ᠪᠦ᠋ ᠰᠢᠶᠤᠤ ᠯᠢᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠳᠡ ᠬᠢᠬᠦ ᠳᠤ ᠪᠠᠨ ᠴᠢᠬᠤᠯᠠᠴᠢᠯᠠᠬᠰᠠᠠ ᠨᠢ ᠠᠵᠥ ᠦᠢᠯᠡᠰ ᠤᠨ ᠪᠦᠷᠬᠦᠴᠡ ᠶᠢ ᠦᠷᠬᠡᠳᠬᠡᠵᠥ ᠠᠵᠥ ᠦᠢᠯᠡᠰ ᠢᠶᠠᠷ ᠶᠠᠳᠠᠭᠤ ᠬᠦᠴᠢᠷᠳᠡᠯᠳᠡᠢ ᠡᠷᠦᠬᠡ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠳᠦᠮᠵᠢ ᠶᠢ ᠲᠡᠭᠡᠭᠰᠢᠯᠡᠬᠦᠯᠵᠥ ᠬᠤᠭᠤᠴᠠᠭ᠎ᠠ ᠶᠤᠰᠤᠭᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠳᠠ ᠶᠢ ᠤᠯᠬᠤ ᠬᠡᠷᠡᠭᠳᠡᠢ
ᠨᠡᠶᠢᠲᠡᠯᠡᠭᠰᠡᠨ ᠴᠠᠭ᠄
2019/3/20
     3 ᠳ᠋ᠤᠭᠠᠷ ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠰᠤ᠋ ᠶᠠᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ ᠤᠷᠤᠵᠤ᠂ ᠢᠳᠡᠰᠢᠨ ᠨᠤᠭᠤᠭᠠᠨ ᠤ ᠤᠷᠭᠤᠴᠠ ᠶᠢ ᠪᠠᠶᠢᠴᠠᠭᠠᠨ ᠦᠵᠡᠵᠦ ᠪᠠᠶᠢᠭ᠎ᠠ ᠨᠢ᠃      3 ᠳ᠋ᠤᠭᠠᠷ ᠰᠠᠷ᠎ᠠ ᠶᠢᠨ 19᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠬᠠᠷᠠᠴᠢᠨ ᠬᠤᠰᠢᠭᠤ᠂ ᠨᠢᠩᠴᠧᠩ ᠰᠢᠶᠠᠨ ᠳᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠳᠡ ᠬᠢᠪᠡ᠃      ᠪᠦ᠋ ᠰᠢᠶᠤᠤ ᠯᠢᠨ ᠬᠠᠷᠠᠴᠢᠨ ᠬᠤᠰᠢᠭᠤᠨ ᠤ ᠯᠢᠶᠠᠨ ᠱᠧᠩ ᠲᠠᠷᠢᠶᠠᠯᠠᠩ ᠮᠠᠯ ᠠᠵᠥ ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠬᠦᠭᠵᠢᠬᠦᠯᠥᠯᠳᠡ ᠶᠢᠨ ᠬᠢᠵᠠᠭᠠᠷᠳᠤ ᠺᠤᠮᠫᠠᠨᠢ ᠳᠤ ᠬᠦᠷᠴᠤ᠂ ᠠᠵᠥ ᠠᠬᠤᠶᠢᠯᠠᠯ ᠤᠨ ᠶᠠᠳᠠᠭᠤ ᠬᠦᠴᠢᠷᠳᠡᠯᠳᠡᠢ ᠡᠷᠦᠭᠡ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠵᠤ ᠶᠠᠳᠠᠭᠤ ᠶᠢ ᠪᠠᠭᠠᠰᠬᠠᠬᠤ ᠲᠦᠷᠦᠯ ᠵᠦᠢᠯ ᠢ ᠬᠡᠷᠡᠭᠵᠢᠬᠦᠯᠥᠭᠰᠡᠡ ᠪᠠᠶᠢᠳᠠᠯ ᠢ ᠨᠠᠷᠢᠨ ᠤᠶᠢᠯᠠᠭᠠᠵᠤ᠂ ᠺᠤᠮᠫᠠᠨᠢ ᠶᠢᠨ ᠬᠢᠨ ᠤ ᠠᠵᠢᠯ ᠤᠯᠭᠤᠬᠤ᠂ ᠭᠠᠵᠠᠷ ᠰᠢᠷᠤᠢ ᠶᠢ ᠰᠢᠯᠵᠢᠬᠦᠯᠬᠦ᠂ ︽ᠺᠤᠮᠫᠠᠨᠢ + ᠬᠤᠷᠰᠢᠶ᠎ᠠ + ᠲᠠᠷᠢᠶᠠᠴᠢᠨ ᠡᠷᠦᠬᠡ︾ ᠵᠡᠷᠬᠡ ᠬᠡᠯᠪᠡᠷᠢ ᠪᠠᠷ ᠲᠠᠮᠵᠢᠭᠤᠯᠤᠨ ᠶᠠᠳᠠᠭᠤ ᠬᠦᠴᠢᠷᠳᠡᠯᠳᠡᠢ ᠡᠷᠦᠬᠡ ᠶᠢ ᠲᠠᠭᠠᠭᠤᠯᠤᠨ ᠤᠷᠤᠯᠭ᠎ᠠ ᠶᠢ ᠨᠢ ᠨᠡᠮᠡᠭᠳᠡᠬᠦᠯᠥᠭᠰᠡᠡ  ᠠᠷᠭ᠎ᠠ  ᠬᠢᠳᠡᠯ ᠎ ᠢ ᠨᠤᠳᠠᠯᠠᠪᠠ᠃      ᠨᠢᠩᠴᠧᠩ ᠰᠢᠶᠠᠨ ᠳᠤ᠂ ᠪᠦ᠋ ᠰᠢᠶᠤᠤ ᠯᠢᠨ ᠤᠷᠢᠳ ᠬᠤᠵᠢᠳ ᠶᠡᠭᠡ ᠵᠦᠩ ᠰᠢᠶᠠᠩ ᠤᠨ ᠮᠠᠤ ᠵᠢᠶᠠ ᠸᠧ ᠫᠦ᠋ ᠶᠢᠨ ︽ᠭᠤᠷᠪᠡ ᠶᠢ ᠬᠤᠪᠢᠷᠠᠭᠤᠯᠬᠤ︾ ᠦᠭᠡᠷᠡᠴᠢᠯᠡᠯᠳᠠ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠠᠯᠠᠩ ᠪᠤᠯᠤᠨ ᠰᠠᠨ ᠽᠦᠸᠧ ᠳ᠋ᠢᠶᠠᠨ ᠪᠠᠯᠭᠠᠰᠤᠨ ᠤ ᠷᠦᠨ ᠢ ᠶᠠᠳᠠᠭᠤ ᠶᠢ ᠲᠡᠳᠬᠦᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠬᠦᠷᠢᠶᠠᠯᠠᠩ ᠳᠤ ᠬᠦᠷᠴᠤ᠂ ︽ᠲᠤᠰᠬᠤᠨ ᠤ ᠱᠠᠳᠤ ᠭᠤᠤᠯᠯᠠᠨ ᠤᠳᠤᠷᠢᠳᠬᠤ᠂ ᠬᠤᠷᠰᠢᠨ ᠡᠵᠡᠩᠨᠡᠬᠦ᠂ ᠬᠠᠮᠳᠤ ᠪᠠᠷ ᠠᠰᠢᠭ ᠬᠦᠷᠳᠡᠬᠦ᠂ ᠶᠠᠳᠠᠭᠤ ᠬᠦᠴᠢᠷᠳᠡᠯᠳᠠᠢ ᠡᠷᠦᠬᠡ ᠳᠤ ᠠᠰᠢᠭ ᠬᠤᠪᠢᠶᠠᠬᠤ︾ ᠬᠡᠪ ᠵᠠᠬᠪᠤᠷ ᠪᠤᠯᠤᠨ ︽ᠨᠠᠮ ᠤᠨ ᠵᠤᠬᠢᠶᠠᠨ ᠪᠠᠶᠢᠭᠤᠯᠤᠯᠲᠠ + ᠬᠤᠷᠰᠢᠶ᠎ᠡ + ᠶᠠᠳᠠᠭᠤ ᠬᠦᠴᠢᠷᠳᠠᠯᠳᠠᠢ ᠡᠷᠦᠭᠡ︾᠎ ᠶᠢᠨ ᠬᠡᠪ ᠵᠠᠬᠪᠤᠷ ᠤᠨ ᠲᠠᠨᠢᠯᠴᠠᠭᠤᠯᠭ᠎ᠠ ᠶᠢ ᠰᠤᠨᠤᠰᠴᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠲᠠᠮᠵᠢᠨ ᠡᠬᠢ ᠪᠠᠶᠠᠯᠢᠭ ᠢᠶᠠᠨ ᠡᠳ᠋ ᠬᠦᠷᠦᠩᠭᠡ ᠪᠤᠯᠭᠠᠨ ᠬᠤᠪᠢᠷᠠᠭᠤᠯᠵᠤ᠂ ᠪᠡᠯᠡ ᠮᠦᠡᠭᠭᠦ ᠪᠠᠨ ᠬᠤᠪᠢᠴᠠᠭᠠᠨ ᠤ ᠮᠦᠡᠭᠭᠦ ᠪᠤᠯᠭᠠᠨ ᠬᠤᠪᠢᠷᠠᠭᠤᠯᠵᠤ᠂ ᠲᠡᠷᠢᠶᠠᠴᠢᠳ ᠬᠤᠪᠢ ᠤᠷᠤᠭᠤᠯᠤᠬᠴᠢ ᠪᠤᠯᠤᠨ ᠬᠤᠪᠢᠷᠠᠵᠤ᠂ ᠶᠠᠳᠠᠭᠤ ᠬᠦᠴᠢᠷᠳᠠᠯᠳᠠᠢ ᠡᠷᠦᠬᠡ ᠶᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠬᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ ᠪᠠᠰᠠ ᠶᠠᠳᠠᠭᠤ ᠠᠴᠠ ᠠᠩᠬᠢᠵᠢᠷᠠᠭᠰᠠᠨ ᠡᠷᠦᠬᠡ ᠶᠢᠨ ᠰᠦ᠋ ᠶᠠᠨ ᠤ ᠭᠡᠷ ᠤᠨ ᠢᠳᠡᠰᠢᠨ ᠨᠤᠭᠤᠭᠠᠨ ᠤ ᠬᠦᠯᠡᠮᠵᠢ ᠳᠤ ᠤᠷᠤᠵᠤ᠂ ᠢᠳᠡᠰᠢᠨ ᠨᠤᠭᠤᠭᠠᠨ ᠤ ᠤᠷᠭᠤᠴᠠ ᠶᠢ ᠪᠠᠶᠢᠴᠠᠭᠠᠨ ᠦᠵᠡᠵᠦ᠂ ᠲᠠᠷᠢᠮᠠᠯ ᠤᠨ ᠲᠦᠷᠦᠯ ᠵᠦᠢᠯ᠂ ᠪᠤᠷᠤᠯᠠᠭᠤᠯᠬᠤ ᠠᠷᠭ᠎ᠠ ᠵᠠᠮ᠂ ᠤᠷᠤᠯᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠲᠡᠳᠡᠨᠠᠶᠢᠬᠢᠨ ᠬᠤᠶᠠᠷ ᠬᠡᠤᠬᠡᠳ ᠢᠶᠠᠨ ᠪᠢᠴᠢᠭ ᠦᠵᠡᠭᠦᠯᠬᠦ ᠭᠡᠳ ᠶᠠᠳᠠᠭᠤᠷᠠᠭᠰᠠᠨ ᠢᠶᠠᠨ ᠲᠤᠬᠠᠢ ᠶᠢᠨ ᠭᠠᠵᠠᠷ ᠤᠨ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠠᠷᠭ᠎ᠠ ᠶᠢᠨ ᠳᠠᠶᠢᠴᠢᠯᠠᠯ ᠢᠶᠠᠷ᠂ 2018 ᠤᠨ ᠳᠤ ᠨᠢᠭᠡᠨᠲᠡ ᠶᠠᠳᠠᠭᠤ ᠠᠴᠠ ᠠᠩᠬᠢᠵᠢᠷᠠᠭᠰᠠᠠ ᠢ ᠮᠡᠳᠡᠵᠠᠢ᠂ ᠪᠦ᠋ ᠰᠢᠶᠤᠤ ᠯᠢᠨ ᠲᠡᠭᠦᠨ ᠢ ᠡᠯ᠎ᠡ ᠲᠠᠯ᠎ᠠ ᠶᠢᠨ ᠬᠠᠪᠰᠤᠷᠤᠮᠵᠢ ᠳᠡᠳᠬᠦᠮᠵᠢ ᠪᠠ ᠳᠠᠶᠢᠴᠢᠯᠠᠯ ᠳᠤᠤᠷ᠎ᠠ ᠤᠷᠤᠯᠭ᠎ᠠ ᠶᠢᠨ ᠨᠡᠮᠡᠭᠳᠡᠯ ᠢᠶᠠᠨ ᠳᠤᠭᠳᠠᠪᠤᠷᠢᠵᠢᠭᠤᠯᠤᠨ ᠪᠠᠶᠠᠵᠢᠨ ᠴᠢᠨᠡᠭᠡᠯᠢᠭᠵᠢᠵᠦ᠂ ᠠᠮᠢᠳᠤᠷᠠᠯ ᠢᠶᠠᠨ ᠡᠳᠦᠷ ᠠᠴᠠ ᠡᠳᠤᠷ ᠦᠭᠡᠳᠡᠯᠡᠭᠦᠯᠬᠦ ᠶᠢ ᠵᠤᠷᠢᠬᠵᠢᠭᠤᠯᠪᠠ᠃      ᠪᠦ᠋ ᠰᠢᠶᠤᠤ ᠯᠢᠨ ᠵᠢᠭᠠᠭᠰᠠᠨ ᠨᠢ᠂ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠵᠠᠩᠬᠢᠯᠠᠭ᠎ᠠ ᠶᠢᠨ ᠨᠢᠭᠡ ᠵᠢᠯ ᠮᠦᠨ᠂ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠢ ᠴᠢᠬᠤᠯᠠ ᠴᠤᠬᠤᠯᠠᠪᠤᠷᠢ ᠶᠢᠨ ᠵᠤᠷᠢᠬ ᠰᠠᠨᠠᠭ᠎ᠠ ᠪᠠ ᠲᠦᠪ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾᠎ ᠢ ᠪᠠᠲᠤ ᠪᠤᠢ ᠪᠤᠯᠭᠠᠵᠤ᠂ ︽ᠬᠤᠶᠠᠷ ᠢ ᠬᠠᠮᠠᠭᠠᠯᠠᠬᠤ︾᠎ ᠶᠢ ᠤᠬᠠᠮᠰᠠᠷ ᠠᠴᠠ ᠪᠠᠨ ᠦᠢᠯᠡᠳᠦᠯᠬᠡᠵᠢᠬᠦᠯᠵᠥ᠂ ᠵᠠᠪᠠᠯ ᠢᠯᠠᠬᠤ ᠢᠲᠡᠭᠡᠯ ᠵᠤᠷᠢᠭ ᠢᠶᠠᠨ ᠪᠠᠲᠤᠳᠬᠠᠵᠤ᠂ ᠪᠦᠬᠦ ᠬᠦᠴᠦᠨ ᠢᠶᠠᠷ ᠭᠠᠪᠰᠢᠭᠠᠶᠢᠯᠠᠨ ᠪᠠᠶᠢᠯᠳᠤᠵᠤ᠂ ᠲᠤᠶᠢᠯ ᠤᠨ ᠤᠨᠤᠪᠴᠢᠲᠠᠢ ᠪᠠᠷ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠬᠤᠭᠤᠴᠠᠭ᠎ᠠ ᠶᠤᠰᠤᠭᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠡᠯᠳᠡ ᠶᠢ ᠪᠦᠬᠦ ᠲᠠᠯ᠎ᠠ ᠪᠠᠷ ᠤᠯᠬᠤ ᠬᠡᠷᠡᠭᠲᠡᠢ ᠭᠡᠵᠡᠢ᠃ ᠲᠡᠷᠡ ᠴᠢᠬᠤᠯᠠᠴᠢᠯᠠᠭᠰᠠᠨ ᠨᠢ᠂ ᠠᠵᠤ ᠦᠢᠯᠡᠰ ᠢ ᠬᠦᠭᠵᠢᠬᠦᠯᠬᠦ ᠪᠤᠯ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠬᠦ ᠦᠨᠳᠤᠰᠤᠨ ᠠᠷᠭ᠎ᠠ ᠪᠤᠳᠤᠯᠭ᠎ᠠ ᠪᠤᠯᠤᠨ᠎ᠠ᠂ ᠵᠠᠬ᠎ᠠ ᠲᠡᠯᠬᠡᠬᠦᠷ ᠤᠨ ᠭᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠴᠢᠭᠯᠡᠭᠦᠯᠦᠯᠳᠤ ᠴᠢᠨᠠᠷᠳᠠᠢ ᠪᠠᠷ ᠶᠠᠳᠠᠭᠤ ᠬᠦᠴᠢᠷᠳᠠᠯᠳᠠᠢ ᠡᠷᠤᠬᠡ ᠎ ᠳᠤ ᠮᠡᠳᠡᠭᠡ ᠵᠠᠩᠬᠢ ᠶᠢᠨ ᠵᠢᠯᠤᠭᠤᠳᠤᠮᠵᠢ᠂ ᠮᠡᠷᠬᠡᠵᠢᠯ ᠤᠨ ᠵᠢᠯᠤᠭᠤᠳᠤᠮᠵᠢ᠂ ᠡᠵᠡᠩᠨᠡᠯᠳᠠ ᠶᠢᠨ ᠪᠤᠯᠪᠠᠰᠤᠷᠠᠯ ᠪᠤᠯᠤᠨ ᠪᠡᠯᠡ ᠮᠦᠩᠬᠦᠨ ᠤ ᠲᠡᠮᠵᠢᠯᠬᠡ ᠵᠡᠷᠬᠡ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠵᠤ ᠦᠢᠯᠡᠰ ᠤᠨ ᠪᠦᠷᠬᠦᠴᠠ ᠶᠢ ᠦᠷᠬᠡᠳᠬᠡᠵᠤ᠂ ᠠᠵᠤ ᠦᠢᠯᠡᠰ ᠢᠶᠠᠷ ᠶᠠᠲᠠᠭᠤ ᠬᠥᠴᠢᠷᠲᠡᠯᠲᠡᠢ ᠡᠷᠤᠬᠡ ᠶᠢ ᠳᠠᠶᠢᠴᠢᠯᠠᠨ᠂ ᠶᠠᠲᠠᠭᠤ ᠠᠴᠠ ᠠᠩᠬᠢᠵᠢᠷᠠᠭᠤᠯᠬᠤ ᠦᠷ᠎ᠠ ᠪᠦᠳᠤᠮᠵᠢ ᠶᠢ ᠲᠡᠭᠡᠭᠰᠢᠯᠡᠬᠦᠯᠵᠤ᠂ ᠶᠠᠳᠠᠭᠤ ᠶᠢ ᠲᠡᠳᠬᠦᠬᠦ ᠶᠢ ᠵᠤᠷᠢᠬ ᠢ ᠲᠡᠳᠬᠦᠬᠦ ᠤᠶᠤᠨ ᠢ ᠲᠡᠳᠬᠦᠬᠦ ᠲᠠᠢ ᠤᠶᠠᠯᠳᠤᠭᠤᠯᠵᠤ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠳᠤᠮᠵᠢᠳᠠᠢ ᠲᠤᠭᠳᠠᠴᠠ ᠶᠢ ᠪᠠᠶᠢᠭᠤᠯᠵᠤ᠂ ᠶᠠᠳᠠᠭᠤ ᠬᠦᠴᠢᠷᠳᠠᠯᠳᠠᠢ ᠬᠦᠮᠤᠨ ᠠᠮᠠ ᠶᠢᠨ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠵᠤ ᠳᠡᠶᠢᠯᠬᠦ ᠪᠦᠭᠡᠳ ᠢᠳᠡᠭ ᠢᠳᠡᠭ ᠢᠶᠠᠷ ᠪᠡᠶᠠᠵᠢᠨ ᠴᠢᠨᠡᠭᠡᠯᠢᠭᠵᠢᠬᠦ  ᠵᠠᠮ ᠳᠤ ᠤᠷᠤᠬᠤ ᠶᠢ ᠪᠠᠳᠤᠯᠠᠬᠤ ᠭᠡᠷᠡᠭᠳᠠᠢ ᠭᠡᠵᠡᠢ᠃      ᠡᠨᠡᠬᠦ ᠬᠤᠭᠤᠴᠠᠭᠠᠨ ᠳᠤ᠂ ᠪᠦ᠋ ᠰᠢᠶᠤᠤ ᠯᠢᠨ ᠨᠢᠩᠴᠧᠩ ᠰᠢᠶᠠᠨ ᠤ ᠰᠢᠶᠤᠤ ᠴᠧᠩ ᠽᠢ ᠪᠠᠯᠭᠠᠰᠤᠨ ᠤ ᠨᠢᠩ ᠵᠦᠩ ᠮᠤᠩᠭᠤᠯ ᠬᠢᠳᠡᠳ ᠬᠠᠮᠳᠤᠷᠠᠬᠰᠠᠨ ᠪᠠᠭ᠎ᠠ ᠰᠤᠷᠭᠠᠭᠤᠯᠢ ᠳᠤ ᠬᠦᠷᠴᠤ᠂ ︽ᠶᠡᠭᠡ ᠬᠠᠨᠵᠤ︾᠎ ᠶᠢᠨ ᠠᠰᠠᠭᠤᠳᠠᠯ ᠢ ᠰᠢᠢᠳᠪᠤᠷᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠤ᠂ ᠳᠤᠮᠳᠠᠳᠤ ᠪᠠᠭ᠎ᠠ ᠰᠤᠷᠭᠠᠭᠤᠯᠢ ᠎ ᠶᠢᠨ ︽ᠶᠡᠭᠡ ᠬᠠᠨᠵᠤ︾᠎ ᠶᠢᠨ ᠠᠰᠠᠭᠤᠳᠠᠯ ᠢ ᠰᠢᠢᠳᠪᠤᠷᠢᠯᠡᠬᠦ ᠶᠢ ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠦᠮᠤᠵᠢᠯ ᠢ ᠡᠷᠬᠢᠯᠡᠬᠦ ᠴᠢᠬᠤᠯᠠ ᠠᠷᠭ᠎ᠠ ᠬᠡᠮᠵᠢᠶ᠎ᠠ ᠪᠤᠯᠭᠠᠨ ᠠᠳᠬᠤᠵᠤ᠂ ᠬᠡᠤᠬᠡᠳ ᠲᠤ ᠰᠠᠶᠢᠨ ᠰᠠᠶᠢᠬᠠᠨ ᠰᠤᠷᠤᠯᠴᠠᠨ ᠠᠮᠢᠳᠤᠷᠠᠬᠤ ᠤᠷᠴᠢᠨ ᠲᠤᠭᠤᠷᠢᠨ ᠢ ᠪᠤᠢ ᠪᠤᠯᠭᠠᠵᠤ ᠦᠭᠬᠦ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号