ᠥᠪᠥᠷ ᠮᠣᠩᠭᠤᠯ ︽ᠡᠷᠡᠭᠦᠯ ᠮᠡᠨᠳᠦ ᠶᠢ ᠠᠬᠢᠭᠤᠯᠬᠤ ᠳᠣᠯᠣᠭᠠᠨ ᠶᠡᠭᠡ ᠰᠢᠪᠲᠤᠯᠤᠯᠲᠠ ᠶᠢᠨ ᠠᠵᠢᠯᠯᠠᠭ᠎ᠠ︾᠎ ᠶᠢ ᠪᠥᠬᠦ ᠲᠠᠯ᠎ᠠ ᠪᠠᠷ ᠡᠬᠢᠯᠡᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2019/3/15
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ  ᠣᠶᠢᠯᠠᠭᠠᠭᠰᠠᠨ ᠢᠶᠠᠷ᠂ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠡᠨᠡ ᠵᠢᠯ ᠮᠠᠨ ᠤ ᠣᠷᠣᠨ ︽ᠡᠷᠡᠭᠦᠯ ᠮᠡᠨᠳᠦ ᠶᠢ ᠠᠬᠢᠭᠤᠯᠬᠤ ᠳᠣᠯᠣᠭᠠᠨ ᠶᠡᠭᠡ ᠰᠢᠪᠲᠤᠯᠤᠯᠲᠠ ᠶᠢᠨ ᠠᠵᠢᠯᠯᠠᠭ᠎ᠠ︾᠎ ᠶᠢ ᠪᠥᠬᠦ ᠲᠠᠯ᠎ᠠ ᠪᠠᠷ ᠡᠬᠢᠯᠡᠭᠦᠯᠬᠦ ᠪᠠᠷ ᠪᠠᠶᠢᠨ᠎ᠠ᠃      ᠳᠣᠯᠣᠭᠠᠨ ᠶᠡᠭᠡ ᠰᠢᠪᠲᠤᠯᠤᠯᠲᠠ ᠶᠢᠨ ᠠᠵᠢᠯᠯᠠᠭ᠎ᠠ ᠭᠡᠳᠡᠭ ᠨᠢ ᠲᠤᠰ ᠲᠤᠰ᠄ ᠨᠢᠭᠡ ᠳᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠡᠷᠡᠭᠦᠯ ᠮᠡᠨᠳᠦ ᠶᠢ ᠠᠬᠢᠭᠤᠯᠬᠤ ᠲᠤᠰᠬᠠᠶ ᠠᠵᠢᠯᠯᠠᠭ᠎ᠠ ᠦᠷᠨᠢᠭᠦᠯᠦᠨ᠎ᠡ᠃ ᠡᠯ᠎ᠡ ᠠᠢᠮᠠᠭ ᠬᠤᠲᠠ ᠨᠤᠭᠤᠳ ᠡᠷᠡᠭᠦᠯ ᠮᠡᠨᠳᠦ ᠶᠢ ᠠᠬᠢᠭᠤᠯᠬᠤ ᠪᠠ ᠰᠤᠷᠭᠠᠨ ᠬᠥᠮᠦᠵᠢᠯ ᠢ ᠭᠠᠴᠠᠭ᠎ᠠ ᠲᠣᠰᠬᠤᠨ᠂ ᠭᠡᠷ ᠪᠦᠯᠢ᠂ ᠰᠤᠷᠭᠠᠭᠤᠯᠢ᠂ ᠪᠠᠶᠢᠭᠤᠯᠭ᠎ᠠ ᠳᠤ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠶ ᠦᠷᠨᠢᠭᠦᠯᠦᠨ᠎ᠡ᠃ 2019 ᠣᠨ ᠡᠴᠦᠰ ᠪᠣᠯᠬᠤ ᠳᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ ᠬᠢᠨᠠᠨ ᠬᠡᠮᠵᠢᠬᠦ ᠠᠵᠢᠯ ᠢ ᠪᠡᠶᠡᠯᠡᠭᠦᠯᠵᠦ᠂ 2020 ᠣᠨ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠬᠠᠷᠠᠯᠲᠠᠲᠤ ᠬᠢᠷᠢ ᠲᠦᠪᠰᠢᠨ ᠳᠤ ᠬᠦᠷᠦᠭᠦᠯᠬᠦ ᠪᠤᠶᠤ 2018 ᠣᠨ ᠤ ᠬᠢ ᠠᠴᠠ 60 %᠎ ᠪᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ ᠬᠤᠶᠠᠷ ᠲᠤ ᠡᠷᠡᠭᠦᠯ ᠮᠡᠨᠳᠦ ᠶᠢᠨ ᠬᠥᠮᠦᠵᠢᠯ ᠢ ᠭᠠᠴᠠᠭ᠎ᠠ ᠲᠣᠰᠬᠤᠨ ᠳᠤ ᠬᠦᠷᠭᠡᠬᠦ ᠠᠵᠢᠯᠯᠠᠭ᠎ᠠ ᠦᠷᠨᠢᠭᠦᠯᠦᠨ᠎ᠡ᠃ ᠪᠥᠬᠦ ᠣᠷᠣᠨ ᠤ ᠭᠠᠴᠠᠭ᠎ᠠ ᠲᠣᠰᠬᠤᠨ ᠢ ᠬᠠᠮᠤᠷᠴᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ᠂ ᠡᠷᠡᠭᠦᠯ ᠮᠡᠨᠳᠦ ᠶᠢ ᠠᠬᠢᠭᠤᠯᠬᠤ ᠰᠠᠷ᠎ᠠ᠂ ᠡᠯ᠎ᠡ ᠵᠦᠢᠯ ᠤᠨ ᠡᠷᠡᠭᠦᠯ ᠬᠠᠮᠠᠭᠠᠯᠠᠯ ᠤᠨ ᠡᠳᠦᠷ ᠪᠣᠯᠣᠨ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ᠂ ᠤᠷᠠᠨ ᠰᠠᠶᠢᠬᠠᠨ ᠤ ᠲᠣᠭᠯᠠᠯᠲᠠ᠂ ᠦᠨᠳᠦᠰᠦᠲᠡᠨ ᠤ ᠵᠠᠩ ᠦᠢᠯᠡ ᠶᠢᠨ ᠠᠵᠢᠯᠯᠠᠭ᠎ᠠ ᠵᠡᠷᠭᠡ ᠲᠠᠪᠴᠠᠩ ᠪᠣᠯᠣᠨ ᠬᠡᠯᠪᠡᠷᠢ ᠳᠤ ᠲᠦᠰᠢᠭᠯᠡᠨ᠂ ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠭᠤᠤᠯ ᠠᠰᠠᠭᠤᠳᠠᠯ ᠳᠤ ᠴᠢᠭᠯᠡᠭᠦᠯᠦᠨ ᠡᠷᠡᠭᠦᠯ ᠮᠡᠨᠳᠦ ᠶᠢᠨ ᠬᠥᠮᠦᠵᠢᠯ ᠬᠢᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠦᠨᠳᠦᠰᠦᠨ ᠮᠡᠳᠡᠯᠭᠡ ᠶᠢ ᠤᠯᠠᠮᠵᠢᠯᠠᠨ ᠳᠡᠯᠭᠡᠷᠡᠭᠦᠯᠵᠦ᠂ ᠡᠷᠡᠭᠦᠯ ᠮᠡᠨᠳᠦ ᠶᠢᠨ ᠬᠥᠮᠦᠵᠢᠯ ᠤᠨ ᠲᠠᠶᠢᠯᠤᠮᠵᠢ ᠡᠷᠬᠢᠯᠡᠨ᠎ᠡ᠃ ᠭᠤᠷᠪᠠ ᠳᠤ ᠡᠷᠡᠭᠦᠯ ᠮᠡᠨᠳᠦ ᠶᠢᠨ ᠬᠥᠮᠦᠵᠢᠯ ᠢ ᠭᠡᠷ ᠪᠦᠯᠢ ᠳᠤ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠦᠨ᠎ᠡ᠃ ᠭᠡᠷ ᠪᠦᠯᠢ ᠨᠢᠭᠡᠪᠦᠷᠢ ᠳᠤ ᠨᠢᠭᠡ ᠳᠤ ᠨᠢᠭᠡ ᠶᠢ ᠬᠠᠷᠠᠭᠠᠯᠵᠠᠭᠰᠠᠨ ᠡᠷᠡᠭᠦᠯ ᠮᠡᠨᠳᠦ ᠶᠢᠨ ᠬᠥᠮᠦᠵᠢᠯ ᠤᠨ  ᠦᠢᠯᠡᠴᠢᠯᠡᠭᠡ ᠬᠠᠩᠭᠠᠨ᠎ᠠ᠃ ᠳᠥᠷᠪᠡ ᠳᠤ ᠡᠷᠡᠭᠦᠯ ᠮᠡᠨᠳᠦ ᠶᠢᠨ ᠬᠥᠮᠦᠵᠢᠯ ᠢ ᠰᠤᠷᠭᠠᠭᠤᠯᠢ ᠳᠤ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠦᠨ᠎ᠡ᠃ ᠪᠥᠬᠦ ᠣᠷᠣᠨ ᠤ ᠪᠤᠢ ᠪᠦᠬᠦᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠠᠮᠤᠷᠴᠤ᠂ ᠡᠷᠡᠭᠦᠯ ᠡᠩᠬᠡ ᠪᠠᠷ ᠰᠤᠷᠭᠠᠭᠤᠯᠢ ᠶᠢᠨ ᠪᠦᠲᠦᠭᠡᠨ ᠪᠠᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠦᠨ᠎ᠡ᠃ ᠡᠯ᠎ᠡ ᠰᠤᠷᠭᠠᠭᠤᠯᠢ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠨᠡᠭᠡᠭᠡᠵᠦ᠂ ᠰᠤᠷᠤᠭᠴᠢᠳ ᠲᠤ ᠵᠦᠶ ᠵᠣᠬᠢᠰᠲᠠᠶ ᠬᠤᠭᠤᠯᠠ ᠤᠮᠳᠠ᠂ ᠢᠳᠡᠭᠡᠨ ᠤ ᠠᠮᠤᠷ ᠲᠦᠪᠰᠢᠨ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ᠂ ᠰᠢᠨᠵᠢᠯᠡᠬᠦ ᠤᠬᠠᠭᠠᠨᠴᠢ ᠪᠠᠷ ᠭᠠᠷ ᠢᠶᠠᠨ ᠤᠬᠢᠶᠠᠬᠤ᠂ ᠨᠢᠳᠦ ᠪᠠᠨ ᠬᠠᠮᠠᠭᠠᠯᠠᠬᠤ᠂ ᠠᠮᠠᠨ ᠬᠥᠨᠳᠡᠶ ᠶᠢᠨ ᠡᠷᠡᠭᠦᠯ ᠮᠡᠨᠳᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ᠂ ᠵᠠᠯᠠᠭᠤ ᠪᠠᠭᠠᠴᠤᠳ ᠤᠨ ᠪᠡᠯᠭᠡ ᠶᠢᠨ ᠪᠠ ᠦᠷᠡᠵᠢᠯ ᠤᠨ ᠡᠷᠡᠭᠦᠯ ᠮᠡᠨᠳᠦ ᠵᠡᠷᠭᠡ ᠦᠨᠳᠦᠰᠦᠨ ᠮᠡᠳᠡᠯᠭᠡ ᠶᠢ ᠵᠢᠭᠠᠨ᠎ᠠ᠃ ᠲᠠᠪᠤ ᠳᠤ ᠡᠷᠡᠭᠦᠯ ᠮᠡᠨᠳᠦ ᠶᠢᠨ ᠬᠥᠮᠦᠵᠢᠯ ᠢ ᠪᠠᠶᠢᠭᠤᠯᠭ᠎ᠠ ᠳᠤ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠦᠨ᠎ᠡ᠃ ᠪᠥᠬᠦ ᠣᠷᠣᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠥᠬᠦ ᠺᠠᠳ᠋ᠷ ᠠᠵᠢᠯᠲᠠᠨ ᠠᠵᠢᠯᠴᠢᠳ ᠢ ᠬᠠᠮᠤᠷᠴᠤ᠂ ᠡᠷᠡᠭᠦᠯ ᠮᠡᠨᠳᠦ ᠶᠢᠨ ᠡᠰ ᠤᠨ ᠢᠨᠵᠧᠨᠧᠷᠢᠩ ᠤᠨ ᠪᠦᠲᠦᠭᠡᠨ ᠪᠠᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠠᠳᠠᠯᠢ ᠪᠤᠰᠤ ᠬᠥᠮᠦᠰ ᠲᠤ ᠴᠢᠭᠯᠡᠭᠦᠯᠦᠨ ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ ᠪᠣᠯᠣᠨ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 42 ᠵᠤᠷᠪᠤᠰ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠭᠤᠤᠯᠯᠠᠬᠤ ᠮᠡᠳᠡᠭᠡ ᠵᠠᠩᠭᠢ᠂ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 10 ᠵᠤᠷᠪᠤᠰ᠂ ᠠᠷᠠᠳ ᠢᠷᠭᠡᠳ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠡᠪ ᠪᠣᠯᠪᠠᠰᠤᠷᠠᠯ ᠤᠨ ᠵᠤᠷᠪᠤᠰ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠤᠬᠠᠭᠤᠯᠤᠨ ᠰᠠᠨᠠᠭᠠᠴᠢᠯᠠᠨ᠎ᠠ᠃ ᠵᠢᠷᠭᠤᠭ᠎ᠠ ᠳᠤ ᠡᠷᠡᠭᠦᠯ ᠮᠡᠨᠳᠦ ᠶᠢᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠣᠯᠣᠨ᠎ᠠ᠃ ᠪᠥᠬᠦ ᠣᠷᠣᠨ ᠢ ᠬᠠᠮᠤᠷᠤᠭᠰᠠᠨ ᠣᠯᠠᠨ ᠲᠦᠮᠡᠨ ᠤ ᠳᠡᠷᠭᠡᠳᠡᠬᠢ ᠡᠷᠡᠭᠦᠯ ᠡᠩᠬᠡ ᠶᠢᠨ ᠬᠥᠮᠦᠵᠢᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠡᠷᠡᠭᠦᠯ  ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ᠂ ᠡᠷᠡᠭᠦᠯ ᠮᠡᠨᠳᠦ ᠶᠢᠨ ᠬᠥᠮᠦᠵᠢᠯ ᠤᠨ ᠮᠡᠷᠭᠡᠵᠢᠯ ᠴᠢᠳᠠᠪᠤᠷᠢ᠂ ᠤᠵᠢᠭ ᠴᠢᠨᠠᠷᠲᠠᠶ ᠡᠪᠡᠳᠴᠢᠨ ᠤ ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠦᠨ᠎ᠡ᠃ ᠳᠣᠯᠤᠭ᠎ᠠ ᠳᠤ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠵᠢᠯᠣᠭᠤᠳᠤᠭᠴᠢ ᠶᠢ ᠬᠥᠮᠦᠵᠢᠭᠦᠯᠬᠦ ᠠᠵᠢᠯᠯᠠᠭ᠎ᠠ ᠦᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠡᠯ᠎ᠡ ᠱᠠᠲᠤ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠡᠷᠡᠭᠦᠯ ᠮᠡᠨᠳᠦ ᠶᠢᠨ ᠵᠢᠭᠠᠨ ᠵᠢᠯᠣᠭᠤᠳᠤᠭᠴᠢ ᠶᠢᠨ ᠡᠩᠨᠡᠭᠡ ᠶᠢ ᠪᠠᠶᠢᠭᠤᠯᠬᠤ ᠶᠢᠨ ᠬᠠᠮᠲᠤ ᠡᠷᠡᠭᠦᠯ ᠮᠡᠨᠳᠦ ᠶᠢᠨ ᠵᠢᠭᠠᠨ ᠵᠢᠯᠣᠭᠤᠳᠤᠭᠴᠢ ᠶᠢ ᠬᠤᠲᠠ ᠬᠥᠳᠡᠭᠡ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃      ᠣᠶᠢᠯᠠᠭᠠᠭᠰᠠᠨ ᠢᠶᠠᠷ᠂ ᠣᠶᠢᠷ᠎ᠠ ᠶᠢᠨ ᠭᠤᠷᠪᠠᠨ ᠵᠢᠯ ᠳᠤ ᠮᠠᠨ ᠤ ᠣᠷᠣᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠦᠳᠲᠡᠷ ᠲᠦᠷᠭᠡᠨ ᠳᠡᠭᠡᠭᠰᠢᠯᠡᠵᠦ᠂ 2019 ᠣᠨ ᠳᠤ᠂ ᠪᠥᠬᠦ ᠣᠷᠣᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ 18 %᠎ ᠠᠴᠠ ᠳᠡᠭᠡᠭᠰᠢ ᠳᠤ ᠬᠦᠷᠴᠦ᠂ 2020 ᠣᠨ ᠳᠤ 20 %᠎ ᠳᠤ ᠬᠦᠷᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号