ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2019/3/20

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ‍ᠤ‌ᠠᠷᠠᠳ ᠤᠨ ᠵᠠᠰᠠᠭ ᠤᠨ ᠣᠷᠳᠣᠨ ᠤ ᠵᠠᠷᠯᠠᠭ
                                     237 ᠳ᠋ᠤᠭᠠᠷ ᠲᠤᠭᠠᠳᠤ
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠷᠭ᠎ᠠ︾ ᠶᠢ 2018 ᠤᠨ ᠤ 11 ᠳ᠋ᠤᠬᠡᠷ ᠰᠠᠷ᠎ᠠ ᠶᠢᠨ 19 ᠤ ᠡᠳᠥᠷ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠷᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠤ ᠪᠠᠲᠤᠯᠠᠭᠠᠳ᠂ ᠡᠳᠥᠭᠡ ᠨᠡᠶᠢᠲᠡᠯᠡᠪᠡ᠂ 2019 ᠤᠨ ᠤ 1 ᠳ᠋ᠤᠬᠡᠷ ᠰᠠᠷ᠎ᠠ ᠶᠢᠨ 10 ᠤ ᠡᠳᠥᠷ ᠠᠴᠠ ᠡᠬᠢᠯᠡᠵᠦ ᠭᠡᠷᠡᠭᠵᠢᠭᠦᠯᠥᠨ᠎ᠡ᠃
                    ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠥ᠋ ᠰᠢᠶᠣᠣ ᠯᠢᠨ
                            2018 ᠣᠨ ᠤ 12 ᠳ᠋ᠤᠭᠠᠷ ᠰᠠᠷ᠎ᠠ ᠶᠢᠨ 6 ᠤ ᠡᠳᠦᠷ


           ᠨᠢᠭᠡᠳᠦᠭᠡᠷ ᠪᠦᠯᠦᠭ   ᠶᠡᠷᠦᠩᠬᠡᠶ ᠲᠦᠷᠢᠮ


     ᠨᠢᠭᠡᠳᠦᠭᠡᠷ ᠵᠦᠢᠯ ᠷᠠᠳᠢᠣ᠋ ᠲᠧᠯᠸᠢᠰ ᠤᠨ ᠬᠠᠮᠢᠶᠠᠷᠤᠯᠲᠠ ᠶᠢ ᠵᠢᠷᠤᠮᠵᠢᠭᠤᠯᠵᠦ᠂ ᠷᠠᠳᠢᠣ᠋ ᠲᠧᠯᠸᠢᠰ ᠤᠨ ᠠᠵᠢᠯ ᠦᠢᠯᠡᠰ ᠢ ᠭᠦᠭᠵᠢᠬᠦᠯᠵᠦ ᠴᠡᠴᠡᠭᠯᠡᠬᠦᠯᠬᠦ ᠶᠢᠨ ᠲᠤᠰᠠᠳᠠ᠂ ︽ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠲᠦᠷᠢᠮ︾ ᠵᠡᠷᠭᠡ ᠤᠯᠤᠰ ᠤᠨ ᠬᠤᠯᠪᠤᠭᠳᠠᠯ ᠪᠥᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠤᠭᠲᠠᠭᠠᠪᠠ᠃
     ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠤᠳᠤᠷ᠎ᠠ ᠷᠠᠳᠢᠣ᠋ ᠲᠧᠯᠸᠢᠰ ᠬᠤᠷᠢᠶ᠎ᠠ ︵ᠦᠷᠲᠡᠭᠡ︶ ᠪᠠᠶᠢᠭᠤᠯᠵᠦ᠂ ᠷᠠᠳᠢᠣ᠋ ᠲᠧᠯᠸᠢᠰ ᠤᠨ ᠫᠷᠤᠭ᠍ᠷᠠᠮ ᠢ ᠰᠤᠷᠪᠤᠯᠵᠢᠯᠠᠨ ᠨᠠᠶᠢᠷᠠᠭᠤᠯᠬᠤ᠂ ᠦᠢᠯᠡᠳᠬᠦ᠂ ᠨᠡᠪᠳᠡᠷᠡᠬᠦᠯᠬᠦ᠂ ᠭᠦᠯᠢᠶᠡᠨ ᠠᠪᠬᠤ᠂ ᠲᠠᠮᠵᠢᠭᠤᠯᠬᠤ᠂ ᠬᠢᠨᠠᠨ ᠰᠢᠨᠵᠢᠵᠦ᠂ ᠷᠠᠳᠢᠣ᠋ ᠲᠧᠯᠸᠢᠰ ᠤᠨ ᠠᠵᠢᠯᠯᠠᠵᠦ ᠡᠵᠡᠩᠨᠡᠬᠦ ᠦᠢᠯᠡᠴᠢᠯᠡᠭᠡ ᠵᠢᠴᠢ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ᠂ ᠤᠯᠠᠨ ᠨᠡᠶᠢᠲᠡ ᠶᠢᠨ ᠦᠵᠡᠬᠦᠯᠵᠦ ᠰᠤᠨᠤᠰᠬᠠᠬᠤ ᠠᠴᠢᠶᠠᠯᠠᠪᠤᠷᠢ ᠶᠢᠨ ᠨᠡᠪᠳᠡᠷᠡᠭᠦᠯᠳᠡᠭ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠵᠡᠷᠭᠡ ᠠᠵᠢᠯᠯᠠᠭᠠᠨ ᠳᠤ ᠲᠤᠰ ᠠᠷᠭ᠎ᠠ ᠬᠡᠷᠡᠭᠯᠡᠭᠳᠡᠨ᠎ᠡ᠃
     ᠭᠤᠷᠪᠠᠳᠤᠭᠠᠷ ᠵᠦᠢᠯ ᠷᠠᠳᠢᠣ᠋ ᠲᠧᠯᠸᠢᠰ ᠤᠨ ᠠᠵᠢᠯ ᠦᠢᠯᠡᠰ ᠨᠢ ᠠᠷᠠᠳ ᠲᠦᠮᠡᠨ ᠳᠤ ᠦᠢᠯᠡᠴᠢᠯᠡᠬᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠳᠠᠯᠠᠵᠦ᠂ ᠶᠠᠷᠢᠶ᠎ᠠ ᠬᠡᠯᠡᠯᠴᠡᠭᠡᠨ ᠤ ᠵᠥᠪ ᠤᠳᠤᠷᠢᠳᠤᠮᠵᠢ ᠶᠢ ᠪᠠᠷᠢᠮᠳᠠᠯᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠯᠠᠮᠵᠢᠯᠠᠨ ᠪᠠᠳᠠᠷᠠᠭᠤᠯᠬᠤ᠂ ᠦᠨᠳᠦᠰᠦᠲᠡᠨ ᠨᠦᠭᠦᠳ ᠤᠨ ᠠᠷᠠᠳ ᠤᠯᠠᠨ ᠤ ᠤᠶᠤᠨ ᠰᠠᠨᠠᠭ᠎ᠠ ᠪᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠠᠷᠴᠢᠮ ᠪᠤᠯᠭᠠᠬᠤ ᠬᠡᠷᠡᠭᠳᠡᠢ᠃
     ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠷᠠᠳᠢᠣ᠋ ᠲᠧᠯᠸᠢᠰ ᠤᠨ ᠠᠵᠢᠯ ᠦᠢᠯᠡᠰ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠷᠠᠳᠢᠣ᠋ ᠲᠧᠯᠸᠢᠰ ᠤᠨ ᠠᠵᠢᠯ ᠦᠢᠯᠡᠰ ᠤᠨ ᠭᠦᠭᠵᠢᠯᠳᠡ ᠳᠤ ᠡᠳ᠋ ᠤᠨ ᠵᠠᠰᠠᠭ ᠤᠨ ᠣᠷᠣᠭᠤᠯᠤᠯᠲᠠ ᠶᠢ ᠪᠠᠳᠤᠯᠠᠨ᠂ ᠷᠠᠳᠢᠣ᠋ ᠲᠧᠯᠸᠢᠰ ᠤᠨ ᠠᠵᠢᠯ ᠦᠢᠯᠡᠰ ᠤᠨ ᠦᠷᠬᠦᠯᠵᠢᠯᠡᠨ ᠭᠦᠭᠵᠢᠬᠦ ᠶᠢ ᠠᠬᠢᠭᠤᠯᠵᠦ᠂ ᠮᠠᠯᠵᠢᠬᠤ ᠲᠠᠷᠢᠶᠠᠯᠠᠬᠤ ᠣᠷᠣᠨ ᠪᠠ ᠬᠢᠯᠢ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠷᠠᠳᠢᠣ᠋ ᠲᠧᠯᠸᠢᠰ ᠤᠨ ᠲᠠᠯ᠎ᠠ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠶᠢᠭᠤᠯᠤᠯᠲᠠ ᠶᠢᠨ ᠠᠵᠢᠯ ᠦᠢᠯᠡᠰ ᠢ ᠭᠤᠣᠯᠳᠠᠯᠭ᠎ᠠ ᠲᠠᠢ ᠪᠠᠷ ᠲᠡᠳᠬᠦᠨ ᠳᠡᠮᠵᠢᠬᠦ ᠬᠡᠷᠡᠭᠲᠡᠶ᠃
     ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ ᠷᠠᠳᠢᠣ᠋ ᠲᠧᠯᠸᠢᠰ ᠤᠨ ᠫᠷᠤᠭ᠍ᠷᠠᠮ ᠦᠢᠯᠡᠳᠬᠦ ᠪᠠ ᠤᠷᠴᠢᠭᠤᠯᠤᠨ ᠦᠢᠯᠡᠳᠬᠦ ᠠᠵᠢᠯ ᠢ ᠵᠤᠷᠢᠨᠨᠵᠢᠭᠤᠯᠬᠤ ᠪᠠ ᠲᠡᠳᠬᠦᠨ ᠲᠡᠮᠵᠢᠵᠦ᠂ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠶᠢ ᠪᠠᠶᠠᠯᠢᠨᠨᠵᠢᠭᠤᠯᠬᠤ ᠬᠡᠷᠡᠭᠳᠡᠢ᠃
     ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠷᠠᠳᠢᠣ᠋ ᠲᠧᠯᠸᠢᠰ ᠤᠨ ᠬᠢᠨᠠᠯᠲᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠵᠤ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠢᠶᠠᠨ ᠡᠭᠦᠷᠬᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃
     ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠤᠨ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠳᠠ ᠶᠢ ᠬᠦᠯᠢᠶᠡᠬᠦ ᠬᠡᠷᠡᠭᠲᠡᠶ᠃


