ᠪᠣᠥ ᠭᠠᠨᠭ᠌ ᠰᠢᠩ ᠾᠧ ᠰᠢᠶᠠᠨ ᠳᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠢᠬᠤᠯᠠᠴᠢᠯᠠᠬᠰᠠᠨ ᠨᠢ ᠠᠵᠤ ᠤᠢᠢᠯᠠᠰ ᠢᠶᠠᠷ ᠶᠠᠳᠠᠭᠤ ᠶᠢ ᠲᠡᠳᠬᠦᠬᠦ ᠲᠠᠯᠳᠠ ᠬᠦᠴᠦᠨ ᠢ ᠬᠦᠢᠴᠡᠳ ᠠᠭᠤᠳᠠᠯᠵᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ ᠴᠢᠩᠭ᠎ᠠ ᠬᠦᠴᠦᠲᠠᠢ ᠬᠦᠳᠡᠯᠬᠡᠬᠦ ᠬᠦᠴᠦᠨ ᠨᠡᠮᠡᠷᠢᠯᠡᠬᠦ ᠭᠡᠷᠡᠭᠲᠠᠢ ᠭᠡᠵᠡᠢ
ᠨᠡᠶᠢᠲᠡᠯᠡᠭᠰᠡᠨ ᠴᠠᠭ᠄
2019/3/15
     3 ᠳ᠋ᠤᠭᠠᠷ ᠰᠠᠷ᠎ᠠ ᠶᠢᠨ 11᠎ ᠤ ᠡᠳᠤᠷ᠂ ᠦᠪᠡᠷᠲᠡᠭᠡᠨ ᠵᠠᠰᠠᠬᠤ ᠤᠷᠤᠨ ᠤ ᠲᠡᠳ᠋ ᠲᠠᠷᠢᠭᠦᠯᠡᠭᠴᠢ ᠪᠤᠤ ᠭᠠᠨᠭ᠌ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠲᠠᠭᠠᠭᠤᠯᠤᠨ ᠶᠠᠳᠠᠭᠤ ᠶᠢ ᠲᠡᠳᠬᠦᠬᠦ ᠬᠠᠷᠢᠯᠴᠠᠬᠤ ᠴᠡᠭ ᠨᠢ ᠪᠤᠯᠬᠤ ᠰᠢᠩ ᠾᠧ ᠰᠢᠶᠠᠨ ᠳᠤ ᠬᠦᠨᠵᠡᠭᠡᠶᠢᠷᠡᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠦᠴᠢᠷ ᠤᠳ ᠤᠯᠤᠰ ᠲᠦᠷᠤ ᠶᠢᠨ ᠵᠤᠭᠰᠤᠴᠠ ᠪᠠᠨ ᠦᠨᠡᠨ ᠬᠦ ᠲᠠᠬᠡᠭᠰᠢᠯᠡᠬᠦᠯᠦᠨ ︽ᠴᠢᠰᠤ ᠪᠦᠲᠦᠭᠡᠬᠦ ᠬᠡᠯᠪᠡᠷᠢ︾᠎ ᠶᠢᠨ ᠠᠵᠤ ᠤᠢᠢᠯᠠᠰ ᠢᠶᠠᠷ ᠶᠠᠳᠠᠭᠤ ᠶᠢ ᠲᠡᠳᠬᠦᠬᠦ ᠲᠠᠯᠳᠠ ᠬᠦᠴᠤᠨ ᠢ ᠬᠦᠢᠴᠡᠳ ᠠᠭᠤᠳᠠᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ ᠴᠢᠩᠭ᠎ᠠ ᠬᠦᠴᠦᠲᠠᠢ ᠬᠦᠳᠡᠯᠭᠡᠬᠦ ᠬᠦᠴᠦᠨ ᠨᠠᠮᠠᠷᠢᠯᠡᠬᠦ ᠬᠡᠷᠡᠭᠲᠠᠢ ᠬᠡᠪᠠ᠃      ᠪᠤᠤ ᠭᠠᠨᠭ᠌ ᠨᠠᠷ ᠰᠤᠮᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠶᠠᠳᠠᠭᠤ ᠶᠢ ᠲᠡᠳᠬᠦᠬᠦ ᠲᠦᠷᠤᠯ ᠵᠦᠢᠯ᠂ ᠴᠠᠬᠠᠷ ᠨᠠᠭᠤᠷ ᠤᠨ ᠶᠠᠳᠠᠭᠤ ᠶᠢ ᠲᠡᠳᠬᠦᠬᠦ ᠲᠦᠷᠤᠯ ᠵᠦᠢᠯ ᠵᠢᠴᠢ ᠳᠢᠶᠠᠨ ᠽᠢ ᠪᠠᠯᠭᠠᠰᠤ ᠶᠢᠨ ᠯᠦ ᠵᠢᠶᠠ ᠶᠢᠩ ᠲᠤᠰᠬᠤᠨ ᠳᠤ ᠬᠦᠨᠵᠡᠭᠡᠶᠢᠷᠡᠨ᠂ ᠶᠠᠳᠠᠭᠤ ᠬᠦᠴᠢᠷᠳᠠᠯᠲᠠᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠤ᠂ ᠲᠤᠰᠬᠤᠨ ᠤ ᠺᠠᠳ᠋ᠷ᠂ ᠲᠤᠰᠬᠤᠨ ᠤ ᠠᠷᠠᠳ᠂ ᠶᠠᠳᠠᠭᠤ ᠬᠦᠴᠢᠷᠳᠠᠯᠲᠠᠢ ᠡᠷᠤᠬᠡ᠂ ᠬᠠᠮᠢᠶ᠎ᠠ ᠪᠦᠬᠦᠢ ᠠᠵᠤ ᠠᠬᠤᠢᠢᠯᠠᠯ ᠤᠨ ᠬᠠᠷᠢᠭᠤᠴᠠᠯᠭᠠᠲᠠᠨ ᠵᠢᠴᠢ ᠬᠤᠲᠠ᠂ ᠰᠢᠶᠠᠨ ᠬᠤᠶᠠᠷ ᠱᠠᠲᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠢ ᠶᠠᠷᠢᠯᠴᠠᠵᠤ᠂ ᠲᠤᠬᠠᠢ ᠶᠢᠨ ᠭᠠᠵᠠᠷ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ᠂ ᠠᠵᠤ ᠤᠢᠢᠯᠠᠰ ᠤᠨ ᠬᠦᠭᠵᠢᠯᠲᠡ ᠪᠠ ᠲᠤᠰᠬᠤᠨ ᠤ ᠠᠷᠠᠳ ᠤᠨ ᠤᠢᠢᠯᠡᠤᠡᠪᠤᠷᠢᠯᠠᠯ ᠠᠮᠢᠳᠤᠷᠠᠯ ᠤᠨ ᠪᠠᠶᠢᠳᠠᠯ ᠢ ᠨᠠᠷᠢᠨ ᠤᠢᠢᠯᠠᠭᠠᠵᠠᠢ᠃ ᠪᠤᠤ ᠭᠠᠨᠭ᠌ ᠱᠠᠭᠠᠷᠳᠠᠭᠰᠠᠨ ᠨᠢ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠪᠤᠯ ᠴᠢᠬᠤᠯᠠ ᠤᠯᠤᠰ ᠲᠦᠷᠤ ᠶᠢᠨ ᠡᠭᠦᠷᠭᠡ ᠪᠤᠯᠤᠨ᠎ᠠ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠯᠤᠰ ᠲᠦᠷᠤ ᠶᠢᠨ ᠵᠤᠭᠰᠤᠴᠠ ᠪᠠᠨ ᠴᠢᠨᠠᠭᠰᠢᠳᠠ ᠲᠠᠬᠡᠭᠰᠢᠯᠡᠬᠦᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠯ᠎ᠠ ᠲᠦᠷᠤᠯ ᠤᠨ ᠠᠵᠢᠯ ᠢ ᠦᠨᠡᠨ ᠬᠦ ᠰᠠᠶᠢᠳᠤᠷ ᠬᠢᠬᠦ ᠬᠡᠷᠡᠭᠲᠠᠢ︔ ᠤᠷᠤᠨ ᠨᠤᠳᠤᠭ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠵᠢᠵᠢᠭ ᠪᠠᠯᠭᠠᠰᠤ ᠶᠢ ᠴᠤᠭᠴᠠᠯᠠᠬᠤ ᠪᠠᠷ ᠭᠠᠷᠳᠠᠴᠠ ᠪᠤᠯᠭᠠᠨ ᠵᠢᠭᠤᠯᠴᠢᠯᠠᠯ ᠤᠨ ᠠᠵᠤ ᠤᠢᠢᠯᠠᠰ ᠢ ᠢᠳᠡᠪᠬᠢᠲᠠᠢ ᠬᠦᠭᠵᠢᠭᠦᠯᠵᠤ᠂ ᠶᠠᠳᠠᠭᠤ ᠬᠦᠴᠢᠷᠳᠠᠯᠲᠠᠢ ᠤᠯᠠᠨ ᠲᠦᠮᠡᠨ ᠤ ᠤᠷᠤᠯᠭ᠎ᠠ ᠶᠢ ᠦᠷᠭᠦᠯᠵᠢᠯᠡᠨ ᠲᠤᠭᠳᠠᠭᠤᠨ ᠢᠶᠠᠷ ᠨᠡᠮᠡᠭᠳᠡᠬᠦ ᠶᠢ ᠪᠠᠲᠤᠯᠠᠵᠤ᠂ ᠶᠠᠳᠠᠭᠤ ᠶᠢ ᠲᠡᠳᠭᠦᠬᠦ ᠰᠢᠪᠲᠤᠯᠤᠯᠲᠠ ᠳᠤ ᠬᠦᠴᠦᠨ ᠨᠡᠮᠡᠷᠢᠯᠡᠬᠦ ᠬᠡᠷᠡᠭᠳᠠᠢ︔ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ᠂ ᠲᠤᠰᠬᠤᠨ ᠤ ᠲᠦᠷᠢ ᠲᠦᠷᠬᠦ ᠶᠢ ᠴᠡᠭᠴᠡᠯᠡᠨ ᠵᠠᠰᠠᠬᠤ ᠵᠡᠷᠭᠡ ᠠᠵᠢᠯ ᠢ ᠤᠷᠭᠠᠨᠢᠭ ᠢᠶᠠᠷ ᠤᠶᠠᠯᠳᠤᠭᠤᠯᠵᠤ᠂ ᠨᠢᠭᠡᠳᠤᠯᠲᠠᠢ ᠲᠦᠯᠦᠪᠵᠢᠭᠦᠯᠤᠨ ᠵᠤᠬᠢᠴᠠᠭᠤᠯᠤᠨ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠪᠠᠨ ᠴᠢᠨᠡᠷ ᠰᠠᠶᠢᠲᠠᠢ ᠪᠠᠶᠠᠯᠠᠭᠦᠯᠬᠦ ᠳᠤ ᠬᠦᠴᠦᠲᠠᠢ ᠲᠤᠯᠭᠠᠭᠤᠷᠢᠯᠠᠯ ᠬᠠᠨᠭ᠍ᠭᠠᠬᠤ ᠬᠡᠷᠡᠭᠲᠠᠢ ᠬᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号