ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ 83 ᠬᠤᠪᠢ ᠰᠠᠨᠠᠯ ᠲᠤᠷᠠᠳᠤᠯᠭ᠎ᠠ ᠳᠡᠪᠰᠢᠭᠦᠯᠵᠦ 72 ᠬᠤᠪᠢ ᠶᠢ ᠨᠢ ᠳᠠᠩᠰᠠᠯᠠᠵᠠᠢ
ᠨᠡᠶᠢᠲᠡᠯᠡᠭᠰᠡᠨ ᠴᠠᠭ᠄
2019/3/15
     ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠎ ᠤ ᠬᠤᠶᠠᠳᠤᠭᠠᠷ ᠬᠤᠷᠠᠯ ᠤᠨ ᠬᠤᠭᠤᠴᠠᠭᠠᠨ ᠳᠤ᠂ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠲᠤᠰᠠᠭᠠᠷ ᠪᠤᠶᠤ ᠨᠡᠷ᠎ᠡ ᠬᠤᠯᠪᠤᠭᠠᠯᠠᠬᠤ ᠬᠡᠯᠪᠡᠷᠢ ᠪᠠᠷ ᠶᠡᠭᠡ ᠬᠤᠷᠠᠯ ᠳᠤ 83 ᠬᠤᠪᠢ ᠰᠠᠨᠠᠯ ᠲᠤᠷᠠᠳᠤᠯᠭ᠎ᠠ ᠲᠡᠪᠰᠢᠬᠦᠯᠵᠦ᠂ ᠬᠢᠨᠠᠨ ᠪᠠᠶᠢᠴᠠᠭᠠᠬᠤ ᠪᠠᠷ ᠲᠠᠮᠵᠢᠨ 72 ᠬᠤᠪᠢ ᠨᠢ ᠵᠢᠩᠬᠢᠨᠢ ᠰᠠᠨᠠᠯ ᠲᠤᠷᠠᠳᠤᠯᠭ᠎ᠠ ᠪᠠᠷ ᠲᠠᠩᠰᠠᠯᠠᠬᠳᠠᠵᠣ᠂ ᠪᠤᠰᠤᠳ 11 ᠬᠤᠪᠢ ᠰᠠᠨᠠᠯ ᠲᠤᠷᠠᠳᠤᠯᠭ᠎ᠠ ᠶᠢ ᠨᠢ ᠰᠠᠨᠠᠯ ᠰᠠᠨᠠᠭᠤᠯᠭ᠎ᠠ ᠪᠤᠯᠭᠠᠵᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠬᠦᠯᠦᠨ ᠦᠭᠴᠡᠢ᠃      ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ︽ᠭᠤᠣᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠴᠢᠨᠠᠷ ᠴᠢᠨᠰᠠᠭ᠎ᠠ ᠪᠠᠨ ᠲᠡᠭᠡᠭᠰᠢᠯᠡᠬᠦᠯᠦᠨ ᠪᠤᠳᠠᠳᠤ ᠦᠷ᠎ᠡ ᠪᠦᠳᠦᠮᠵᠢ ᠶᠢ ᠡᠷᠬᠢᠮᠯᠡᠬᠦ︾ ᠰᠠᠨᠠᠯ ᠲᠤᠷᠠᠳᠤᠯᠭ᠎ᠠ ᠶᠢᠨ ᠠᠵᠢᠯ ᠤᠨ ᠴᠢᠭᠯᠡᠯᠳᠡ ᠶᠢ ᠪᠠᠷᠢᠮᠳᠠᠯᠠᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠶᠢᠨ ᠲᠤᠭᠤᠷᠢᠨ ᠳᠤ ᠦᠪᠦᠷ ᠮᠤᠩᠭᠤᠯ ᠤᠨ ᠪᠤᠳᠠᠳᠠᠢ ᠲᠠᠢ ᠨᠢᠬᠳᠠ ᠤᠶᠠᠯᠳᠤᠭᠤᠯᠵᠤ᠂ ᠠᠵᠤ ᠠᠬᠤᠢ ᠶᠢᠨ ᠬᠦᠭᠵᠢᠯᠳᠡ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠨᠡᠭᠡᠭᠡᠯᠳᠡ ᠬᠢᠵᠦ ᠬᠠᠮᠵᠢᠯᠴᠠᠬᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠵᠡᠷᠬᠡ ᠲᠠᠯ᠎ᠠ ᠪᠠᠷ ᠨᠠᠷᠢᠨ ᠬᠢᠨᠠᠮᠠᠭᠠᠢ ᠰᠡᠳᠦᠪ ᠰᠤᠩᠭᠤᠵᠤ᠂ ᠪᠤᠳᠠᠳᠠᠢ ᠶᠢ ᠡᠷᠬᠢᠮᠯᠡᠨ ᠰᠠᠨᠠᠯ ᠰᠠᠨᠠᠭᠤᠯᠭ᠎ᠠ ᠲᠤᠷᠠᠳᠴᠠᠢ᠃ 72 ᠬᠤᠪᠢ ᠲᠠᠩᠰᠠᠯᠠᠬᠳᠠᠬᠰᠠᠨ ᠰᠠᠨᠠᠯ ᠲᠤᠷᠠᠳᠤᠯᠭ᠎ᠠ ᠨᠢ ᠤᠯᠤᠰ ᠤᠨ ᠦᠬᠡᠷᠡᠴᠢᠯᠡᠯᠳᠡ ᠬᠦᠭᠵᠢᠯᠳᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠬᠠᠨᠳᠤᠭᠤᠯᠵᠣ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠬ ᠪᠡᠯᠴᠢᠭᠡᠷ ᠤᠨ ᠬᠠᠤᠯᠢ︾᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠤᠯᠢ ᠴᠠᠭᠠᠵᠠ ᠬᠠᠣᠯᠢ ᠲᠤᠬᠳᠠᠭᠠᠯ᠂ ᠨᠤᠳᠤᠭ ᠪᠡᠯᠴᠢᠬᠡᠷ ᠤᠨ ᠠᠮᠢ ᠠᠬᠤᠢ ᠶᠢ ᠬᠠᠮᠠᠭᠠᠯᠠᠵᠤ ᠪᠦᠳᠦᠬᠡᠨ ᠪᠠᠶᠢᠭᠤᠯᠬᠤ ᠨᠦᠬᠦᠪᠦᠷᠢ ᠶᠢᠨ ᠲᠦᠷᠦ ᠶᠢᠨ ᠪᠤᠳᠤᠯᠭ᠎ᠠ᠂ ︽ᠬᠤᠳᠠ ᠶᠢᠨ ᠦᠨᠳᠦᠰᠦᠳᠡᠨ ᠤ ᠠᠵᠢᠯ ᠤᠨ ᠲᠦᠷᠢᠮ︾ ᠵᠡᠷᠬᠡ ᠳᠤ ᠵᠠᠰᠠᠪᠤᠷᠢ ᠤᠷᠤᠭᠤᠯᠵᠤ ᠲᠡᠭᠦᠯᠳᠡᠷᠵᠢᠭᠦᠯᠬᠦ︔ ᠴᠠᠬᠢᠯᠭᠠᠨ ᠬᠦᠴᠦᠨ ᠤ ᠲᠦᠬᠡᠮᠡᠯ ᠦᠢᠯᠡᠴᠢᠯᠡᠭᠡ ᠶᠢᠨ ᠪᠡᠯᠡ ᠮᠦᠩᠬᠦ᠂ ᠰᠡᠳᠬᠢᠴᠡ ᠶᠢᠨ ᠠᠰᠠᠭᠤᠨ ᠯᠠᠪᠯᠠᠭ᠎ᠠ ᠪᠠ ᠰᠡᠳᠬᠢᠴᠡ ᠶᠢᠨ ᠲᠦᠭᠰᠢᠬᠦᠷᠢ ᠶᠢ ᠬᠠᠮᠢᠶᠠᠷᠬᠤ ᠲᠤᠬᠳᠠᠴᠠ᠂ ᠤᠷᠴᠢᠨ ᠲᠤᠭᠤᠷᠢᠨ ᠤ ᠬᠤᠬᠢᠷᠠᠯ ᠤᠨ ᠲᠦᠯᠦᠪᠦᠷᠢ ᠶᠢᠨ ᠲᠤᠰᠬᠠᠢ ᠪᠡᠯᠡ ᠮᠦᠩᠬᠦᠨ ᠤ ᠲᠦᠷᠢᠮ ᠵᠡᠷᠬᠡ ᠶᠢ ᠪᠠᠶᠢᠭᠤᠯᠬᠤ︔ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠠᠬᠢᠭᠤᠯᠬᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠳᠠᠢ ᠠᠰᠠᠭᠤᠳᠠᠯ ᠢ ᠰᠢᠢᠳᠪᠦᠷᠢᠯᠡᠬᠦ ᠵᠡᠷᠬᠡ ᠠᠭᠤᠯᠭ᠎ᠠ ᠶᠢ ᠬᠠᠮᠤᠷᠪᠠ᠃      ᠰᠠᠨᠠᠯ ᠲᠤᠷᠠᠳᠤᠯᠭ᠎ᠠ ᠨᠢ ᠦᠪᠦᠷ ᠮᠤᠩᠭᠤᠯ ᠤᠨ ᠬᠦᠭᠵᠢᠯᠳᠡ ᠶᠢᠨ ᠱᠠᠭᠠᠷᠳᠠᠯᠭ᠎ᠠ ᠶᠢ  ᠢᠳᠡᠪᠬᠢᠳᠡᠢ  ᠲᠤᠰᠬᠠᠵᠤ᠂ ᠲᠡᠦᠬᠡᠨ ᠠᠴᠠ ᠪᠦᠷᠢᠯᠳᠦᠭᠰᠡᠨ ᠨᠢᠬᠡᠨᠳᠡ ᠬᠠᠭᠠᠯᠪᠤᠷᠢᠯᠠᠬᠳᠠᠬᠰᠠᠨ ᠤᠢ ᠰᠢᠭᠤᠢ ᠨᠤᠳᠤᠭ ᠪᠡᠯᠴᠢᠬᠡᠷ ᠢ ᠲᠠᠷᠢᠶᠠᠯᠠᠬᠤ ᠪᠠᠨ ᠵᠣᠭᠰᠣᠨ ᠤᠶᠢᠵᠢᠭᠤᠯᠬᠤ ᠪᠠ ᠪᠡᠯᠴᠢᠬᠡᠷ ᠢ ᠰᠡᠷᠬᠦᠬᠡᠬᠦ ᠢᠨᠵᠧᠨᠧᠷᠢᠩ ᠤᠨ ᠬᠡᠪᠴᠢᠶᠡᠨ ᠳᠤ ᠤᠷᠤᠭᠤᠯᠬᠤ︔ ᠬᠠᠳᠤᠨ ᠭᠤᠤᠯ ᠲᠠᠭᠠᠤ ᠶᠢᠨ ᠠᠮᠢ ᠠᠬᠤᠢ ᠠᠵᠤ ᠠᠬᠤᠢ ᠶᠢᠨ ᠪᠦᠰᠡ ᠶᠢᠨ ᠪᠦᠳᠦᠬᠡᠨ ᠪᠠᠶᠢᠭᠤᠯᠤᠯᠲᠠ ᠶᠢ ᠤᠯᠤᠰ ᠤᠨ ᠪᠠᠶᠢᠯᠳᠤᠬᠤ ᠪᠤᠳᠤᠯᠭ᠎ᠠ ᠪᠤᠯᠭᠠᠨ ᠲᠡᠭᠡᠭᠰᠢᠯᠡᠬᠦᠯᠬᠦ︔ ᠦᠪᠦᠷ ᠮᠤᠩᠭᠤᠯ ᠤᠨ ᠠᠷᠪᠢᠳᠠᠢ ᠤᠰᠤᠯᠠᠯᠳᠠ ᠶᠢᠨ ᠲᠠᠷᠢᠶᠠᠯᠠᠩ ᠤᠨ ᠬᠦᠭᠵᠢᠯᠳᠡ ᠶᠢ ᠲᠡᠮᠵᠢᠬᠦ︔ ᠪᠠᠷᠠᠭᠤᠨ ᠪᠠᠶ᠎ᠠ ᠶᠢᠨ ᠬᠠᠷᠠᠬᠠᠨ ᠬᠦᠭᠵᠢᠭᠡᠳᠦᠢ ᠭᠠᠵᠠᠷ ᠤᠷᠤᠨ ᠤ ᠤᠯᠤᠰ ᠤᠨ ᠲᠡᠰ ᠤᠨ ᠰᠢᠨ᠎ᠠ ᠶᠢ ᠡᠬᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠡᠮᠵᠢᠬᠦ︔ ᠰᠢᠯᠢ ᠶᠢᠨ ᠭᠤᠤᠯ ᠠᠶᠢᠮᠠᠭ ᠤᠨ ᠠᠶᠠᠨᠴᠢᠨ ᠤ ᠭᠠᠯᠳᠤ ᠲᠡᠷᠬᠡ ᠪᠡᠬᠡᠵᠢᠩ ᠳᠤ ᠤᠷᠤᠬᠤ ︽ᠡᠴᠦᠰ ᠤᠨ ᠨᠢᠬᠡ ᠺᠢᠯᠤᠮᠧᠲᠷ︾᠎ ᠢ ᠨᠡᠪᠳᠡᠷᠡᠬᠦᠯᠬᠦ︔ ᠮᠠᠨᠵᠤᠤᠷ ᠬᠢᠯᠢ ᠶᠢᠨ ᠪᠤᠭᠤᠮᠳᠠ ᠶᠢᠨ ᠬᠦᠭᠵᠢᠯᠳᠡ ᠶᠢ ᠲᠡᠮᠵᠢᠬᠦ︔ ᠤᠯᠤᠰ ᠤᠨ ᠲᠠᠯ᠎ᠠ ᠨᠤᠳᠤᠬ ᠤᠨ ᠴᠡᠴᠡᠷᠯᠢᠭ ᠢ ᠪᠦᠳᠦᠬᠡᠨ ᠪᠠᠶᠢᠭᠤᠯᠬᠤ ᠵᠡᠷᠬᠡ ᠨᠢ ᠴᠦᠮ ᠦᠷᠬᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠵᠤ᠂ ᠬᠡᠰᠢᠬᠦᠳ ᠤᠨ ᠠᠷᠠᠳ ᠤᠨ ᠲᠦᠯᠦᠬᠡ ᠲᠤᠰᠢᠶᠠᠯ ᠢᠶᠠᠨ ᠬᠦᠢᠴᠡᠳᠬᠡᠬᠦ ᠬᠠᠶᠢᠷ᠎ᠠ ᠰᠡᠳᠬᠢᠯᠬᠡ ᠪᠠ ᠬᠠᠷᠢᠭᠤᠴᠠᠯᠭ᠎ᠠ ᠡᠬᠦᠷᠬᠡᠯᠡᠯ ᠢ ᠬᠦᠢᠴᠡᠳ ᠢᠯᠡᠷᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号