           ᠬᠤᠶᠠᠳᠤᠭᠠᠷ ᠪᠦᠯᠦᠭ   ᠷᠠᠳᠢᠣ᠋ ᠲᠧᠯᠸᠢᠰ ᠬᠤᠷᠢᠶ᠎ᠠ ᠪᠠ ᠷᠠᠳᠢᠣ᠋ ᠲᠧᠯᠸᠢᠰ ᠥᠷᠲᠡᠭᠡ


     ᠨᠠᠢᠮᠠᠳᠤᠭᠠᠷ ᠵᠦᠢᠯ
ᠷᠠᠳᠢᠣ᠋ ᠲᠧᠯᠸᠢᠰ ᠬᠤᠷᠢᠶ᠎ᠠ ᠶᠢ ᠤᠯᠤᠰ ᠤᠨ ᠲᠣᠭᠲᠠᠭᠠᠯ ᠶᠣᠰᠣᠭᠠᠷ ᠪᠠᠶᠢᠭᠤᠯᠬᠤ

ᠬᠡᠷᠡᠭᠳᠡᠢ᠃
     ᠷᠠᠳᠢᠣ᠋ ᠲᠧᠯᠸᠢᠰ ᠬᠤᠷᠢᠶ᠎ᠠ ᠨᠢ ᠬᠤᠷᠢᠶᠠᠨ ᠤ ᠨᠡᠷ᠎ᠡ᠂ ᠬᠤᠷᠢᠶᠠᠨ ᠤ ᠳᠡᠮᠳᠡᠭ᠂ ᠲᠠᠭᠤᠳᠠᠯᠭ᠎ᠠ ᠶᠢᠨ ᠲᠤᠬᠢᠶ᠎ᠠ᠂ ᠫᠷᠤᠭ᠍ᠷᠠᠮ ᠢ ᠲᠤᠬᠢᠷᠠᠭᠤᠯᠬᠤ ᠬᠡᠪᠴᠢᠶ᠎ᠡ ᠪᠠᠨ ᠳᠤᠷ᠎ᠠ ᠪᠠᠷ ᠢᠶᠠᠨ ᠬᠤᠪᠢᠷᠠᠭᠠᠵᠦ ᠪᠣᠯᠬᠤ ᠦᠭᠡᠢ᠃
     ᠶᠢᠰᠦᠳᠦᠭᠡᠷ ᠵᠦᠢᠯ ᠷᠠᠳᠢᠣ᠋ ᠲᠧᠯᠸᠢᠰ ᠥᠷᠲᠡᠭᠡ ᠶᠢ ᠪᠠᠶᠢᠭᠤᠯᠬᠤ ᠳᠤ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃
     ᠷᠠᠳᠢᠣ᠋ ᠲᠧᠯᠸᠢᠰ ᠥᠷᠲᠡᠭᠡ ᠶᠢ ︽ᠬᠤᠷᠢᠶ᠎ᠠ︾ ᠬᠡᠵᠦ ᠨᠡᠷᠡᠶᠢᠳᠴᠤ ᠪᠤᠯᠬᠤ ᠦᠬᠡᠢ᠃
     ᠠᠷᠪᠠᠳᠤᠭᠠᠷ ᠵᠦᠢᠯ ᠷᠠᠳᠢᠣ᠋ ᠲᠧᠯᠸᠢᠰ ᠥᠷᠲᠡᠭᠡ ᠶᠢ ᠪᠠᠶᠢᠭᠤᠯᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ᠄
     ︵ᠨᠢᠭᠡ︶ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠠᠵᠢᠯ ᠦᠢᠯᠡᠰ ᠪᠠ ᠠᠵᠤ ᠦᠢᠯᠡᠰ ᠤᠨ ᠪᠦᠳᠦᠬᠡᠨ ᠪᠠᠶᠢᠭᠤᠯᠤᠯᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠰᠡᠨ ᠪᠠᠶᠢᠬᠤ︔
     ︵ᠬᠤᠶᠠᠷ︶ ᠤᠯᠤᠰ ᠤᠨ ᠲᠣᠭᠲᠠᠭᠠᠯ ᠳᠤ ᠨᠡᠶᠢᠴᠡᠭᠰᠡᠨ ᠬᠤᠶᠠᠷ ᠠᠴᠠ ᠲᠡᠬᠡᠭᠰᠢᠬᠢ ᠷᠠᠳᠢᠣ᠋ ᠲᠧᠯᠸᠢᠰ ᠤᠨ ᠲᠤᠰᠬᠠᠶ ᠮᠡᠷᠭᠡᠵᠢᠯ ᠤᠨ ᠠᠵᠢᠯᠲᠠᠨ ᠪᠠ ᠬᠠᠮᠢᠶᠠᠷᠤᠯᠲᠠ ᠶᠢᠨ ᠠᠵᠢᠯᠲᠠᠨ ᠲᠠᠢ ᠪᠠᠶᠢᠬᠤ︔
     ︵ᠭᠤᠷᠪᠠ︶ ᠤᠯᠤᠰ ᠤᠨ ᠲᠣᠭᠲᠠᠭᠠᠯ ᠳᠤ ᠨᠡᠶᠢᠴᠡᠭᠰᠡᠨ ᠷᠠᠳᠢᠣ᠋ ᠲᠧᠯᠸᠢᠰ ᠤᠨ ᠮᠡᠷᠭᠡᠵᠢᠯ ᠤᠨ ᠲᠥᠬᠦᠭᠡᠷᠦᠮᠵᠢ ᠲᠠᠢ ᠪᠠᠶᠢᠬᠤ︔
     ︵ᠲᠦᠷᠪᠡ︶ ᠴᠢᠬᠤᠯᠠ ᠪᠦᠬᠦᠢ ᠦᠨᠳᠦᠰᠦᠨ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦ ᠪᠠ ᠲᠣᠭᠲᠠᠪᠤᠷᠢᠲᠠᠶ ᠪᠡᠯᠡ ᠮᠥᠩᠭᠦᠨ ᠤ ᠪᠠᠲᠤᠯᠠᠭ᠎ᠠ ᠲᠠᠢ ᠪᠠᠶᠢᠬᠤ︔
     ︵ᠲᠠᠪᠤ︶ ᠠᠮᠤᠷ ᠲᠦᠪᠰᠢᠨ ᠪᠦᠬᠡᠳ ᠲᠤᠰᠬᠠᠢ ᠬᠡᠷᠡᠭᠯᠡᠬᠡᠨ ᠤ ᠠᠵᠢᠯᠯᠠᠬᠤ ᠲᠠᠯᠠᠪᠤᠷ ᠭᠠᠵᠠᠷ ᠲᠠᠢ

