ᠤ ᠬᠦᠳᠡᠭᠡ | ᠲᠤᠰᠬᠤᠨ ᠤ ᠭᠠᠵᠠᠷ ᠰᠢᠷᠤᠢ ᠶᠢ ᠳᠠᠳᠠᠪᠤᠷᠢᠯᠠᠬᠤ ᠳᠦᠷᠢᠮ᠂ ᠬᠦᠳᠡᠭᠡ ᠲᠤᠰᠬᠤᠨ ᠤ ᠬᠠᠮᠳᠤ ᠶᠢᠨ ᠡᠵᠡᠩᠨᠡᠯᠳᠡ ᠶᠢᠨ | ᠴᠢᠨᠠᠷᠳᠠᠢ ᠪᠦᠲᠦᠭᠡᠨ ᠪᠠᠶᠢᠭᠤᠯᠤᠯᠳᠠ ᠳᠤ ᠭᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠤᠷᠤᠬᠤ ᠪᠠ ᠬᠦᠳᠡᠭᠡ | ᠲᠤᠰᠬᠤᠨ ᠤ ᠭᠡᠷᠪᠠᠶᠢᠰᠢᠩ ᠤᠨ ᠰᠠᠭᠤᠷᠢ ᠶᠢᠨ ᠳᠦᠷᠢᠮ ᠤᠨ ᠭᠤᠷᠪᠠᠨ ᠲᠦᠷᠦᠯ ᠤᠨ ᠦᠭᠡᠷᠡᠴᠢᠯᠡᠯᠳᠡ ᠶᠢᠨ | ᠳᠤᠷᠰᠢᠯᠳᠠ ᠶᠢᠨ ᠴᠡᠭ ᠤᠨ ᠠᠵᠢᠯ ᠢ ᠦᠷᠬᠦᠯᠵᠢᠯᠡᠨ ᠰᠠᠶᠢᠳᠤᠷ ᠠᠳᠬᠤᠨ᠎ᠠ᠃ ᠲᠠᠷᠢᠶᠠᠨ ᠭᠠᠵᠠᠷ ᠢ ᠲᠠᠷᠢᠶᠠᠯᠠᠩ ᠳᠤ | ᠭᠡᠷᠡᠭᠯᠡᠬᠦ ᠶᠢ ᠪᠠᠷᠢᠮᠳᠠᠯᠠᠵᠦ᠂ ᠳᠠᠭᠠᠭᠠᠴᠢᠯᠠᠭᠰᠠᠨ ᠭᠠᠵᠠᠷ ᠪᠠ ᠭᠡᠷ ᠪᠠᠶᠢᠰᠢᠩ ᠤᠨ ᠰᠠᠭᠤᠷᠢ ᠠᠴᠠ ᠤᠬᠤᠷᠢᠨ | ᠭᠠᠷᠬᠤ ᠪᠠᠷ ᠬᠤᠳᠠ ᠤᠷᠤᠵᠦ ᠡᠷᠦᠭᠡ ᠠᠮᠠ ᠲᠠᠩᠰᠠᠯᠠᠬᠤ ᠨᠦᠬᠦᠴᠡᠯ ᠪᠤᠯᠭᠠᠵᠦ ᠪᠤᠯᠬᠤ ᠦᠭᠡᠢ᠂ ᠮᠠᠯᠴᠢᠨ | ᠲᠠᠷᠢᠶᠠᠴᠢᠨ ᠤ ᠭᠠᠵᠠᠷ ᠰᠢᠷᠤᠢ ᠶᠢᠨ ᠡᠷᠭᠡ ᠠᠰᠢᠭ ᠢ ᠦᠨᠡᠨ ᠬᠦ ᠪᠠᠲᠤᠯᠠᠨ᠎ᠠ᠃ ᠭᠡᠷ ᠪᠠᠶᠢᠰᠢᠩ ᠤᠨ ᠰᠠᠭᠤᠷᠢ ᠶᠢᠨ | ᠭᠡᠷᠡᠭᠯᠡᠬᠦ ᠡᠷᠭᠡ ᠶᠢ ᠳᠤᠳᠤᠷᠬᠠᠢᠢᠯᠠᠵᠦ ᠳᠠᠩᠰᠠᠯᠠᠭᠤᠯᠤᠨ ᠦᠨᠡᠮᠯᠡᠯ ᠤᠯᠭᠤᠬᠤ ᠠᠵᠢᠯ ᠢ ᠲᠦᠷᠭᠡᠳᠭᠡᠨ ᠠᠬᠢᠭᠤᠯᠵᠦ᠂ | 2020 ᠣᠨ ᠪᠤᠯᠳᠠᠯ᠎ᠠ ᠦᠨᠳᠦᠰᠦᠨ ᠳᠤ ᠪᠠᠨ ᠪᠡᠶᠡᠯᠡᠬᠦᠯᠬᠦ ᠪᠠᠷ ᠴᠢᠷᠮᠠᠶᠢᠨ᠎ᠠ᠃ ᠰᠢᠶᠠᠨ ᠤ ᠬᠡᠪᠴᠢᠶᠡᠨ ᠳᠤ ᠪᠠᠨ | ᠪᠦᠬᠦ ᠤᠷᠤᠨ ᠪᠦᠰᠡ ᠶᠢᠨ ᠬᠦᠳᠡᠭᠡ ᠲᠤᠰᠬᠤᠨ ᠤ ᠰᠤᠷᠭᠠᠭᠤᠯᠢ ᠶᠢᠨ ᠪᠠᠶᠢᠷᠢ᠂ ᠦᠢᠯᠡᠳᠪᠦᠷᠢ ᠶᠢᠨ ᠭᠡᠷ ᠪᠠᠶᠢᠰᠢᠩ᠂ | ᠦᠯᠦ ᠭᠡᠷᠡᠭᠯᠡᠬᠦ ᠭᠠᠵᠠᠷ ᠵᠡᠷᠭᠡ ᠶᠢᠨ ᠴᠡᠭᠴᠡᠯᠡᠯᠳᠡ ᠶᠢ ᠦᠷᠨᠢᠬᠦᠯᠵᠦ᠂ ᠪᠦᠲᠦᠭᠡᠨ ᠪᠠᠶᠢᠭᠤᠯᠤᠯᠳᠠ ᠳᠤ ᠭᠡᠷᠡᠭᠯᠡᠬᠦ | ᠭᠠᠵᠠᠷ ᠢ ᠴᠢᠯᠦᠭᠡᠳᠠᠢ ᠪᠤᠯᠭᠠᠵᠦ᠂ ᠬᠦᠳᠡᠭᠡ ᠲᠤᠰᠬᠤᠨ ᠤ ᠰᠢᠨ᠎ᠡ ᠠᠵᠦ ᠦᠢᠯᠡᠰ ᠤᠨ ᠡᠵᠡᠩᠨᠡᠯᠲᠡ ᠶᠢᠨ ᠬᠡᠯᠪᠡᠷᠢ | ᠪᠠ ᠨᠤᠳᠤᠭ ᠲᠤ ᠪᠠᠨ ᠪᠤᠴᠠᠵᠦ ᠦᠢᠯᠡᠰ ᠪᠤᠰᠬᠠᠬᠤ ᠳᠤ ᠭᠤᠤᠯᠳᠠᠯᠭ᠎ᠠ ᠲᠠᠢ ᠭᠡᠷᠡᠭᠯᠡᠨ᠎ᠡ᠃ ᠮᠠᠯ ᠠᠵᠤ ᠠᠬᠤᠢ | ᠲᠠᠷᠢᠶᠠᠯᠠᠩ ᠤᠨ ᠪᠡᠯᠡᠳᠬᠡᠮᠵᠢ ᠶᠢᠨ ᠭᠡᠷᠡᠭᠯᠡᠬᠦ ᠭᠠᠵᠠᠷ ᠤᠨ ᠬᠠᠮᠢᠶᠠᠷᠤᠯᠳᠠ ᠶᠢ ᠴᠢᠩᠭ᠎ᠠ ᠠᠳᠬᠤᠵᠦ᠂ ︽ᠲᠠᠷᠢᠶᠠᠨ | ᠭᠠᠵᠠᠷ ᠢ ᠨᠡᠷ᠎ᠡ ᠪᠤᠷᠤᠭᠤᠯᠠᠨ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠠᠰᠠᠭᠤᠳᠠᠯ ᠢ ᠲᠦᠢᠯᠪᠤᠷᠢᠳᠠᠢ ᠴᠡᠭᠴᠡᠯᠡᠨ | ᠵᠠᠰᠠᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠤᠯᠭᠠᠬᠤ ᠶᠢ ᠡᠷᠡᠰ ᠬᠤᠷᠢᠬᠯᠠᠨ᠎ᠠ᠃ ᠭᠠᠵᠠᠷ ᠰᠢᠷᠤᠢ ᠶᠢᠨ | ᠡᠵᠡᠩᠨᠡᠯᠳᠡ ᠶᠢᠨ ᠡᠷᠭᠡ ᠶᠢ ᠰᠢᠯᠵᠢᠬᠦᠯᠦᠭᠰᠡᠨ ᠤᠷᠤᠯᠭ᠎ᠠ ᠶᠢ ᠭᠡᠷᠡᠭᠯᠡᠬᠦ ᠬᠡᠪᠴᠢᠶ᠎ᠡ ᠶᠢ ᠵᠤᠬᠢᠴᠠᠭᠤᠯᠤᠨ | ᠲᠡᠬᠦᠯᠳᠡᠷᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠢ ᠴᠡᠭᠴᠡᠯᠡᠨ ᠵᠠᠰᠠᠬᠤ᠂ | ᠠᠶᠢᠯ ᠲᠤᠰᠬᠤᠨ ᠤ ᠰᠠᠭᠤᠷᠢ ᠪᠡᠯᠡᠳᠬᠡᠮᠵᠢ ᠶᠢᠨ ᠪᠠᠶᠢᠭᠤᠯᠤᠯᠳᠠ ᠪᠠ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ | ᠪᠠᠶᠢᠭᠤᠯᠤᠯᠳᠠ ᠳᠤ ᠭᠤᠤᠯᠳᠠᠯᠭ᠎ᠠ ᠲᠠᠢᠭᠡᠷᠡᠭᠯᠡᠨᠡ᠃ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠳᠤ ᠭᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠦᠯᠡᠳᠡᠭᠰᠡᠨ ᠬᠦᠢᠴᠡᠳᠬᠡᠯ ᠲᠤᠭ᠎ᠠ ᠲᠠᠢ ᠬᠤᠯᠪᠤᠭᠳᠠᠭᠤᠯᠵᠦ ᠵᠤᠬᠢᠴᠠᠭᠤᠯᠤᠨ | ᠭᠡᠷᠡᠭᠯᠡᠬᠦ ᠠᠵᠢᠯᠯᠠᠭ᠎ᠠ ᠶᠢ ᠲᠤᠭᠳᠠᠭᠤᠨ ᠦᠷᠨᠢᠬᠦᠯᠵᠦ᠂ ᠵᠤᠬᠢᠴᠠᠭᠤᠯᠤᠭᠰᠠᠨ ᠤᠷᠤᠯᠭ᠎ᠠ ᠶᠢ ᠪᠦᠬᠦᠨ ᠢ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠮᠵᠢᠯᠳᠠ ᠶᠢ ᠪᠠᠬᠢᠵᠢᠬᠦᠯᠬᠦ ᠪᠤᠯᠤᠨ ᠬᠦᠳᠡᠭᠡ ᠲᠤᠰᠬᠤᠨ | ᠢ ᠬᠦᠭᠵᠢᠬᠦᠯᠦᠨ ᠮᠠᠨᠳᠤᠭᠤᠯᠬᠤ ᠶᠢ ᠳᠡᠮᠵᠢᠬᠦ ᠲᠤ ᠭᠡᠷᠡᠭᠯᠡᠨ᠎ᠡ᠃ | ︵ᠭᠤᠷᠪᠠ︶ ᠮᠠᠯᠵᠢᠬᠤ ᠲᠠᠷᠢᠶᠠᠯᠠᠬᠤ ᠤᠷᠤᠨ ᠤ ᠨᠡᠶᠢᠳᠡ ᠶᠢᠨ ᠦᠮᠴᠢᠯᠡᠯ ᠤᠨ ᠡᠷᠬᠡ ᠶᠢᠨ ᠲᠦᠷᠢᠮ | ᠵᠡᠷᠭᠡ ᠶᠢᠨ ᠦᠭᠡᠷᠡᠴᠢᠯᠡᠯᠳᠡ ᠶᠢ ᠠᠭᠢᠭᠤᠯᠤᠨ᠎ᠠ᠃ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠡᠳ᠋ ᠬᠦᠷᠦᠩᠭᠡ ᠶᠢ ᠴᠠᠭ ᠳᠤᠬᠠᠢ ᠳᠤᠨᠢ ᠪᠠᠶᠢᠴᠠᠭᠠᠨ ᠬᠠᠷᠭᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ | ᠨᠡᠶᠢᠳᠡ ᠶᠢᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠠᠪᠴᠠᠩ ᠤᠨ ᠪᠠᠶᠢᠭᠤᠯᠤᠯᠲᠠ ᠶᠢ ᠲᠦᠷᠭᠡᠳᠭᠡᠵᠤ᠂ | ᠨᠡᠶᠢᠳᠡ ᠶᠢᠨ ᠡᠳ᠋ ᠬᠦᠷᠦᠩᠭᠡ ᠶᠢᠨ ᠡᠯ᠎ᠡ ᠲᠦᠷᠦᠯ ᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠬᠤᠰᠢᠭᠤ ᠰᠢᠶᠠᠨ ︵ᠬᠤᠳᠠ᠂ ᠲᠤᠭᠤᠷᠢᠭ︶ ᠤ ᠬᠠᠮᠲᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠭᠡᠰᠢᠭᠦᠨ ᠤ ᠭᠠᠷᠤᠯ ᠢ ᠨᠤᠲᠠᠯᠠᠬᠤ ᠵᠢᠯᠤᠭᠤᠳᠬᠤ ᠰᠠᠨᠠᠯ ᠢ ᠳᠤᠬᠳᠠᠭᠠᠵᠤ᠂ ᠠᠯᠬᠤᠮ ᠳᠠᠷᠠᠭᠠᠯᠠᠯ | ᠶᠤᠰᠤᠭᠠᠷ ᠭᠡᠰᠢᠭᠦᠨ ᠢ ᠳᠤᠬᠳᠠᠭᠠᠬᠤ ᠠᠵᠢᠯ ᠢ ᠴᠢᠩᠭ᠎ᠠ ᠦᠷᠨᠢᠭᠦᠯᠵᠤ᠂ ᠡᠮᠡᠭᠳᠡᠶᠢᠴᠤᠳ ᠪᠤᠯᠤᠨ ᠬᠤᠳᠠ ᠤᠷᠤᠵᠤ | ᠰᠠᠭᠤᠷᠢᠰᠢᠬᠰᠠᠨ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠶᠢ ᠴᠢᠬᠤᠯᠠᠴᠢᠯᠠᠬᠤ | ᠬᠡᠷᠡᠭᠳᠡᠢ᠃ ᠡᠬᠢ ᠪᠠᠶᠠᠯᠢᠬ ᠢ ᠡᠳ᠋ ᠬᠦᠷᠦᠩᠭᠡ᠂ ᠪᠡᠯᠡ ᠮᠦᠩᠬᠦ ᠶᠢ ᠬᠤᠪᠢ ᠤᠷᠤᠭᠤᠯᠤᠬᠰᠠᠨ ᠮᠦᠩᠬᠦ᠂ ᠮᠠᠯᠴᠢᠨ | ᠲᠠᠷᠢᠶᠠᠴᠢᠨ ᠢ ᠬᠤᠪᠢ ᠤᠷᠤᠭᠤᠯᠤᠬᠴᠢ ᠪᠤᠯᠭᠠᠬᠰᠠᠨ ᠲᠤᠷᠰᠢᠯᠭ᠎ᠠ ᠶᠢ ᠳᠡᠯᠭᠡᠷᠡᠭᠦᠯᠵᠤ᠂ ᠮᠠᠯᠵᠢᠬᠤ ᠲᠠᠷᠢᠶᠠᠯᠠᠬᠤ | ᠤᠷᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠳᠠᠢ ᠡᠳ᠋ ᠬᠦᠷᠦᠩᠭᠡ ᠶᠢᠨ ᠬᠤᠪᠢ ᠤᠷᠤᠭᠤᠯᠵᠤ ᠬᠠᠮᠲᠤᠷᠠᠯᠴᠠᠬᠤ | ᠲᠦᠷᠢᠮ ᠤᠨ ᠦᠭᠡᠷᠡᠴᠢᠯᠡᠯᠳᠡ ᠶᠢ ᠠᠭᠢᠭᠤᠯᠤᠨ᠎ᠠ᠃ ᠡᠳ᠋ ᠬᠦᠷᠦᠩᠭᠡ ᠶᠢᠨ ᠲᠦᠷᠢᠶᠡᠰᠦᠯᠡᠯ᠂ ᠬᠦᠳᠡᠭᠡ ᠲᠤᠰᠬᠤᠨ ᠤ | ᠵᠢᠭᠤᠯᠦ᠋ᠯᠠᠯ᠂ ᠪᠡᠯᠡ ᠨᠡᠶᠢᠯᠡᠭᠦᠯᠦᠨ ᠬᠠᠮᠳᠤᠷᠠᠯᠴᠠᠬᠤ᠂ ᠬᠤᠪᠢ ᠤᠷᠤᠭᠤᠯᠤᠯᠳᠠ ᠶᠢᠨ ᠡᠵᠡᠩᠨᠡᠯᠳᠡ ᠵᠡᠷᠭᠡ ᠶᠢᠨ ᠤᠯᠠᠨ | ᠲᠦᠷᠦᠯ ᠤᠨ ᠬᠠᠮᠲᠤ ᠶᠢᠨ ᠠᠵᠤ ᠠᠬᠤᠢ ᠶᠢᠨ ᠬᠦᠭᠵᠢᠯᠳᠡ ᠶᠢᠨ ᠵᠠᠮ ᠢ ᠢᠳᠡᠪᠬᠢᠳᠡᠢ ᠰᠦᠪᠡᠭᠴᠢᠯᠡᠨ᠎ᠡ᠃ ᠮᠠᠯᠵᠢᠬᠤ | ᠲᠠᠷᠢᠶᠠᠯᠠᠬᠤ ᠤᠷᠤᠨ ᠤ ᠨᠡᠶᠢᠳᠡ ᠶᠢᠨ ᠦᠮᠴᠢᠯᠡᠯ ᠤᠨ ᠡᠷᠬᠡ ᠶᠢᠨ ᠴᠢᠳᠠᠪᠬᠢ ᠶᠢ ᠳᠡᠭᠦᠯᠳᠡᠷᠵᠢᠭᠦᠯᠵᠤ᠂ ᠨᠡᠶᠢᠳᠡ ᠶᠢᠨ | ᠡᠳ᠋ ᠬᠦᠷᠦᠩᠬᠡ ᠶᠢᠨ ᠰᠲ᠋ᠤᠺ ᠤᠨ ᠡᠷᠬᠡ ᠶᠢ ᠳᠠᠨᠵᠢᠯᠠᠨ ᠵᠢᠭᠡᠯᠡᠯᠭᠡ ᠠᠪᠬᠤ ᠠᠷᠭ᠎ᠠ ᠶᠢ ᠢᠳᠡᠪᠬᠢᠳᠡᠢ ᠰᠦᠪᠡᠭᠴᠢᠯᠡᠨ᠎ᠡ᠃ | ᠮᠠᠯᠵᠢᠬᠤ ᠲᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢ ᠰᠢᠯᠵᠢᠭᠦᠯᠤᠨ ᠰᠤᠯᠢᠯᠴᠠᠬᠤ ᠵᠠᠬ᠎ᠠ ᠳᠡᠯᠭᠡᠭᠦᠷ ᠢ | ᠪᠦᠷᠢᠨᠰᠢᠭᠦᠯᠦᠨ ᠳᠡᠭᠦᠯᠳᠡᠷᠵᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨᠦᠮᠴᠢᠯᠡᠯ ᠤᠨ | ᠡᠷᠬᠡ ᠶᠢ ᠰᠢᠯᠵᠢᠭᠦᠯᠦᠨ ᠰᠤᠯᠢᠯᠴᠠᠬᠤ ᠶᠢᠨ ᠢᠯᠡ ᠳᠤᠲᠤ ᠲᠦᠷᠢᠮᠵᠢᠭᠦᠨ ᠶᠠᠪᠤᠭᠳᠠᠬᠤ ᠶᠢ ᠠᠭᠢᠭᠤᠯᠤᠨ᠎ᠠ᠃ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠤᠰᠤ | ᠠᠷᠪᠢᠯᠠᠬᠤ ᠤᠷᠮᠠᠰᠢᠭᠤᠯᠤᠯ ᠤᠨ ᠳᠤᠬᠳᠠᠴᠠ ᠶᠢ ᠪᠦᠷᠢᠨᠰᠢᠭᠦᠯᠦᠨ᠎ᠡ᠃ ᠬᠠᠩᠭᠠᠨ ᠪᠤᠷᠤᠯᠠᠭᠤᠯᠬᠤ ᠬᠤᠯᠪᠤᠭᠠᠲᠤ | ᠬᠤᠷᠰᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠤ᠂ ᠬᠠᠩᠭᠠᠨ | ᠪᠤᠷᠤᠯᠠᠭᠤᠯᠬᠤ ᠬᠤᠯᠪᠤᠭᠠᠲᠤ ᠬᠤᠷᠰᠢᠶ᠎ᠠ ᠶᠢᠨ ᠪᠠᠶᠢᠭᠤᠯᠤᠮᠵᠢ ᠳᠤᠬᠳᠠᠴᠠ ᠵᠢᠨᠰ᠊ ᠵᠨᠡ ᠶᠢ ᠡᠭᠦᠳᠬᠦ ᠶᠢ ᠳᠡᠮᠵᠢᠵᠤ᠂ | ︽ᠮᠠᠯ ᠠᠵᠦ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠳᠤ ᠦᠢᠯᠡᠴᠢᠯᠡᠬᠦ | ᠴᠢᠳᠠᠪᠤᠷᠢ ᠪᠠᠨ ᠳᠡᠭᠡᠭᠰᠢᠯᠡᠬᠦᠯᠦᠨ᠎ᠡ᠃ ᠬᠠᠮᠲᠤ ᠶᠢᠨ ᠤᠢ ᠰᠢᠭᠤᠢ ᠶᠢᠨ ᠡᠷᠬᠡ ᠶᠢᠨ ᠳᠦᠷᠢᠮ ᠪᠠ ᠤᠯᠤᠰ ᠤᠨ | ᠦᠮᠴᠢᠯᠡᠯᠳᠦ ᠰᠢᠭᠤᠢᠢᠲᠤ ᠤᠷᠤᠨ ᠤ ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠶᠢ ᠠᠭᠢᠭᠤᠯᠤᠨ᠎ᠠ᠃ | ᠬᠠᠭᠠᠯᠪᠤᠷᠢᠯᠠᠬᠰᠠᠨ ᠭᠠᠵᠠᠷ ᠤᠨ ᠪᠦᠯᠦᠭᠯᠡᠯᠵᠢᠬᠦ᠂ ᠲᠠᠷᠢᠶᠠᠯᠠᠩ ᠤᠨ ᠳᠠᠯᠠᠪᠠᠢ ᠶᠢᠨ ᠠᠵᠤ ᠠᠬᠤᠶᠢᠯᠠᠯᠵᠢᠬᠤ | ᠥᠭᠡᠷᠡᠴᠢᠯᠡᠯᠲᠡ ᠶᠢ ᠲᠦᠷᠭᠡᠳᠭᠡᠨ᠎ᠡ᠃ | ︵ᠲᠦᠷᠪᠡ︶ ᠮᠠᠯᠴᠢᠨ ᠲᠠᠷᠢᠶᠠᠴᠢᠨ ᠬᠢᠭᠡᠳ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠨ ᠤ | ᠳᠤᠬᠳᠠᠴᠠ ᠶᠢ ᠳᠡᠭᠦᠯᠳᠡᠷᠵᠢᠭᠦᠯᠦᠨ᠎ᠡ᠃ ᠦᠷᠭᠦᠯᠵᠢᠯᠡᠨ ᠮᠠᠯ ᠠᠵᠤ ᠠᠬᠤᠢ ᠲᠠᠷᠢᠶᠠᠯᠠᠩ ᠤᠨ ᠠᠵᠤ | ᠦᠢᠯᠡᠰᠵᠢᠯᠳᠡ ᠶᠢᠨ ᠲᠠᠭᠠᠭᠤᠯᠤᠬᠴᠢ ᠠᠵᠤ ᠠᠬᠤᠢᠢᠯᠠᠯ ᠢ ᠦᠷᠭᠦᠯᠵᠢᠯᠡᠨ ᠪᠤᠶᠢᠵᠢᠭᠤᠯᠤᠨ ᠬᠦᠴᠦᠷᠭᠡᠭᠵᠢᠭᠦᠯᠵᠤ᠂ | ᠨᠢᠭᠡ ᠪᠦᠯᠦᠭ ᠠᠵᠤ ᠦᠢᠯᠡᠰ ᠤᠨ ᠬᠦᠷᠢᠶᠡᠨ ᠤ ᠲᠠᠭᠠᠭᠤᠯᠤᠬᠴᠢ ᠠᠵᠤ ᠠᠬᠤᠢᠢᠯᠠᠯ ᠢ ᠭᠤᠤᠯᠳᠠᠯᠭ᠎ᠠ ᠲᠠᠢ ᠳᠡᠮᠵᠢᠨ᠎ᠡ᠃ | ︽ᠲᠠᠭᠠᠭᠤᠯᠤᠬᠴᠢ ᠠᠵᠤ ᠠᠬᠤᠢᠢᠯᠠᠯ + ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ + ᠭᠡᠷ ᠪᠦᠯᠢ ᠶᠢᠨ | ᠮᠠᠯᠵᠢᠯ ᠲᠠᠷᠢᠶᠠᠯᠠᠩ ᠤᠨ ᠳᠠᠯᠠᠪᠠᠢ︾ ᠶᠢᠨ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠶᠤᠰᠤᠭᠠᠷ ᠨᠢᠭᠡ ᠪᠦᠯᠦᠭ | ᠲᠠᠷᠢᠵᠤ ᠲᠠᠵᠢᠭᠡᠬᠦᠬᠦ᠂ ᠡᠳ᠋ᠰᠢᠭᠦᠯᠬᠦ᠂ ᠪᠠᠷᠠᠭᠠᠨ ᠤ ᠭᠦᠢᠯᠭᠡᠭᠡ᠂ ᠪᠤᠷᠤᠯᠠᠭᠤᠯᠭ᠎ᠠ ᠵᠡᠷᠭᠡ ᠶᠢ ᠨᠢᠭᠡ | ᠴᠤᠬᠴᠠᠵᠢᠭᠤᠯᠤᠬᠰᠠᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠠ ᠶᠢᠨ ᠬᠤᠯᠪᠤᠭᠠᠳᠤ ᠴᠤᠬᠴᠠ ᠶᠢ | ᠪᠠᠶᠢᠭᠤᠯᠤᠨ᠎ᠠ᠃ ᠮᠠᠯᠴᠢᠨ ᠲᠠᠷᠢᠶᠠᠴᠢᠨ ᠬᠢᠭᠡᠳ ᠠᠵᠤ ᠠᠬᠤᠢᠢᠯᠠᠯ ᠤᠨ ᠠᠰᠢᠭ ᠲᠤᠰᠠ ᠶᠢᠨ ᠬᠤᠯᠪᠤᠬᠠᠨ ᠤ ᠵᠠᠬᠪᠤᠷ | ᠤᠨ ᠰᠢᠨ᠎ᠡ ᠶᠢ ᠡᠭᠦᠳᠴᠦ᠂ ᠮᠠᠯᠴᠢᠨ ᠲᠠᠷᠢᠶᠠᠴᠢᠨ᠂ ᠬᠤᠷᠰᠢᠶ᠎ᠠ ᠪᠤᠯᠤᠨ ᠭᠠᠴᠠᠭ᠎ᠠ ᠲᠤᠰᠬᠤᠨ ᠤ ᠬᠠᠮᠳᠤ | ᠨᠡᠶᠢᠳᠡ ᠶᠢᠨ ᠭᠠᠵᠠᠷ ᠰᠢᠷᠤᠢ᠂ ᠡᠭᠢ ᠪᠠᠶᠠᠯᠢᠭ᠂ ᠡᠳ᠋ ᠬᠦᠷᠦᠩᠭᠡ ᠪᠠᠷ ᠲᠠᠭᠠᠭᠤᠯᠤᠬᠴᠢ ᠠᠵᠤ ᠠᠬᠤᠢᠢᠯᠠᠯ ᠳᠤ | ᠬᠤᠪᠢ ᠤᠷᠤᠬᠤ ᠶᠢ ᠠᠭᠢᠭᠤᠯᠵᠤ᠂ ᠰᠲ᠋ᠤᠺ ᠤᠨ ᠡᠷᠬᠡ ᠪᠠᠷ ᠬᠤᠯᠪᠤᠭᠠᠰᠤ ᠪᠤᠯᠭᠠᠵᠤ᠂ ᠪᠡᠯᠡ ᠪᠠᠨ ᠪᠠᠳᠤᠯᠠᠬᠤ ᠠᠰᠢᠭ | ᠤᠯᠵᠠᠪᠤᠷᠢ ᠳᠡᠭᠡᠷ᠎ᠡ ᠰᠲ᠋ᠤᠺ ᠤᠨ ᠤᠷᠤᠯᠭ᠎ᠠ ᠶᠢ ᠬᠤᠪᠢᠶᠠᠬᠤ᠂ ᠠᠰᠢᠭ ᠬᠤᠨᠵᠢᠪᠤᠷᠢ ᠶᠢ ᠪᠤᠴᠠᠭᠠᠬᠤ ᠵᠡᠷᠭᠡ | ᠬᠡᠯᠪᠡᠷᠢ ᠪᠠᠷ ᠭᠡᠷ᠎ᠡ ᠶᠢᠨ ᠬᠡᠯᠪᠡᠷᠢ᠂ ᠰᠲ᠋ᠤᠺ ᠤᠨ ᠬᠡᠯᠪᠡᠷᠢ ᠵᠡᠷᠭᠡ ᠶᠢᠨ ᠨᠢᠬᠳᠠ ᠠᠰᠢᠭ ᠲᠤᠰᠠ ᠶᠢᠨ ᠬᠤᠯᠪᠤᠭᠠᠨ ᠤ | ᠳᠤᠬᠳᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠤ ᠤᠷᠳᠤ ᠬᠤᠭᠤᠴᠠᠭᠠᠨ ᠤ ᠳᠤᠬᠳᠠᠭᠤᠨ ᠤᠷᠤᠯᠭ᠎ᠠ ᠶᠢ | ᠪᠠᠳᠤᠯᠠᠨ᠎ᠠ᠃ 2020 ᠣᠨ ᠪᠤᠯᠳᠠᠯ᠎ᠠ ᠮᠠᠯᠴᠢᠨ ᠲᠠᠷᠢᠶᠠᠴᠢᠨ ᠬᠢᠭᠡᠳ ᠠᠵᠤ ᠠᠬᠤᠢᠢᠯᠠᠯ ᠤᠨ ᠨᠢᠬᠳᠠᠷᠠᠬᠰᠠᠨ | ᠬᠡᠯᠪᠡᠷᠢ ᠶᠢᠨ ᠠᠰᠢᠬ ᠲᠤᠰᠠ ᠶᠢᠨ ᠬᠤᠯᠪᠤᠭᠠᠨ ᠤᠬᠠᠷᠢᠴᠠᠯ ᠢ 55% ᠳᠤ ᠬᠦᠷᠭᠡᠨ᠎ᠡ᠃ | ︵ᠳᠠᠪᠤ︶ ᠮᠠᠯ ᠠᠵᠤ ᠠᠬᠤᠢ ᠲᠠᠷᠢᠶᠠᠯᠠᠩ ᠢ ᠳᠡᠮᠵᠢᠬᠦ ᠬᠠᠮᠠᠭᠠᠯᠠᠬᠤ ᠲᠦᠷᠢᠮ ᠢ ᠳᠡᠭᠦᠯᠳᠡᠷᠵᠢᠭᠦᠯᠦᠨ᠎ᠡ᠃ ︽ | ᠮᠠᠯ ᠠᠵᠦ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠬᠦᠷᠢᠶᠡᠨ ᠳᠠᠬᠢ | ᠡᠳ᠋ ᠤᠨ ᠵᠠᠰᠠᠭ ᠤᠨ ᠪᠡᠯᠡ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠦ᠂ ᠰᠢᠨ᠎ᠡ ᠬᠡᠯᠪᠡᠷᠢ ᠶᠢᠨ ᠮᠠᠯ ᠠᠵᠤ | ᠠᠬᠤᠢ ᠲᠠᠷᠢᠶᠠᠯᠠᠩ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ | ᠡᠷᠳᠡᠨᠢ ᠰᠢᠰᠢ᠂ ᠰᠢᠷ᠎ᠡ ᠪᠤᠷᠴᠠᠭ ᠤᠨ ᠦᠢᠯᠡᠳᠪᠦᠷᠢᠯᠡᠭᠴᠢ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠳᠠᠯᠠᠪᠠᠢ ᠪᠠᠨ ᠦᠷᠭᠡᠳᠭᠡᠨ ᠲᠦᠷᠦᠯ ᠵᠦᠢᠯ ᠢᠶᠠᠨ ᠨᠡᠮᠡᠭᠳᠡᠭᠦᠯᠵᠦ | ᠪᠠᠷᠢᠮᠵᠢᠶ᠎ᠠ ᠪᠠᠨ ᠳᠡᠭᠡᠭᠰᠢᠯᠡᠭᠦᠯᠬᠦ ᠱᠠᠭᠠᠷᠳᠠᠯᠭ᠎ᠠ ᠶᠤᠰᠤᠭᠠᠷ᠂ ᠮᠠᠯ ᠠᠵᠤ ᠠᠬᠤᠢ ᠲᠠᠷᠢᠶᠠᠯᠠᠩ ᠤᠨ ᠳᠠᠭᠠᠳᠬᠠᠯ ᠤᠨ | ᠲᠦᠷᠦ ᠶᠢᠨ ᠪᠤᠳᠤᠯᠭ᠎ᠠ ᠶᠢ ᠳᠡᠭᠦᠯᠳᠡᠷᠵᠢᠭᠦᠯᠵᠤ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠮᠠᠯ ᠠᠵᠤ ᠠᠬᠤᠢ | ᠲᠠᠷᠢᠶᠠᠯᠠᠩ ᠤᠨ ᠳᠠᠭᠠᠳᠬᠠᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠬᠦᠴᠦᠯᠡᠴᠡ ᠪᠤᠯᠤᠨ ᠬᠦᠷᠢᠶ᠎ᠡ | ᠬᠡᠪᠴᠢᠶ᠎ᠡ ᠶᠢ ᠨᠡᠮᠡᠭᠳᠡᠭᠦᠯᠦᠨ᠎ᠡ᠃ ᠲᠤᠰᠬᠠᠢ ᠮᠡᠷᠭᠡᠵᠢᠯ ᠤᠨ ᠴᠢᠨᠠᠷᠲᠠᠢ ᠮᠠᠯ ᠠᠵᠤ ᠠᠬᠤᠢ ᠲᠠᠷᠢᠶᠠᠯᠠᠩ ᠤᠨ | ᠪᠠᠳᠤᠯᠠᠭ᠎ᠠ ᠶᠢᠨ ᠪᠠᠶᠢᠭᠤᠯᠤᠮᠵᠢ ᠠᠴᠠ ᠰᠢᠨ᠎ᠡ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠡ ᠶᠢᠨ | ᠭᠤᠤᠯ ᠴᠤᠬᠴᠠ ᠳᠤ ᠵᠢᠭᠡᠯᠡᠯᠭᠡ ᠶᠢᠨ ᠪᠠᠳᠤᠯᠠᠭ᠎ᠠ ᠬᠠᠩᠭᠠᠬᠤ ᠶᠢ ᠵᠤᠷᠢᠬᠵᠢᠭᠤᠯᠤᠨ᠎ᠠ᠃ ᠬᠤᠰᠢᠭᠤ ᠰᠢᠶᠠᠨ ᠤ | ᠪᠠᠩᠬᠢ ᠶᠢᠨ ᠦᠢᠯᠡᠰ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠮᠠᠯ ᠠᠵᠦ ᠠᠬᠤᠢ ᠲᠠᠷᠢᠶᠠᠯᠠᠩ᠂ ᠮᠠᠯᠵᠢᠬᠤ | ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠳᠤ ᠦᠢᠯᠡᠴᠢᠯᠡᠬᠦ ᠶᠢ ᠤᠷᠮᠠᠰᠢᠭᠤᠯᠵᠤ ᠬᠢᠵᠠᠭᠠᠷᠯᠠᠬᠤ ᠪᠠ | ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠳᠤᠬᠳᠠᠴᠠ ᠶᠢ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠮᠠᠶ᠋ᠢᠭ ᠤᠨ ᠮᠠᠯ | ᠠᠵᠤ ᠠᠬᠤᠢ ᠲᠠᠷᠢᠶᠠᠯᠠᠩ ᠳᠤ ᠬᠤᠯᠪᠤᠭᠳᠠᠬᠤ ᠵᠢᠭᠡᠯᠡᠯᠭᠡ ᠶᠢᠨ ᠳᠤᠬᠳᠠᠭᠤᠨ ᠨᠡᠮᠡᠭᠳᠡᠯ ᠢ ᠪᠡᠶᠡᠯᠡᠭᠦᠯᠦᠨ᠎ᠡ᠃ ᠨᠡᠭᠡᠭᠡᠨ | ᠬᠦᠭᠵᠢᠬᠦᠯᠦᠯᠳᠡ ᠶᠢᠨ ᠰᠢᠨᠵᠢ ᠲᠠᠢ ᠪᠠᠩᠬᠢ᠂ ᠲᠦᠷᠦ ᠶᠢᠨ ᠪᠤᠳᠤᠯᠭ᠎ᠠ ᠶᠢᠨ ᠰᠢᠨᠵᠢ ᠲᠠᠢ ᠪᠠᠩᠬᠢ ᠶᠢᠨ ᠮᠠᠯ ᠠᠵᠤ | ᠠᠬᠤᠢ ᠲᠠᠷᠢᠶᠠᠯᠠᠩ ᠤᠨ ᠨᠡᠭᠡᠭᠡᠨ ᠬᠦᠭᠵᠢᠭᠦᠯᠦᠯᠳᠡ ᠪᠤᠯᠤᠨ ᠮᠠᠯᠵᠢᠬᠤ ᠲᠠᠷᠢᠶᠠᠯᠠᠬᠤ ᠤᠷᠤᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠳᠠ ᠶᠢᠨ ᠳᠤᠮᠳᠠ ᠤᠷᠳᠤ ᠬᠤᠭᠤᠴᠠᠭᠠᠨ ᠤ ᠢᠳᠡᠭᠡᠮᠵᠢᠲᠦ ᠵᠢᠭᠡᠯᠡᠯᠭᠡ ᠶᠢᠨ | ᠳᠤᠬᠠᠢᠢᠯᠠᠭᠰᠠᠨ ᠠᠵᠢᠯ ᠢᠶᠠᠨ ᠢᠳᠡᠪᠬᠢᠳᠡᠢ ᠦᠷᠨᠢᠭᠦᠯᠬᠦ ᠶᠢ ᠵᠤᠷᠢᠬᠵᠢᠭᠤᠯᠤᠨ᠎ᠠ᠃ ᠡᠯ᠎ᠡ ᠪᠠᠩᠬᠢ ᠶᠢᠨ ᠦᠢᠯᠡᠰ᠂ | ᠮᠦᠩᠬᠦᠨ ᠭᠦᠢᠯᠭᠡᠭᠡᠨ ᠤᠪᠠᠶᠢᠭᠤᠯᠤᠮᠵᠢ ᠠᠴᠠ ᠵᠢᠭᠡᠯᠡᠯᠭᠡ ᠶᠢ ᠬᠢᠨᠠᠨ ᠵᠦᠪᠰᠢᠶᠠᠷᠡᠬᠦ ᠶᠠᠪᠤᠴᠠ ᠶᠢ ᠲᠦᠭᠦᠮᠴᠢᠯᠡᠬᠦ ᠶᠢ | ᠠᠬᠢᠭᠤᠯᠵᠤ᠂ ᠲᠦᠭᠰᠢᠭᠦᠷᠢ ᠶᠢ ᠡᠵᠡᠮᠳᠡᠬᠦ ᠤᠷᠢᠳᠠᠯ ᠳᠤᠤᠷ᠎ᠠ᠂ ᠨᠢᠭᠡ ᠯᠠ ᠤᠳᠠᠭ᠎ᠠ ᠭᠤᠶᠤᠴᠢᠯᠡᠬᠤ᠂ | ᠲᠦᠪᠯᠡᠷᠡᠭᠦᠯᠦᠨ ᠢᠲᠡᠭᠡᠮᠵᠢᠲᠦ ᠵᠢᠭᠡᠯᠡᠯᠭᠡ ᠲᠠᠯᠪᠢᠬᠤ᠂ ᠡᠷᠬᠢᠯᠳᠦᠭᠦᠯᠦᠨ ᠬᠡᠷᠡᠭᠯᠡᠬᠦ᠂ ᠦᠯᠡᠳᠡᠪᠦᠷᠢ ᠮᠦᠩᠬᠦ ᠶᠢ | ᠡᠵᠡᠮᠳᠡᠬᠦ ᠶᠢ ᠬᠡᠷᠡᠭᠵᠢᠭᠦᠯᠦᠨ᠎ᠡ᠃ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠬᠦᠳᠡᠭᠡ ᠲᠤᠰᠬᠤᠨ ᠤ | ᠬᠠᠮᠲᠤᠷᠠᠯᠴᠠᠭᠠᠨ ᠤ ᠪᠠᠩᠬᠢ᠂ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠵᠡᠷᠭᠡ ᠶᠢᠨ ᠦᠢᠯᠡᠴᠢᠯᠡᠭᠡᠨ ᠤ | ᠦᠢᠯᠡᠳᠦᠯ ᠴᠢᠳᠠᠪᠬᠢ ᠪᠠᠨ ᠰᠢᠯᠢᠳᠡᠭᠵᠢᠭᠦᠯᠬᠦ ᠶᠢ ᠳᠡᠮᠵᠢᠵᠦ᠂ ᠲᠤᠬᠠᠢ ᠶᠢᠨ ᠭᠠᠵᠠᠷ ᠤᠨ ︽ᠮᠠᠯ ᠠᠵᠦ ᠠᠬᠤᠢ | ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠢ ᠳᠡᠮᠵᠢᠬᠦ ᠭᠤᠤᠯ ᠬᠦᠴᠦᠨ ᠴᠡᠷᠢᠭ ᠤᠨ | ᠦᠢᠯᠡᠳᠦᠯ ᠢ ᠪᠠᠳᠠᠷᠠᠭᠤᠯᠤᠨ᠎ᠠ᠃ ᠪᠠᠩᠬᠢ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ ᠳᠤᠮᠳᠠ ᠤᠷᠳᠤ | ᠬᠤᠭᠤᠴᠠᠭᠠᠨ ᠤ ᠢᠳᠡᠭᠡᠮᠵᠢᠲᠦ ᠵᠢᠭᠡᠯᠡᠯᠭᠡ ᠦᠭᠬᠦ ᠬᠦᠴᠦᠯᠡᠴᠡ ᠪᠠᠨ ᠨᠡᠮᠡᠭᠳᠡᠭᠦᠯᠬᠦ ᠶᠢ ᠵᠤᠷᠢᠬᠵᠢᠭᠤᠯᠤᠨ᠎ᠠ᠃ ᠮᠠᠯ | ᠠᠵᠤ ᠠᠬᠤᠢ ᠲᠠᠷᠢᠶᠠᠯᠠᠩ ᠲᠠᠢ ᠬᠤᠯᠪᠤᠭᠳᠠᠭᠰᠠᠨ ᠠᠵᠤ ᠠᠬᠤᠢᠢᠯᠠᠯ ᠤᠨ ᠤᠯᠤᠰ ᠤᠨ ᠰᠲ᠋ᠤᠺ ᠢᠶᠠᠨ ᠳᠤᠳᠤᠭᠠᠳᠤ | ᠭᠠᠳᠠᠭᠠᠳᠤ ᠶᠢᠨ ᠬᠦᠷᠦᠩᠬᠡ ᠶᠢᠨ ᠵᠠᠬ᠎ᠠ ᠳᠡᠯᠭᠡᠭᠦᠷ ᠲᠡᠭᠡᠷ᠎ᠡ ᠭᠠᠷᠭᠠᠬᠤ ᠶᠢ ᠳᠡᠮᠵᠢᠵᠤ᠂ ᠭᠤᠤᠯᠳᠠᠯᠭ᠎ᠠ ᠲᠠᠢ ᠬᠦᠷᠢᠶᠡᠨ | ᠤ ᠦᠪᠡᠷᠮᠢᠴᠡ ᠤᠨᠴᠠᠯᠢᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠰᠲ᠋ᠤᠺ ᠢᠶᠠᠨ | ᠬᠤᠭᠤᠴᠠᠭᠠᠳᠤ ᠪᠡᠷᠠᠭᠠᠨ ᠤ ᠰᠤᠯᠢᠯᠴᠠᠭᠠᠨ ᠤ ᠲᠦᠷᠦᠯ ᠲᠡᠮᠲᠡᠭ ᠤᠨ ᠬᠤᠪᠢ ᠪᠠᠷ ᠵᠠᠬ᠎ᠠ ᠲᠡᠯᠭᠡᠬᠦᠷ ᠲᠤ | ᠭᠠᠷᠭᠠᠬᠤ ᠶᠢ ᠠᠭᠢᠭᠤᠯᠤᠨ᠎ᠠ᠃ ᠮᠦᠩᠭᠦᠨ ᠭᠦᠢᠯᠭᠡᠭᠡᠨ ᠤ ᠲᠦᠯᠦᠪᠦᠷᠢᠯᠡᠬᠦ ᠪᠦᠲᠦᠭᠡᠭᠳᠡᠭᠦᠨ ᠪᠠ | ᠦᠢᠯᠡᠴᠢᠯᠡᠭᠡ ᠵᠢᠨᠰᠢᠨ᠎ᠡ ᠶᠢ ᠡᠭᠦᠳᠴᠦ᠂ ᠮᠦᠩᠭᠦᠨ ᠭᠦᠢᠯᠭᠡᠭᠡ ᠶᠢᠨ ᠰᠢᠯᠵᠢᠮᠡᠯ ᠲᠦᠯᠦᠪᠦᠷᠢ ᠦᠭᠬᠦ ᠶᠢ ᠮᠠᠯᠵᠢᠬᠤ | ᠲᠠᠷᠢᠶᠠᠯᠠᠬᠤ ᠤᠷᠤᠨ ᠤ ᠬᠡᠷᠡᠭᠯᠡᠭᠡ᠂ ᠵᠠᠮ ᠬᠠᠷᠢᠯᠴᠠᠭ᠎ᠠ᠂ ᠡᠮ ᠡᠮᠨᠡᠯᠭᠡ᠂ ᠨᠡᠶᠢᠭᠡᠮ ᠤᠨ ᠪᠠᠳᠤᠯᠠᠭ᠎ᠠ᠂ ᠤᠯᠠᠨ | ᠨᠡᠶᠢᠳᠡ ᠶᠢᠨ ᠠᠵᠢᠯᠦᠢᠯᠡᠰ᠂ ᠵᠢᠭᠤᠯᠴᠢᠯᠠᠯ ᠵᠡᠷᠭᠡ ᠶᠢᠨ ᠬᠦᠷᠢᠶᠡᠨ ᠳᠤ ᠲᠦᠭᠡᠮᠡᠯᠵᠢᠭᠦᠯᠬᠦ ᠶᠢ ᠠᠭᠢᠭᠤᠯᠤᠨ᠎ᠠ᠃ | ᠵᠢᠷᠭᠤᠭ᠎ᠠ᠂ ᠮᠠᠯᠵᠢᠬᠤ ᠲᠠᠷᠢᠶᠠᠯᠠᠬᠤ ᠤᠷᠤᠨ ᠤ ᠵᠠᠰᠠᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠂ | ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠡᠶ᠎ᠡ ᠵᠤᠬᠢᠴᠠᠩᠭᠤᠢ ᠪᠠᠲ᠋ᠤᠭᠲᠠᠭᠤᠨ ᠢ ᠪᠠᠳᠤᠯᠠᠨ᠎ᠠ | ︵ᠨᠢᠭᠡ︶ ᠮᠠᠯᠵᠢᠬᠤ ᠲᠠᠷᠢᠶᠠᠯᠠᠬᠤ ᠤᠷᠤᠨ ᠤ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠎ᠠ᠃ ᠨᠠᠮ ᠤᠨ | ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠦᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠮᠤᠷᠠᠯ | ᠢᠶᠠᠷ ᠵᠠᠰᠠᠬᠤ ᠶᠢ ᠤᠶᠠᠯᠳᠤᠭᠤᠯᠤᠭᠰᠠᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠤᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠯᠲᠠ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠡ ᠶᠢᠨ ᠴᠡᠭ ᠢ ᠦᠷᠨᠢᠭᠦᠯᠬᠦ ᠪᠠ ᠮᠠᠯᠵᠢᠬᠤ ᠲᠠᠷᠢᠶᠠᠯᠠᠬᠤ ᠤ ᠵᠠᠰᠠᠯᠲᠠ ᠶᠢᠨ ᠵᠢᠱᠢᠶ᠎ᠡ | ᠦᠵᠡᠬᠦᠯᠬᠦ ᠲᠤᠰᠬᠤᠨ ᠪᠠᠯᠭᠠᠰᠤ ᠶᠢ ᠪᠠᠶᠢᠭᠤᠯᠤᠨ᠎ᠠ᠃ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ ᠶᠢ | ᠵᠢᠷᠤᠮᠵᠢᠭᠤᠯᠵᠦ᠂ ᠲᠦᠷᠢᠮᠵᠢᠭᠦᠯᠬᠦ ᠪᠠᠶᠢᠭᠤᠯᠤᠯᠲᠠ ᠶᠢ ᠴᠢᠩᠭᠠᠳᠬᠠᠵᠦ᠂ ᠭᠠᠴᠠᠭᠠᠨ ᠤ ᠱᠠᠲᠤᠨ ᠤ ᠬᠡᠷᠡᠭ ᠵᠦᠪᠯᠡᠬᠦ | ᠵᠦᠪᠳᠡᠯᠴᠡᠬᠦ ᠲᠦᠷᠢᠮ ᠢ ᠪᠦᠷᠢᠨᠰᠢᠭᠦᠯᠦᠨ᠎ᠡ᠃ ᠭᠠᠴᠠᠭ᠎ᠠ ᠲᠤᠰᠬᠤᠨ ᠤ ᠱᠠᠳᠤᠨ ᠤ ᠬᠡᠷᠡᠭ ᠶᠠᠪᠤᠳᠠᠯ ᠢ ᠢᠯᠡ | ᠪᠤᠯᠭᠠᠬᠤ ᠶᠢ ᠠᠬᠢᠭᠤᠯᠵᠦ᠂ ᠭᠠᠴᠠᠭ᠎ᠠ ᠲᠤᠰᠬᠤᠨ ᠤ ᠱᠠᠳᠤᠨ ᠤ ᠡᠷᠭᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ | ᠪᠦᠲᠦᠮᠵᠢᠲᠠᠢ ᠬᠢᠨᠠᠯᠲᠠ ᠲᠠᠯᠪᠢᠬᠤ ᠲᠤᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠳᠤᠨ ᠤ ᠪᠠᠭ᠎ᠠ ᠡᠷᠭᠡ ᠶᠢᠨ | ᠢᠯᠵᠢᠷᠡᠯ ᠢ ᠵᠠᠯᠬᠠᠭᠠᠨ ᠰᠢᠳᠭᠡᠭᠦ ᠡᠷᠴᠢᠮ ᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠢ ᠵᠢᠯᠤᠭᠤᠳᠤᠨ | ᠭᠠᠴᠠᠭᠠᠨ ᠤ ᠲᠤᠭᠲᠠᠭᠠᠯ ᠠᠷᠠᠳ ᠤᠨ ᠭᠡᠷ᠎ᠡ ᠶᠢ ᠲᠡᠭᠦᠯᠳᠡᠷᠵᠢᠭᠦᠯᠦᠨ᠎ᠡ᠃ | ᠬᠠᠤᠯᠢ ᠶᠤᠰᠤᠭᠠᠷ ᠵᠠᠰᠠᠬᠤ ᠶᠢ ᠪᠠᠷᠢᠮᠲᠠᠯᠠᠵᠦ᠂ ᠬᠠᠤᠯᠢ ᠶᠤᠰᠤᠭᠠᠷ ᠵᠠᠰᠠᠭ ᠶᠠᠪᠤᠭᠤᠯᠵᠦ᠂ ᠬᠠᠤᠯᠢᠵᠢᠯ ᠤᠨ | ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠲᠡ | ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠮᠠᠯ | ᠠᠵᠦ ᠠᠬᠤᠢ ᠲᠠᠷᠢᠶᠠᠯᠠᠩ ᠤᠨ ᠶᠡᠷᠦᠩᠭᠡᠶᠢᠯᠡᠭᠰᠡᠨ ᠬᠠᠤᠯᠢ ᠭᠡᠷᠡᠭᠵᠢᠬᠦᠯᠬᠦ ᠵᠢᠴᠢᠩᠭᠠᠳᠬᠠᠵᠦ᠂ ᠬᠠᠤᠯᠢ ᠭᠡᠷᠡᠭᠵᠢᠭᠦᠯᠬᠦ | ᠰᠢᠰᠲ᠋ᠧᠮᠵᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠭᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠬᠦᠯᠵᠦ᠂ | ᠬᠠᠤᠯᠢ ᠭᠡᠷᠡᠭᠵᠢᠭᠦᠯᠬᠦ ᠡᠩᠨᠡᠭᠡ ᠶᠢ ᠨᠡᠶᠢᠳᠭᠡᠨ ᠬᠠᠤᠯᠢ ᠭᠡᠷᠡᠭᠵᠢᠭᠦᠯᠬᠦ ᠬᠦᠴᠦᠨ ᠢ ᠴᠢᠩᠭᠠᠷᠠᠭᠤᠯᠬᠤ ᠶᠢ | ᠠᠬᠢᠭᠤᠯᠤᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠮᠠᠯᠴᠢᠨ ᠲᠠᠷᠢᠶᠠᠴᠢᠳ ᠤᠨ ᠦᠵᠡᠯ ᠰᠠᠨᠠᠭᠠᠨ ᠤ ᠠᠵᠢᠯ ᠢ ᠴᠢᠩᠭᠠᠳᠬᠠᠵᠦ᠂ ᠰᠢ ᠶᠢᠨ ᠫᠢᠡᠭ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠬᠦᠮᠦᠵᠢᠯ ᠢ ᠦᠷᠭᠡᠨ ᠳᠡᠯᠭᠡᠷ ᠦᠷᠨᠢᠭᠦᠯᠵᠦ᠂ ᠨᠠᠮ ᠤᠨ ᠱᠤᠭᠤᠮ ᠴᠢᠭᠯᠡᠯᠲᠡ ᠪᠠ ᠮᠠᠯ ᠠᠵᠤ ᠠᠬᠤᠢ ᠲᠠᠷᠢᠶᠠᠯᠠᠩ ᠢ | ᠬᠦᠴᠦᠷᠭᠡᠭᠵᠢᠭᠦᠯᠦᠨ ᠮᠠᠯᠴᠢᠨ ᠲᠠᠷᠢᠶᠠᠴᠢᠳ ᠲᠤ ᠠᠰᠢᠭ ᠬᠦᠷᠳᠡᠭᠡᠨ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢ | ᠶᠡᠭᠡ ᠪᠠᠷ ᠤᠬᠠᠭᠤᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠡ ᠶᠢᠨ ᠬᠦᠮᠦᠵᠢᠯ ᠢ ᠬᠦᠨᠵᠠᠭᠡᠶᠢᠷᠡᠭᠦᠯᠦᠨ᠂ | ᠮᠠᠯᠴᠢᠨ ᠲᠠᠷᠢᠶᠠᠴᠢᠳ ᠢ ᠬᠦᠳᠦᠯᠦᠨ ᠵᠢᠯᠤᠭᠤᠳᠴᠦ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ | ᠦᠵᠡᠯᠲᠡ ᠶᠢ ᠦᠢᠯᠡᠳᠦᠯᠭᠡᠵᠢᠬᠦᠯᠵᠦ᠂ ᠨᠠᠮ ᠤᠨ ᠮᠠᠯᠵᠢᠬᠤ ᠲᠠᠷᠢᠶᠠᠯᠠᠬᠤ ᠤᠷᠤᠨ ᠳᠠᠬᠢ ᠦᠵᠡᠯ ᠰᠠᠨᠠᠭᠠᠨ ᠤ | ᠪᠠᠬᠢᠯᠡᠯᠲᠡ ᠶᠢ ᠪᠠᠬᠢᠵᠢᠭᠦᠯᠦᠨ᠎ᠡ᠃ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠤᠨ | ᠲᠤᠷᠰᠢᠯᠲᠡ ᠶᠢᠨ ᠴᠡᠭ ᠢ ᠦᠷᠨᠢᠭᠦᠯᠵᠦ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠦᠪ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠨ ᠲᠦᠮᠡᠨᠴᠢ ᠴᠢᠨᠠᠷᠲᠠᠢ ᠤᠶᠤᠨ ᠤ ᠪᠤᠯᠪᠠᠰᠤᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠬᠦᠨᠵᠡᠭᠡᠶᠢᠷᠡᠭᠦᠯᠦᠨ ᠦᠷᠭᠡᠳᠭᠡᠵᠦ᠂ ᠨᠢᠭᠡ ᠪᠦᠯᠦᠭ ᠮᠠᠯᠵᠢᠬᠤ ᠲᠠᠷᠢᠶᠠᠯᠠᠬᠤ ᠤᠷᠤᠨ ᠤ ᠤᠶᠤᠨ ᠤ | ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ᠂ ᠪᠤᠯᠪᠠᠰᠤᠨ ᠲᠤᠰᠬᠤᠨ | ᠪᠠᠯᠭᠠᠰᠤ᠂ ᠬᠠᠮᠤᠭ ᠤᠨ ᠰᠠᠶᠢᠬᠠᠨ ᠭᠡᠷ ᠪᠦᠯᠢ ᠵᠡᠷᠭᠡ ᠶᠢ ᠰᠤᠩᠭᠤᠨ ᠭᠠᠷᠭᠠᠵᠤ᠂ ᠮᠠᠯᠵᠢᠬᠤ ᠲᠠᠷᠢᠶᠠᠯᠠᠬᠤ ᠤᠷᠤᠨ ᠤ | ᠡᠩ ᠤᠨ ᠬᠦᠮᠦᠨ ᠤ ᠰᠠᠶᠢᠨ ᠶᠠᠪᠤᠳᠠᠯ᠂ ︽ᠡᠭᠡᠯ ᠪᠠᠭᠠᠳᠤᠷ︾ ᠵᠡᠷᠭᠡ ᠶᠢ ᠬᠦᠬᠢᠭᠦᠯᠦᠨ ᠰᠠᠶᠢᠰᠢᠶᠠᠨ᠎ᠠ᠃ ᠮᠠᠯᠵᠢᠬᠤ | ᠲᠠᠷᠢᠶᠠᠯᠠᠬᠤ ᠤᠷᠤᠨ ᠤ ᠵᠠᠩ ᠳᠠᠳᠬᠠᠯ ᠢ ᠦᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠵᠦ᠂ ᠭᠠᠴᠠᠭᠠᠨ ᠤ | ᠭᠡᠷᠡᠭ ᠵᠦᠪᠯᠡᠬᠦ ᠵᠦᠪᠯᠡᠯ ᠤᠨ ᠴᠢᠳᠠᠪᠬᠢ ᠶᠢ ᠪᠠᠳᠠᠷᠠᠭᠤᠯᠵᠦ᠂ ᠪᠠᠶᠠᠷ ᠤᠨ ᠪᠤᠶᠤ ᠭᠠᠰᠢᠭᠤᠳᠠᠯ ᠤᠨ ᠬᠡᠷᠡᠭ ᠡᠷᠬᠢᠯᠡᠬᠦ | ᠵᠦᠪᠯᠡᠯ᠂ ᠵᠤᠭᠤᠰ ᠨᠠᠭᠠᠳᠬᠤ ᠪᠠ ᠬᠤᠤᠷᠳᠤ ᠡᠳ᠋ ᠢ ᠴᠠᠭᠠᠵᠠᠯᠠᠬᠤ ᠭᠡᠷᠡᠭ ᠡᠷᠬᠢᠯᠡᠬᠦ ᠵᠦᠪᠯᠡᠯ᠂ ᠶᠤᠰᠤ ᠮᠤᠷᠠᠯ ᠤᠨ | ᠦᠨᠡᠯᠡᠯᠳᠡ ᠶᠢᠨ ᠵᠦᠪᠯᠡᠯ ᠤᠨ ᠵᠤᠬᠢᠶᠠᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠦ᠂ ᠬᠠᠰᠢ ᠶᠠᠰᠢ | ᠠᠰᠠᠷᠠᠭᠠᠳ ᠬᠦᠨᠳᠦ ᠪᠠᠷ ᠤᠷᠤᠰᠢᠭᠤᠯᠬᠤ᠂ ᠲᠡᠭᠷᠢ ᠲᠤᠯᠤᠮ᠎ᠠ ᠦᠨᠡᠲᠠᠢ ᠪᠡᠯᠡᠭ ᠬᠦᠷᠭᠡᠬᠦ᠂ ᠵᠤᠴᠢᠨ ᠵᠠᠯᠠᠵᠦ | ᠯᠠᠷᠵᠢᠶᠠᠯᠠᠵᠦ ᠰᠤᠷᠳᠤᠭᠤᠯᠠᠬᠤ᠂ ᠨᠠᠶᠢᠷ ᠲᠠᠯ᠎ᠠ ᠶᠢ ᠠᠳᠠᠯᠢᠳᠬᠠᠬᠤ ᠵᠡᠷᠭᠡ ᠬᠠᠭᠤᠴᠢᠨ ᠶᠤᠰᠤ ᠬᠤᠴᠤᠷᠤᠩᠭᠤᠢ | ᠵᠠᠩᠰᠢᠯ ᠢ ᠦᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠤᠯᠠᠭᠠᠨᠮᠦ᠋ᠴᠢᠷ ᠤᠨ ᠦᠢᠯᠡᠰ ᠢ | ᠲᠦᠷᠭᠡᠳᠭᠡᠨᠬᠦ᠋ᠭᠵᠢᠬᠦᠯᠦᠨᠠ᠃ ᠢᠯᠡ ᠲᠤᠳᠤ ᠤᠷᠤᠨ ᠨᠤᠲᠤᠭ ᠪᠠ ᠦᠨᠳᠦᠰᠦᠲᠡᠨ ᠤ ᠤᠨᠴᠠᠯᠢᠭ ᠪᠦᠬᠦᠢ ᠰᠤᠶᠤᠯ | ᠤᠨ ᠲᠤᠰᠬᠤᠨ ᠪᠠᠯᠭᠠᠰᠤ ᠶᠢ ᠴᠤᠭᠴᠠᠯᠠᠨ ᠪᠠᠶᠢᠭᠤᠯᠵᠦ᠂ ᠭᠠᠴᠠᠭ᠎ᠠ ᠲᠤᠰᠬᠤᠨ ᠤ ᠤᠷᠤᠨ ᠨᠤᠲᠤᠭ ᠤᠨ | ᠤᠨᠴᠠᠯᠢᠭ ᠢᠶᠠᠷ ᠢᠯᠡ ᠲᠤᠳᠤ ᠤᠯᠠᠨ ᠬᠡᠯᠪᠡᠷᠢ ᠶᠢᠨ ᠰᠤᠶᠤᠯ ᠤᠨ ᠠᠵᠢᠯᠯᠠᠭ᠎ᠠ ᠶᠢ ᠦᠷᠨᠢᠭᠦᠯᠬᠦ ᠶᠢ ᠳᠡᠮᠵᠢᠵᠦ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠠᠯᠤᠰᠯᠠᠭᠰᠠᠨ ᠰᠤᠶᠤᠯ ᠤᠨ ᠰᠤᠯᠢᠯᠴᠠᠭᠠᠨ ᠤ | ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠰᠢᠯᠢᠳᠡᠭ ᠰᠤᠶᠤᠯ ᠢᠶᠠᠨ ᠤᠯᠠᠮᠵᠢᠯᠠᠨ ᠪᠠᠳᠠᠷᠠᠭᠤᠯᠵᠦ᠂ ᠮᠠᠯᠴᠢᠨ | ᠲᠠᠷᠢᠶᠠᠴᠢᠨ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ︵ᠭᠤᠷᠪᠠ︶ ᠠᠮᠤᠭᠤᠯᠠᠩᠳᠤ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ | ᠠᠬᠢᠭᠤᠯᠤᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠡᠮᠡᠴᠡᠯ ᠢ | ᠬᠦᠨᠵᠡᠭᠡᠶᠢᠷᠡᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠠᠷ᠎ᠠ ᠪᠦᠯᠦᠭᠳᠡᠨ ᠬᠠᠷᠭᠢᠰ ᠬᠦᠴᠦᠨ ᠳᠤ | ᠬᠦᠴᠦᠳᠡᠢ ᠴᠤᠬᠢᠯᠳᠠ ᠦᠭᠴᠦ᠂ ︽ᠲᠤᠰᠬᠤᠨ ᠤ ᠡᠵᠡᠷᠭᠡᠭ︾ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠤ | ᠦᠨᠳᠦᠰᠦᠨ ᠱᠠᠳᠤᠨ ᠤ ᠵᠠᠰᠠᠭ ᠤᠨ ᠡᠷᠭᠡ ᠳᠤ ᠬᠠᠯᠳᠠᠨ ᠲᠦᠢᠪᠡᠭᠡᠬᠦ ᠶᠢ ᠬᠤᠷᠢᠬᠯᠠᠨ᠎ᠠ᠃ ᠲᠠᠶᠢᠰᠤᠩᠨᠠᠬᠴᠢ ᠡᠳᠡᠭᠡᠳ᠂ | ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠳᠠ᠂ ᠬᠠᠤᠯᠢ ᠪᠤᠰᠤ ᠱᠠᠰᠢᠨ ᠰᠤᠷᠳᠠᠬᠤᠨ ᠤ ᠠᠵᠢᠯᠯᠠᠭᠠᠨ ᠤ | ᠮᠠᠯᠵᠢᠬᠤ ᠲᠠᠷᠢᠶᠠᠯᠠᠬᠤ ᠤᠷᠤᠨ ᠲᠤ ᠨᠡᠪᠳᠡᠷᠡᠨ ᠤᠷᠤᠬᠤ ᠶᠢ ᠰᠡᠷᠭᠡᠶᠢᠯᠠᠵᠤ᠂ ᠴᠢᠩᠭ᠎ᠠ ᠴᠤᠬᠢᠯᠳᠠ ᠦᠭᠭᠦᠨ᠎ᠡ᠃ | ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠦᠨᠳᠦᠰᠦᠨ ᠱᠠᠳᠤᠨ ᠲᠡᠶᠢᠰᠢ ᠬᠡᠯᠪᠠᠶᠢᠯᠬᠡᠵᠦ᠂ | ᠮᠠᠯᠴᠢᠨ ᠲᠠᠷᠢᠶᠠᠴᠢᠨ ᠤ ᠲᠤᠭᠤᠷᠢᠨ ᠳᠤ ᠡᠭᠦᠰᠦᠭᠰᠡᠨ ᠲᠦᠪ ᠪᠤᠰᠤ ᠰᠤᠷᠳᠠᠯ ᠪᠠ ᠢᠯᠵᠢᠷᠠᠯ ᠤᠨ ᠠᠰᠠᠭᠤᠳᠠᠯ ᠢ | ᠡᠷᠡᠰ ᠴᠢᠩᠭ᠎ᠠ ᠪᠠᠶᠢᠴᠠᠭᠠᠨ ᠰᠢᠳᠭᠡᠨ᠎ᠡ᠃ ᠮᠠᠯᠵᠢᠬᠤ ᠲᠠᠷᠢᠶᠠᠯᠠᠬᠤ ᠤᠷᠤᠨ ᠤ ᠨᠠᠶᠢᠭᠡᠮ ᠤᠨ ᠠᠮᠦᠷ ᠲᠦᠪᠰᠢᠨ ᠢ | ᠶᠡᠷᠦᠩᠬᠡᠶᠢᠯᠡᠨ ᠵᠠᠰᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠭᠦᠯᠦᠨ᠎ᠠ᠃ | ᠮᠠᠯᠵᠢᠬᠤ ᠲᠠᠷᠢᠶᠠᠯᠠᠬᠤ ᠤᠷᠤᠨ ᠤ ᠰᠦᠯᠵᠢᠶᠡᠵᠢᠭᠰᠡᠨ ᠬᠠᠮᠢᠶᠠᠷᠤᠯᠳᠠ ᠶᠢ ᠲᠦᠯᠬᠢᠨ ᠠᠬᠢᠭᠤᠯᠵᠤ᠂ ᠨᠡᠩ ᠤᠯᠠᠨ | ᠠᠮᠤᠭᠤᠯᠠᠩᠳᠤ ᠪᠦᠳᠦᠭᠡᠨ ᠪᠠᠶᠢᠭᠤᠯᠤᠯᠳᠠ ᠶᠢᠨ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠳᠠ ᠶᠢ ᠮᠠᠯᠵᠢᠬᠤ | ᠲᠠᠷᠢᠶᠠᠯᠠᠬᠤ ᠤᠷᠤᠨ ᠳᠤ ᠠᠪᠴᠢᠷᠠᠨ᠎ᠠ᠃ ᠬᠦᠳᠡᠭᠡ ᠲᠤᠰᠬᠤᠨ ᠤ ᠵᠠᠮ ᠬᠠᠷᠢᠯᠴᠠᠭ᠎ᠠ᠂ ᠭᠠᠯ ᠠᠴᠠ ᠰᠡᠷᠭᠡᠶᠢᠯᠡᠨ ᠭᠠᠯ | ᠤᠨᠳᠠᠷᠠᠭᠠᠬᠤ᠂ ᠤᠯᠠᠨ ᠨᠠᠶᠢᠳᠠ ᠶᠢᠨ ᠡᠷᠡᠭᠦᠯ ᠬᠠᠮᠠᠭᠠᠯᠠᠯ᠂ ᠭᠠᠵᠠᠷ ᠰᠢᠨᠵᠢᠯᠡᠭᠡᠨ ᠤ ᠭᠠᠮᠰᠢᠭ ᠵᠡᠷᠭᠡ ᠤᠯᠠᠨ | ᠨᠠᠶᠢᠳᠠ ᠶᠢᠨ ᠠᠮᠤᠷ ᠲᠦᠪᠰᠢᠨ ᠲᠤ ᠬᠤᠯᠪᠤᠬᠳᠠᠬᠰᠠᠨ ᠬᠡᠷᠡᠭ ᠶᠠᠪᠤᠳᠠᠯ ᠠᠮᠠᠷᠬᠠᠨ ᠡᠭᠦᠰᠬᠦ ᠬᠦᠷᠢᠶ᠎ᠡ ᠴᠠᠷᠠᠭ᠎ᠠ ᠳᠠᠬᠢ | ᠭᠡᠮᠰᠤᠭᠤᠭ ᠢ ᠪᠠᠶᠢᠴᠠᠭᠠᠨ ᠠᠷᠢᠯᠭᠠᠬᠤ᠂ ᠲᠤᠰᠬᠠᠢ ᠲᠦᠷᠦᠯ ᠢᠶᠠᠷ ᠴᠡᠭᠴᠡᠯᠡᠨ ᠵᠡᠰᠠᠬᠤ ᠪᠠ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠠᠮᠤᠷ | ᠲᠦᠪᠰᠢᠨ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠬᠢᠵᠢᠬᠰᠠᠨ ᠤᠶᠤᠨᠴᠢᠯᠠᠬᠰᠠᠨ ᠰᠢᠰᠲ᠋ᠧᠮᠵᠢ ᠶᠢᠨ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠦ᠂ ᠭᠠᠴᠠᠭ᠎ᠠ ᠲᠤᠰᠬᠤᠨ ︵ᠨᠠᠶᠢᠭᠡᠮ ᠲᠤᠭᠤᠷᠢᠭ︶ ᠤ ᠴᠠᠬᠳᠠᠭᠠᠨ ᠤ ᠶᠠᠪᠤᠳᠠᠯ ᠤᠨ | ᠭᠡᠷ᠂ ᠠᠮᠤᠷ ᠢ ᠬᠠᠮᠠᠭᠠᠯᠠᠬᠤ ᠵᠦᠪᠯᠡᠯ᠂ ᠲᠠᠯ᠎ᠠ ᠨᠤᠳᠤᠭ ᠤᠨ ︽110︾ ᠵᠡᠷᠭᠡ ᠶᠢᠨ ᠬᠠᠮᠳᠤ ᠪᠠᠷ ᠰᠡᠷᠭᠡᠶᠢᠯᠡᠨ | ᠬᠠᠮᠳᠤ ᠪᠠᠷ ᠵᠠᠰᠠᠬᠤ ᠠᠵᠢᠯ ᠢ ᠰᠠᠶᠢᠳᠤᠷ ᠬᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠦ ᠲᠠᠢ | ᠵᠢᠭᠡᠯᠡᠯᠭᠡ ᠶᠢ ᠦᠷᠭᠦᠯᠵᠢᠯᠡᠨ ᠴᠡᠭᠴᠡᠯᠡᠨ ᠵᠠᠰᠠᠨ᠎ᠠ᠃ ᠰᠢᠨ᠎ᠡ ᠴᠠᠭ ᠡᠷᠡᠨ ᠤ ︽ᠹᠧᠩ ᠴᠢᠶᠤᠤ ᠶᠢᠨ ᠲᠤᠷᠰᠢᠯᠭ᠎ᠠ︾ | ᠶᠢ ᠪᠠᠷᠢᠮᠳᠠᠯᠠᠨ ᠬᠦᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠵᠦᠷᠢᠴᠡᠯ ᠵᠢᠭᠤᠷᠭᠠᠨ ᠢ ᠪᠠᠶᠢᠴᠠᠭᠠᠨ | ᠰᠢᠢᠳᠪᠦᠷᠢᠯᠡᠬᠦ ᠲᠤᠬᠳᠠᠴᠠ ᠶᠢ ᠲᠡᠭᠦᠯᠳᠡᠷᠵᠢᠬᠦᠯᠵᠦ᠂ ᠤᠯᠠᠨ ᠲᠦᠮᠡᠨ ᠳᠤ ᠦᠢᠯᠡᠴᠢᠯᠡᠬᠦ᠂ ᠲᠤᠬᠳᠠᠭᠤᠨ ᠪᠠᠶᠢᠳᠠᠯ ᠢ | ᠬᠠᠮᠠᠭᠠᠯᠠᠬᠤ ᠴᠢᠳᠠᠪᠤᠷᠢ ᠪᠠ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ | ᠲᠤᠯᠤᠭ᠎ᠠ᠂ ᠭᠠᠴᠠᠭ᠎ᠠ ᠲᠤᠰᠬᠤᠨ ᠤ ᠨᠠᠮ ᠤᠨ ᠡᠬᠦᠷ ᠤᠨ ᠨᠢᠬᠳᠠᠷᠠᠭᠤᠯᠬᠤ ᠬᠦᠴᠦᠨ ᠲᠠᠶᠢᠴᠢᠨ ᠬᠦᠴᠦᠨ ᠢ | ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ | ᠴᠤᠭᠴᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ︵ᠨᠢᠬᠡ︶ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢ ᠪᠤᠳᠠᠳᠠᠢ ᠠᠳᠬᠤᠵᠤ ᠪᠠᠶᠢᠭᠤᠯᠤᠨ ᠬᠦᠴᠦᠷᠬᠡᠭᠵᠢᠬᠦᠯᠦᠨᠠ᠃ ᠵᠤᠬᠢᠶᠠᠨ ᠪᠠᠶᠢᠭᠤᠯᠤᠯᠳᠠ ᠶᠢᠨ | ᠬᠦᠴᠦᠨ ᠢ ᠲᠡᠬᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠤ᠂ ᠤᠯᠤᠰ ᠲᠦᠷᠦ ᠶᠢᠨ ᠴᠢᠳᠡᠪᠬᠢ ᠶᠢ ᠲᠤᠪᠤᠶᠢᠯᠭᠠᠵᠤ᠂ | ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠰᠢᠰᠲ᠋ᠧᠮᠵᠢ ᠶᠢᠨ ᠴᠤᠭᠴᠠᠯᠠᠯᠲᠠ ᠶᠢ ᠦᠷᠬᠦᠯᠵᠢᠯᠡᠨ ᠴᠢᠩᠭᠠᠳᠬᠠᠨ᠎ᠠ᠃ ᠭᠤᠤᠯᠳᠠᠯᠭ᠎ᠠ ᠶᠢ ᠲᠤᠷᠤᠬᠰᠢ ᠰᠢᠯᠵᠢᠬᠦᠯᠬᠦ᠂ | ᠡᠬᠢ ᠪᠡᠶᠡᠯᠢᠭ᠋ ᠢ ᠲᠤᠷᠤᠬᠰᠢ ᠪᠠᠭᠤᠯᠭᠠᠬᠤ᠂ ᠲᠡᠭᠡᠷ᠎ᠡ ᠲᠤᠤᠷᠠᠬᠢ ᠬᠤᠷᠰᠢᠯᠴᠠᠬᠤ᠂ ︽ᠨᠢᠬᠡ ᠲᠤᠰᠬᠤᠨ ᠨᠢᠬᠡ ᠠᠷᠭ᠎ᠠ | ᠪᠤᠳᠤᠯᠭ᠎ᠠ︾ ᠶᠢ ᠪᠠᠷᠢᠮᠳᠠᠯᠠᠵᠤ᠂ ᠬᠤᠰᠢᠭᠤ ᠰᠢᠶᠠᠨ ︵ᠬᠤᠳᠠ᠂ ᠲᠤᠭᠤᠷᠢᠭ︶ ᠢᠶᠠᠷ ᠨᠢᠬᠡᠴᠢ ᠪᠤᠯᠭᠠᠵᠤ᠂ ᠲᠤᠷᠤᠢ | ᠪᠠᠭᠤᠷᠠᠢ ᠲᠠᠷᠠᠬᠠᠢ ᠪᠤᠲᠠᠷᠬᠠᠢ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠨᠢᠬᠡ ᠨᠢᠬᠡ ᠪᠠᠷ | ᠴᠡᠭᠴᠡᠯᠡᠨ᠎ᠠ᠃ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠶᠢ ᠪᠤᠴᠠᠵᠤ | ᠪᠠᠶᠢᠴᠠᠭᠠᠨ ᠦᠵᠡᠬᠦ ᠶᠢ ᠦᠷᠨᠢᠬᠦᠯᠵᠤ᠂ ᠡᠷᠡᠬᠦᠦ ᠶᠢᠨ ᠰᠢᠢᠳᠬᠡᠯ ᠤᠯᠵᠤ ᠦᠩᠬᠡᠷᠡᠭᠰᠡᠨ᠂ ︽ᠲᠤᠰᠬᠤᠨ ᠤ | ᠡᠵᠡᠷᠬᠡᠭ︾ ᠪᠠ ᠬᠠᠷᠬᠢᠰ ᠬᠦᠴᠦᠨ ᠬᠠᠷ᠎ᠠ ᠪᠦᠯᠦᠭᠳᠡᠨ ᠲᠠᠢ ᠬᠤᠯᠪᠤᠬᠳᠠᠬᠤ ᠵᠡᠷᠬᠡ ᠠᠰᠠᠭᠤᠳᠠᠯ ᠤᠷᠤᠰᠢᠵᠤ | ᠪᠠᠶᠢᠢᠬᠤ ︽ᠬᠤᠶᠠᠷ ᠵᠦᠪᠯᠡᠯ︾ ᠤᠨ ᠪᠠᠭ ᠤᠨ ᠪᠦᠷᠢᠯᠳᠦᠬᠦᠨ ᠢ ᠡᠷᠡᠰ ᠴᠡᠭᠴᠡᠯᠡᠨ᠎ᠡ᠃ ᠭᠠᠴᠠᠭ᠎ᠠ ᠲᠤᠰᠬᠤᠨ ᠤ | ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠭᠠᠭᠤᠯᠤᠬᠴᠢ ᠶᠢ ᠴᠡᠭᠴᠡᠯᠡᠨ ᠰᠢᠯᠢᠳᠡᠭᠵᠢᠬᠦᠯᠵᠤ ᠲᠡᠬᠡᠭᠰᠢᠯᠡᠬᠦᠯᠬᠦ | ᠠᠵᠢᠯᠯᠠᠭ᠎ᠠ ᠶᠢ ᠬᠡᠷᠡᠭᠵᠢᠬᠦᠯᠦᠨ᠎ᠡ᠃ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ | ᠬᠤᠰᠢᠭᠤ ᠰᠢᠶᠠᠨ ︵ᠬᠤᠳᠠ ᠲᠤᠭᠤᠷᠢᠭ︶ ᠤ ᠨᠠᠮ ᠤᠨ ᠬᠤᠷᠢᠶ᠎ᠠ ᠳᠤ ᠲᠠᠩᠰᠠᠯᠠᠭᠤᠯᠤᠨ ᠬᠠᠮᠢᠶᠠᠷᠬᠤ ᠲᠦᠷᠢᠮ ᠢ | ᠨᠠᠶᠢᠳᠠᠪᠦᠷᠢᠵᠢᠭᠤᠯᠵᠤ᠂ ᠬᠦᠳᠡᠯᠦᠩᠬᠦᠢ ᠪᠠᠷ ᠮᠦᠷᠳᠡᠨ ᠬᠠᠮᠢᠶᠠᠷᠤᠨ᠎ᠠ᠃ ᠨᠢᠬᠡᠳᠦᠬᠡᠷ ᠱᠦᠵᠢ ᠶᠢ ᠲᠤᠮᠢᠯᠠᠨ | ᠰᠠᠭᠤᠯᠭᠠᠬᠤ ᠤᠷᠳᠤ ᠬᠤᠭᠤᠴᠠᠭᠠᠨ ᠤ ᠪᠦᠳᠦᠮᠵᠢᠳᠤ ᠲᠤᠬᠳᠡᠴᠠ ᠶᠢ ᠪᠠᠶᠢᠭᠤᠯᠤᠨ᠎ᠠ᠃ ᠭᠠᠴᠠᠭ᠎ᠠ ᠲᠤᠰᠬᠤᠨ ᠤ ᠨᠠᠮ | ᠤᠨ ᠵᠤᠬᠢᠶᠠᠨ ᠪᠠᠶᠢᠭᠤᠯᠤᠯᠳᠠ ᠶᠢᠨ ᠰᠢᠯᠢᠳᠡᠭ ᠱᠦᠵᠢ ᠶᠢᠨ ᠲᠤᠳᠤᠷ᠎ᠠ ᠠᠴᠠ ᠰᠤᠮᠤ ᠰᠢᠶᠠᠩ ᠪᠠᠯᠭᠠᠰᠤᠨ ᠤ | ᠤᠳᠤᠷᠢᠳᠬᠤ ᠺᠠᠳ᠋ᠷ ᠢ ᠰᠤᠩᠭᠤᠨ ᠲᠡᠪᠰᠢᠬᠦᠯᠬᠦ᠂ ᠰᠤᠮᠤ ᠰᠢᠶᠠᠩ ᠪᠠᠯᠭᠠᠰᠤᠨ ᠤ ᠠᠯᠪᠠᠳᠠᠨ ᠢᠶᠠᠷ ᠰᠢᠯᠭᠠᠭᠤᠯᠵᠤ | ᠰᠤᠩᠭᠤᠨ ᠠᠪᠬᠤ᠂ ᠰᠤᠮᠤ ᠰᠢᠶᠠᠩ ᠪᠠᠯᠭᠠᠰᠤᠨ ᠤ ᠠᠵᠢᠯ ᠦᠢᠯᠡᠰ ᠤᠨ ᠤᠷᠤᠨ ᠲᠤᠭ᠎ᠠ ᠲᠠᠢ ᠠᠵᠢᠯᠳᠠᠨ ᠢ ᠤᠷᠢᠨ | ᠬᠡᠷᠡᠭᠯᠡᠬᠦ ᠪᠠᠶᠢᠩᠭᠤᠵᠢᠬᠰᠠᠨ ᠲᠤᠬᠳᠠᠴᠠ ᠶᠢ ᠪᠦᠷᠢᠨᠰᠢᠬᠦᠯᠦᠨ᠎ᠠ᠃ ᠭᠠᠴᠠᠭ᠎ᠠ ᠲᠤᠰᠬᠤᠨ ᠤ ᠱᠠᠳᠤᠨ ᠤ ᠨᠦᠬᠡᠴᠡ | ᠬᠦᠴᠦᠨ ᠢ ᠢᠯᠡᠷᠡᠬᠦᠯᠵᠤ ᠬᠦᠮᠦᠵᠢᠬᠦᠯᠬᠦ ᠢᠨᠵᠧᠨᠧᠷᠢᠩ ᠢ ᠬᠦᠴᠦᠯᠡᠨ ᠬᠡᠷᠡᠭᠵᠢᠬᠦᠯᠵᠤ᠂ ᠰᠢᠯᠢᠳᠡᠭ ᠵᠠᠯᠠᠭᠤ ᠺᠠᠳ᠋ᠷ᠂ | ᠡᠮᠡᠭᠳᠡᠢ ᠺᠠᠳ᠋ᠷ ᠪᠤᠯᠤᠨ ᠴᠦᠬᠡᠨ ᠲᠤᠭᠠᠳᠤ ᠦᠨᠳᠦᠰᠦᠳᠡᠨ ᠤ ᠺᠠᠳ᠋ᠷ ᠢ ᠢᠯᠡᠷᠡᠬᠦᠯᠵᠤ ᠬᠦᠮᠦᠵᠢᠬᠦᠯᠵᠤ ᠰᠤᠩᠭᠤᠨ | ᠲᠡᠪᠰᠢᠬᠦᠯᠬᠦ ᠶᠢ ᠴᠢᠬᠤᠯᠠᠴᠢᠯᠠᠨ᠎ᠠ᠃ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ 5 ᠵᠢᠯ ᠤᠨ | ᠲᠤᠰᠢᠶᠠᠯ ᠤᠨ ᠬᠤᠭᠤᠴᠠᠭ᠎ᠠ ᠶᠢᠨ ᠲᠤᠬᠳᠠᠭᠠᠯ ᠢ ᠨᠠᠶᠢᠳᠠᠪᠦᠷᠢᠵᠢᠭᠤᠯᠵᠤ᠂ ᠭᠠᠴᠠᠭ᠎ᠠ ᠲᠤᠰᠬᠤᠨ ᠤ ︽ᠬᠤᠶᠠᠷ | ᠵᠦᠪᠯᠡᠯ︾ ᠤᠨ ᠬᠤᠭᠤᠴᠠᠭ᠎ᠠ ᠰᠤᠯᠢᠬᠤ ᠶᠢ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ | ᠪᠠᠯᠭᠠᠰᠤᠨ ᠤ ᠬᠤᠭᠤᠴᠠᠭ᠎ᠠ ᠰᠤᠯᠢᠬᠤ ᠯᠤᠭ᠎ᠠ ᠢᠵᠢᠯ ᠠᠯᠬᠤᠮ ᠢᠶᠠᠷ ᠶᠠᠪᠤᠬᠳᠠᠬᠤ ᠶᠢ ᠠᠬᠢᠭᠤᠯᠤᠨ᠎ᠠ᠃ ᠮᠠᠯᠵᠢᠬᠤ | ᠲᠠᠷᠢᠶᠠᠯᠠᠬᠤ ᠤᠷᠤᠨ ᠤ ᠨᠠᠮ ᠤᠨ ᠬᠡᠰᠢᠬᠦᠨ ᠤ ᠡᠩᠨᠡᠭᠡ ᠶᠢᠨ ᠪᠦᠳᠦᠴᠡ ᠶᠢ ᠰᠢᠯᠢᠳᠡᠭᠵᠢᠬᠦᠯᠵᠤ᠂ ᠵᠠᠯᠠᠭᠤ ᠮᠠᠯᠴᠢᠨ | ᠲᠠᠷᠢᠶᠠᠴᠢᠨ᠂ ᠭᠠᠳᠠᠬᠰᠢ ᠭᠠᠷᠴᠤ ᠬᠦᠯᠦᠰᠦᠨ ᠠᠵᠢᠯ ᠬᠢᠭᠰᠡᠳ ᠤᠨ ᠲᠤᠮᠳᠠ ᠨᠠᠮ ᠤᠨ ᠬᠡᠰᠢᠬᠦᠨ ᠢ ᠢᠯᠡᠷᠡᠬᠦᠯᠬᠦ | ᠡᠷᠴᠢᠮ ᠢᠶᠠᠨ ᠴᠢᠩᠭᠠᠳᠬᠠᠨ᠎ᠠ᠃ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠤᠨ ᠬᠤᠷᠢᠶ᠎ᠠ ᠶᠢᠨ ᠰᠢᠶᠠᠩ | ᠪᠠᠯᠭᠠᠰᠤ ᠶᠢ ᠠᠳᠬᠤᠵᠤ ᠭᠠᠴᠠᠭ᠎ᠠ ᠲᠤᠰᠬᠤᠨ ᠢ ᠠᠬᠢᠭᠤᠯᠬᠤ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠬᠦᠯᠵᠤ᠂ | ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠤᠨ ᠬᠤᠷᠢᠶ᠎ᠠ ᠠᠴᠠ ᠦᠨᠳᠦᠰᠦᠨ ᠱᠠᠳᠤᠨ ᠤ ᠵᠤᠬᠢᠶᠠᠨ | ᠪᠠᠶᠢᠭᠤᠯᠤᠯᠳᠠ ᠶᠢᠨ ᠴᠤᠭᠴᠠᠯᠠᠯᠲᠠ ᠲᠤᠮᠳᠡᠬᠢ ᠲᠤᠪᠤᠶᠢᠮ᠎ᠠ ᠠᠰᠠᠭᠤᠳᠠᠯ ᠢ ᠲᠤᠬᠳᠠᠭᠰᠠᠨ ᠬᠤᠭᠤᠴᠠᠭ᠎ᠠ ᠲᠠᠢ ᠪᠠᠷ | ᠪᠠᠶᠢᠴᠠᠭᠠᠬᠤ ᠪᠦᠬᠡᠳ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠳᠡᠢ᠃ ᠭᠠᠴᠠᠭ᠎ᠠ ᠲᠤᠰᠬᠤᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠭᠠᠴᠠᠭ᠎ᠠ ᠲᠤᠰᠬᠤᠨ ᠤ ᠡᠯ᠎ᠡ ᠲᠦᠷᠦᠯ ᠤᠨ ᠵᠤᠬᠢᠶᠠᠨ ᠪᠠᠶᠢᠭᠤᠯᠤᠯᠳᠠ ᠳᠠᠬᠢ | ᠤᠳᠤᠷᠢᠳᠤᠯᠭ᠎ᠠ ᠶᠢ ᠴᠢᠩᠭᠠᠳᠬᠠᠵᠤ᠂ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ | ᠬᠠᠦᠯᠢ ᠳᠤ ᠲᠤᠬᠳᠠᠭᠠᠬᠰᠠᠨ ᠲᠡᠰ ᠲᠠᠷᠠᠭᠠᠯᠠᠯ ᠢᠶᠠᠷ ᠲᠡᠮᠵᠢᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ | ᠡᠷᠬᠢᠯᠡᠭᠴᠢ ᠶᠢ ᠬᠠᠷᠢᠭᠤᠴᠠᠬᠤ ᠶᠢ ᠪᠦᠬᠦ ᠲᠠᠯ᠎ᠡ ᠪᠠᠷ ᠬᠡᠷᠡᠭᠵᠢᠬᠦᠯᠵᠤ᠂ ᠭᠠᠴᠠᠭ᠎ᠠ ᠲᠤᠰᠬᠤᠨ ᠤ ︽ᠬᠤᠶᠠᠷ ᠵᠦᠪᠯᠡᠯ︾ | ᠤᠨ ᠪᠠᠭ ᠤᠨ ᠪᠦᠷᠢᠯᠳᠦᠬᠦᠨ ᠤ ᠰᠤᠯᠢᠪᠴᠠᠭᠤᠯᠤᠨ ᠲᠤᠰᠢᠶᠠᠯ ᠡᠬᠦᠷᠬᠡᠯᠡᠬᠦ ᠶᠢ ᠬᠡᠷᠡᠭᠵᠢᠬᠦᠯᠦᠨ᠎ᠡ᠃ ᠭᠠᠴᠠᠭ᠎ᠠ | ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠡᠰᠡᠬᠦᠯ᠎ᠡ ᠨᠠᠮ ᠤᠨ ᠬᠡᠰᠢᠬᠦᠨ ᠤ ᠨᠠᠶᠢᠳᠡ | ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠬᠤᠷᠰᠢᠶ᠎ᠠ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ | ᠶᠢᠨ ᠬᠠᠷᠢᠭᠤᠴᠠᠯᠭᠠᠳᠠᠨ ᠤᠬᠠᠷᠢᠭᠤᠴᠠᠯᠭᠠ ᠶᠢ ᠡᠬᠦᠷᠬᠡᠯᠡᠬᠦ ᠶᠢ ᠵᠤᠷᠢᠬᠵᠢᠭᠤᠯᠤᠨ᠎ᠠ᠃ ︽ᠲᠦᠷᠪᠡ ᠶᠢ ᠵᠦᠪᠯᠡᠵᠤ | ᠬᠤᠶᠠᠷ ᠢ ᠢᠯᠡ ᠪᠤᠯᠭᠠᠬᠤ︾ ᠶᠢ ᠪᠦᠬᠦ ᠲᠠᠯ᠎ᠡ ᠪᠠᠷ ᠨᠠᠶᠢᠳᠠᠪᠦᠷᠢᠵᠢᠭᠤᠯᠵᠤ᠂ ᠭᠠᠴᠠᠭ᠎ᠠ ᠲᠤᠰᠬᠤᠨ ᠤ ᠱᠠᠳᠤᠨ ᠤ | ᠴᠢᠬᠤᠯᠠ ᠬᠡᠷᠡᠭ ᠶᠠᠪᠤᠳᠠᠯ᠂ ᠴᠢᠬᠤᠯᠠ ᠶᠡᠭᠡ ᠠᠰᠠᠭᠤᠳᠠᠯ ᠢ ᠭᠠᠴᠠᠭ᠎ᠠ ᠲᠤᠰᠬᠤᠨ ᠤ ᠨᠠᠮ ᠤᠨ ᠵᠤᠬᠢᠶᠠᠨ | ᠪᠠᠶᠢᠭᠤᠯᠤᠯᠳᠠ ᠠᠴᠠ ᠰᠤᠳᠤᠯᠤᠨ ᠶᠠᠷᠢᠯᠴᠠᠬᠤ ᠲᠤᠬᠳᠡᠴᠠ ᠶᠢ ᠪᠦᠷᠢᠨᠰᠢᠬᠦᠯᠦᠨ᠎ᠠ᠃ | ︵ᠬᠤᠶᠠᠷ︶ ᠭᠠᠴᠠᠭ᠎ᠠ ᠲᠤᠰᠬᠤᠨ ᠤ ᠱᠠᠳᠤᠨ ᠤ ᠡᠯ᠎ᠡ ᠲᠦᠷᠦᠯ ᠤᠨ ᠵᠤᠬᠢᠶᠠᠨ ᠪᠠᠶᠢᠭᠤᠯᠤᠯᠲᠠ ᠶᠢᠨ ᠡᠷᠡᠭᠦᠯ | ᠬᠦᠭᠵᠢᠯᠲᠡ ᠶᠢ ᠠᠬᠢᠭᠤᠯᠤᠨ᠎ᠡ᠃ ᠭᠠᠴᠠᠭ᠎ᠠ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠡᠭᠦᠷᠭᠡ ᠴᠢᠳᠠᠪᠬᠢ ᠪᠠᠶᠢᠷᠢ ᠲᠤᠬᠲᠠᠭᠠᠯᠲᠠ ᠶᠢ ᠲᠤᠳᠤᠷᠬᠠᠢ ᠪᠤᠯᠭᠠᠵᠦ᠂ | ᠡᠯ᠎ᠡ ᠲᠦᠷᠦᠯ ᠤᠨ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠷ ᠨᠢ | ᠲᠤᠬᠢᠷᠠᠭᠤᠯᠵᠦ᠂ ᠲᠤᠰᠢᠶᠠᠯ ᠢᠶᠠᠷ ᠠᠯᠪᠠᠨ ᠡᠭᠦᠷᠭᠡ ᠪᠠᠨ ᠭᠦᠢᠴᠡᠳᠭᠡᠬᠦ᠂ ᠠᠵᠢᠯ ᠬᠢᠬᠦ ᠬᠦᠮᠦᠨ ᠲᠠᠢ᠂ ᠬᠡᠷᠡᠭ | ᠰᠢᠢᠳᠪᠦᠷᠢᠯᠡᠬᠦ ᠠᠴᠠ ᠲᠦᠷᠢᠮ ᠲᠤᠬᠲᠠᠭᠠᠯ ᠲᠠᠢ ᠪᠤᠯᠬᠤ ᠶᠢ ᠪᠡᠶᠡᠯᠡᠭᠦᠯᠦᠨ᠎ᠡ᠃ ︽ᠨᠠᠮ ᠤᠨ ᠪᠠᠶᠢᠭᠤᠯᠤᠯᠲᠠ ᠲᠠᠢ | ᠠᠭᠤᠰᠤᠯᠴᠠᠭᠤᠯᠬᠤ︾ ᠬᠦᠭᠵᠢᠯᠲᠡ ᠶᠢᠨ ᠵᠠᠬᠪᠤᠷ ᠢ ᠬᠠᠶᠢᠨ ᠰᠦᠪᠡᠭᠴᠢᠯᠡᠨ ᠬᠡᠷᠡᠭᠵᠢᠭᠦᠯᠵᠦ᠂ ᠤᠷᠤᠨ ᠪᠦᠰᠡ | ᠠᠯᠤᠰᠯᠠᠬᠰᠡᠨ᠂ ᠱᠠᠳᠦ ᠲᠠᠪᠬᠤᠷᠭ᠎ᠠ ᠠᠯᠤᠰᠯᠠᠬᠰᠡᠨ᠂ ᠠᠵᠢᠯ ᠲᠦᠷᠦᠯ ᠠᠯᠤᠰᠯᠠᠬᠰᠡᠨ ᠨᠠᠮ ᠤᠨ ᠪᠠᠶᠢᠭᠤᠯᠤᠯᠲᠠ ᠶᠢᠨ | ᠬᠤᠯᠪᠤᠭᠠᠳᠤ ᠴᠤᠬᠴᠠ ᠶᠢ ᠪᠠᠶᠢᠭᠤᠯᠤᠨ᠎ᠡ᠃ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠡᠷᠬᠡᠪᠰᠢ ᠦᠨᠳᠦᠰᠦᠨ | ᠱᠠᠳᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠬᠤ ᠴᠢᠳᠠᠪᠬᠢ ᠶᠢ ᠰᠠᠶᠢᠳᠦᠷ | ᠬᠡᠷᠡᠭᠵᠢᠭᠦᠯᠵᠦ᠂ ᠲᠤᠰᠬᠤᠨ ᠤ ᠠᠷᠠᠳ ᠤᠨ ᠦᠪᠡᠷ ᠢ ᠪᠠᠨ ᠬᠠᠮᠢᠶᠠᠷᠬᠤ᠂ ᠦᠪᠡᠷ ᠢ ᠪᠠᠨ ᠰᠤᠷᠭᠠᠬᠤ᠂ ᠦᠪᠡᠷ | ᠪᠡᠶ᠎ᠠ ᠳᠤ ᠪᠠᠨ ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠭᠦᠯᠤᠨ᠎ᠡ᠃ ᠭᠠᠴᠠᠭ᠎ᠠ ᠲᠤᠰᠬᠤᠨ ᠤ ᠠᠵᠢᠯ ᠤᠨ ᠬᠢᠨᠠᠨ | ᠬᠠᠮᠢᠶᠠᠷᠤᠯᠲᠠ ᠶᠢᠨ ᠵᠦᠪᠯᠡᠯ ᠢ ᠪᠠᠶᠢᠭᠤᠯᠵᠦ ᠪᠦᠷᠢᠨᠰᠢᠭᠦᠯᠦᠨ᠎ᠡ᠂ ᠡᠭᠦᠷᠭᠡ ᠬᠠᠷᠢᠭᠤᠴᠠᠯᠭ᠎ᠠ ᠡᠷᠬᠡ ᠲᠤᠰᠢᠶᠠᠯ ᠪᠠ | ᠬᠢᠨᠠᠨ ᠬᠠᠮᠢᠶᠠᠷᠤᠯᠲᠠ ᠶᠢᠨ ᠡᠭᠦᠷᠭᠡ ᠶᠢ ᠲᠤᠳᠤᠷᠬᠠᠢᠢᠯᠠᠵᠦ᠂ ᠲᠤᠰᠬᠤᠨ ᠤ ᠠᠵᠢᠯ ᠤᠨ ᠰᠢᠢᠳᠪᠦᠷᠢ ᠭᠠᠷᠭᠠᠬᠤ ᠪᠠ | ᠢᠯᠡ ᠵᠠᠷᠯᠠᠬᠤ᠂ ᠡᠳ᠋ ᠬᠦᠷᠦᠩᠭᠡ ᠶᠢᠨ ᠬᠠᠮᠢᠶᠠᠷᠤᠯᠲᠠ᠂ ᠪᠠᠷᠢᠯᠭ᠎ᠠ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠵᠡᠷᠭᠡ ᠵᠦᠢᠯ ᠳᠠᠬᠢ ᠬᠢᠨᠠᠨ | ᠬᠠᠮᠢᠶᠠᠷᠤᠯᠳᠠ ᠵᠢᠨᠦᠢᠯᠡᠳᠦᠯ ᠢ ᠪᠠᠳᠠᠷᠠᠭᠤᠯᠤᠨ᠎ᠡ᠃ ᠬᠠᠮᠳᠤ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢᠨ | ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠵᠦ᠂ ᠨᠡᠶᠢᠲᠡ ᠶᠢᠨ ᠡᠳ᠋ ᠬᠦᠷᠦᠩᠭᠡ ᠶᠢ ᠬᠠᠮᠢᠶᠠᠷᠬᠤ᠂ ᠨᠡᠶᠢᠲᠡ ᠶᠢᠨ ᠡᠳ᠋ | ᠬᠦᠷᠦᠩᠭᠡ ᠶᠢ ᠵᠤᠬᠢᠰᠲᠠᠢ ᠨᠡᠬᠡᠭᠡᠨ ᠠᠰᠢᠬᠯᠠᠬᠤ᠂ ᠠᠰᠢᠭ ᠲᠤᠰᠠ ᠶᠢᠨ ᠬᠠᠷᠢᠴᠠᠭ᠎ᠠ ᠶᠢ ᠵᠤᠬᠢᠴᠠᠭᠤᠯᠬᠤ᠂ ᠬᠠᠮᠲᠦ | ᠨᠢᠭᠡᠴᠢ ᠶᠢᠨ ᠭᠡᠰᠢᠭᠦᠨ ᠳᠤ ᠦᠢᠯᠡᠴᠢᠯᠡᠬᠦ ᠵᠡᠷᠭᠡ ᠲᠠᠯ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠡ᠃ | ᠦᠨᠳᠦᠰᠦᠨ ᠱᠠᠳᠤᠨ ᠤ ᠠᠷᠠᠳ ᠲᠦᠮᠡᠡ ᠤ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠵᠦ᠂ | ᠤᠯᠠᠨ ᠲᠦᠮᠡᠨ ᠢ ᠵᠤᠬᠢᠶᠠᠨ ᠪᠠᠶᠢᠭᠤᠯᠬᠤ ᠪᠠ ᠤᠯᠠᠨ ᠲᠦᠮᠡᠨ ᠲᠠᠢ ᠬᠠᠷᠢᠴᠠᠬᠤ ᠦᠢᠯᠡᠳᠦᠯ ᠢ ᠪᠠᠳᠠᠷᠠᠭᠤᠯᠤᠨ᠎ᠡ᠃ | ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠮᠠᠯᠴᠢᠨ ᠲᠠᠷᠢᠶᠠᠴᠢᠨ ᠳᠤ | ᠦᠢᠯᠡᠴᠢᠯᠡᠬᠦ᠂ ᠰᠢᠨ᠎ᠡ ᠬᠡᠪ ᠰᠤᠷᠳᠠᠯ ᠢ ᠪᠤᠢ ᠪᠤᠯᠭᠠᠬᠤ ᠵᠡᠷᠭᠡ ᠲᠡᠯ᠎ᠡ ᠶᠢᠨ ᠢᠳᠡᠪᠬᠢ ᠦᠢᠯᠡᠳᠦᠯ ᠢ | ᠪᠠᠳᠠᠷᠠᠭᠤᠯᠤᠨ᠎ᠡ᠃ | ︵ᠭᠤᠷᠪᠠ︶ ᠭᠠᠴᠠᠭ᠎ᠠ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠲᠠ ᠶᠢᠨ ᠦᠢᠯᠡᠴᠢᠯᠡᠬᠦ | ᠴᠢᠳᠠᠪᠤᠷᠢ ᠶᠢ ᠴᠢᠩᠭᠠᠳᠬᠠᠨ᠎ᠡ᠃ ᠭᠠᠴᠠᠭ᠎ᠠ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠲᠠ ᠶᠢᠨ ᠵᠠᠰᠠᠭ ᠤᠨ | ᠤᠷᠳᠤᠨ ᠤ ᠠᠵᠢᠯ ᠢ ᠳᠡᠮᠵᠢᠬᠦ ᠵᠦᠢᠯ ᠤᠳ ᠢ ᠲᠤᠳᠤᠷᠬᠠᠢᠢᠯᠠᠵᠦ᠂ ᠭᠠᠴᠠᠭ᠎ᠠ ᠲᠤᠰᠬᠤᠨ ᠤ ᠱᠠᠳᠤᠨ ᠤ ᠵᠤᠬᠢᠶᠠᠨ | ᠪᠠᠶᠢᠭᠤᠯᠤᠯᠲᠠ ᠶᠢᠨ ᠴᠤᠬᠴᠠᠯᠠᠯᠲᠠ ᠳᠤ ᠠᠰᠢᠬᠲᠠᠢ᠂ ᠤᠯᠠᠨ ᠲᠦᠮᠡᠨ ᠳᠤ ᠦᠢᠯᠡᠴᠢᠯᠡᠬᠦ ᠳᠤ ᠠᠰᠢᠬᠲᠠᠢ ᠪᠠᠶᠢᠬᠤ | ᠦᠨᠳᠦᠰᠦᠨ ᠵᠠᠷᠴᠢᠮ ᠢᠶᠠᠷ᠂ ᠭᠠᠴᠠᠭ᠎ᠠ ᠲᠤᠰᠬᠤᠨ ᠤ ᠱᠠᠳᠤᠨ ᠤ ᠵᠤᠬᠢᠶᠠᠨ ᠪᠠᠶᠢᠭᠤᠯᠤᠯᠲᠠ ᠶᠢᠨ ᠤᠷᠤᠯᠠᠨ | ᠭᠦᠢᠴᠡᠳᠭᠡᠬᠦ ᠳᠤ ᠲᠤᠬᠢᠷᠠᠮᠵᠢᠲᠠᠢ ᠪᠤᠶᠤ ᠬᠦᠯᠢᠶᠡᠨ ᠠᠪᠤᠬᠰᠡᠨ ᠠᠵᠢᠯ ᠢ ᠭᠠᠴᠠᠭ᠎ᠠ ᠲᠤᠰᠬᠤᠨ ᠤ ᠱᠠᠳᠤᠨ ᠤ | ᠵᠤᠬᠢᠶᠠᠨ ᠪᠠᠶᠢᠭᠤᠯᠤᠯᠲᠠ ᠳᠤ ᠲᠤᠰᠢᠶᠠᠨ ᠦᠭᠴᠦ᠂ ᠴᠢᠬᠤᠯᠠ ᠠᠵᠢᠯ ᠤᠨ ᠱᠠᠭᠠᠷᠳᠠᠯᠭ᠎ᠠ ᠶᠢ ᠬᠠᠨᠭ᠍ᠭᠠᠨ᠎ᠠ᠃ | ᠪᠠᠶᠢᠭᠤᠯᠤᠮᠵᠢ ᠶᠢᠨ ᠦᠭᠡᠷᠡᠴᠢᠯᠡᠯᠲᠡ ᠲᠠᠢ ᠤᠶᠠᠯᠳᠤᠭᠤᠯᠵᠦ᠂ ᠰᠤᠮᠦ ᠰᠢᠶᠠᠩ ᠪᠠᠯᠭᠠᠰᠦ ᠦᠷᠳᠡᠭᠡ ᠭᠠᠵᠠᠷ ᠤᠨ | ᠡᠭᠦᠷᠭᠡ ᠴᠢᠳᠠᠪᠬᠢ ᠶᠢ ᠰᠢᠯᠢᠳᠡᠭᠵᠢᠭᠦᠯᠵᠦ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠴᠢᠳᠠᠬᠤ ᠶᠢᠨ | ᠬᠢᠷᠢ ᠳᠤ ᠦᠨᠳᠦᠰᠦᠨ ᠱᠠᠲᠤᠨ ᠳᠤ ᠲᠠᠯᠪᠢᠵᠦ᠂ ᠰᠤᠮᠦ ᠰᠢᠶᠠᠩ ᠪᠠᠯᠭᠠᠰᠦ ᠶᠢᠨ ︽ᠮᠠᠯ ᠠᠵᠦ ᠠᠬᠤᠢ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠳᠤ | ᠦᠢᠯᠡᠴᠢᠯᠡᠬᠦ ᠶᠢ ᠴᠢᠩᠭᠠᠳᠬᠠᠵᠦ᠂ ᠰᠤᠮᠦ ᠰᠢᠶᠠᠩ ᠪᠠᠯᠭᠠᠰᠦ ᠶᠢᠨ ︽ᠮᠠᠯ ᠠᠵᠦ ᠠᠬᠤᠢ ᠲᠠᠷᠢᠶᠠᠯᠠᠩ᠂ ᠮᠠᠯᠵᠢᠬᠤ | ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠳᠦᠦ᠋ᠯᠡᠴᠢᠯᠡᠬᠦ ᠡᠩᠨᠡᠭᠡ ᠲᠠᠢ᠂ ᠡᠬᠢ ᠪᠡᠶᠡᠯᠢᠬ ᠲᠠᠢ ᠪᠠᠶᠢᠬᠤ ᠶᠢ | ᠪᠠᠳᠤᠯᠠᠨ᠎ᠡ᠃ | ︵ᠲᠦᠷᠪᠡ︶ ᠭᠠᠴᠠᠭ᠎ᠠ ᠲᠤᠰᠬᠤᠨ ᠤ ᠱᠠᠲᠤᠨ ᠤ ᠵᠤᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ ᠢ | ᠪᠠᠲᠤᠯᠠᠬᠤ ᠲᠤᠬᠳᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠪᠠᠷ ᠭᠤᠤᠯ | ᠪᠤᠯᠭᠠᠬᠰᠠᠨ ᠭᠠᠴᠠᠭ᠎ᠠ ᠲᠤᠰᠬᠤᠨ ᠤ ᠱᠠᠲᠤᠨ ᠤ ᠵᠤᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ ᠢ | ᠪᠠᠲᠤᠯᠠᠬᠤ ᠲᠤᠬᠳᠠᠴᠠ ᠶᠢ ᠲᠡᠭᠦᠯᠳᠡᠷᠵᠢᠭᠦᠯᠦᠨ᠂ ᠭᠠᠴᠠᠭ᠎ᠠ ᠲᠤᠰᠬᠤᠨ ᠤ ᠱᠠᠲᠤᠨ ᠤ ᠵᠤᠬᠢᠶᠠᠨ ᠪᠠᠶᠢᠭᠤᠯᠤᠯᠲᠠ ᠶᠢᠨ | ᠠᠯᠪᠠᠨ ᠵᠠᠷᠤᠳᠠᠯ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠤᠰᠬᠠᠢ ᠵᠦᠢᠯ ᠤᠨ ᠵᠠᠷᠤᠳᠠᠯ᠂ | ᠭᠠᠴᠠᠭ᠎ᠠ ᠲᠤᠰᠬᠤᠨ ᠤ ᠺᠠᠳ᠋ᠷᠴᠤᠳ ᠤᠨ ᠬᠦᠯᠦᠰᠦ ᠤᠯᠭᠤᠮᠵᠢ ᠬᠠᠷᠠᠭᠠᠯᠵᠠᠯ ᠪᠤᠯᠤᠨ ︽ᠬᠤᠶᠠᠷ ᠵᠦᠪᠯᠡᠯ︾ ᠤᠨ | ᠵᠢᠩᠬᠢᠨᠢ ᠲᠤᠰᠢᠶᠠᠯ ᠡᠭᠦᠷᠭᠡᠯᠡᠭᠰᠡᠳ ᠤᠨ ᠠᠮᠢᠳᠤᠷᠠᠯ ᠤᠨ ᠨᠦᠬᠦᠪᠦᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠪ ᠤᠨ | ᠨᠡᠮᠡᠭᠳᠡᠯ ᠤᠨ ᠲᠤᠬᠳᠠᠴᠠ ᠶᠢ ᠪᠠᠶᠢᠭᠤᠯᠤᠨ᠂ ᠭᠠᠴᠠᠭ᠎ᠠ ᠲᠤᠰᠬᠤᠨ ᠤ ᠱᠠᠲᠤᠨ ᠤ ᠤᠯᠠᠨ ᠨᠡᠶᠢᠲᠡ ᠶᠢᠨ | ᠦᠢᠯᠡᠴᠢᠯᠡᠭᠡ ᠠᠵᠢᠯᠯᠠᠭ᠎ᠠ ᠬᠠᠮᠠᠭᠠᠯᠠᠯᠳᠠ ᠵᠡᠷᠬᠡ ᠪᠤᠰᠤᠳ ᠴᠢᠬᠤᠯᠠ ᠵᠠᠷᠤᠯᠭ᠎ᠠ ᠶᠢ ᠪᠠᠳᠤᠯᠠᠨ᠎ᠠ᠃ ᠭᠠᠴᠠᠭ᠎ᠠ | ᠲᠤᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢ ᠬᠦᠭᠵᠢᠭᠦᠯᠵᠦ ᠪᠤᠵᠠᠭᠠᠢᠢᠷᠠᠭᠤᠯᠬᠤ ᠶᠢ ᠮᠠᠯᠵᠢᠬᠤ | ᠲᠠᠷᠢᠶᠠᠯᠠᠬᠤ ᠤᠷᠤᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠬᠤ | ᠭᠤᠤᠯᠯᠠᠬᠤ ᠦᠢᠯᠡᠳᠦᠯ ᠢ ᠪᠠᠳᠠᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠤᠯᠭᠠᠨ᠂ ᠲᠦᠷᠦ ᠶᠢᠨ ᠪᠤᠳᠤᠯᠭ᠎ᠠ ᠶᠢᠨ | ᠬᠠᠷᠠᠭᠠᠯᠵᠠᠯ ᠪᠠ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠬᠦᠴᠦᠯᠡᠴᠡ ᠪᠠᠨ ᠴᠢᠩᠭᠠᠳᠬᠠᠨ᠂ ᠭᠠᠴᠠᠭ᠎ᠠ | ᠲᠤᠰᠬᠤᠨ ᠤ ᠱᠠᠲᠤᠨ ᠤ ᠵᠤᠬᠢᠶᠠᠨ ᠪᠠᠶᠢᠭᠤᠯᠤᠯᠲᠠ ᠶᠢᠨ ᠦᠪᠡᠷ ᠢ ᠪᠠᠨ ᠪᠠᠳᠤᠯᠠᠬᠤ ᠪᠠ ᠮᠠᠯᠴᠢᠨ ᠲᠠᠷᠢᠶᠠᠴᠢᠨ ᠳᠤ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠤᠨ᠎ᠠ᠃ | ᠨᠠᠢᠮᠠ᠂ ᠨᠠᠮ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ | ᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠨ᠂ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ | ᠤᠷᠤᠨ ᠢ ᠤᠷᠢᠳ ᠢᠶᠠᠷ ᠬᠦᠭᠵᠢᠭᠦᠯᠬᠦ ᠶᠢ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃ | ︵ᠨᠢᠭᠡ︶ ︽ᠲᠦᠷᠪᠡᠨ ᠤᠷᠢᠳ ᠢᠶᠠᠷ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃ | ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ︽ᠲᠦᠷᠪᠡᠨ ᠤᠷᠢᠳ ᠢᠶᠠᠷ︾ ᠢ | ᠲᠤᠭᠤᠰᠢᠯᠠᠭᠤᠯᠬᠤ ᠶᠢ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ | ᠤ ᠠᠵᠢᠯ ᠢ ᠰᠠᠶᠢᠲᠤᠷ ᠬᠢᠬᠦ ᠶᠢᠨ ᠲᠡᠷᠢᠭᠦᠨ ᠴᠢᠬᠤᠯᠠ ᠶᠠᠪᠤᠳᠠᠯ ᠪᠤᠯᠭᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠨᠡᠶᠢᠳᠠᠪᠤᠷᠢᠵᠢᠭᠤᠯᠤᠨ᠎ᠠ᠃ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ | ᠮᠠᠯᠴᠢᠨᠲ᠋ᠠᠷᠢᠶᠠᠴᠢᠨ︾ ᠤ ᠺᠠᠳ᠋ᠷ ᠤᠨ ᠲᠤᠬᠢᠷᠠᠭᠤᠯᠤᠯᠲᠠ ᠶᠢ ᠤᠷᠢᠳᠠᠪᠡᠷ ᠪᠤᠳᠤᠯᠬᠢᠯᠠᠨ᠂ ︽ᠮᠠᠯ ᠠᠵᠤ ᠠᠬᠤᠢ | ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠳᠤ ᠱᠠᠯᠠᠮᠠᠭᠠᠢ ᠰᠢᠯᠢᠳᠡᠭ ᠺᠠᠳ᠋ᠷ | ᠢ ᠡᠯ᠎ᠠ ᠱᠠᠲᠤᠨ ᠤ ᠨᠠᠮ ᠵᠠᠰᠠᠭ ᠤᠨ ᠤᠳᠤᠷᠢᠳᠬᠤ ᠪᠠᠬ ᠪᠤᠯᠤᠨ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ | ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯᠬᠦ ᠤᠨ ᠰᠠᠯᠠᠭ᠎ᠠ ᠮᠦᠴᠢᠷ ᠲᠤ ᠤᠴᠢᠭᠤᠯᠤᠨ᠂ ︽ᠮᠠᠯ | ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨ ᠹᠷᠤᠨᠲ ᠤᠨ | ᠺᠠᠳ᠋ᠷ ᠤᠨ ᠡᠩᠨᠡᠭᠡ ᠶᠢᠨ ᠲᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠨ᠎ᠠ᠃ ︽ᠮᠠᠯ ᠠᠵᠤ ᠠᠬᠤᠢ | ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠬᠦᠭᠵᠢᠯᠲᠡ ᠶᠢᠨ ᠬᠦᠴᠦᠨ ᠵᠦᠢᠯ ᠤᠨ | ᠲᠤᠬᠢᠷᠠᠭᠤᠯᠤᠯᠲᠠ ᠶᠢ ᠤᠷᠢᠳ ᠢᠶᠠᠷ ᠬᠠᠩᠭᠠᠨ᠂ ᠪᠠᠶᠢᠭᠤᠯᠤᠮᠵᠢ ᠲᠤᠬᠳᠠᠴᠠ ᠶᠢᠨ ᠬᠠᠷᠰᠢ ᠰᠠᠭᠠᠳ ᠢ ᠡᠷᠡᠰ ᠡᠪᠳᠡᠨ᠂ | ᠬᠤᠳᠠ ᠬᠦᠳᠡᠭᠡ ᠶᠢᠨ ᠬᠦᠴᠦᠨ ᠵᠦᠢᠯ ᠤᠨ ᠴᠢᠯᠦᠭᠡᠲᠡᠢ ᠰᠢᠯᠵᠢᠬᠦ᠂ ᠡᠷᠭᠡ ᠲᠡᠭᠰᠢ ᠰᠤᠯᠢᠯᠴᠠᠬᠤ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠤᠶᠤᠨ ᠴᠢᠳᠠᠪᠤᠷᠢ᠂ ᠮᠡᠷᠭᠡᠵᠢᠯ᠂ ᠬᠦᠷᠦᠩᠭᠡ᠂ | ᠬᠠᠮᠢᠶᠠᠷᠤᠯᠲᠠ ᠵᠡᠷᠭᠡ ᠬᠦᠴᠦᠨ ᠵᠦᠢᠯ ᠤᠨ ᠬᠦᠳᠡᠭᠡ ᠪᠠᠭᠤᠬᠤ ᠵᠠᠮ ᠢ ᠰᠢᠯᠤᠭᠤᠳᠬᠠᠨ᠂ ᠬᠤᠳᠠ ᠶᠢᠨ ᠡᠬᠢ | ᠪᠠᠶᠠᠯᠢᠬ ᠤᠨ ᠬᠦᠴᠦᠨ ᠵᠦᠢᠯ ᠤᠨ ᠮᠠᠯᠵᠢᠬᠤ ᠲᠠᠷᠢᠶᠠᠯᠠᠬᠤ ᠤᠷᠤᠨ ᠳᠤ ᠤᠴᠢᠬᠤ ᠶᠢ ᠠᠬᠢᠭᠤᠯᠤᠨ᠎ᠠ᠃ ︽ᠮᠠᠯ | ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠳᠠᠬᠢ ᠪᠡᠯᠡ | ᠤᠷᠤᠭᠤᠯᠤᠯᠲᠠ ᠶᠢ ᠤᠷᠢᠳ ᠢᠶᠠᠷ ᠪᠠᠳᠤᠯᠠᠨ᠂ ᠤᠯᠠᠨ ᠨᠡᠶᠢᠲᠡ ᠶᠢᠨ ᠡᠳ᠋ ᠤᠨ ᠵᠠᠰᠠᠬ ᠤᠨ ᠤᠷᠤᠭᠤᠯᠤᠯᠲᠠ ᠶᠢ | ᠦᠷᠭᠦᠯᠵᠢᠯᠡᠨ ᠨᠡᠮᠡᠭᠳᠡᠭᠦᠯᠵᠦ᠂ ᠤᠷᠤᠨ ᠨᠤᠲᠤᠬ ᠤᠨ ᠵᠠᠰᠠᠬ ᠤᠨ ᠤᠷᠳᠤᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠦᠩᠬᠦ ᠶᠢᠨ ᠵᠤᠬᠢᠬᠤ ᠬᠠᠷᠢᠴᠠᠯ ᠢᠶᠠᠷ ᠮᠠᠯᠵᠢᠬᠤ ᠲᠠᠷᠢᠶᠠᠯᠬᠤ ᠤᠷᠤᠨ ᠤ ᠤᠷᠤᠰᠢᠨ ᠠᠮᠢᠳᠤᠷᠠᠬᠤ ᠤᠷᠴᠢᠨ | ᠲᠤᠭᠤᠷᠢᠨ ᠢ ᠴᠡᠭᠴᠡᠯᠡᠨ ᠵᠠᠰᠠᠬᠤ᠂ ᠠᠶᠢᠯ ᠲᠤᠰᠬᠤᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠭᠡᠷᠡᠭᠯᠡᠨ᠂ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ | ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠬᠠᠷᠠᠯᠲᠠ ᠡᠭᠦᠷᠭᠡ ᠬᠠᠷᠢᠯᠴᠠᠨ ᠵᠤᠬᠢᠴᠠᠬᠤ ᠶᠢ ᠦᠨᠡᠨ ᠬᠦ | ᠪᠠᠳᠤᠯᠠᠨ᠎ᠠ᠃ ᠮᠦᠩᠬᠦᠨ ᠬᠦᠢᠯᠭᠡᠭᠡᠨ ᠤ ᠲᠡᠮᠵᠢᠯᠭᠡ ᠪᠠᠨ ᠴᠢᠩᠭᠠᠳᠬᠠᠨ᠂ ᠰᠢᠶᠠᠨ ᠤ ᠬᠡᠪᠴᠢᠶᠡᠨ ᠤ ᠰᠢᠨ᠎ᠡ ᠪᠠᠷ | ᠨᠡᠮᠡᠭᠳᠡᠭᠰᠡᠨ ᠵᠢᠭᠡᠯᠡᠯᠭᠡ ᠶᠢ ᠭᠤᠤᠯᠳᠠᠭᠤ ᠬᠦᠳᠡᠭᠡ ᠲᠤᠰᠬᠤᠨ ᠤ ᠬᠦᠭᠵᠢᠯᠲᠡ ᠶᠢ ᠲᠠᠮᠵᠢᠬᠦ ᠳᠤ ᠬᠡᠷᠡᠭᠯᠡᠨ᠎ᠡ᠃ ᠨᠡᠩ | ᠤᠯᠠᠨ ᠮᠦᠩᠭᠦᠨ ᠬᠦᠢᠯᠭᠡᠭᠡᠨ ᠤ ᠡᠬᠢ ᠪᠠᠶᠠᠯᠢᠬ ᠢ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ | ᠤ ᠤᠯᠠᠨ ᠨᠡᠶᠢᠲᠡ ᠶᠢᠨ ᠦᠢᠯᠡᠴᠢᠯᠡᠭᠡᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠪᠠᠭᠤᠷᠠᠢ ᠭᠤᠬᠴᠤᠭ᠎ᠠ ᠳᠤ | ᠲᠤᠬᠢᠷᠠᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠲᠡ ᠶᠢᠨ ᠦᠢᠯᠡᠴᠢᠯᠡᠭᠡ ᠶᠢ ᠤᠷᠢᠳ ᠢᠶᠠᠷ | ᠲᠤᠬᠢᠷᠠᠭᠤᠯᠤᠨ᠂ ᠬᠤᠳᠠ ᠬᠦᠳᠡᠭᠡ ᠶᠢᠨ ᠤᠯᠠᠨ ᠨᠡᠶᠢᠲᠡ ᠶᠢᠨ ᠦᠨᠳᠦᠰᠦᠨᠦᠢᠯᠡᠴᠢᠯᠡᠭᠡ ᠶᠢᠨ ᠪᠠᠷᠢᠮᠵᠢᠶ᠎ᠠ ᠶᠢ | ᠨᠢᠭᠡᠳᠭᠡᠭᠦ᠂ ᠲᠦᠷᠢᠮ ᠢ ᠨᠢᠭᠡᠳᠭᠡᠭᠦ ᠶᠢ ᠠᠬᠢᠭᠤᠯᠤᠨ᠂ ᠬᠡᠯᠪᠡᠷᠢ ᠶᠢᠨ ᠲᠦᠭᠡᠮᠡᠯᠬᠠᠷᠠᠭᠠᠯᠵᠠᠯ ᠢ ᠮᠦᠨ ᠴᠢᠨᠠᠷ ᠤᠨ | ᠡᠷᠭᠡ ᠲᠡᠭᠰᠢ ᠲᠡᠶᠢᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ | ︵ᠬᠤᠶᠠᠷ︶ ᠲᠠᠪᠤᠨ ᠱᠠᠳᠤᠨ ᠤ ᠱᠦᠵᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ | ᠠᠳᠬᠤᠬᠤ ᠲᠦᠷᠢᠮ ᠤᠨ ᠪᠠᠳᠤᠯᠠᠭ᠎ᠠ ᠶᠢ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠠᠴᠠ ᠶᠡᠷᠦᠩᠬᠡᠢ | ᠬᠠᠷᠢᠭᠤᠴᠠᠯᠭ᠎ᠠ ᠶᠢ ᠡᠬᠦᠷᠬᠡᠯᠡᠬᠦ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ | ᠰᠢᠶᠠᠩ ᠪᠠᠯᠭᠠᠰᠤ ᠪᠠ ᠭᠠᠴᠠᠭ᠎ᠠ ᠲᠤᠰᠬᠤᠨ ᠨᠠᠶᠢᠳᠠᠪᠤᠷᠢᠵᠢᠭᠤᠯᠤᠯᠳᠠ ᠶᠢ ᠠᠳᠬᠤᠬᠤ ᠮᠠᠯᠵᠢᠬᠤ ᠲᠠᠷᠢᠶᠠᠯᠠᠬᠤ ᠤᠷᠤᠨ | ᠤ ᠠᠵᠢᠯ ᠤᠨ ᠲᠤᠭᠳᠠᠴᠠ ᠶᠢ ᠲᠡᠬᠦᠯᠳᠡᠷᠵᠢᠬᠦᠯᠵᠦ᠂ ᠲᠠᠪᠤᠨ ᠱᠠᠳᠤᠨ ᠤ ᠱᠦᠵᠢ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢᠨ ᠨᠠᠷᠢᠨ ᠲᠦᠷᠢᠮ ᠢ ᠲᠤᠭᠳᠠᠭᠠᠵᠦ᠂ ᠬᠦᠳᠡᠭᠡ | ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠪᠦᠬᠦᠢ ᠲᠦᠷᠢᠮ ᠤᠨ ᠪᠠᠳᠤᠯᠠᠭ᠎ᠠ ᠬᠠᠩᠭᠠᠨ᠎ᠠ᠃ ᠡᠯ᠎ᠠ | ᠱᠠᠳᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠡᠨ ᠨᠢᠬᠡᠳᠦᠬᠡᠷ ᠬᠠᠷᠢᠭᠤᠴᠠᠯᠭᠠᠳᠤ ᠬᠦᠮᠦᠨ ᠤ | ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠭᠡᠵᠦ᠂ ᠡᠮᠦᠨ᠎ᠠ ᠹᠷᠤᠨᠲ ᠤᠨ ᠶᠡᠷᠦᠩᠬᠡᠢ ᠵᠢᠯᠤᠭᠤᠳᠤᠭᠴᠢ ᠶᠢᠨ | ᠦᠢᠯᠡᠳᠦᠯ ᠢᠶᠠᠨ ᠰᠠᠶᠢᠳᠤᠷ ᠪᠠᠳᠠᠷᠠᠭᠤᠯᠵᠤ᠂ ᠠᠵᠢᠯ ᠤᠨ ᠠᠷᠭ᠎ᠠ ᠬᠡᠯᠪᠡᠷᠢ ᠶᠢ ᠲᠠᠭᠠᠭᠤᠯᠤᠨ ᠲᠤᠭᠳᠠᠭᠠᠨ᠂ ᠲᠦᠷᠦ | ᠶᠢᠨ ᠪᠤᠳᠤᠯᠭ᠎ᠠ ᠶᠢᠨ ᠲᠡᠮᠵᠢᠯᠭᠡ᠂ ᠡᠬᠢ ᠪᠠᠶᠠᠯᠢᠭ ᠤᠨ ᠬᠤᠪᠢᠶᠠᠷᠢᠯᠠᠯᠳᠠ᠂ ᠪᠡᠯᠡ ᠮᠦᠩᠬᠦ ᠶᠢᠨ ᠲᠤᠬᠢᠷᠠᠭᠤᠯᠤᠯᠳᠠ᠂ | ᠺᠠᠳ᠋ᠷ ᠤᠨᠪᠠᠶᠢᠷᠢᠯᠠᠭᠤᠯᠤᠯᠳᠠ ᠵᠡᠷᠬᠡ ᠶᠢ ᠨᠢᠬᠡᠳᠦᠯᠳᠡᠢ ᠵᠤᠬᠢᠴᠠᠭᠤᠯᠵᠤ᠂ ᠬᠦᠨᠳᠦ ᠴᠢᠬᠤᠯᠠ ᠶᠡᠭᠡ ᠠᠰᠠᠭᠤᠳᠠᠯ ᠢ ᠴᠠᠭ | ᠲᠤᠬᠠᠢ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠳᠡᠢ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠴᠢᠨᠡᠬᠡᠯᠢᠭ | ᠨᠡᠶᠢᠬᠡᠮ ᠢ ᠪᠦᠬᠦ ᠲᠠᠯ ᠠ ᠪᠠᠷ ᠪᠡᠶᠡᠯᠡᠬᠦᠯᠬᠦ ᠳᠤ ᠡᠷᠬᠡᠪᠰᠢ ᠪᠡᠶᠡᠯᠡᠬᠦᠯᠬᠦ ᠬᠠᠳᠠᠭᠤ ᠡᠬᠦᠷᠬᠡ ᠶᠢ ᠴᠠᠭ ᠢ ᠠᠮᠵᠢᠨ | ᠰᠢᠯᠤᠭᠤᠳᠬᠠᠨ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠦ᠂ ᠨᠢᠭᠳᠠ ᠬᠠᠮᠵᠢᠯᠴᠠᠨ᠂ | ᠲᠦᠷᠦ ᠶᠢᠨ ᠪᠤᠳᠤᠯᠭ᠎ᠠ ᠶᠢ ᠵᠤᠯᠭᠠᠭᠤᠯᠬᠤ᠂ ᠡᠬᠢ ᠪᠠᠶᠠᠯᠢᠭ ᠢ ᠨᠡᠶᠢᠳᠭᠡᠬᠦ᠂ ᠡᠬᠦᠷᠬᠡ ᠶᠢ ᠵᠤᠬᠢᠴᠠᠭᠤᠯᠬᠤ ᠵᠡᠷᠬᠡ | ᠠᠠᠵᠢᠯ ᠢ ᠰᠠᠶᠢᠳᠤᠷ ᠬᠢᠵᠦ᠂ 2020 ᠣᠨ ᠳᠤ ᠡᠯ᠎ᠠ ᠲᠦᠷᠦᠯ ᠤᠨ ᠡᠬᠦᠷᠬᠡ ᠪᠠᠨ ᠲᠡᠬᠦᠰ ᠠᠮᠵᠢᠯᠳᠠᠳᠠᠢ | ᠪᠡᠶᠡᠯᠡᠬᠦᠯᠬᠦ ᠶᠢ ᠪᠠᠳᠤᠯᠠᠬᠤ ᠬᠡᠷᠡᠭᠳᠡᠢ᠃ | ︵ᠭᠤᠷᠪᠠ︶ ︽ᠮᠠᠯ ᠠᠵᠦ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ | ᠤ ᠠᠵᠢᠯ ᠤᠨ ᠡᠩᠨᠡᠭᠡ ᠶᠢᠨ ᠰᠢᠯᠢᠳᠡᠭ ᠢ ᠰᠤᠩᠭᠤᠵᠦ ᠬᠦᠴᠦᠷᠭᠡᠭ ᠢ ᠨᠢ ᠲᠤᠬᠢᠷᠠᠭᠤᠯᠤᠨ᠎ᠠ᠃ ︽ᠮᠠᠯ ᠠᠵᠦ | ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨ ᠺᠠᠳ᠋ᠷ ᠤᠨ ᠡᠩᠨᠡᠭᠡ | ᠶᠢ ᠬᠦᠮᠦᠵᠢᠬᠦᠯᠬᠦ᠂ ᠲᠤᠬᠢᠷᠠᠭᠤᠯᠬᠤ᠂ ᠬᠠᠮᠢᠶᠠᠷᠬᠤ᠂ ᠭᠡᠷᠡᠭᠯᠡᠬᠦ ᠲᠤᠭᠲᠠᠴᠠ ᠶᠢ ᠪᠠᠶᠢᠭᠤᠯᠵᠦ᠂ ᠬᠠᠯᠠᠮᠵᠢᠯᠠᠨ | ᠵᠤᠷᠢᠬᠵᠢᠭᠤᠯᠬᠤ ᠲᠦᠷᠦ ᠶᠢᠨ ᠪᠤᠲᠤᠯᠭ᠎ᠠ ᠶᠢ ᠲᠤᠭᠤᠰᠢᠯᠠᠭᠤᠯᠤᠨ᠎ᠠ᠃ ︽ᠮᠠᠯ ᠠᠵᠦ ᠠᠬᠤᠢ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠺᠠᠳ᠋ᠷ ᠤᠨ ᠦᠨᠡᠨ ᠪᠤᠲᠠᠲᠠᠢ ᠶᠢ ᠡᠷᠬᠢᠮᠯᠡᠬᠦ᠂ | ᠲᠤᠷᠠᠲᠠᠶ᠎ᠠ ᠬᠤᠪᠢ ᠨᠡᠮᠡᠬᠦᠷᠢ ᠦᠵᠡᠬᠦᠯᠬᠦ᠂ ᠵᠤᠷᠢᠬᠲᠠᠢ ᠡᠬᠦᠷᠭᠡᠯᠡᠯ ᠡᠬᠦᠷᠬᠡᠯᠡᠬᠦ ᠶᠢ ᠵᠤᠷᠢᠬᠵᠢᠭᠤᠯᠬᠤ ᠪᠠ ᠬᠦᠳᠦᠯᠦᠨ | ᠲᠠᠭᠠᠭᠤᠯᠵᠦ᠂ ᠪᠠᠶᠢᠴᠠᠭᠠᠨ ᠰᠤᠲᠤᠯᠤᠯᠳᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠤᠯᠠᠨ ᠲᠦᠮᠡᠨ ᠲᠠᠢ | ᠨᠢᠬᠲᠠ ᠬᠠᠷᠢᠯᠴᠠᠵᠤ᠂ ᠰᠠᠨᠠᠭᠠᠴᠢᠯᠠᠭ᠎ᠠ ᠲᠠᠢ ᠪᠠᠷ ᠠᠮᠵᠢᠯᠳᠠ ᠪᠦᠳᠦᠮᠵᠢ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ | ᠰᠠᠶᠢᠳᠤᠷ ᠬᠦᠢᠴᠡᠳᠭᠡᠬᠦ ᠬᠡᠷᠡᠭᠳᠡᠢ᠃ ᠮᠠᠯ ᠠᠵᠦ ᠠᠬᠤᠢ ᠲᠠᠷᠢᠶᠠᠯᠠᠩ ᠲᠠᠢ ᠬᠤᠯᠪᠤᠬᠲᠠᠯ ᠪᠦᠬᠦᠢ ᠰᠠᠯᠠᠭ᠎ᠠ ᠮᠦᠴᠢᠷ | ᠤᠨ ᠤᠲᠤᠷᠢᠳᠬᠤ ᠪᠠᠭ ᠤᠨ ᠰᠢᠯᠢᠳᠡᠭ ᠢ ᠰᠤᠩᠭᠤᠵᠦ ᠬᠦᠴᠦᠷᠭᠡᠭ ᠢ ᠨᠢ ᠲᠤᠬᠢᠷᠠᠭᠤᠯᠬᠤ ᠳᠤ᠂ ᠮᠠᠯ ᠠᠵᠦ ᠠᠬᠤᠢ | ᠲᠠᠷᠢᠶᠠᠯᠠᠩ ᠢ ᠤᠢᠢᠯᠠᠭᠠᠬᠤ᠂ ᠮᠠᠯᠵᠢᠬᠤ ᠲᠠᠷᠢᠶᠠᠯᠠᠬᠤ ᠤᠷᠤᠨ ᠢ ᠬᠠᠶᠢᠷᠠᠯᠠᠬᠤ᠂ ᠮᠠᠯᠴᠢᠨ ᠲᠠᠷᠢᠶᠠᠴᠢᠨ ᠢ ᠬᠠᠶᠢᠷᠠᠯᠠᠬᠤ | ᠺᠠᠳ᠋ᠷ ᠢ ᠮᠠᠯ ᠠᠵᠦ ᠠᠬᠤᠢ ᠲᠠᠷᠢᠶᠠᠯᠠᠩ ᠲᠠᠢ ᠬᠤᠯᠪᠤᠭᠲᠠᠯ ᠪᠦᠬᠦᠢ ᠬᠦᠷᠢᠶ᠎ᠡ ᠴᠠᠷᠠᠭᠠᠨ ᠳᠠᠬᠢ ᠲᠤᠬᠢᠷᠠᠮᠵᠢᠲᠠᠢ ᠠᠵᠢᠯ | ᠤᠨ ᠪᠠᠶᠢᠷᠢᠨ ᠲᠤ ᠰᠤᠩᠭᠤᠨ ᠲᠤᠬᠢᠷᠠᠭᠤᠯᠤᠨ᠎ᠠ᠃ ᠡᠯ᠎ᠡ ᠱᠠᠲᠦᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ | ᠲᠡᠭᠡᠲᠦ ᠰᠤᠷᠭᠠᠭᠤᠯᠢ︶ ᠶᠢᠨ ᠭᠤᠤᠯ ᠦᠢᠯᠡᠲᠦᠯ ᠢ ᠬᠦᠢᠴᠡᠳ ᠪᠠᠲᠠᠷᠠᠭᠤᠯᠵᠦ᠂ ︽ᠮᠠᠯ ᠠᠵᠦ ᠠᠬᠤᠢ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠺᠠᠳ᠋ᠷ ᠢ ᠬᠦᠮᠦᠵᠢᠬᠦᠯᠬᠦ ᠲᠦᠯᠦᠪᠵᠢᠬᠦᠯᠬᠡ ᠶᠢ | ᠲᠤᠭᠲᠠᠭᠠᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠲᠠᠪᠦᠷᠢ ᠶᠢᠨ ᠲᠠᠪᠲᠠᠨ ᠪᠤᠯᠪᠠᠰᠤᠷᠠᠯ ᠪᠠ ᠲᠤᠰᠬᠠᠢ | ᠰᠡᠲᠦᠪᠲᠦ ᠪᠤᠯᠪᠠᠰᠤᠷᠠᠯ ᠢ ᠲᠤᠪᠤᠶᠢᠯᠭᠠᠵᠦ᠂ ᠦᠨᠲᠦᠰᠦᠨ ᠱᠠᠲᠦᠨ ᠤ ᠺᠠᠳ᠋ᠷ ᠤᠨ ︽ᠮᠠᠯ ᠠᠵᠦ ᠠᠬᠤᠢ ᠲᠠᠷᠢᠶᠠᠯᠠᠩ᠂ | ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠤ ᠠᠵᠢᠯ ᠤᠨ ᠴᠢᠲᠠᠪᠦᠷᠢ ᠶᠢ ᠲᠡᠭᠡᠭᠰᠢᠯᠡᠬᠦᠯᠦᠨ᠎ᠡ᠃ | ᠬᠦᠳᠡᠭᠡ ᠲᠤᠰᠬᠤᠨ ᠤ ᠴᠢᠲᠠᠪᠦᠷᠢᠲᠠᠨ ᠢ ᠡᠯ᠎ᠡ ᠱᠠᠲᠦᠨ ᠤ ᠴᠢᠲᠠᠪᠦᠷᠢᠲᠠᠨ ᠢ ᠬᠦᠮᠦᠵᠢᠬᠦᠯᠬᠦ ᠲᠦᠯᠦᠪᠯᠡᠭᠡ ᠳᠤ | ᠬᠠᠮᠤᠷᠤᠨ ᠤᠷᠤᠭᠤᠯᠵᠦ᠂ ᠭᠤᠤᠯᠲᠠᠯᠭ᠎ᠠ ᠲᠠᠢ ᠲᠡᠮᠵᠢᠯᠬᠡ ᠦᠵᠡᠬᠦᠯᠦᠨ᠎ᠡ᠃ ᠬᠤᠰᠢᠭᠤ ᠰᠢᠶᠠᠨ ᠤ ᠴᠢᠲᠠᠪᠦᠷᠢᠲᠠᠨ ᠢ | ᠨᠢᠬᠡᠲᠦᠯᠳᠡᠢ ᠲᠦᠯᠦᠪᠵᠢᠬᠦᠯᠦᠨ ᠭᠡᠷᠡᠭᠯᠡᠬᠦ ᠲᠦᠷᠢᠮ ᠪᠠ ᠬᠦᠳᠡᠭᠡ ᠲᠤᠰᠬᠤᠨ ᠤ ᠴᠢᠲᠠᠪᠦᠷᠢᠲᠠᠨ ᠢ | ᠬᠠᠨᠲᠤᠯᠭ᠎ᠠ ᠲᠠᠢ ᠪᠠᠷ ᠨᠠᠶᠢᠲᠠᠨ ᠬᠦᠮᠦᠵᠢᠬᠦᠯᠬᠦ ᠲᠦᠷᠢᠮ ᠢ ᠲᠤᠭᠲᠠᠭᠠᠵᠦ᠂ ᠠᠵᠢᠯ ᠤᠨ ᠪᠠᠶᠢᠷᠢ ᠪᠠ ᠤᠷᠤᠨ ᠲᠤᠭ᠎ᠠ | ᠶᠢ ᠵᠤᠬᠢᠰᠲᠠᠢ ᠰᠠᠯᠭᠠᠬᠤ᠂ ᠠᠵᠢᠯ ᠤᠨ ᠪᠠᠶᠢᠷᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠦᠮᠦᠵᠢᠯ ᠬᠦᠷᠳᠡᠭᠡᠬᠦ᠂ | ᠮᠡᠷᠭᠡᠵᠢᠯ ᠤᠨ ᠴᠤᠯᠠ ᠶᠢ ᠬᠢᠨᠠᠨ ᠲᠤᠭᠲᠠᠭᠠᠬᠤ ᠶᠢᠨ ᠰᠢᠨ᠎ᠡ ᠶᠢ ᠡᠬᠦᠳᠬᠦ ᠵᠡᠷᠭᠡ ᠤᠯᠠᠨ ᠵᠦᠢᠯ ᠤᠨ ᠠᠷᠭ᠎ᠠ ᠶᠢ | ᠭᠡᠷᠡᠭᠯᠡᠨ᠂ ᠡᠯ᠎ᠡ ᠲᠦᠷᠦᠯ ᠤᠨ ᠴᠢᠲᠠᠪᠦᠷᠢᠲᠠᠨ ᠢ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠠᠵᠢᠯ ᠲᠤ | ᠤᠷᠤᠯᠴᠠᠭᠤᠯᠤᠨ᠎ᠠ᠃ ᠲᠤᠪᠤᠶᠢᠮ᠎ᠠ ᠬᠤᠪᠢ ᠨᠡᠮᠡᠬᠦᠷᠢ ᠦᠵᠡᠬᠦᠯᠦᠭᠰᠡᠨ ᠡᠯ᠎ᠡ ᠲᠦᠷᠦᠯ ᠤᠨ ᠴᠢᠲᠠᠪᠦᠷᠢᠲᠠᠨ ᠢ | ᠰᠠᠶᠢᠰᠢᠶᠠᠨ ᠱᠠᠩᠨᠠᠨ᠎ᠠ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠬᠦᠯᠬᠦ | ᠢᠨᠵᠧᠨᠧᠷᠢᠩ ᠢ ᠭᠡᠷᠡᠭᠵᠢᠬᠦᠯᠵᠦ᠂ ᠬᠦᠮᠦᠵᠢᠯ ᠪᠤᠯᠪᠠᠰᠤᠷᠠᠯ᠂ᠬᠢᠨᠠᠨ ᠬᠠᠮᠢᠶᠠᠷᠤᠯᠳᠠ᠂ ᠲᠦᠷᠦ ᠶᠢᠨ ᠪᠤᠲᠤᠯᠭ᠎ᠠ ᠶᠢᠨ | ᠲᠡᠮᠵᠢᠯᠭᠡ ︽ᠭᠤᠷᠪᠠ ᠶᠢ ᠨᠢᠬᠡ ᠴᠤᠬᠴᠠᠵᠢᠭᠤᠯᠬᠤ︾ ᠪᠤᠯᠪᠠᠰᠤᠷᠠᠯ ᠤᠨ ᠰᠢᠰᠲ᠋ᠧᠮᠵᠢ ᠶᠢ ᠲᠡᠬᠦᠯᠳᠡᠷᠵᠢᠬᠦᠯᠵᠦ᠂ | ᠮᠠᠯᠵᠢᠬᠤ ᠲᠠᠷᠢᠶᠠᠯᠠᠬᠤ ᠤᠷᠤᠨ ᠤ ᠱᠠᠭᠠᠷᠲᠠᠯᠭ᠎ᠠ ᠳᠤ ᠬᠠᠨᠲᠤᠭᠤᠯᠤᠬᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ | ᠢ ᠶᠡᠭᠡ ᠪᠠᠷ ᠬᠦᠭᠵᠢᠬᠦᠯᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠡᠩᠨᠡᠭᠡ ᠶᠢ | ᠬᠦᠮᠦᠵᠢᠬᠦᠯᠦᠨ᠎ᠡ᠃ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠠ ᠬᠦᠳᠡᠭᠡ ᠲᠤᠰᠬᠤᠨ ᠢ ᠬᠦᠭᠵᠢᠬᠦᠯᠦᠨ | ᠮᠠᠨᠲᠤᠭᠤᠯᠬᠤ ᠠᠵᠢᠯ ᠲᠤᠮᠲᠠᠬᠢ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠢᠶᠠᠷ ᠬᠠᠯᠠᠨ ᠰᠠᠶᠢᠵᠢᠷᠠᠭᠤᠯᠵᠦ᠂ | ᠡᠯ᠎ᠡ ᠲᠦᠷᠦᠯ ᠤᠨ ᠪᠠᠶᠢᠴᠠᠭᠠᠯᠲᠠ ᠰᠢᠯᠭᠠᠷᠠᠭᠤᠯᠤᠯᠲᠠ᠂ ᠬᠢᠨᠠᠨ ᠦᠨᠡᠯᠡᠵᠦ ᠰᠢᠮᠳᠠᠭᠤᠯᠤᠨ ᠵᠢᠯᠤᠭᠤᠳᠬᠤ ᠵᠦᠢᠯᠡᠰ ᠢ | ᠴᠡᠭᠴᠡᠯᠡᠨ ᠵᠢᠷᠤᠮᠵᠢᠭᠤᠯᠵᠤ᠂ ᠦᠨᠲᠦᠰᠦᠨ ᠱᠠᠲᠦᠨ ᠤ ᠬᠢᠨ ᠤ ᠡᠯ᠎ᠡ ᠵᠦᠢᠯ ᠤᠨ ᠬᠢᠨᠠᠨ ᠦᠨᠡᠯᠡᠯᠳᠡ ᠪᠠ | ᠪᠠᠶᠢᠴᠠᠭᠠᠯᠲᠠ ᠶᠢ ᠠᠷᠭᠠᠴᠠᠭᠠᠬᠤ ᠵᠦᠳᠡᠷᠡᠯ ᠢ ᠦᠨᠡᠨ ᠬᠦ ᠰᠢᠢᠳᠪᠦᠷᠢᠯᠡᠵᠦ᠂ ᠦᠨᠲᠦᠰᠦᠨ ᠱᠠᠲᠦᠨ ᠤ ᠺᠠᠳ᠋ᠷ ᠤᠨ | ᠠᠩᠬᠠᠷᠤᠯ ᠢ ᠤᠯᠠᠨ ᠲᠦᠮᠡᠨ ᠳᠤ ᠪᠤᠲᠠᠲᠠᠢ ᠶᠠᠪᠤᠳᠠᠯ ᠰᠠᠶᠢᠨ ᠶᠠᠪᠤᠳᠠᠯ ᠬᠢᠬᠦ ᠲᠡᠭᠡᠷ᠎ᠡ ᠲᠦᠪᠯᠡᠷᠡᠬᠦᠯᠬᠦ ᠬᠡᠷᠡᠭᠳᠡᠢ᠃ | ︵ᠲᠦᠷᠪᠡ︶ ᠮᠠᠯᠴᠢᠨ ᠲᠡᠷᠢᠶᠠᠴᠢᠨ ᠤ ᠭᠤᠤᠯ ᠴᠤᠭᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ | ᠲᠦᠷᠢᠮ ᠤᠨ ᠪᠠᠶᠢᠭᠤᠯᠤᠯᠳᠠ᠂ ᠲᠦᠷᠦ ᠶᠢᠨ ᠪᠤᠳᠤᠯᠭ᠎ᠠ ᠶᠢᠨ ᠵᠤᠷᠢᠭᠵᠢᠭᠤᠯᠤᠯ᠂ ᠰᠤᠷᠳᠠᠯ ᠤᠬᠠᠭᠤᠯᠭ᠎ᠠ ᠶᠢᠨ | ᠤᠳᠤᠷᠢᠳᠤᠮᠵᠢ ᠶᠢ ᠴᠢᠩᠭᠠᠳᠬᠠᠨ᠂ ᠤᠯᠠᠨ ᠲᠦᠮᠡᠨ ᠢ ᠲᠠᠶᠢᠴᠢᠯᠠᠬᠤ᠂ ᠤᠯᠠᠨ ᠲᠦᠮᠠᠨ ᠢ ᠵᠤᠬᠢᠶᠠᠨ ᠪᠠᠶᠢᠭᠤᠯᠬᠤ᠂ | ᠤᠯᠠᠨ ᠲᠦᠮᠠᠨ ᠳᠤ ᠦᠢᠯᠡᠴᠢᠯᠡᠬᠦ ᠶᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠦᠬᠦ ᠶᠠᠪᠤᠴᠠ ᠳᠤ | ᠲᠤᠭᠤᠰᠢᠯᠠᠭᠤᠯᠵᠦ᠂ ᠮᠠᠯᠴᠢᠨ ᠲᠠᠷᠢᠶᠠᠴᠢᠨ ᠤ ᠬᠦᠰᠡᠯ ᠪᠤᠳᠤᠯ ᠢ ᠬᠦᠢᠴᠡᠳ ᠬᠦᠨᠳᠦᠳᠬᠡᠨ᠂ ᠮᠠᠯᠴᠢᠨ ᠲᠡᠷᠢᠶᠠᠴᠢᠨ | ᠤᠯᠠᠨ ᠲᠦᠮᠡᠨ ᠤ ᠢᠳᠡᠪᠬᠢ ᠴᠢᠨᠡᠷ᠂ ᠰᠠᠨᠠᠭᠠᠴᠢᠯᠠᠭᠠᠳᠦ ᠴᠢᠨᠡᠷ᠂ ᠡᠬᠦᠳᠦᠨ ᠪᠦᠳᠦᠬᠡᠯᠴᠢ ᠴᠢᠨᠡᠷ ᠢ ᠪᠠᠳᠠᠷᠠᠭᠤᠯᠤᠨ | ᠲᠠᠶᠢᠴᠢᠯᠠᠬᠤ ᠬᠡᠷᠡᠭᠳᠡᠢ᠃ ᠵᠠᠰᠠᠬ ᠤᠨ ᠤᠷᠳᠤᠨ ᠤ ᠪᠡᠯᠡ ᠤᠷᠤᠭᠤᠯᠤᠯᠳᠠ ᠶᠢᠨ ᠲᠠᠶᠢᠴᠢᠯᠠᠬᠤ ᠦᠢᠯᠡᠳᠦᠯ ᠢ | ᠪᠠᠳᠠᠷᠠᠭᠤᠯᠤᠨ᠂ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ᠂ ᠪᠡᠯᠡ ᠬᠤᠷᠠᠮᠳᠤᠭᠤᠯᠬᠤ ᠬᠦᠳᠡᠯᠮᠦᠷᠢ ᠬᠦᠴᠦ | ᠬᠤᠷᠠᠮᠳᠤᠭᠤᠯᠬᠤ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ᠂ ᠠᠵᠢᠯ ᠬᠦᠳᠡᠯᠮᠦᠷᠢ ᠪᠠᠷ ᠲᠡᠳᠬᠦᠮᠵᠢ ᠶᠢ | ᠤᠷᠤᠯᠠᠭᠤᠯᠬᠤ ᠵᠡᠷᠬᠡ ᠬᠡᠯᠪᠡᠷᠢ ᠪᠠᠷ ᠭᠠᠴᠠᠭ᠎ᠠ ᠲᠤᠰᠬᠤᠨ ᠤ ᠬᠠᠮᠳᠦ ᠨᠡᠶᠢᠳᠡ ᠪᠤᠯᠤᠨ ᠮᠠᠯᠴᠢᠨ ᠲᠠᠷᠢᠶᠠᠴᠢᠨ ᠤ | ᠰᠢᠭᠤᠳ ᠠᠰᠢᠭ ᠬᠦᠷᠳᠡᠭᠴᠢ ᠲᠤᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠤᠯᠤᠨ | ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠡᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ | ᠴᠡᠭᠴᠡᠯᠡᠨ ᠵᠠᠰᠠᠬᠤ ᠶᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠪᠤᠶᠤ ᠤᠷᠤᠯᠴᠠᠬᠤ ᠶᠢ ᠬᠦᠳᠦᠯᠦᠨ ᠵᠢᠯᠤᠭᠤᠳᠬᠤ ᠪᠠ | ᠲᠡᠮᠵᠢᠨ᠎ᠡ᠃ ᠪᠡᠯᠡ ᠮᠦᠩᠬᠦ ᠬᠤᠷᠠᠮᠳᠤᠭᠤᠯᠭ᠎ᠠ ᠬᠦᠳᠡᠯᠮᠦᠷᠢᠬᠦ᠋ᠴᠦ ᠬᠤᠷᠠᠮᠳᠤᠭᠤᠯᠭ᠎ᠠ ᠶᠢᠨ ᠬᠡᠷᠡᠭᠯᠡᠯᠳᠡ ᠶᠢᠨ ᠬᠢᠨᠡᠨ | ᠬᠠᠮᠢᠶᠠᠷᠤᠯᠳᠠ ᠶᠢ ᠴᠢᠩᠭᠠᠳᠬᠠᠨ᠂ ᠮᠠᠯᠴᠢᠨ ᠲᠠᠷᠢᠶᠠᠴᠢᠨ ᠤᠲ᠋ᠠᠷᠤᠭᠠᠰᠦ ᠶᠢ ᠬᠦᠨᠳᠦᠷᠡᠬᠦᠯᠬᠦ ᠠᠴᠠ ᠵᠠᠶᠢᠯᠠᠰᠬᠢᠬᠤ | ᠬᠡᠷᠡᠭᠳᠡᠢ᠃ | ︵ᠳᠠᠪᠤ︶ ᠬᠢᠨᠡᠨ ᠦᠨᠡᠯᠡᠵᠦ ᠤᠷᠮᠠᠰᠢᠭᠤᠯᠤᠨ ᠵᠤᠷᠢᠬᠵᠢᠭᠤᠯᠬᠤ ᠶᠢ ᠴᠢᠩᠭᠠᠳᠬᠠᠨ᠎ᠠ᠃ ᠣᠨ ᠤ ᠬᠠᠷᠠᠯᠳᠠᠳᠤ | ᠬᠠᠷᠢᠭᠤᠴᠠᠯᠭ᠎ᠠ ᠶᠢ ᠬᠢᠨᠡᠨ ᠦᠨᠡᠯᠡᠬᠦ ᠲᠠᠢ ᠤᠶᠠᠯᠳᠤᠭᠤᠯᠵᠦ᠂ ᠠᠶᠢᠮᠠᠭ ᠬᠤᠳᠠ᠂ ᠬᠤᠰᠢᠭᠤ ᠰᠢᠶᠡᠨ ︵ᠬᠤᠳᠠ᠂ | ᠳᠤᠭᠤᠷᠢᠭ︶ ᠤ ᠨᠠᠮ ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠬᠦᠳᠡᠭᠡ ᠳᠤᠰᠬᠤᠨ ᠢ | ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠤᠭᠰᠠᠨ ᠪᠤᠳᠠᠳᠦ ᠦᠷ᠎ᠠ ᠪᠦᠳᠦᠮᠵᠢ ᠶᠢ | ᠬᠢᠨᠡᠨ ᠦᠨᠡᠯᠡᠬᠦ ᠳᠦᠷᠢᠮ ᠢ ᠪᠠᠶᠢᠭᠤᠯᠵᠦ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠬᠢᠨᠡᠨ | ᠦᠨᠡᠯᠡᠬᠦ ᠬᠢᠨᠠᠯᠳᠠ ᠲᠠᠯᠪᠢᠯᠳᠠ ᠪᠡ ᠤᠷᠮᠠᠰᠢᠭᠤᠯᠤᠨ ᠵᠤᠷᠢᠬᠵᠢᠭᠤᠯᠬᠤ ᠬᠦᠯᠢᠶᠡᠰᠦᠯᠡᠯ ᠬᠢᠵᠠᠭᠠᠷᠯᠠᠯ ᠢ ᠴᠢᠩᠭᠠᠳᠬᠠᠵᠤ᠂ | ᠠᠶᠢᠮᠠᠭ ᠬᠤᠳᠠ᠂ ᠬᠤᠰᠢᠭᠤ ᠰᠢᠶᠡᠨ ︵ᠬᠤᠳᠠ᠂ ᠳᠤᠭᠤᠷᠢᠭ︶ ᠤ ᠨᠠᠮ ᠵᠠᠰᠠᠭ ᠤᠨ ᠤᠳᠤᠷᠢᠳᠬᠤ ᠪᠠᠭ ᠪᠠ | ᠤᠳᠤᠷᠢᠳᠬᠤ ᠺᠠᠳ᠋ᠷ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ | ᠤ ᠠᠵᠢᠯ ᠤᠨ ᠲᠤᠬᠠᠢ ᠢᠯᠡ ᠲᠤᠳᠤ ᠤᠳᠤᠷᠢᠳᠤᠮᠵᠢ ᠶᠢ ᠴᠢᠨᠠᠭᠰᠢᠳᠠ ᠴᠢᠩᠭᠠᠳᠬᠠᠨ᠎ᠠ᠃ ᠰᠢᠮᠳᠠᠭᠤᠯᠤᠨ | ᠪᠠᠶᠢᠴᠠᠭᠠᠬᠤ ᠠᠵᠢᠯ ᠢ ᠰᠠᠶᠢᠳᠦᠷ ᠠᠳᠬᠤᠵᠦ᠂ ᠵᠤᠬᠢᠶᠠᠨ ᠪᠠᠶᠢᠭᠤᠯᠤᠯᠳᠠ ᠶᠢᠨ ᠬᠡᠷᠡᠭᠵᠢᠬᠦᠯᠦᠯᠳᠡ ᠠᠨᠠᠢ᠂ | ᠱᠠᠭᠠᠷᠳᠠᠯᠭ᠎ᠠ ᠶᠤᠰᠤᠭᠠᠷ ᠠᠵᠢᠯ ᠢ ᠳᠦᠯᠬᠢᠨ ᠠᠬᠢᠭᠤᠯᠤᠭᠰᠠᠨ ᠦᠭᠡᠢ ᠭᠠᠵᠠᠷ ᠤᠷᠤᠨ ᠲᠠᠢ ᠪᠤᠯᠵᠤᠨ | ᠶᠠᠷᠢᠯᠴᠠᠬᠤ ᠲᠠᠢ ᠨᠢ ᠪᠤᠯᠵᠤᠨ ᠶᠠᠷᠢᠯᠴᠠᠵᠦ᠂ ᠵᠠᠷᠯᠠᠨ ᠨᠡᠶᠢᠳᠡᠯᠡᠬᠦ ᠶᠢ ᠨᠢ ᠵᠠᠷᠯᠠᠨ ᠨᠡᠶᠢᠳᠡᠯᠡᠵᠦ᠂ ᠬᠠᠷᠢᠭᠤᠴᠠᠯᠭ᠎ᠠ | ᠨᠡᠬᠡᠮᠵᠢᠯᠡᠬᠦ ᠶᠢ ᠨᠢ ᠬᠠᠷᠢᠭᠤᠴᠠᠯᠭ᠎ᠠ ᠨᠡᠬᠡᠮᠵᠢᠯᠡᠵᠦ᠂ ᠡᠯ᠎ᠠ ᠳᠦᠷᠦᠯ ᠤᠨᠠᠵᠢᠯ ᠤᠨ ᠪᠤᠳᠠᠳᠠᠢ ᠨᠠᠶᠢᠳᠠᠪᠤᠷᠢᠵᠢᠭᠤᠯᠤᠯᠳᠠ᠂ | ᠪᠤᠳᠠᠳᠤ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ᠪᠢᠳᠡ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠳᠦᠪ ᠬᠤᠷᠢᠶᠡᠨ ᠤ ᠳᠤᠭᠤᠷᠢᠨ ᠳᠤ ᠨᠡᠩ ᠨᠢᠭᠳᠠᠷᠡᠨ ᠪᠦᠯᠬᠦᠮᠳᠡᠵᠦ᠂ ᠶᠡᠷᠦᠩᠬᠡᠢ ᠱᠦᠵᠢ | ᠰᠢ ᠶᠢᠨ ᠫᠢᠩ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ | ᠠᠵᠢᠯ ᠢ ᠰᠠᠶᠢᠳᠦᠷ ᠬᠢᠬᠦ ᠳᠤᠬᠠᠢ ᠴᠢᠬᠤᠯᠡ ᠦᠬᠦᠯᠡᠯᠳᠡ ᠪᠡ ᠨᠠᠮ ᠤᠨ ᠳᠦᠪ ᠬᠤᠷᠢᠶᠡᠨ ᠤ ᠰᠢᠢᠳᠪᠤᠷᠢᠳᠦ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠷᠡᠰ | ᠪᠠᠳᠤ ᠪᠠᠷ ᠡᠷᠡᠮᠡᠭᠡᠶᠢᠯᠡᠨ ᠤᠷᠤᠭᠰᠢᠯᠠᠵᠤ᠂ ᠪᠤᠭᠤᠮᠳᠠ ᠰᠢᠪᠳᠤᠯᠤᠨ ᠬᠦᠴᠢᠷ ᠢ ᠢᠯᠠᠵᠤ᠂ ᠰᠠᠬᠢᠨ ᠪᠠᠷᠠᠯᠠᠵᠦ | ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠳᠡᠮᠡᠴᠡᠵᠦ᠂ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ | ᠰᠢᠢᠳᠪᠤᠷᠢᠳᠦ ᠢᠯᠡᠯᠳᠡ ᠶᠢ ᠤᠯᠬᠤ᠂ ᠬᠦᠳᠡᠭᠡ ᠳᠤᠰᠬᠤᠨ ᠢ ᠪᠦᠬᠦ ᠳᠠᠯ᠎ᠠ ᠪᠠᠷ ᠬᠦᠭᠵᠢᠬᠦᠯᠦᠨ ᠮᠠᠨᠳᠤᠭᠤᠯᠬᠤ ᠶᠢ | ᠠᠬᠢᠭᠤᠯᠬᠤ ᠳᠤ ᠰᠢᠨ᠎ᠠ ᠬᠦᠴᠦᠨ ᠵᠢᠳᠬᠦᠯ ᠢᠶᠠᠨ ᠦᠵᠡᠬᠦᠯᠬᠦ ᠬᠡᠷᠡᠭᠳᠡᠢ᠃ |