ᠦᠢᠷ᠎ᠠ ᠶᠢᠨ ᠡᠳᠦᠷ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠶ ᠶᠢᠨ ᠥᠪ ᠤᠨ ᠲᠥᠪ ᠤᠨ ᠫᠣᠷᠲ᠋ᠧᠯ ᠰᠦᠯᠵᠢᠶᠡᠨ | ᠳᠡᠭᠡᠷ᠎ᠡ᠂ ᠳᠤᠮᠳᠠᠳᠤ ᠤᠯᠤᠰ ᠤᠨ ᠳᠡᠯᠡᠬᠡᠶ ᠶᠢᠨ ᠥᠪ ᠤᠨ ᠪᠡᠯᠡᠳᠬᠡᠯ ᠨᠡᠷᠡᠰ ᠤᠨ ᠵᠢᠭᠰᠠᠭᠠᠯᠲᠠ ᠰᠢᠨᠡᠴᠢᠯᠡᠭᠳᠡᠵᠦ᠂ | ᠪᠠᠳᠠᠢ ᠶᠢᠨ ᠵᠢᠷᠠᠨ ᠤ ᠡᠯᠡᠰᠦ — ᠡᠯᠡᠰᠦᠨ ᠠᠭᠤᠯᠠ ᠶᠢᠨ ᠨᠠᠭᠤᠷ ᠤᠨ ᠰᠦᠷᠦᠭ ᠵᠢᠭᠰᠠᠭᠠᠯᠲᠠ ᠳᠤ | ᠲᠣᠳᠣᠷᠠᠪᠠ᠃ | ᠪᠠᠳᠠᠢ ᠶᠢᠨ ᠵᠢᠷᠠᠨ ᠤ ᠡᠯᠡᠰᠦ ᠨᠢ ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠭᠠᠩ ᠬᠠᠭᠤᠷᠠᠶ | ᠰᠡᠷᠢᠭᠦᠨ ᠪᠦᠰᠡᠨ ᠤ ᠲᠠᠴᠢᠷ ᠴᠦᠯ ᠤᠨ ᠣᠷᠣᠨ ᠪᠣᠯᠬᠤ ᠠᠯᠠᠱᠠ ᠶᠢᠨ ᠥᠨᠳᠦᠷᠯᠢᠭ ᠲᠤ ᠪᠠᠶᠢᠷᠢᠯᠠᠵᠤ᠂ ᠳᠤᠮᠳᠠᠳᠤ | ᠤᠯᠤᠰ ᠤᠨ ᠬᠤᠶᠠᠳᠤᠭᠠᠷ ᠶᠡᠭᠡ ᠨᠡᠭᠦᠳᠡᠯ ᠡᠯᠡᠰᠦ ᠪᠣᠯᠣᠨ᠎ᠠ᠂ ᠵᠢᠭᠰᠠᠭᠠᠯᠲᠠ ᠳᠤ ᠲᠣᠳᠣᠷᠠᠭᠰᠠᠨ ᠪᠠᠳᠠᠢ ᠶᠢᠨ | ᠵᠢᠷᠠᠨ ᠤ ᠡᠯᠡᠰᠦ — ᠡᠯᠡᠰᠦᠨ ᠠᠭᠤᠯᠠ ᠶᠢᠨ ᠨᠠᠭᠤᠷ ᠤᠨ ᠰᠦᠷᠦᠭ ᠨᠢ ᠠᠯᠠᠱᠠ ᠪᠠᠷᠠᠭᠤᠨ ᠬᠤᠰᠢᠭᠤ ᠳᠤ | ᠪᠠᠶᠢᠷᠢᠯᠠᠵᠤ᠂ ᠪᠠᠳᠠᠢ ᠶᠢᠨ ᠵᠢᠷᠠᠨ ᠤ ᠡᠯᠡᠰᠦ ᠶᠢᠨ ᠲᠠᠷᠬᠠᠯᠲᠠ ᠪᠠᠷ ᠬᠠᠮᠤᠭ ᠤᠨ ᠲᠥᠪᠯᠡᠷᠡᠩᠭᠦᠢ ᠪᠠᠶᠢᠬᠤ ᠥᠨᠳᠥᠷ | ᠰᠦᠷᠯᠢᠭ ᠡᠯᠡᠰᠦᠨ ᠠᠭᠤᠯᠠ ᠪᠣᠯᠬᠤ ᠪᠦᠭᠡᠳ ᠳᠣᠪᠣᠷᠴᠠᠭ ᠤᠨ ᠬᠤᠭᠤᠷᠤᠨᠳᠤᠬᠢ ᠨᠠᠭᠤᠷ ᠪᠦᠷᠢᠳᠥ ᠵᠡᠷᠭᠡ ᠨᠢ | ᠰᠠᠯᠬᠢᠨ ᠳᠤ ᠪᠦᠲᠦᠭᠰᠡᠨ ᠭᠠᠵᠠᠷ ᠵᠦᠢ ᠶᠢᠨ ᠡᠲᠡᠭᠡᠳ ᠥᠩᠭᠡ ᠦᠵᠡᠮᠵᠢ ᠲᠠᠢ ᠪᠠᠶᠢᠵᠤ᠂ ᠣᠷᠤᠯᠠᠭᠤᠯᠵᠤ ᠪᠣᠯᠣᠰᠢ | ᠦᠭᠡᠢ ᠪᠠᠶᠢᠭᠠᠯᠢ ᠶᠢᠨ ᠥᠪ ᠤᠨ ᠦᠨ᠎ᠡ ᠥᠷᠲᠡᠭ ᠪᠠᠶᠢᠳᠠᠭ᠃ | ᠵᠢᠭᠰᠠᠭᠠᠯᠲᠠ ᠳᠤ ᠲᠣᠳᠣᠷᠠᠭᠰᠠᠨ ᠭᠠᠵᠠᠷ ᠲᠤ 144 ᠨᠠᠭᠤᠷ ᠪᠦᠷᠢᠳᠥ ᠪᠠᠶᠢᠵᠤ᠂ ᠶᠡᠷᠦᠩᠬᠡᠶ ᠲᠠᠯᠠᠪᠠᠶ ᠨᠢ | 2300 ᠾᠧᠺᠲ᠋ᠠᠷ ᠢ ᠳᠠᠪᠠᠵᠤ ᠪᠠᠶᠢᠳᠠᠭ᠂ ᠡᠭᠦᠨ ᠳᠤ 74 ᠨᠠᠭᠤᠷ ᠪᠦᠷᠢᠳᠥ ᠨᠢ ᠵᠢᠯ ᠲᠤᠵᠢ ᠤᠰᠤ ᠲᠠᠢ | ᠡᠭᠦᠷᠢᠳᠡ ᠶᠢᠨ ᠴᠢᠨᠠᠷᠲᠠᠶ ᠨᠠᠭᠤᠷ ᠪᠣᠯᠣᠨ᠎ᠠ᠂ 12 ᠨᠢ ᠤᠰᠤᠨ ᠤ ᠴᠢᠨᠠᠷ ᠢᠶᠠᠷ ᠮᠠᠰᠢ ᠰᠠᠶᠢᠨ ᠴᠡᠩᠭᠡᠭ ᠨᠠᠭᠤᠷ | ᠪᠣᠯᠬᠤ ᠪᠦᠭᠡᠳ ᠭᠠᠵᠠᠷ ᠳᠣᠣᠷᠠᠬᠢ ᠤᠰᠤᠨ ᠤ ᠰᠣᠷᠪᠣᠯᠵᠢ ᠲᠠᠢ ᠪᠠᠶᠢᠵᠤ᠂ ᠡᠨᠡ ᠬᠦ ᠣᠯᠠᠨ ᠶᠠᠩᠵᠤ ᠶᠢᠨ ᠬᠡᠯᠪᠡᠷᠢ | ᠪᠦᠬᠦᠢ ᠳᠣᠪᠣᠷᠴᠠᠭ ᠤᠨ ᠬᠤᠭᠤᠷᠣᠨᠳᠤᠬᠢ ᠨᠠᠭᠤᠷ ᠤᠨ ᠰᠦᠷᠦᠭ ᠨᠢ ᠡᠯᠡᠰᠦᠨ ᠴᠥᠯ ᠤᠨ ᠭᠠᠶᠢᠬᠠᠮᠰᠢᠭ ᠪᠠ | ᠥᠪᠡᠷᠮᠢᠴᠡ ᠪᠠᠶᠢᠭᠠᠯᠢ ᠶᠢᠨ ᠭᠤᠶᠣ ᠦᠵᠡᠮᠵᠢ ᠶᠢ ᠪᠣᠢ ᠪᠣᠯᠭᠠᠵᠠᠢ᠃ |