ᠪᠠᠶᠢᠬᠤ︔
     ︵ᠵᠢᠷᠭᠤᠭ᠎ᠠ︶ ᠵᠠᠰᠠᠭ ᠵᠠᠬᠢᠷᠭᠠᠨ ᠤ ᠣᠷᠣᠨ ᠤ ᠴᠢᠨᠠᠷᠲᠠᠶ ᠤᠲᠠᠰᠤᠲᠤ ᠷᠠᠳᠢᠣ᠋ ᠲᠧᠯᠸᠢᠰ ᠤᠨ ᠲᠠᠮᠵᠢᠭᠤᠯᠬᠤ ᠰᠦᠯᠵᠢᠶ᠎ᠡ ᠶᠢᠨ ᠬᠠᠮᠤᠷᠤᠨᠨᠰᠠᠨ ᠣᠷᠣᠨ ᠤ ᠲᠤᠳᠤᠷ᠎ᠠ᠂ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠣᠷᠣᠨ ᠤ ᠴᠢᠨᠠᠷᠲᠠᠶ ᠲᠠᠮᠵᠢᠭᠤᠯᠬᠤ ᠪᠠᠶᠢᠭᠤᠯᠤᠮᠵᠢ ᠲᠠᠢ ᠲᠤᠤᠷ ᠰᠦᠯᠵᠢᠶᠡᠵᠢᠬᠦᠯᠦᠭᠰᠡᠨ ᠲᠥᠯᠥᠪᠵᠢᠭᠦᠯᠭᠡ ᠪᠤᠶᠤ ᠵᠦᠪᠯᠡᠯᠴᠡᠬᠡᠷ ᠲᠤᠨᠨᠳ᠋ᠬᠠᠰᠠᠨ ᠪᠠᠶᠢᠬᠤ᠃
     ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ 100 ᠸᠠᠲ ︵100 ᠸᠠᠲ ᠶᠢ ᠪᠠᠭᠲᠠᠭᠠᠬᠤ ᠦᠭᠡᠢ︶ ᠠᠴᠠ ᠲᠤᠷᠤᠨᠨᠰᠢᠬᠢ ᠳᠠᠪᠲᠠᠮᠵᠢ᠂ ᠰᠤᠪᠠᠭ ᠤᠳ ᠢ ᠲᠤᠬᠢᠷᠠᠭᠤᠯᠬᠤ ᠲᠥᠯᠥᠪᠵᠢᠭᠦᠯᠭᠡ ᠲᠤᠨᠨᠳᠠᠭᠠᠬᠤ ᠶᠢ ᠬᠠᠷᠢᠭᠤᠴᠠᠬᠤ ᠶᠢᠨ ᠬᠠᠮᠳᠤ᠂ ᠳᠠᠪᠲᠠᠮᠵᠢ ᠳᠤ ᠲᠤᠰᠬᠠᠶ ᠬᠡᠷᠡᠭᠯᠡᠬᠦᠯᠬᠦ ᠪᠠᠷ ᠨᠡᠷ᠎ᠡ ᠵᠢᠭᠠᠵᠦ ᠬᠤᠪᠢᠶᠠᠷᠢᠯᠠᠬᠤ ᠭᠡᠷᠡᠴᠢ ᠪᠢᠴᠢᠭ ᠢ ᠬᠢᠨᠠᠨ ᠤᠯᠭᠤᠬᠤ ᠬᠡᠷᠡᠭᠲᠡᠶ᠃
     ᠨᠡᠷ᠎ᠡ ᠵᠢᠭᠠᠵᠦ ᠬᠤᠪᠢᠶᠠᠷᠢᠯᠬᠠᠰᠠᠨ ᠳᠠᠪᠲᠠᠮᠵᠢ ᠨᠢ ᠵᠢᠷᠭᠤᠭᠠᠨ ᠰᠠᠷ᠎ᠠ ᠶᠢᠨ ᠳᠣᠲᠣᠷ᠎ᠠ ᠨᠡᠪᠳᠡᠷᠡᠭᠦᠯᠬᠡ ᠪᠠᠨ ᠡᠬᠢᠯᠡᠭᠦᠯᠦᠭᠰᠡᠨ ᠪᠠᠶᠢᠬᠤ ᠬᠡᠷᠡᠭᠳᠡᠢ᠂ ᠬᠤᠭᠤᠴᠠᠭ᠎ᠠ ᠠᠴᠠ ᠪᠠᠨ ᠬᠡᠳᠦᠷᠡᠪᠡᠯ ᠠᠶᠠᠨᠳᠠᠭᠠᠨ ᠵᠤᠨᠨᠰᠤᠨᠨᠰᠠᠨ ᠢᠶᠠᠷ

ᠦᠵᠡᠨ᠎ᠠ᠃
     ᠠᠷᠪᠠᠨ ᠬᠤᠶᠠᠳᠤᠭᠠᠷ ᠵᠦᠢᠯ ᠷᠠᠳᠢᠣ᠋ ᠲᠧᠯᠸᠢᠰ ᠤᠨ ᠰᠠᠴᠤᠷᠠᠭᠤᠯᠬᠤ ᠦᠷᠳᠡᠭᠡ᠂ ᠲᠡᠮᠵᠢᠭᠤᠯᠤᠨ ᠨᠡᠪᠳᠡᠷᠡᠬᠦᠯᠬᠦ ᠬᠤᠷᠢᠶ᠎ᠠ᠂ ᠲᠠᠭᠠᠭᠤᠯᠢ ᠤᠳᠤᠨ ᠳᠤ ᠭᠠᠷᠭᠠᠬᠤ ᠦᠷᠳᠡᠭᠡ᠂ ᠪᠢᠴᠢᠯ ᠳᠣᠯᠭᠢᠶᠠᠨ ᠤ ᠥᠷᠲᠡᠭᠡ ᠨᠤᠭᠤᠳ ᠨᠢ ᠭᠠᠵᠠᠷ ᠵᠦᠶ ᠶᠢᠨ ᠪᠠᠶᠢᠷᠢᠰᠢᠯ᠂ ᠳᠠᠪᠲᠠᠮᠵᠢ᠂ ᠴᠢᠳᠠᠯ᠂ ᠠᠨᠲ᠋ᠢᠨ᠎ᠠ ᠶᠢᠨ ᠥᠨᠳᠥᠷ᠂ ᠠᠨᠲ᠋ᠢᠨ᠎ᠠ ᠶᠢᠨ ᠬᠡᠯᠪᠡᠷᠢ ᠵᠡᠷᠬᠡ ᠮᠡᠷᠭᠡᠵᠢᠯ ᠤᠨ ᠪᠤᠯᠵᠤᠯᠳᠤ ᠲᠤᠭ᠎ᠠ ᠪᠠᠨ ᠳᠤᠷ᠎ᠠ ᠪᠠᠷ ᠢᠶᠠᠨ ᠬᠤᠪᠢᠷᠠᠭᠠᠵᠦ ᠪᠣᠯᠬᠤ ᠦᠭᠡᠢ᠂ ᠬᠢᠨᠠᠨ ᠵᠥᠪᠰᠢᠶᠡᠷᠡᠭᠰᠡᠨ ᠳᠠᠪᠲᠠᠮᠵᠢ᠂ ᠳᠠᠪᠲᠠᠮᠵᠢ ᠶᠢᠨ ᠬᠡᠰᠡᠭᠯᠡᠯ ᠢ ᠲᠦᠷᠢᠶᠡᠰᠦᠯᠡᠭᠦᠯᠵᠦ᠂ ᠰᠢᠯᠵᠢᠭᠦᠯᠦᠨ ᠦᠭᠴᠤ ᠪᠤᠯᠬᠤ ᠦᠬᠡᠢ᠃
     ᠠᠷᠪᠠᠨ ᠭᠤᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠷᠠᠳᠢᠣ᠋ ᠲᠧᠯᠸᠢᠰ ᠬᠤᠷᠢᠶ᠎ᠠ ︵ᠦᠷᠳᠡᠭᠡ︶ ᠶᠢᠨ ᠳᠠᠪᠲᠠᠮᠵᠢ᠂ ᠰᠤᠪᠠᠭ ᠢ ᠬᠠᠷᠰᠢᠯᠠᠬᠤ ᠪᠤᠶᠤ ᠡᠵᠡᠯᠡᠵᠦ ᠪᠤᠯᠬᠤ ᠦᠬᠡᠢ᠃


           ᠭᠤᠷᠪᠠᠳᠤᠭᠠᠷ ᠪᠦᠯᠦᠭ   ᠷᠠᠳᠢᠣ᠋ ᠲᠧᠯᠸᠢᠰ ᠤᠨ ᠫᠷᠤᠭ᠍ᠷᠠᠮ


     ᠠᠷᠪᠠᠨ ᠳᠥᠷᠪᠡᠳᠦᠭᠡᠷ ᠵᠦᠢᠯ
ᠷᠠᠳᠢᠣ᠋ ᠲᠧᠯᠸᠢᠰ ᠬᠤᠷᠢᠶ᠎ᠠ ︵ᠦᠷᠲᠡᠭᠡ︶ ᠨᠢ ᠳᠣᠣᠷ᠎ᠠ ᠵᠢᠭᠰᠠᠭᠠᠭᠰᠠᠨ ᠠᠭᠤᠯᠭ᠎ᠠ ᠶᠢ ᠲᠡᠮᠳᠡᠭᠯᠡᠭᠰᠡᠨ ᠫᠷᠤᠭ᠍ᠷᠠᠮ ᠢ ᠦᠢᠯᠡᠳᠦᠨ ᠨᠡᠪᠳᠡᠷᠡᠬᠦᠯᠵᠦ ᠪᠤᠯᠬᠤ ᠦᠬᠡᠢ᠄
     ︵ᠨᠢᠭᠡ︶ ᠤᠯᠤᠰ ᠣᠷᠣᠨ ᠤ ᠨᠢᠭᠡᠳᠦᠯ᠂ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠤᠬᠢᠷᠠᠭᠤᠯᠬᠤ ᠠᠭᠤᠯᠭ᠎ᠠ ᠲᠠᠢ ᠪᠠᠶᠢᠬᠤ︔
     ︵ᠬᠤᠶᠠᠷ︶ ᠤᠯᠤᠰ ᠣᠷᠣᠨ ᠤ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠤᠬᠢᠷᠠᠭᠤᠯᠬᠤ ᠠᠭᠤᠯᠭ᠎ᠠ ᠲᠠᠢ ᠪᠠᠶᠢᠬᠤ︔
     ︵ᠭᠤᠷᠪᠠ︶ ᠦᠨᠳᠦᠰᠦᠲᠡᠨ ᠢ ᠬᠠᠭᠠᠴᠠᠭᠤᠯᠬᠤ ᠪᠠᠷ ᠥᠳᠥᠭᠡᠬᠦ ᠪᠠ ᠦᠨᠳᠦᠰᠦᠲᠡᠨ ᠤ ᠪᠦᠯᠬᠦᠮᠳᠡᠯ ᠢ ᠡᠪᠳᠡᠬᠦ ᠠᠭᠤᠯᠭ᠎ᠠ ᠲᠠᠢ ᠪᠠᠶᠢᠬᠤ︔
     ︵ᠲᠦᠷᠪᠡ︶ ᠤᠯᠤᠰ ᠤᠨ ᠨᠢᠭᠤᠴᠠ ᠶᠢ ᠵᠠᠳᠠᠷᠠᠭᠤᠯᠬᠤ ᠠᠭᠤᠯᠭ᠎ᠠ ᠲᠠᠢ ᠪᠠᠶᠢᠬᠤ︔
     ︵ᠲᠠᠪᠤ︶ ᠪᠤᠰᠤᠳ ᠢ ᠭᠦᠳᠬᠡᠵᠦ᠂ ᠭᠤᠲᠤᠭᠠᠵᠤ ᠲᠤᠷᠤᠮᠵᠢᠯᠠᠬᠤ ᠠᠭᠤᠯᠭ᠎ᠠ ᠲᠠᠢ ᠪᠠᠶᠢᠬᠤ︔
     ︵ᠵᠢᠷᠭᠤᠭ᠎ᠠ︶ ᠱᠠᠯᠢᠭ ᠵᠠᠪᠬᠠᠶ᠂ ᠮᠤᠬᠤᠷ ᠪᠢᠰᠢᠷᠡᠯ ᠢ ᠦᠰᠬᠡᠨ ᠲᠦᠰᠬᠡᠨ ᠲᠠᠢ ᠤᠬᠠᠭᠤᠯᠬᠤ ᠪᠤᠶᠤ ᠬᠦᠴᠦᠷᠬᠡᠭᠯᠡᠯ ᠳᠤ ᠦᠩᠬᠡ ᠨᠡᠮᠡᠷᠢᠯᠡᠭᠰᠡᠨ ᠠᠭᠤᠯᠭ᠎ᠠ ᠲᠠᠢ ᠪᠠᠶᠢᠬᠤ︔
     ︵ᠳᠣᠯᠤᠭ᠎ᠠ︶ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠦᠯᠦᠬᠡᠯᠡᠬᠦ ᠠᠭᠤᠯᠭ᠎ᠠ ᠲᠠᠢ ᠪᠠᠶᠢᠬᠤ︔
     ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠠᠭᠤᠯᠭ᠎ᠠ ᠲᠠᠢ

ᠪᠠᠶᠢᠬᠤ᠃
     ᠠᠷᠪᠠᠨ ᠲᠠᠪᠤᠳᠤᠭᠠᠷ ᠵᠦᠢᠯ ᠷᠠᠳᠢᠣ᠋ ᠲᠧᠯᠸᠢᠰ ᠥᠷᠲᠡᠭᠡ ᠨᠢ ᠷᠠᠳᠢᠣ᠋ ᠶᠢᠨ ᠫᠷᠤᠭ᠍ᠷᠠᠮ ᠢ ᠦᠪᠡᠰᠦᠪᠡᠨ ᠡᠷᠬᠢᠯᠡᠵᠦ᠂ ᠲᠡᠭᠦᠨ ᠢ ᠪᠠᠨ ᠤᠲᠠᠰᠤᠲᠤ ᠠᠷᠭ᠎ᠠ ᠬᠡᠯᠪᠡᠷᠢ ᠪᠠᠷ ᠲᠠᠮᠵᠢᠭᠤᠯᠵᠦ ᠪᠤᠯᠤᠨ᠎ᠠ᠃
     ᠬᠤᠲᠠ ᠶᠢᠨ ᠬᠠᠷᠢᠶ᠎ᠠ ᠲᠣᠭᠤᠷᠢᠭ᠂ ᠶᠡᠭᠡ ᠳᠡᠭᠡᠳᠦ ᠰᠤᠷᠭᠠᠭᠤᠯᠢ ᠪᠠ ᠤᠯᠤᠰ ᠤᠨ ᠥᠮᠴᠢᠯᠡᠯ ᠤᠨ ᠪᠤᠶᠤ ᠤᠯᠤᠰ ᠤᠨ ᠥᠮᠴᠢᠯᠡᠯ ᠤᠨ ᠰᠲ᠋ᠤᠺ ᠡᠵᠡᠮᠰᠢᠭᠰᠡᠨ ᠣᠨᠴᠠ ᠶᠡᠭᠡ ᠠᠵᠤ ᠠᠬᠤᠶᠢᠯᠠᠯ ᠤᠨ ᠪᠠᠶᠢᠭᠤᠯᠤᠨᠨᠰᠠᠨ ᠷᠠᠳᠢᠣ᠋ ᠲᠧᠯᠸᠢᠰ ᠥᠷᠲᠡᠭᠡ ᠳᠤ ᠦᠨᠡᠨ ᠭᠦ ᠬᠡᠷᠡᠭᠴᠡᠭᠡ ᠲᠠᠢ ᠪᠠᠶᠢᠪᠠᠯ᠂ ᠤᠯᠠᠨ ᠨᠡᠶᠢᠲᠡ ᠶᠢᠨ ᠰᠤᠪᠠᠭ ᠲᠤ ᠲᠤᠰ ᠨᠢᠭᠡᠴᠢ ᠶᠢᠨ ᠢᠶᠠᠨ ᠥᠪᠡᠰᠦᠪᠡᠨ ᠡᠷᠬᠢᠯᠡᠭᠰᠡᠨ ᠰᠣᠨᠢᠨ ᠮᠡᠳᠡᠭᠡ᠂ ᠲᠤᠰᠬᠠᠢ ᠰᠡᠳᠦᠪᠳᠦ ᠵᠢᠴᠢ ᠵᠠᠷ ᠮᠡᠳᠡᠭᠡ ᠵᠡᠷᠬᠡ ᠲᠧᠯᠸᠢᠰ ᠫᠷᠤᠭ᠍ᠷᠠᠮ ᠢ ᠪᠠᠭ᠎ᠠ ᠬᠡᠮᠵᠢᠶ᠎ᠡ ᠪᠠᠷ ᠣᠷᠣᠭᠤᠯᠤᠨ ᠨᠡᠪᠳᠡᠷᠡᠬᠦᠯᠵᠦ᠂ ᠲᠡᠳᠡᠬᠡᠷ ᠢ ᠪᠠᠨ ᠤᠲᠠᠰᠤᠲᠤ ᠠᠷᠭ᠎ᠠ ᠬᠡᠯᠪᠡᠷᠢ ᠪᠠᠷ ᠲᠠᠮᠵᠢᠭᠤᠯᠵᠦ ᠪᠤᠯᠤᠨ᠎ᠠ᠃
     ᠰᠤᠮᠤ ᠰᠢᠶᠠᠩ ᠪᠠᠯᠭᠠᠰᠤ ᠶᠢᠨ ᠪᠠᠶᠢᠭᠤᠯᠤᠨᠨᠰᠠᠨ ᠷᠠᠳᠢᠣ᠋ ᠲᠧᠯᠸᠢᠰ ᠥᠷᠲᠡᠭᠡ ᠨᠢ ᠲᠧᠯᠸᠢᠰ ᠫᠷᠤᠭ᠍ᠷᠠᠮ ᠢ ᠦᠪᠡᠰᠦᠪᠡᠨ ᠡᠷᠬᠢᠯᠡᠵᠦ ᠪᠤᠯᠬᠤ ᠦᠬᠡᠢ᠃
     ᠠᠷᠪᠠᠨ ᠵᠢᠷᠭᠤᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ︵ᠤᠢᠷᠳᠡᠭᠡ︶ ᠨᠢ ᠤᠯᠤᠰ ᠤᠨ ᠲᠣᠭᠲᠠᠭᠠᠯ ᠶᠣᠰᠣᠭᠠᠷ ᠨᠡᠪᠳᠡᠷᠡᠭᠦᠯᠬᠦ ᠫᠷᠤᠭ᠍ᠷᠠᠮ ᠤᠳ ᠢᠶᠠᠨ ᠨᠡᠪᠳᠡᠷᠡᠭᠦᠯᠬᠦ ᠠᠴᠠ ᠡᠮᠤᠨ᠎ᠠ ᠬᠢᠨᠠᠨ ᠪᠠᠶᠢᠴᠠᠭᠠᠵᠦ᠂ ᠲᠠᠬᠢᠵᠦ ᠨᠡᠪᠳᠡᠷᠡᠬᠦᠯᠬᠦ ᠳᠤ ᠠᠬᠢᠨᠳᠠ ᠬᠢᠨᠠᠨ ᠪᠠᠶᠢᠴᠠᠭᠠᠬᠤ ᠬᠡᠷᠡᠭᠲᠡᠶ᠃
     ᠲᠦᠷᠦ ᠶᠢᠨ ᠶᠠᠪᠤᠳᠠᠯ ᠤᠨ ᠬᠤᠷᠢᠶᠠᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠪᠳᠡᠷᠡᠭᠦᠯᠬᠡ ᠶᠢ ᠵᠤᠨᠨᠰᠤᠭᠠᠬᠤ᠂ ᠤᠨᠴᠠ ᠲᠤᠨᠨᠳ᠋ᠬᠠᠰᠠᠨ ᠫᠷᠤᠭ᠍ᠷᠠᠮ ᠢ ᠬᠤᠪᠢᠷᠠᠭᠤᠯᠬᠤ ᠪᠤᠶᠤ ᠤᠨᠴᠠ ᠲᠤᠨᠨᠳ᠋ᠬᠠᠰᠠᠨ ᠫᠷᠤᠭ᠍ᠷᠠᠮ ᠢ ᠳᠠᠮᠵᠢᠭᠤᠯᠤᠨ ᠨᠡᠪᠲᠡᠷᠡᠭᠦᠯᠬᠦ ᠪᠠᠷ ᠵᠢᠭᠠᠵᠦ ᠲᠤᠨᠨᠳᠠᠭᠠᠬᠤ ᠲᠣᠭᠲᠠᠭᠠᠯ ᠭᠠᠷᠭᠠᠵᠦ ᠪᠤᠯᠤᠨ᠎ᠠ᠃
     ᠠᠷᠪᠠᠨ ᠳᠣᠯᠣᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ︵ᠦᠷᠲᠡᠭᠡ︶ ᠨᠢ ᠰᠤᠨᠢᠨ ᠮᠡᠳᠡᠬᠡᠨ ᠤ ᠫᠷᠤᠭ᠍ᠷᠠᠮ ᠢ ᠰᠤᠷᠪᠤᠯᠵᠢᠯᠠᠨ ᠨᠠᠶᠢᠷᠠᠭᠤᠯᠬᠤ ᠪᠠ ᠦᠢᠯᠡᠳᠬᠦ ᠳᠤ ᠪᠠᠨ ᠦᠨᠡᠨ ᠪᠣᠳᠠᠲᠠᠶ᠂ ᠲᠦᠪ ᠭᠤᠣᠯᠴᠢ ᠪᠠᠶᠢᠵᠦ᠂ ᠬᠤᠳᠠᠯ ᠬᠠᠭᠤᠷᠮᠠᠭ ᠰᠣᠨᠢᠨ ᠮᠡᠳᠡᠭᠡ ᠪᠠ ᠬᠠᠷᠠᠮᠵᠢ ᠲᠠᠢ ᠪᠠᠷ ᠰᠣᠨᠢᠨ ᠮᠡᠳᠡᠭᠡ ᠨᠡᠪᠳᠡᠷᠡᠬᠦᠯᠵᠦ ᠪᠤᠯᠬᠤ ᠦᠬᠡᠢ᠃
