ᠳᠤᠮᠳᠠᠳᠤ ᠤᠯᠤᠰ ᠤᠨ ᠳᠡᠯᠡᠬᠡᠶ ᠶᠢᠨ ᠥᠪ ᠤᠨ ᠪᠡᠯᠡᠳᠬᠡᠯ ᠨᠡᠷᠡᠰ ᠤᠨ ᠵᠢᠭᠰᠠᠭᠠᠯᠲᠠ ᠰᠢᠨᠡᠴᠢᠯᠡᠭᠳᠡᠵᠦ ᠪᠠᠳᠠᠢ ᠶᠢᠨ ᠵᠢᠷᠠᠨ ᠤ ᠡᠯᠡᠰᠦ — ᠡᠯᠡᠰᠦᠨ ᠠᠭᠤᠯᠠ ᠶᠢᠨ ᠨᠠᠭᠤᠷ ᠤᠨ ᠰᠦᠷᠦᠭ ᠵᠢᠭᠰᠠᠭᠠᠯᠲᠠ ᠳᠤ ᠲᠣᠳᠣᠷᠠᠪᠠ
ᠨᠡᠶᠢᠲᠡᠯᠡᠭᠰᠡᠨ ᠴᠠᠭ᠄
2019/3/20
     ᠦᠢᠷ᠎ᠠ ᠶᠢᠨ ᠡᠳᠦᠷ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠳᠡᠯᠡᠬᠡᠶ ᠶᠢᠨ ᠥᠪ ᠤᠨ ᠲᠥᠪ ᠤᠨ ᠫᠣᠷᠲ᠋ᠧᠯ ᠰᠦᠯᠵᠢᠶᠡᠨ ᠳᠡᠭᠡᠷ᠎ᠡ᠂ ᠳᠤᠮᠳᠠᠳᠤ ᠤᠯᠤᠰ ᠤᠨ ᠳᠡᠯᠡᠬᠡᠶ ᠶᠢᠨ ᠥᠪ ᠤᠨ ᠪᠡᠯᠡᠳᠬᠡᠯ ᠨᠡᠷᠡᠰ ᠤᠨ ᠵᠢᠭᠰᠠᠭᠠᠯᠲᠠ ᠰᠢᠨᠡᠴᠢᠯᠡᠭᠳᠡᠵᠦ᠂ ᠪᠠᠳᠠᠢ ᠶᠢᠨ ᠵᠢᠷᠠᠨ ᠤ ᠡᠯᠡᠰᠦ — ᠡᠯᠡᠰᠦᠨ ᠠᠭᠤᠯᠠ ᠶᠢᠨ ᠨᠠᠭᠤᠷ ᠤᠨ ᠰᠦᠷᠦᠭ ᠵᠢᠭᠰᠠᠭᠠᠯᠲᠠ ᠳᠤ ᠲᠣᠳᠣᠷᠠᠪᠠ᠃      ᠪᠠᠳᠠᠢ ᠶᠢᠨ ᠵᠢᠷᠠᠨ ᠤ ᠡᠯᠡᠰᠦ ᠨᠢ ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠭᠠᠩ ᠬᠠᠭᠤᠷᠠᠶ ᠰᠡᠷᠢᠭᠦᠨ ᠪᠦᠰᠡᠨ ᠤ ᠲᠠᠴᠢᠷ ᠴᠦᠯ ᠤᠨ ᠣᠷᠣᠨ ᠪᠣᠯᠬᠤ ᠠᠯᠠᠱᠠ ᠶᠢᠨ ᠥᠨᠳᠦᠷᠯᠢᠭ ᠲᠤ ᠪᠠᠶᠢᠷᠢᠯᠠᠵᠤ᠂ ᠳᠤᠮᠳᠠᠳᠤ ᠤᠯᠤᠰ ᠤᠨ ᠬᠤᠶᠠᠳᠤᠭᠠᠷ ᠶᠡᠭᠡ ᠨᠡᠭᠦᠳᠡᠯ ᠡᠯᠡᠰᠦ ᠪᠣᠯᠣᠨ᠎ᠠ᠂ ᠵᠢᠭᠰᠠᠭᠠᠯᠲᠠ ᠳᠤ ᠲᠣᠳᠣᠷᠠᠭᠰᠠᠨ ᠪᠠᠳᠠᠢ ᠶᠢᠨ ᠵᠢᠷᠠᠨ ᠤ ᠡᠯᠡᠰᠦ — ᠡᠯᠡᠰᠦᠨ ᠠᠭᠤᠯᠠ ᠶᠢᠨ ᠨᠠᠭᠤᠷ ᠤᠨ ᠰᠦᠷᠦᠭ ᠨᠢ ᠠᠯᠠᠱᠠ ᠪᠠᠷᠠᠭᠤᠨ ᠬᠤᠰᠢᠭᠤ ᠳᠤ ᠪᠠᠶᠢᠷᠢᠯᠠᠵᠤ᠂ ᠪᠠᠳᠠᠢ ᠶᠢᠨ ᠵᠢᠷᠠᠨ ᠤ ᠡᠯᠡᠰᠦ ᠶᠢᠨ ᠲᠠᠷᠬᠠᠯᠲᠠ ᠪᠠᠷ ᠬᠠᠮᠤᠭ ᠤᠨ ᠲᠥᠪᠯᠡᠷᠡᠩᠭᠦᠢ ᠪᠠᠶᠢᠬᠤ ᠥᠨᠳᠥᠷ ᠰᠦᠷᠯᠢᠭ ᠡᠯᠡᠰᠦᠨ ᠠᠭᠤᠯᠠ ᠪᠣᠯᠬᠤ ᠪᠦᠭᠡᠳ ᠳᠣᠪᠣᠷᠴᠠᠭ ᠤᠨ ᠬᠤᠭᠤᠷᠤᠨᠳᠤᠬᠢ ᠨᠠᠭᠤᠷ ᠪᠦᠷᠢᠳᠥ ᠵᠡᠷᠭᠡ ᠨᠢ ᠰᠠᠯᠬᠢᠨ ᠳᠤ ᠪᠦᠲᠦᠭᠰᠡᠨ ᠭᠠᠵᠠᠷ ᠵᠦᠢ ᠶᠢᠨ ᠡᠲᠡᠭᠡᠳ ᠥᠩᠭᠡ ᠦᠵᠡᠮᠵᠢ ᠲᠠᠢ ᠪᠠᠶᠢᠵᠤ᠂ ᠣᠷᠤᠯᠠᠭᠤᠯᠵᠤ ᠪᠣᠯᠣᠰᠢ ᠦᠭᠡᠢ ᠪᠠᠶᠢᠭᠠᠯᠢ ᠶᠢᠨ ᠥᠪ ᠤᠨ ᠦᠨ᠎ᠡ ᠥᠷᠲᠡᠭ ᠪᠠᠶᠢᠳᠠᠭ᠃      ᠵᠢᠭᠰᠠᠭᠠᠯᠲᠠ ᠳᠤ ᠲᠣᠳᠣᠷᠠᠭᠰᠠᠨ ᠭᠠᠵᠠᠷ ᠲᠤ 144 ᠨᠠᠭᠤᠷ ᠪᠦᠷᠢᠳᠥ ᠪᠠᠶᠢᠵᠤ᠂ ᠶᠡᠷᠦᠩᠬᠡᠶ ᠲᠠᠯᠠᠪᠠᠶ ᠨᠢ 2300 ᠾᠧᠺᠲ᠋ᠠᠷ ᠢ ᠳᠠᠪᠠᠵᠤ ᠪᠠᠶᠢᠳᠠᠭ᠂ ᠡᠭᠦᠨ ᠳᠤ 74 ᠨᠠᠭᠤᠷ ᠪᠦᠷᠢᠳᠥ ᠨᠢ ᠵᠢᠯ ᠲᠤᠵᠢ ᠤᠰᠤ ᠲᠠᠢ ᠡᠭᠦᠷᠢᠳᠡ ᠶᠢᠨ ᠴᠢᠨᠠᠷᠲᠠᠶ ᠨᠠᠭᠤᠷ ᠪᠣᠯᠣᠨ᠎ᠠ᠂ 12᠎ ᠨᠢ ᠤᠰᠤᠨ ᠤ ᠴᠢᠨᠠᠷ ᠢᠶᠠᠷ ᠮᠠᠰᠢ ᠰᠠᠶᠢᠨ ᠴᠡᠩᠭᠡᠭ ᠨᠠᠭᠤᠷ ᠪᠣᠯᠬᠤ ᠪᠦᠭᠡᠳ ᠭᠠᠵᠠᠷ ᠳᠣᠣᠷᠠᠬᠢ ᠤᠰᠤᠨ ᠤ ᠰᠣᠷᠪᠣᠯᠵᠢ ᠲᠠᠢ ᠪᠠᠶᠢᠵᠤ᠂ ᠡᠨᠡ ᠬᠦ ᠣᠯᠠᠨ ᠶᠠᠩᠵᠤ ᠶᠢᠨ ᠬᠡᠯᠪᠡᠷᠢ ᠪᠦᠬᠦᠢ ᠳᠣᠪᠣᠷᠴᠠᠭ ᠤᠨ ᠬᠤᠭᠤᠷᠣᠨᠳᠤᠬᠢ ᠨᠠᠭᠤᠷ ᠤᠨ ᠰᠦᠷᠦᠭ ᠨᠢ ᠡᠯᠡᠰᠦᠨ ᠴᠥᠯ ᠤᠨ ᠭᠠᠶᠢᠬᠠᠮᠰᠢᠭ ᠪᠠ ᠥᠪᠡᠷᠮᠢᠴᠡ ᠪᠠᠶᠢᠭᠠᠯᠢ ᠶᠢᠨ ᠭᠤᠶᠣ ᠦᠵᠡᠮᠵᠢ ᠶᠢ ᠪᠣᠢ ᠪᠣᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号