3 ᠳ᠋ᠤᠭᠠᠷ ᠰᠠᠷ᠎ᠠ ᠶᠢᠨ14 ᠤ ᠡᠳᠦᠷ᠂ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠰᠠᠨᠠᠯ | ᠵᠦᠪᠯᠡᠯᠭᠡ ᠰᠠᠨᠠᠯ ᠰᠠᠨᠠᠭᠤᠯᠭ᠎ᠠ ᠶᠢᠨ ᠳᠤᠭᠤᠶᠢᠯᠠᠩ ᠠᠴᠠ ᠤᠶᠢᠯᠠᠭᠠᠭᠰᠠᠨ ᠢᠶᠠᠷ᠂ ᠠᠷᠪᠠᠨ ᠭᠤᠷᠪᠠᠳᠤᠭᠠᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ | ᠤᠨ ᠬᠤᠭᠤᠴᠠᠭᠠᠨ ᠳᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠪᠦᠭᠦ ᠲᠦᠯᠦᠭᠡᠯᠡᠭᠴᠢ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠭᠡᠵᠦ᠂ ᠶᠡᠭᠡ ᠬᠤᠷᠠᠯ ᠳᠤ 1 ᠬᠤᠪᠢ ᠰᠠᠨᠠᠯ ᠵᠦᠪᠯᠡᠯᠭᠡ᠂ 156 ᠬᠤᠪᠢ ᠰᠠᠨᠠᠯ ᠰᠠᠨᠠᠭᠤᠯᠭ᠎ᠠ | ᠲᠤᠰᠢᠶᠠᠪᠠ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ 59 | ᠲᠦᠯᠦᠭᠡᠯᠡᠭᠴᠢ ᠤᠷᠤᠯᠴᠠᠵᠦ᠂ ᠶᠡᠭᠡ ᠬᠤᠷᠠᠯ ᠤᠨ ᠬᠤᠭᠤᠴᠠᠭᠠᠨ ᠳᠤ 47 ᠲᠦᠯᠦᠭᠡᠯᠡᠭᠴᠢ ᠰᠠᠨᠠᠯ ᠰᠠᠨᠠᠭᠤᠯᠭ᠎ᠠ | ᠲᠤᠷᠠᠳᠴᠤ᠂ ᠲᠤᠷᠠᠳᠤᠬᠰᠠᠨ ᠰᠠᠨᠠᠯ ᠰᠠᠨᠠᠭᠤᠯᠭ᠎ᠠ ᠶᠢᠨ ᠲᠤᠭ᠎ᠠ ᠨᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ 31 ᠬᠤᠪᠢ | ᠨᠡᠮᠡᠭᠳᠡᠵᠠᠢ᠃ ᠰᠠᠨᠠᠯ ᠰᠠᠨᠠᠭᠤᠯᠭ᠎ᠠ ᠶᠢᠨ ᠠᠭᠤᠯᠭ᠎ᠠ ᠨᠢ ᠲᠠᠷᠢᠶᠠᠯᠠᠩ᠂ ᠤᠢ ᠰᠢᠭᠤᠢ᠂ ᠮᠠᠯ ᠠᠵᠦ ᠠᠬᠤᠢ᠂ ᠵᠢᠭᠠᠰᠤᠨ | ᠤ ᠦᠢᠯᠡᠰ ᠪᠠ ᠤᠰᠤᠨ ᠠᠰᠢᠬᠯᠠᠯᠳᠠ᠂ ᠠᠵᠦ ᠦᠢᠯᠡᠳᠪᠤᠷᠢ ᠵᠠᠮ ᠬᠠᠷᠢᠯᠴᠠᠭ᠎ᠠ ᠵᠦᠭᠡᠭᠡᠪᠤᠷᠢ᠂ ᠡᠨᠧᠷᠭᠢ ᠪᠠ | ᠰᠢᠤᠳᠠᠨ ᠬᠤᠯᠪᠤᠭ᠎ᠠ᠂ ᠨᠡᠶᠢᠭᠡᠮ ᠪᠠ ᠤᠯᠠᠨ ᠨᠡᠶᠢᠲᠡ ᠶᠢᠨ ᠣᠴᠢᠷ ᠶᠠᠪᠤᠳᠠᠯ᠂ ᠬᠦᠭᠵᠢᠯᠳᠡ ᠶᠢᠨ ᠲᠦᠯᠦᠪᠵᠢᠭᠦᠯᠭᠡ᠂ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠ ᠶᠡᠷᠦᠩᠬᠡᠶᠢᠯᠡᠭᠰᠡᠨ ᠠᠵᠦ ᠠᠬᠤᠢ᠂ ᠬᠤᠳᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠪᠠ ᠡᠭᠢ ᠪᠠᠶᠠᠯᠢᠭ ᠤᠷᠴᠢᠨ ᠲᠤᠭᠤᠷᠢᠨ᠂ ᠰᠢᠨᠵᠢᠯᠡᠭᠦ ᠤᠬᠠᠭᠠᠨ ᠮᠡᠷᠭᠡᠵᠢᠯ᠂ ᠰᠤᠷᠭᠠᠨ | ᠬᠦᠮᠦᠵᠢᠯ᠂ ᠡᠷᠡᠭᠦᠯ ᠬᠠᠮᠠᠭᠠᠯᠠᠯ ᠪᠠ ᠪᠡᠶ᠎ᠠ ᠶᠢᠨ ᠲᠠᠮᠢᠷ᠂ ᠵᠠᠰᠠᠬ ᠵᠠᠬᠢᠷᠭᠠᠨ ᠬᠠᠤᠯᠢ ᠳᠣᠭᠳᠠᠭᠠᠯ᠂ ᠰᠢᠭᠦᠭᠦ ᠬᠤᠷᠢᠶ᠎ᠠ᠂ | ᠪᠠᠶᠢᠴᠠᠭᠠᠬᠤ ᠬᠤᠷᠢᠶ᠎ᠠ ᠵᠢᠴᠢ ᠴᠢᠭᠡᠴᠢ ᠵᠠᠰᠠᠬ ᠤᠨ ᠪᠠᠶᠢᠭᠤᠯᠤᠯᠲᠠ᠂ ᠡᠳ᠋ ᠤᠨ ᠵᠠᠰᠠᠬ᠂ ᠮᠦᠡᠭᠭᠦᠨ ᠭᠦᠢᠯᠭᠡᠭᠡᠨ ᠪᠠ | ᠭᠠᠶᠢᠯᠢ ᠶᠢᠨ ᠤᠷᠤᠯᠭ᠎ᠠ᠂ ᠴᠢᠳᠠᠪᠤᠷᠢᠳᠠᠨ ᠤ ᠠᠵᠢᠯ᠂ ᠭᠦᠢᠯᠭᠡᠭᠡ᠂ ᠵᠢᠭᠤᠯᠴᠢᠯᠠᠯ ᠪᠠ ᠦᠢᠯᠡᠴᠢᠯᠡᠭᠡ ᠵᠡᠷᠭᠡ 10 | ᠲᠠᠯ᠎ᠠ ᠲᠠᠢ ᠬᠤᠯᠪᠤᠬᠳᠠᠪᠠ᠃ | ᠢᠤᠢ ᠰᠢᠤᠢ ᠪᠦᠸᠧ ᠵᠡᠷᠭᠡ 46 ᠲᠦᠯᠦᠭᠡᠯᠡᠭᠴᠢ ᠶᠢᠨ ᠲᠤᠷᠠᠳᠤᠬᠰᠠᠨ ︽︿ᠪᠦᠭᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ | ᠬᠠᠤᠯᠢ﹀ ᠳᠤ ᠵᠠᠰᠠᠪᠤᠷᠢ ᠤᠷᠤᠭᠤᠯᠬᠤ ᠲᠤᠬᠠᠢ ᠰᠠᠨᠠᠯ ᠵᠦᠪᠯᠡᠯᠭᠡ︾ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ | ᠲᠠᠷᠢᠶᠠᠯᠠᠩ ᠤᠨ ᠪᠦᠲᠦᠭᠡᠭᠳᠡᠭᠦᠨ ᠤ ᠶᠠᠰᠦ ᠴᠢᠨᠠᠷ ᠤᠨ ᠠᠮᠤᠷ ᠲᠦᠪᠰᠢᠨ ᠤ ᠬᠠᠤᠯᠢ ᠨᠢ ᠲᠠᠷᠢᠶᠠᠯᠠᠩ ᠤᠨ | ᠪᠦᠲᠦᠭᠡᠭᠳᠡᠭᠦᠨ ᠤ ᠶᠠᠰᠦ ᠴᠢᠨᠠᠷ ᠤᠨ ᠠᠮᠤᠷ ᠲᠦᠪᠰᠢᠨ ᠢ ᠪᠠᠳᠤᠯᠠᠬᠤ ᠬᠡᠷᠡᠭᠴᠡᠭᠡ ᠶᠢ ᠬᠠᠩᠭᠠᠬᠤ ᠳᠤ ᠬᠦᠴᠢᠷ | ᠪᠤᠯᠵᠦ᠂ ᠲᠠᠷᠢᠶᠠᠯᠠᠩ ᠤᠨ ᠪᠦᠳᠦᠭᠡᠭᠳᠡᠭᠦᠨ ᠤ ᠪᠦᠭᠦ ᠶᠠᠪᠤᠴᠠ ᠳᠤ ᠠᠮᠤᠷ ᠲᠦᠪᠰᠢᠨ ᠤ ᠬᠠᠮᠢᠶᠠᠷᠤᠯᠳᠠ ᠶᠢ | ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠭᠦᠨ ᠤ ᠪᠠᠷᠢᠮᠵᠢᠶᠠᠵᠢᠬᠰᠠᠨ ᠦᠢᠯᠡᠳᠪᠤᠷᠢᠯᠡᠯ ᠢ ᠬᠦᠭᠵᠢᠭᠦᠯᠵᠦ᠂ | ᠭᠤᠤᠯ ᠴᠤᠬᠴᠠ ᠶᠢᠨ ᠬᠠᠷᠢᠭᠤᠴᠠᠯᠭ᠎ᠠ ᠬᠢᠭᠡᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ᠂ ᠢᠳᠡᠭᠡᠨ ᠤ | ᠠᠮᠤᠷ ᠲᠦᠪᠰᠢᠨ ᠤ ᠬᠠᠤᠯᠢ ᠵᠡᠷᠭᠡ ᠬᠠᠮᠢᠶ᠎ᠠ ᠪᠦᠭᠦᠢ ᠬᠠᠣᠯᠢ ᠳᠣᠭᠳᠠᠭᠠᠯ ᠤᠨ ᠵᠦᠢᠯ ᠵᠤᠷᠪᠤᠰ ᠲᠠᠢ ᠰᠠᠶᠢᠲᠤᠷ | ᠵᠤᠯᠭᠠᠯᠳᠤᠭᠤᠯᠬᠤ ᠴᠢᠬᠤᠯᠠᠳᠠᠢ ᠭᠡᠵᠦ ᠵᠢᠭᠠᠵᠦ ᠭᠠᠷᠭᠠᠪᠠ᠃ | ᠲᠤᠷᠠᠳᠤᠬᠰᠠᠨ ᠰᠠᠨᠠᠭᠤᠯᠭ᠎ᠠ ᠨᠤᠭᠤᠳ ᠤᠨ ᠲᠤᠳᠤᠷ᠎ᠠ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠢ ᠤᠳᠤ ᠦᠶ᠎ᠠ ᠶᠢᠨ ᠡᠨᠧᠷᠭᠢ ᠶᠢᠨ ᠠᠵᠦ ᠠᠬᠤᠢ ᠶᠢᠨ ᠵᠢᠱᠢᠶ᠎ᠠ ᠦᠵᠡᠭᠦᠯᠭᠦ ᠤᠷᠤᠨ ᠪᠤᠯᠭᠠᠵᠦ᠂ ᠮᠠᠨ ᠤ | ᠤᠷᠤᠨ ᠤ ᠤᠳᠤ ᠦᠶ᠎ᠠ ᠶᠢᠨ ᠡᠨᠧᠷᠭᠢ ᠶᠢᠨ ᠠᠵᠦ ᠠᠬᠤᠢ ᠶᠢᠨ ᠬᠦᠭᠵᠢᠯᠳᠠ ᠶᠢ ᠤᠯᠤᠰ ᠤᠨ ᠪᠠᠶᠢᠯᠳᠤᠬᠤ | ᠪᠤᠳᠤᠯᠭ᠎ᠠ ᠪᠤᠯᠭᠠᠨ ᠲᠡᠭᠡᠭᠰᠢᠯᠡᠭᠦᠯᠭᠦ ᠶᠢ ᠲᠡᠮᠵᠢᠭᠦ ᠲᠤᠬᠠᠢ ᠰᠠᠨᠠᠭᠤᠯᠭ᠎ᠠ︾ ᠶᠢ ᠦᠪᠤᠷ ᠮᠤᠩᠭᠤᠯ ᠤᠨ | ᠲᠦᠯᠦᠭᠡᠯᠡᠭᠴᠢᠳ ᠤᠨ ᠪᠦᠯᠭᠦᠮ ᠤᠨ ᠪᠦᠯᠭᠦᠮ ᠤᠨ ᠰᠠᠨᠠᠭᠤᠯᠭ᠎ᠠ ᠪᠤᠯᠭᠠᠪᠠ᠃ | ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠰᠠᠨᠠᠯ ᠵᠦᠪᠯᠡᠯᠭᠡ ᠰᠠᠨᠠᠯ ᠰᠠᠨᠠᠭᠤᠯᠭ᠎ᠠ ᠶᠢᠨ ᠠᠵᠢᠯ ᠢ | ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠲᠤᠰᠢᠶᠠᠬᠰᠠᠨ ᠰᠠᠨᠠᠯ ᠵᠦᠪᠯᠡᠯᠭᠡ ᠶᠢᠨ ᠬᠢᠨᠢ ᠢᠷᠡᠯᠳᠡ ᠰᠢᠯᠳᠠᠭᠠᠨ ᠨᠢ | ᠲᠤᠳᠤ᠂ ᠦᠨᠳᠦᠰᠦᠯᠡᠯ ᠨᠤᠳᠠᠯᠠᠯᠳᠠ ᠨᠢ ᠭᠦᠢᠴᠡᠳ᠂ ᠲᠦᠰᠦᠯ ᠨᠢ ᠨᠠᠷᠢᠯᠢᠭ ᠪᠤᠳᠠᠳᠠᠢ᠂ ᠶᠡᠭᠡᠨᠭᠭᠢ ᠰᠠᠨᠠᠯ | ᠰᠠᠨᠠᠭᠤᠯᠭ᠎ᠠ ᠨᠢ ᠪᠠᠶᠢᠳᠠᠯ ᠢ ᠲᠤᠰᠢᠶᠠᠨ ᠵᠠᠳᠠᠯᠤᠯᠳᠠ ᠬᠢᠵᠦ᠂ ᠠᠷᠭ᠎ᠠ ᠬᠡᠮᠵᠢᠶ᠎ᠡ ᠲᠤᠷᠠᠳᠴᠤ᠂ ᠲᠦᠯᠦᠭᠡᠯᠡᠭᠴᠢᠳ ᠤᠨ | ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠲᠦᠷᠦ ᠶᠢᠨ ᠶᠠᠪᠤᠳᠠᠯ ᠢ ᠬᠠᠮᠢᠶᠠᠷᠬᠤ | ᠬᠠᠷᠢᠭᠤᠴᠠᠯᠭᠠᠳᠤ ᠰᠡᠳᠭᠢᠯᠭᠡ ᠪᠠ ᠲᠡᠤᠭᠡᠨ ᠡᠭᠦᠷᠭᠡᠳᠦ ᠰᠡᠳᠭᠢᠯᠭᠡ ᠶᠢ ᠲᠤᠰᠬᠠᠵᠦ᠂ ᠲᠦᠯᠦᠭᠡᠯᠡᠭᠴᠢᠳ ᠤᠨ | ᠬᠠᠷᠢᠭᠤᠴᠠᠯᠭ᠎ᠠ ᠡᠭᠦᠷᠭᠡᠯᠡᠯ ᠪᠠ ᠢᠳᠡᠪᠭᠢᠳᠠᠢ ᠬᠢᠳᠠᠯ ᠢ ᠢᠯᠡᠷᠡᠭᠦᠯᠪᠡ᠃ |