     ᠠᠷᠪᠠᠨ ᠨᠠᠢᠮᠠᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ︵ᠦᠷᠲᠡᠭᠡ︶ ᠨᠢ ᠵᠠᠷ ᠮᠡᠳᠡᠭᠡ ᠨᠡᠪᠲᠡᠷᠡᠭᠦᠯᠬᠦ ᠳᠤ ᠪᠠᠨ ᠷᠠᠳᠢᠣ᠋ ᠲᠧᠯᠸᠢᠰ ᠤᠨ ᠫᠷᠤᠭ᠍ᠷᠠᠮ ᠤᠨ ᠪᠦᠷᠢᠨ ᠪᠦᠲᠦᠨ ᠴᠢᠨᠠᠷ ᠢ ᠪᠠᠳᠤᠯᠠᠵᠦ᠂ ᠳᠤᠷ᠎ᠠ ᠪᠠᠷ ᠢᠶᠠᠨ ᠵᠠᠷ ᠮᠡᠳᠡᠭᠡ ᠤᠷᠤᠭᠤᠯᠤᠨ ᠨᠡᠪᠲᠡᠷᠡᠭᠦᠯᠵᠦ ᠪᠣᠯᠬᠤ ᠦᠭᠡᠢ᠂ ᠬᠤᠳᠠᠯ ᠬᠠᠭᠤᠷᠮᠠᠭ ᠠᠭᠤᠯᠭ᠎ᠠ ᠠᠭᠤᠯᠤᠨᠨᠰᠠᠨ ᠠᠴᠠ ᠪᠤᠯᠵᠦ ᠬᠡᠷᠡᠭᠯᠡᠭᠴᠢᠳ ᠢ ᠪᠤᠷᠤᠭᠤ ᠲᠡᠶᠢᠰᠢ ᠵᠢᠯᠤᠭᠤᠳᠴᠤ ᠮᠡᠳᠡᠬᠦ ᠵᠠᠷ ᠮᠡᠳᠡᠭᠡ ᠶᠢ ᠨᠡᠪᠳᠡᠷᠡᠬᠦᠯᠵᠦ ᠪᠤᠯᠬᠤ ᠦᠬᠡᠢ᠂ ᠬᠡᠯᠪᠡᠷᠢ ᠶᠢ ᠨᠢ ᠦᠬᠡᠷᠡᠳᠦᠬᠦᠯᠬᠦ ᠠᠷᠭ᠎ᠠ ᠮᠠᠶ᠋ᠢᠭ ᠢᠶᠠᠷ ᠵᠠᠷ ᠮᠡᠳᠡᠭᠡ ᠨᠡᠪᠳᠡᠷᠡᠭᠦᠯᠵᠦ ᠪᠤᠯᠬᠤ ᠦᠬᠡᠢ᠃
     ᠷᠠᠳᠢᠣ᠋ ᠲᠧᠯᠸᠢᠰ ᠬᠤᠷᠢᠶ᠎ᠠ ︵ᠦᠷᠲᠡᠭᠡ︶ ᠨᠢ ᠵᠣᠬᠢᠬᠤ ᠬᠡᠮᠵᠢᠶ᠎ᠡ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠵᠠᠷ ᠮᠡᠳᠡᠭᠡ ᠨᠡᠪᠲᠡᠷᠡᠭᠦᠯᠬᠦ ᠬᠡᠷᠡᠭᠲᠡᠶ᠃
     ᠠᠷᠪᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠨᠨᠰᠠᠨ ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠣᠨᠢᠨ ᠮᠡᠳᠡᠭᠡᠨ ᠤ ᠫᠷᠤᠭ᠍ᠷᠠᠮ ᠢ ᠭᠠᠷᠠᠭ ᠪᠦᠷᠢ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠨᠡᠪᠳᠡᠷᠡᠭᠦᠯᠵᠦ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠨᠨᠰᠠᠨ ᠲᠧᠯᠸᠢᠰ ᠬᠤᠷᠢᠶ᠎ᠠ ᠨᠢ ᠲᠤᠬᠢᠶᠠᠨ ᠤ ᠬᠡᠯᠡ ᠲᠤᠬᠢᠷᠠᠭᠤᠯᠤᠨᠨᠰᠠᠨ ᠰᠣᠨᠢᠨ ᠮᠡᠳᠡᠭᠡᠨ ᠤ ᠫᠷᠤᠭ᠍ᠷᠠᠮ ᠢ ᠠᠯᠬᠤᠮ ᠠᠯᠬᠤᠮ ᠢᠶᠠᠷ ᠨᠡᠪᠳᠡᠷᠡᠭᠦᠯᠬᠦ ᠬᠡᠷᠡᠭᠳᠡᠢ᠃
     ᠬᠤᠷᠢᠳᠤᠭᠠᠷ ᠵᠦᠢᠯ ᠷᠠᠳᠢᠣ᠋ ᠲᠧᠯᠸᠢᠰ ᠬᠤᠷᠢᠶ᠎ᠠ ᠨᠢ ᠥᠪᠡᠰᠦᠪᠡᠨ ᠡᠷᠬᠢᠯᠡᠭᠰᠡᠨ ᠫᠷᠤᠭ᠍ᠷᠠᠮ ᠪᠠ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠫᠷᠤᠭ᠍ᠷᠠᠮ ᠢ ᠨᠡᠮᠡᠭᠳᠡᠭᠦᠯᠬᠦ ᠬᠡᠷᠡᠭᠲᠡᠶ᠃
     ᠬᠤᠷᠢᠨ ᠨᠢᠭᠡᠳᠦᠭᠡᠷ ᠵᠦᠢᠯ ᠨᠡᠶᠢᠲᠡ ᠶᠢᠨ ᠥᠮᠴᠢᠯᠡᠯ ᠤᠨ ᠪᠤᠰᠤ ᠬᠦᠷᠦᠩᠭᠡ ᠶᠢ ᠵᠣᠷᠢᠬᠵᠢᠭᠤᠯᠵᠤ ᠪᠠᠶᠢᠭᠠᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠷᠠᠳᠢᠣ᠋ ᠲᠧᠯᠸᠢᠰ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠳᠠᠭᠤᠤ ᠬᠥᠭᠵᠢᠮ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠵᠡᠷᠭᠡ ᠫᠷᠤᠭ᠍ᠷᠠᠮ ᠦᠢᠯᠡᠳᠬᠦ ᠳᠤ ᠪᠡᠯᠡ ᠤᠷᠤᠭᠤᠯᠤᠭᠤᠯᠤᠨ᠎ᠠ᠃


