ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ | 2018 ᠣᠨ ᠳᠤ ᠮᠠᠨ ᠤ ᠣᠷᠣᠨ ᠤ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠬᠢᠷᠢ ᠲᠦᠪᠰᠢᠨ | ᠲᠣᠭᠲᠠᠭᠤᠨ ᠢᠶᠠᠷ ᠳᠡᠭᠡᠭᠰᠢᠯᠡᠵᠦ᠂ ᠲᠠᠷᠢᠮᠠᠯ ᠲᠡᠷᠢᠬᠤ ᠬᠤᠷᠢᠶᠠᠬᠤ ᠶᠡᠷᠦᠩᠬᠡᠶᠢᠯᠡᠭᠰᠡᠨ ᠮᠧᠬᠠᠨᠢᠭᠵᠢᠭᠤᠯᠤᠯᠲᠠ ᠶᠢᠨ | ᠨᠣᠷᠮ᠎ᠠ 84% ᠳᠤ ᠬᠦᠷᠴᠦ᠂ ᠪᠥᠬᠦ ᠤᠯᠤᠰ ᠤᠨ ᠳᠤᠮᠳᠠᠴᠢ ᠲᠦᠪᠰᠢᠨ ᠠᠴᠠ 15 ᠵᠠᠭᠤᠨ ᠤ ᠴᠡᠭ ᠥᠨᠳᠥᠷ | ᠪᠤᠯᠪᠠ᠃ | ᠨᠢᠳᠤᠨᠤᠨ᠂ ᠮᠠᠨ ᠤ ᠣᠷᠣᠨ 2018 — 2020 ᠣᠨ ᠤ ᠰᠢᠨ᠎ᠡ ᠨᠢᠭᠡᠨ ᠡᠭᠡᠯᠵᠢ ᠶᠢᠨ ᠲᠠᠷᠢᠶᠠᠯᠠᠩ ᠤᠨ | ᠮᠧᠬᠠᠨᠢᠭ ᠬᠤᠳᠠᠯᠳᠤᠨ ᠠᠪᠬᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠡᠬᠢᠯᠡᠨ ᠬᠡᠷᠡᠭᠵᠢᠭᠦᠯᠵᠦ᠂ ᠪᠥᠬᠦ | ᠵᠢᠯ ᠳᠤ 6.43 ᠲᠦᠮᠡᠨ ᠰᠠᠭᠤᠷᠢ ᠮᠠᠰᠢᠨ ᠪᠠᠭᠠᠵᠢ ᠳᠤ ᠨᠦᠬᠦᠪᠦᠷᠢ ᠦᠭᠴᠦ᠂ 5.23 ᠲᠦᠮᠡᠨ ᠡᠷᠦᠬᠡ ᠮᠠᠯᠴᠢᠨ | ᠲᠠᠷᠢᠶᠠᠴᠢᠳ ᠲᠤ ᠠᠰᠢᠭ ᠬᠦᠷᠲᠡᠭᠡᠪᠡ᠃ ᠪᠦᠬᠦ ᠣᠷᠣᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ | ᠪᠦᠬᠦ ᠶᠠᠪᠤᠴᠠ ᠶᠢᠨ ᠮᠧᠬᠠᠨᠢᠭᠵᠢᠭᠤᠯᠤᠯᠲᠠ ᠶᠢ ᠲᠦᠯᠬᠢᠨ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ | ᠲᠥᠮᠥᠰᠥ᠂ ᠪᠤᠭᠤᠲᠠᠢ᠂ ᠤᠰᠤᠨ ᠲᠤᠲᠤᠷᠭ᠎ᠠ ᠵᠡᠷᠭᠡ ᠭᠤᠣᠯ ᠪᠣᠯᠬᠤ ᠲᠠᠷᠢᠮᠠᠯ ᠤᠨ ᠮᠧᠬᠠᠨᠢᠭᠵᠢᠭᠤᠯᠤᠯᠲᠠ ᠶᠢᠨ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠷᠡᠨ ᠬᠤᠸᠠᠷ᠂ ᠰᠢᠬᠢᠷ ᠯᠤᠤᠪᠠᠩ᠂ ᠨᠠᠷᠢᠮᠤ᠂ ᠡᠮ ᠤᠨ ᠮᠠᠲ᠋ᠧᠷᠢᠶᠠᠯ | ᠵᠡᠷᠭᠡ ᠥᠪᠡᠷᠮᠢᠴᠡ ᠣᠨᠴᠠᠯᠢᠭ ᠲᠠᠢ ᠠᠵᠤ ᠠᠬᠤᠶ ᠶᠢᠨ ᠲᠠᠷᠢᠮᠠᠯ ᠵᠢᠴᠢ ᠬᠤᠯᠢᠮᠠᠭ ᠠᠮᠤ ᠪᠤᠷᠴᠠᠭ ᠢ | ᠮᠧᠬᠠᠨᠢᠭᠵᠢᠭᠤᠯᠤᠯᠲᠠ ᠪᠠᠷ ᠬᠤᠷᠢᠶᠠᠬᠤ ᠬᠡᠮᠵᠢᠶ᠎ᠡ ᠨᠡᠯᠢᠶᠡᠳ ᠳᠣᠣᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠯ | ᠠᠷᠠᠴᠢᠯᠠᠵᠤ ᠮᠠᠯᠯᠠᠬᠤ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠠᠵᠤ ᠠᠬᠤᠶ ᠶᠢᠨ | ᠮᠧᠬᠠᠨᠢᠭᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠪᠦᠬᠦ ᠣᠷᠣᠨ ᠤ ᠲᠠᠷᠢᠶᠠᠯᠠᠩ ᠤᠨ | ᠮᠧᠬᠠᠨᠢᠭ ᠤᠨ ᠰᠠᠯᠠᠭ᠎ᠠ ᠮᠥᠴᠢᠷ ᠲᠠᠷᠢᠶᠠᠯᠠᠩ ᠤᠨ ᠮᠧᠬᠠᠨᠢᠭ ᠤᠨ ᠲᠤᠰᠬᠠᠶ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠤᠯ ᠴᠤᠭᠴᠠ ᠶᠢ ᠲᠦᠷᠭᠡᠪᠴᠢᠯᠡᠨ ᠪᠤᠶᠢᠵᠢᠭᠤᠯᠵᠤ᠂ ᠲᠠᠷᠢᠶᠠᠯᠠᠩ ᠤᠨ ᠮᠧᠬᠠᠨᠢᠭ ᠬᠤᠳᠠᠯᠳᠤᠨ | ᠠᠪᠬᠤ ᠨᠥᠬᠦᠪᠥᠷᠢ᠂ ᠲᠠᠷᠢᠶᠠᠯᠠᠩ ᠤᠨ ᠮᠧᠬᠠᠨᠢᠭ ᠢᠶᠠᠷ ᠭᠦᠨ ᠰᠤᠯᠠᠷᠠᠭᠤᠯᠬᠤ ᠨᠥᠬᠦᠪᠥᠷᠢ᠂ ᠲᠠᠷᠢᠶᠠᠯᠠᠩ ᠤᠨ | ᠮᠧᠬᠠᠨᠢᠭᠵᠢᠭᠤᠯᠤᠯᠲᠠ ᠶᠢᠨ ᠲᠤᠰᠬᠠᠶ ᠪᠡᠯᠡ ᠮᠥᠩᠭᠦ ᠶᠢᠨ ᠲᠦᠷᠦᠯ ᠵᠦᠢᠯ ᠢ ᠲᠠᠷᠢᠶᠠᠯᠠᠩ ᠤᠨ ᠮᠧᠬᠠᠨᠢᠭ ᠤᠨ ᠲᠤᠰᠬᠠᠶ | ᠠᠵᠢᠯ ᠤᠨ ᠬᠤᠷᠰᠢᠶ᠎ᠠ ᠲᠡᠰᠢ ᠬᠡᠯᠪᠠᠶᠢᠯᠭᠡᠵᠦ᠂ ᠲᠠᠷᠢᠶᠠᠯᠠᠩ ᠤᠨ ᠮᠧᠬᠠᠨᠢᠭ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ | ᠬᠠᠭᠠᠯᠪᠤᠷᠢᠯᠠᠬᠤ ᠲᠠᠷᠢᠬᠤ ᠬᠤᠷᠢᠶᠠᠬᠤ ᠠᠵᠢᠯ ᠤᠨ ᠪᠥᠬᠦ ᠶᠠᠪᠤᠴᠠ ᠶᠢ ᠮᠧᠬᠠᠨᠢᠭᠵᠢᠭᠤᠯᠬᠤ ᠪᠤᠯᠭᠠᠬᠤ ᠪᠠᠷ ᠬᠦᠲᠦᠯᠦᠨ | ᠵᠢᠯᠤᠭᠤᠳᠴᠤ᠂ ᠲᠠᠩ ᠭᠠᠭᠴᠠ ᠭᠤᠭᠴᠤᠭ᠎ᠠ ᠶᠢᠨ ᠦᠢᠯᠡᠴᠢᠯᠡᠭᠡ ᠠᠴᠠ ᠪᠦᠬᠦ ᠣᠷᠣᠨ ᠪᠦᠰᠡ ᠶᠢᠨ ᠨᠠᠶᠢᠳᠠᠨ | ᠬᠠᠮᠢᠶᠠᠷᠤᠭᠤᠯᠬᠤ ᠦᠶᠯᠡᠴᠢᠯᠡᠭᠡ ᠪᠤᠯᠭᠠᠬᠤ ᠵᠦᠭ ᠬᠦᠭᠵᠢᠭᠦᠯᠪᠡ᠃ | ᠪᠦᠷᠢᠳᠬᠡᠯ ᠢ ᠦᠨᠳᠦᠰᠦᠯᠡᠪᠡᠯ᠂ 2018 ᠣᠨ ᠤ ᠡᠴᠦᠰ ᠪᠤᠯᠬᠤ ᠳᠤ᠂ ᠪᠥᠬᠦ ᠣᠷᠣᠨ ᠤ ᠲᠠᠷᠢᠶᠠᠯᠠᠩ ᠤᠨ | ᠮᠧᠬᠠᠨᠢᠭ ᠤᠨ ᠶᠡᠷᠦᠩᠬᠡᠶ ᠬᠥᠳᠡᠯᠭᠡᠬᠦ ᠬᠦᠴᠦ ᠵᠢᠱᠢᠯᠲᠡ ᠪᠠᠷ 3663.7 ᠲᠦᠮᠡᠨ ᠺᠢᠯᠣᠸᠠᠲ ᠲᠤ ᠬᠦᠷᠴᠦ᠂ | ᠲᠦᠷᠦᠭᠦᠦ ᠵᠢᠯ ᠤᠨ ᠬᠢ ᠠᠴᠠ 5.2% ᠢᠶᠠᠷ ᠨᠡᠮᠡᠭᠳᠡᠪᠡ᠃ ᠪᠥᠬᠦ ᠣᠷᠣᠨ ᠳᠤ ᠲᠠᠷᠢᠶᠠᠯᠠᠩ ᠤᠨ ᠮᠧᠬᠠᠨᠢᠭ ᠤᠨ | ᠲᠤᠰᠬᠠᠢ ᠠᠵᠢᠯ ᠤᠨ ᠬᠤᠷᠰᠢᠶ᠎ᠠ 218 ᠰᠢᠨ᠎ᠡ ᠪᠠᠷ ᠨᠡᠮᠡᠭᠳᠡᠵᠦ᠂ ᠶᠡᠷᠦᠩᠬᠡᠶ ᠲᠤᠭ᠎ᠠ ᠨᠢ 2739 ᠳᠤ ᠬᠦᠷᠴᠦ᠂ | ᠲᠠᠷᠢᠶᠠᠯᠠᠩ ᠤᠨ ᠮᠧᠬᠠᠨᠢᠭ ᠤᠨ ᠲᠤᠰᠬᠠᠢ ᠠᠵᠢᠯ ᠤᠨ ᠬᠤᠷᠰᠢᠶ᠎ᠠ ᠶᠢᠨ ᠨᠠᠶᠢᠳᠠᠨ ᠬᠠᠮᠢᠶᠠᠷᠤᠭᠤᠯᠬᠤ ᠦᠶᠯᠡᠴᠢᠯᠡᠭᠡ ᠶᠢᠨ | ᠲᠠᠯᠠᠪᠠᠢ 526.5 ᠲᠦᠮᠡᠨ ᠮᠦ ᠳᠤ ᠬᠦᠷᠴᠦ᠂ 589 ᠲᠠᠷᠢᠶᠠᠯᠠᠩ ᠤᠨ ᠮᠧᠬᠠᠨᠢᠭ ᠤᠨ ᠲᠤᠰᠬᠠᠶ ᠠᠵᠢᠯ ᠤᠨ | ᠬᠤᠷᠰᠢᠶ᠎ᠠ ᠪᠥᠬᠦ ᠶᠠᠪᠤᠴᠠ ᠶᠢ ᠮᠧᠬᠠᠨᠢᠭᠵᠢᠭᠤᠯᠬᠤ + ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ ᠤᠨ | ᠦᠢᠯᠡᠴᠢᠯᠡᠭᠡ ᠶᠢ ᠦᠷᠨᠢᠭᠦᠯᠪᠡ᠃ |