3 ᠳ᠋ᠤᠭᠠᠷ ᠰᠠᠷ᠎ᠡ ᠶᠢᠨ 14 ᠤ ᠡᠳᠦᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ | ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢᠨ ᠲᠦᠷᠪᠡᠳᠦᠭᠡᠷ | ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠠᠷᠤᠭ᠎ᠠ ᠪᠤᠤ ᠭᠠᠩ ᠲᠦᠷᠪᠡᠳᠦᠭᠡᠷ ᠰᠢᠮᠳᠠᠭᠤᠯᠤᠨ ᠪᠠᠶᠢᠴᠠᠭᠠᠬᠤ | ᠲᠤᠭᠤᠢᠢᠯᠠᠩ ᠢ ᠡᠮᠤᠨᠡᠭᠢ ᠱᠠᠳᠤᠨ ᠤ ᠠᠵᠢᠯ ᠢᠶᠠᠨ ᠨᠠᠷᠢᠨ ᠬᠢᠨᠠᠮᠠᠭᠠᠢ ᠡᠮᠬᠢᠯᠠᠨ ᠲᠢᠭᠯᠡᠵᠤ᠂ ᠱᠠᠳᠤᠴᠢ ᠴᠢᠨᠠᠷᠳᠠᠢ | ᠦᠷ᠎ᠡ ᠪᠦᠳᠦᠮᠵᠢ ᠪᠠᠨ ᠳ᠋ᠦᠡᠭᠨᠡᠨ᠂ ᠲᠠᠷᠠᠭᠠᠴᠢ ᠶᠢᠨ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠯᠠᠪᠳᠠᠭᠤᠨ | ᠪᠠᠳᠤᠳᠠᠢ ᠦᠷᠨᠢᠬᠦᠯᠬᠦ ᠭᠡᠷᠡᠭᠳᠠᠢ ᠭᠡᠵᠤ ᠱᠠᠭᠠᠷᠳᠠᠪᠠ᠃ | ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢᠨ | ᠲᠦᠷᠪᠡᠳᠦᠭᠡᠷ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠬᠢᠨᠭ᠍ᠭᠠᠨ ᠠᠶᠢᠮᠠᠭ ᠲᠤ ᠰᠢᠮᠳᠠᠭᠤᠯᠤᠨ | ᠪᠠᠶᠢᠴᠠᠭᠠᠬᠤ ᠠᠵᠢᠯ ᠢ ᠦᠷᠨᠢᠬᠦᠯᠦᠭᠰᠡᠨ ᠠᠴᠠ ᠨᠠᠭᠠᠰᠢ᠂ ᠢᠯᠡ ᠪᠠᠷ ᠪᠠᠶᠢᠴᠠᠭᠠᠵᠤ ᠳᠠᠯᠳᠠᠭᠤᠷ ᠤᠢᠢᠯᠠᠭᠠᠬᠤ᠂ | ᠲᠤᠬᠠᠢ ᠶᠢᠨ ᠭᠠᠵᠠᠷ ᠲᠤ ᠨᠢ ᠪᠠᠶᠢᠴᠠᠭᠠᠬᠤ᠂ ᠰᠤᠷᠪᠤᠯᠵᠢᠯᠠᠨ ᠶᠠᠷᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ | ᠵᠡᠷᠭᠡ ᠬᠡᠯᠪᠡᠷᠢ ᠪᠠᠷ ᠳᠠᠮᠵᠢᠨ ᠠᠶᠤᠯ ᠦᠭᠡᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠤᠭᠤᠬ ᠢ ᠪᠦᠬᠦ | ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠨᠡᠭᠦᠷᠡᠰᠦᠨ ᠠᠭᠤᠷᠬᠠᠢ᠂ ᠨᠡᠭᠦᠷᠡᠰᠤᠨ ᠤ ᠪᠤᠰᠤ ᠠᠭᠤᠷᠬᠠᠢ᠂ ᠠᠶᠤᠯᠲᠠᠢ | ᠬᠢᠮᠢ ᠶᠢᠨ ᠪᠤᠳᠠᠰ᠂ ᠵᠠᠮ ᠲᠡᠭᠡᠭᠡᠪᠦᠷᠢ ᠵᠡᠷᠭᠡ 65 ᠠᠵᠤ ᠠᠬᠤᠢᠢᠯᠠᠯ᠂ ᠰᠤᠷᠭᠠᠭᠤᠯᠢ ᠵᠢᠴᠢ ᠤᠯᠠᠨ ᠨᠡᠶᠢᠲᠡ ᠶᠢᠨ | ᠵᠤᠭ᠎ᠠ ᠴᠡᠩᠬᠡᠯ ᠤᠨ ᠭᠠᠵᠠᠷ ᠢ ᠰᠢᠮᠳᠠᠭᠤᠯᠤᠨ ᠪᠠᠶᠢᠴᠠᠭᠠᠵᠤ᠂ 43 ᠬᠦᠮᠦᠨ ᠲᠠᠢ ᠰᠤᠷᠪᠤᠯᠵᠢᠯᠠᠨ ᠶᠠᠷᠢᠯᠴᠠᠵᠤ᠂ | ᠲᠤᠬᠠᠢ ᠶᠢᠨ ᠭᠠᠵᠠᠷ ᠲᠤ 71 ᠠᠰᠠᠭᠤᠳᠠᠯ ᠤᠨ ᠭᠡᠮ ᠰᠤᠭᠤᠬ ᠢ ᠰᠢᠯᠵᠢᠭᠦᠯᠦᠨ ᠲᠤᠰᠢᠶᠠᠵᠤ᠂ ᠡᠯ᠎ᠡ ᠲᠦᠷᠦᠯ ᠤᠨ | ᠠᠵᠢᠯ ᠯᠠᠪᠳᠠᠭᠤᠨ ᠪᠠᠲᠤᠲᠠᠢ ᠡᠮᠬᠢ ᠲᠢᠭᠯᠢᠮ ᠲᠠᠢ ᠶᠠᠪᠤᠭᠳᠠᠭᠰᠠᠨ ᠪᠠᠶᠢᠨ᠎ᠠ᠃ | ᠪᠤᠤ ᠭᠠᠩ ᠰᠢᠮᠳᠠᠭᠤᠯᠤᠨ ᠪᠠᠶᠢᠴᠠᠭᠠᠬᠤ ᠳᠤᠭᠤᠢᠢᠯᠠᠩ ᠤᠨ ᠡᠮᠤᠨᠡᠬᠢ ᠱᠠᠲᠤᠨ ᠤ ᠠᠵᠢᠯ ᠢ ᠭᠦᠢᠴᠡᠳ | ᠨᠤᠲᠠᠯᠠᠵᠤ᠂ ᠰᠢᠮᠳᠠᠭᠤᠯᠤᠨ ᠪᠠᠶᠢᠴᠠᠭᠠᠬᠤ ᠠᠵᠢᠯᠲᠠᠳ ᠢ ᠤᠯᠠᠮ ᠢᠯᠡᠬᠦᠤ ᠴᠢᠷᠮᠠᠶᠢᠵᠤ᠂ ᠨᠡᠩ ᠲᠡᠭᠦᠯᠳᠡᠷ ᠤᠶᠤᠨ | ᠤᠬᠠᠭᠠᠨ ᠤ ᠪᠠᠶᠢᠳᠠᠯ ᠪᠠ ᠨᠡᠩ ᠪᠤᠲᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠳᠠᠷᠠᠭᠠᠴᠢ ᠶᠢᠨ ᠰᠢᠮᠳᠠᠭᠤᠯᠤᠨ | ᠪᠠᠶᠢᠴᠠᠭᠠᠬᠤ ᠠᠵᠢᠯ ᠢᠶᠠᠨ ᠰᠠᠶᠢᠳᠤᠷ ᠦᠷᠨᠢᠭᠦᠯᠵᠤ᠂ ᠮᠦᠷᠳᠡᠨ ᠬᠢᠨᠠᠨ ᠵᠢᠯᠤᠭᠤᠳᠬᠤ᠂ ᠡᠷᠬᠢᠨ ᠬᠠᠷᠠᠬᠤ᠂ ᠭᠡᠳᠡᠷᠬᠦ | ᠪᠠᠶᠢᠴᠠᠭᠠᠬᠤ ᠵᠡᠷᠭᠡ ᠬᠡᠯᠪᠡᠷᠢ ᠪᠠᠷ ᠰᠢᠮᠳᠠᠭᠤᠯᠤᠨ ᠪᠠᠶᠢᠴᠠᠭᠠᠬᠤ ᠠᠵᠢᠯ ᠢ ᠲᠦᠢᠯᠪᠤᠷᠢᠳᠠᠢ ᠬᠢᠵᠤ᠂ ᠴᠡᠭᠴᠡᠯᠡᠨ | ᠰᠠᠶᠢᠵᠢᠷᠠᠭᠤᠯᠬᠤ ᠠᠰᠠᠭᠤᠳᠠᠯ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ ᠶᠠᠪᠤᠳᠠᠯ ᠪᠤᠯᠭᠠᠨ ᠳᠤ ᠬᠠᠷᠢᠭᠤᠯᠳᠠ ᠲᠠᠢ | ᠪᠠᠶᠢᠯᠭᠠᠬᠤ ᠶᠢ ᠬᠦᠰᠡᠪᠡ᠃ |