           ᠲᠦᠷᠪᠡᠳᠦᠬᠡᠷ ᠪᠦᠯᠦᠭ   ᠷᠠᠳᠢᠣ᠋ ᠲᠧᠯᠸᠢᠰ ᠤᠨ ᠲᠠᠮᠵᠢᠭᠤᠯᠭ᠎ᠠ ᠪᠠ ᠦᠢᠯᠡᠴᠢᠯᠡᠭᠡ


     ᠬᠤᠷᠢᠨ ᠬᠤᠶᠠᠳᠤᠭᠠᠷ ᠵᠦᠢᠯ
ᠷᠠᠳᠢᠣ᠋ ᠲᠧᠯᠸᠢᠰ ᠤᠨ ᠫᠷᠤᠭ᠍ᠷᠠᠮ ᠢ ᠲᠠᠮᠵᠢᠭᠤᠯᠤᠨ ᠭᠦᠷᠬᠡᠬᠦ ᠲᠤᠬᠠᠶᠢᠯᠠᠭᠰᠠᠨ ᠠᠵᠢᠯ ᠡᠷᠬᠢᠯᠡᠬᠦ ᠳᠤ᠂ ︽ᠷᠠᠳᠢᠣ᠋ ᠲᠧᠯᠸᠢᠰ ᠤᠨ ᠫᠷᠤᠭ᠍ᠷᠠᠮ ᠢ ᠲᠠᠮᠵᠢᠭᠤᠯᠤᠨ ᠭᠦᠷᠬᠡᠬᠦ ᠲᠤᠬᠠᠶᠢᠯᠠᠭᠰᠠᠨ ᠠᠵᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠬᠠᠤᠯᠢ ᠶᠣᠰᠣᠭᠠᠷ ᠤᠯᠬᠤ ᠶᠢᠨ ᠬᠠᠮᠳᠤ᠂ ᠵᠥᠪᠰᠢᠶᠡᠷᠡᠯ ᠤᠨ ᠦᠨᠡᠮᠯᠡᠯ ᠳᠤ ᠪᠢᠴᠢᠵᠦ ᠲᠣᠳᠣᠷᠬᠠᠶᠢᠯᠠᠭᠰᠠᠨ ᠵᠦᠢᠯᠡᠰ ᠶᠤᠰᠤᠭᠠᠷ ᠷᠠᠳᠢᠣ᠋ ᠲᠧᠯᠸᠢᠰ ᠤᠨ ᠫᠷᠤᠭ᠍ᠷᠠᠮ ᠢ ᠲᠠᠮᠵᠢᠭᠤᠯᠤᠨ ᠭᠦᠷᠬᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠬᠡᠷᠡᠭᠳᠡᠢ᠃
     ᠬᠤᠷᠢᠨ ᠭᠤᠷᠪᠠᠳᠤᠭᠠᠷ ᠵᠦᠢᠯ ᠳᠠᠭᠠᠭᠤᠯᠢ ᠣᠳᠣᠨ ᠤ ᠷᠠᠳᠢᠣ᠋ ᠲᠧᠯᠸᠢᠰ ᠤᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠶᠢ ᠤᠨᠨᠰᠠᠷᠠᠬᠤ ᠪᠤᠶᠤ ᠬᠡᠷᠡᠭᠯᠡᠬᠦ ᠪᠠᠷ ᠪᠠᠶᠢᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
     ᠬᠤᠷᠢᠨ ᠳᠥᠷᠪᠡᠳᠦᠭᠡᠷ ᠵᠦᠢᠯ ᠤᠲᠠᠰᠤᠲᠤ ᠲᠤᠭᠠᠴᠠᠯᠬᠠᠰᠠᠨ ᠲᠧᠯᠸᠢᠰ ᠤᠨ ᠨᠠᠭᠠᠳᠤ ᠵᠠᠬ᠎ᠠ ᠶᠢᠨ ᠭᠦᠯᠢᠶᠡᠨ ᠠᠪᠴᠤ ᠦᠵᠡᠬᠦ ᠶᠢ ᠪᠠᠳᠤᠯᠠᠵᠦ ᠬᠠᠮᠠᠭᠠᠯᠠᠬᠤ ᠵᠠᠷᠤᠳᠠᠯ ᠢ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠬᠦᠯᠬᠦ ᠶᠢᠨ ᠬᠠᠮᠲᠤ ᠨᠡᠶᠢᠭᠡᠮ ᠳᠤ ᠢᠯᠡ ᠪᠠᠷ ᠨᠡᠶᠢᠲᠡᠯᠡᠬᠦ ᠬᠡᠷᠡᠭᠲᠡᠶ᠃
     ᠬᠤᠷᠢᠨ ᠲᠠᠪᠤᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠬᠡᠴᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠦᠢᠯᠡᠴᠢᠯᠡᠬᠡᠨ ᠤ ᠲᠥᠷᠥᠯ ᠵᠦᠢᠯ ᠪᠠ ᠦᠨ᠎ᠡ ᠬᠠᠩᠰᠢ ᠶᠤᠰᠤᠭᠠᠷ ᠳᠠᠮᠵᠢᠭᠤᠯᠬᠤ ᠦᠢᠯᠡᠴᠢᠯᠡᠭᠡ ᠬᠠᠩᠭᠠᠬᠤ ᠬᠡᠷᠡᠭᠲᠡᠶ᠂ ᠤᠲᠠᠰᠤᠲᠤ ᠲᠤᠭᠠᠴᠠᠯᠬᠠᠰᠠᠨ ᠲᠧᠯᠸᠢᠰ ᠤᠨ ᠨᠠᠭᠠᠳᠤ ᠵᠠᠬ᠎ᠠ ᠶᠢᠨ ᠭᠦᠯᠢᠶᠡᠨ ᠠᠪᠴᠤ ᠦᠵᠡᠬᠦ ᠶᠢ ᠪᠠᠳᠤᠯᠠᠵᠦ ᠬᠠᠮᠠᠭᠠᠯᠠᠬᠤ ᠵᠠᠷᠤᠳᠠᠯ ᠳᠤ ᠭᠠᠶᠢᠯᠢ ᠠᠴᠠ ᠬᠡᠯᠲᠦᠷᠢᠭᠦᠯᠬᠦ ᠲᠣᠭᠲᠠᠭᠠᠯ ᠢ ᠴᠢᠩᠭ᠎ᠠ ᠬᠡᠷᠡᠭᠵᠢᠬᠦᠯᠬᠦ ᠬᠡᠷᠡᠭᠳᠡᠢ᠃
     ᠬᠤᠷᠢᠨ ᠵᠢᠷᠭᠤᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ ᠲᠤᠬᠠᠶᠢᠯᠬᠠᠰᠠᠨ ᠠᠵᠢᠯ ᠤᠨ ᠲᠥᠷᠥᠯ᠂ ᠦᠢᠯᠡᠴᠢᠯᠡᠬᠦ ᠬᠡᠪᠴᠢᠶ᠎ᠡ᠂ ᠦᠢᠯᠡᠴᠢᠯᠡᠬᠦ ᠴᠠᠭ ᠤᠨ ᠬᠢᠵᠠᠭᠠᠷ᠂ ᠵᠠᠷᠤᠳᠠᠯ ᠰᠦᠢᠳᠬᠡᠯ ᠤᠨ ᠪᠠᠷᠢᠮᠵᠢᠶ᠎ᠠ ᠶᠢ ᠨᠡᠶᠢᠭᠡᠮ ᠳᠤ ᠢᠯᠡ ᠪᠠᠷ ᠨᠡᠶᠢᠲᠡᠯᠡᠬᠦ ᠶᠢᠨ ᠬᠠᠮᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠃
     ᠰᠦᠢᠳᠬᠡᠯ ᠲᠤᠰᠢᠶᠠᠮᠠᠨᠵᠢᠨ ᠭᠦᠯᠢᠶᠡᠨ ᠠᠪᠴᠤ ᠦᠵᠡᠵᠦ ᠰᠤᠨᠤᠰᠴᠦ ᠪᠤᠯᠬᠤ ᠷᠠᠳᠢᠣ᠋ ᠲᠧᠯᠸᠢᠰ ᠤᠨ ᠰᠤᠪᠠᠭ ᠢ ᠪᠤᠯ ᠬᠡᠷᠡᠭᠯᠡᠭᠴᠢᠳ ᠰᠠᠶᠢᠨ ᠳᠤᠷ᠎ᠠ ᠠᠴᠠ ᠪᠠᠨ ᠵᠠᠬᠢᠶᠠᠯᠠᠨ᠎ᠠ᠂ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ ᠶᠠᠮᠠᠷᠪᠠ ᠬᠡᠯᠪᠡᠷᠢ ᠪᠠᠷ ᠬᠤᠯᠪᠤᠵᠦ ᠲᠠᠭᠠᠯᠳᠤᠭᠤᠯᠤᠨ ᠪᠤᠷᠤᠯᠠᠭᠤᠯᠵᠦ ᠪᠤᠯᠬᠤ ᠦᠬᠡᠢ᠃
     ᠬᠤᠷᠢᠨ ᠳᠣᠯᠣᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠭᠠᠳᠤ ᠵᠠᠬ᠎ᠠ ᠶᠢᠨ ᠭᠦᠯᠢᠶᠡᠨ ᠠᠪᠴᠤ ᠦᠵᠡᠬᠦ ᠰᠤᠪᠠᠭ ᠤᠨ ᠲᠤᠭ᠎ᠠ ᠬᠡᠮᠵᠢᠶ᠎ᠡ ᠶᠢ ᠪᠠᠳᠤᠯᠠᠬᠤ ᠬᠡᠷᠡᠭᠳᠡᠢ᠂ ᠨᠠᠭᠠᠳᠤ ᠵᠠᠬ᠎ᠠ ᠶᠢᠨ ᠭᠦᠯᠢᠶᠡᠨ ᠠᠪᠴᠤ ᠦᠵᠡᠬᠦ ᠰᠤᠪᠠᠭ ᠢ ᠵᠤᠨᠨᠰᠤᠭᠠᠬᠤ ᠪᠤᠶᠤ ᠬᠤᠪᠢᠷᠠᠭᠠᠬᠤ ᠴᠢᠬᠤᠯᠠᠳᠠᠢ ᠪᠠᠶᠢᠪᠠᠯ ᠬᠡᠷᠡᠭᠯᠡᠭᠴᠢᠳ ᠲᠤ ᠵᠠᠷᠯᠠᠨ ᠨᠡᠶᠢᠳᠡᠯᠡᠬᠦ ᠬᠡᠷᠡᠭᠳᠡᠢ᠃
     ᠬᠤᠷᠢᠨ ᠨᠠᠢᠮᠠᠳᠤᠭᠠᠷ ᠵᠦᠢᠯ ᠤᠲᠠᠰᠤᠲᠤ ᠷᠠᠳᠢᠣ᠋ ᠲᠧᠯᠸᠢᠰ ᠢ ᠡᠵᠡᠩᠨᠡᠬᠦ ᠦᠢᠯᠡᠴᠢᠯᠡᠭᠡᠨ ᠤ ᠨᠢᠭᠡᠴᠢ ᠨᠢ ᠷᠠᠳᠢᠣ᠋ ᠲᠧᠯᠸᠢᠰ ᠤᠨ ᠰᠤᠪᠠᠭ ᠤᠨ ᠳ᠋ᠤᠭᠠᠷᠯᠠᠯ ᠢ ᠲᠤᠬᠢᠷᠠᠭᠤᠯᠬᠤ᠂ ᠰᠢᠰᠲ᠋ᠧᠮ ᠤᠨ ᠲᠥᠬᠦᠭᠡᠷᠦᠮᠵᠢ ᠵᠢᠴᠢ ᠬᠡᠯᠬᠢᠶ᠎ᠡ ᠶᠢ ᠪᠠᠶᠢᠴᠠᠭᠠᠨ ᠵᠠᠰᠠᠬᠤ᠂ ᠲᠥᠬᠦᠭᠡᠷᠦᠮᠵᠢ ᠶᠢ ᠰᠢᠯᠵᠢᠬᠦᠯᠬᠦ᠂ ᠲᠣᠣᠷ ᠰᠦᠯᠵᠢᠶ᠎ᠡ ᠵᠢᠴᠢ ᠵᠥᠭᠡᠯᠡᠨ ᠲᠤᠨᠤᠭ ᠢ ᠲᠡᠰ ᠲᠡᠪᠰᠢᠬᠦᠯᠬᠦ ᠠᠴᠠ ᠪᠤᠯᠵᠦ᠂ ᠬᠡᠷᠡᠭᠯᠡᠭᠴᠢᠳ ᠤᠨ ᠭᠦᠯᠢᠶᠡᠨ ᠠᠪᠴᠤ ᠦᠵᠡᠵᠦ ᠰᠤᠨᠤᠰᠬᠤ ᠶᠢ ᠨᠦᠯᠦᠬᠡᠯᠡᠭᠰᠡᠨ ᠪᠠᠶᠢᠪᠠᠯ᠂ ᠲᠠᠯᠠᠨ ᠬᠤᠶᠠᠷ ᠴᠠᠭ ᠤᠨ ᠡᠮᠦᠨ᠎ᠡ ᠬᠡᠷᠡᠭᠯᠡᠭᠴᠢᠳ ᠲᠤ ᠵᠠᠷᠯᠠᠨ ᠨᠡᠶᠢᠳᠡᠯᠡᠬᠦ ᠬᠡᠷᠡᠭᠲᠡᠶ᠃


           ᠲᠠᠪᠤᠳᠤᠭᠠᠷ ᠪᠦᠯᠦᠭ   ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ


     ᠬᠤᠷᠢ ᠶᠢᠰᠦᠳᠦᠭᠡᠷ ᠵᠦᠢᠯ
ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠡᠷᠬᠢᠯᠡᠬᠦ ᠬᠡᠪᠡᠯ᠂ ︽ᠮᠡᠳᠡᠭᠡ ᠵᠠᠩᠭᠢ ᠶᠢᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠢ ᠲᠠᠮᠵᠢᠭᠤᠯᠵᠦ ᠨᠡᠪᠳᠡᠷᠡᠭᠦᠯᠬᠦ ᠵᠥᠪᠰᠢᠶᠡᠷᠡᠯ ᠤᠨ ᠦᠨᠡᠮᠯᠡᠯ︾ ᠢ ᠬᠠᠤᠯᠢ ᠶᠤᠰᠤᠭᠠᠷ ᠤᠯᠤᠨᠨᠰᠠᠨ ᠪᠠᠶᠢᠬᠤ ᠬᠡᠷᠡᠭᠳᠡᠢ᠃
     ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠲᠠᠮᠵᠢᠭᠤᠯᠤᠨ ᠨᠡᠪᠳᠡᠷᠡᠭᠦᠯᠬᠦ ᠲᠥᠷᠥᠯ ᠤᠨ ᠦᠢᠯᠡᠴᠢᠯᠡᠭᠡ ᠶᠢ ᠡᠷᠬᠢᠯᠡᠬᠦ ᠬᠡᠪᠡᠯ᠂ ᠫᠷᠤᠭ᠍ᠷᠠᠮ ᠶᠢᠨ ᠨᠡᠪᠳᠡᠷᠡᠭᠦᠯᠬᠡ ᠡᠬᠢᠯᠡᠬᠦ ᠠᠴᠠ ᠭᠤᠴᠢᠨ ᠡᠳᠦᠷ ᠤᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃
     ᠡᠮᠦᠨᠡᠬᠢ ᠵᠤᠷᠪᠤᠰ ᠤᠨ ᠲᠣᠭᠲᠠᠭᠠᠯ ᠲᠠᠢ ᠨᠡᠶᠢᠴᠡᠪᠡᠯ᠂ ᠰᠢᠯᠵᠢᠮᠡᠯ ᠢᠨᠲ᠋ᠧᠷ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠶᠢ ᠨᠡᠮᠡᠯᠳᠡ ᠵᠦᠢᠯ ᠢᠶᠠᠷ ᠭᠤᠶᠤᠴᠢᠯᠠᠵᠦ ᠪᠤᠯᠤᠨ᠎ᠠ᠃
     ᠭᠤᠴᠢᠳᠤᠭᠠᠷ ᠵᠦᠢᠯ ︽ᠮᠡᠳᠡᠭᠡ ᠵᠠᠩᠭᠢ ᠶᠢᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠢ ᠲᠠᠮᠵᠢᠭᠤᠯᠵᠦ ᠨᠡᠪᠳᠡᠷᠡᠭᠦᠯᠬᠦ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠪᠤᠶᠤ ᠪᠦᠷᠢᠳᠬᠡᠨ ᠳᠠᠩᠰᠠᠯᠠᠭᠤᠯᠤᠭᠰᠠᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠨᠢ᠂ ᠵᠥᠪᠰᠢᠶᠡᠷᠡᠯ ᠤᠨ ᠦᠨᠡᠮᠯᠡᠯ ᠳᠤ ᠪᠢᠴᠢᠵᠦ ᠲᠤᠳᠤᠷᠬᠠᠶᠢᠯᠬᠠᠰᠠᠨ ᠪᠤᠶᠤ ᠪᠦᠷᠢᠳᠬᠡᠨ ᠳᠠᠩᠰᠠᠯᠠᠭᠤᠯᠤᠭᠰᠠᠨ ᠵᠦᠢᠯᠡᠰ ᠤᠨ ᠶᠤᠰᠤᠭᠠᠷ ᠲᠤᠬᠠᠶᠢᠯᠠᠭᠰᠠᠨ ᠠᠵᠢᠯ ᠢ ᠥᠷᠨᠢᠭᠦᠯᠬᠦ ᠶᠢᠨ ᠬᠠᠮᠳᠤ᠂ ᠰᠦᠯᠵᠢᠶᠡᠨ ᠤ ᠲᠡᠷᠢᠭᠦᠨ ᠨᠢᠭᠤᠷ ᠲᠤ ᠵᠥᠪᠰᠢᠶᠡᠷᠡᠯ ᠤᠨ ᠦᠨᠡᠮᠯᠡᠯ ᠤᠨ ᠨᠤᠮᠧᠷ ᠪᠤᠶᠤ ᠪᠦᠷᠢᠳᠬᠡᠨ ᠳᠠᠩᠰᠠᠯᠠᠭᠤᠯᠤᠭᠰᠠᠨ ᠨᠣᠮᠧᠷ ᠢ ᠬᠠᠳᠠᠵᠦ ᠢᠯᠡ ᠲᠠᠯᠪᠢᠬᠤ ᠬᠡᠷᠡᠭᠳᠡᠢ᠃
     ᠭᠤᠴᠢᠨ ᠨᠢᠭᠡᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠬᠡᠳ ︽ᠮᠡᠳᠡᠭᠡ ᠵᠠᠩᠭᠢ ᠶᠢᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠢ ᠲᠠᠮᠵᠢᠭᠤᠯᠵᠦ ᠨᠡᠪᠳᠡᠷᠡᠬᠦᠯᠬᠦ ᠵᠥᠪᠰᠢᠶᠡᠷᠡᠯ ᠤᠨ ᠦᠨᠡᠮᠯᠡᠯ︾  ᠢ ᠣᠯᠤᠭᠰᠠᠨ ᠦᠬᠡᠢ ᠪᠤᠶᠤ ᠪᠦᠷᠢᠳᠬᠡᠨ ᠳᠠᠩᠰᠠᠯᠠᠭᠤᠯᠤᠭᠰᠠᠨ ᠦᠭᠡᠢ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠳᠤ ᠮᠡᠳᠡᠭᠡ ᠵᠠᠩᠭᠢ ᠶᠢᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠲᠠᠢ ᠬᠤᠯᠪᠤᠨᠨᠳᠠᠬᠤ ᠣᠷᠣᠯᠠᠨ ᠬᠤᠷᠢᠶᠠᠬᠤ ᠰᠦᠢᠳᠬᠡᠯ᠂ ᠲᠤᠬᠢᠶᠠᠨ ᠲᠠᠮᠵᠢᠭᠤᠯᠭ᠎ᠠ᠂ ᠦᠢᠯᠡᠴᠢᠯᠡᠭᠦᠷ ᠢ ᠨᠠᠶᠢᠳᠠᠨ ᠬᠠᠮᠢᠶᠠᠷᠤᠭᠤᠯᠬᠤ᠂ ᠵᠥᠭᠡᠯᠡᠨ ᠪᠠ ᠬᠠᠲᠠᠭᠤ ᠬᠡᠷᠡᠭᠰᠡᠯ ᠤᠨ ᠮᠡᠷᠭᠡᠵᠢᠯ ᠤᠨ ᠳᠡᠮᠵᠢᠯᠭᠡ ᠵᠡᠷᠭᠡ ᠦᠢᠯᠡᠴᠢᠯᠡᠭᠡ ᠶᠢ ᠬᠠᠩᠭᠠᠵᠦ ᠪᠤᠯᠬᠤ ᠦᠬᠡᠢ᠃
     ᠭᠤᠴᠢᠨ ᠬᠤᠶᠠᠳᠤᠭᠠᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠨᠢ ᠫᠷᠤᠭ᠍ᠷᠠᠮ ᠢ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠵᠦ᠂ ᠫᠷᠤᠭ᠍ᠷᠠᠮ ᠤᠨ ᠶᠡᠷᠦᠩᠬᠡᠶ ᠨᠠᠶᠢᠷᠠᠭᠤᠯᠤᠭᠴᠢ ᠬᠠᠷᠢᠭᠤᠴᠠᠬᠤ ᠲᠦᠷᠢᠮ ᠢ ᠬᠡᠷᠡᠭᠵᠢᠬᠦᠯᠦᠨ᠎ᠠ᠂ ᠶᠡᠷᠦᠩᠬᠡᠶ ᠨᠠᠶᠢᠷᠠᠭᠤᠯᠤᠭᠴᠢ ᠨᠢ ᠵᠠᠪᠠᠯ ᠰᠣᠨᠢᠨ ᠮᠡᠳᠡᠭᠡᠨ ᠤ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠶᠢᠬᠤ ᠬᠡᠷᠡᠭᠲᠡᠶ᠃
     ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠪᠤᠯᠬᠤ ᠨᠡᠬᠡᠬᠡᠨ ᠡᠷᠬᠢᠯᠡᠬᠦ ᠭᠤᠣᠯ ᠴᠣᠭᠴᠠ ᠨᠢ ᠫᠷᠤᠭ᠍ᠷᠠᠮ ᠤᠨ ᠲᠤᠬᠢᠷᠠᠭᠤᠯᠤᠯᠳᠠ ᠲᠠᠢ ᠪᠠᠨ ᠵᠤᠬᠢᠴᠠᠭᠤᠯᠤᠨᠨᠰᠠᠨ ᠦᠵᠡᠬᠦᠯᠵᠦ ᠰᠤᠨᠤᠰᠬᠠᠬᠤ ᠫᠷᠤᠭ᠍ᠷᠠᠮ ᠤᠨ ᠬᠢᠨᠠᠨ ᠬᠠᠷᠭᠤᠭᠤᠯᠤᠨᠨᠴᠢ ᠲᠣᠬᠢᠷᠠᠭᠤᠯᠬᠤ ᠬᠡᠷᠡᠭᠲᠡᠶ᠃
     ᠭᠤᠴᠢᠨ ᠭᠤᠷᠪᠠᠳᠤᠭᠠᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠶᠢᠨ ᠨᠡᠪᠳᠡᠷᠡᠬᠦᠯᠵᠦ ᠪᠠᠶᠢᠭ᠎ᠠ ᠴᠠᠭ ᠤᠨ ᠪᠠᠶᠢᠳᠠᠯ ᠤᠨ ᠲᠦᠷᠦᠯ ᠤᠨ ᠦᠵᠡᠬᠦᠯᠵᠦ ᠰᠤᠨᠤᠰᠬᠠᠬᠤ ᠰᠣᠨᠢᠨ ᠮᠡᠳᠡᠭᠡᠨ ᠤ ᠫᠷᠤᠭ᠍ᠷᠠᠮ ᠨᠢ ᠲᠥᠪ ᠤᠨ ᠰᠣᠨᠢᠨ ᠮᠡᠳᠡᠭᠡᠨ ᠤ ᠨᠢᠬᠡᠴᠢ ᠶᠢᠨ ᠬᠢᠨ ᠤ ᠰᠦᠯᠵᠢᠶᠡᠨ ᠳᠤ ᠨᠡᠶᠢᠲᠡᠯᠡᠭᠳᠡᠭᠰᠡᠨ ᠴᠠᠭ ᠤᠨ ᠪᠠᠶᠢᠳᠠᠯ ᠤᠨ ᠲᠦᠷᠦᠯ ᠤᠨ ᠰᠣᠨᠢᠨ ᠮᠡᠳᠡᠭᠡᠨ ᠤ ᠫᠷᠤᠭ᠍ᠷᠠᠮ ᠪᠠ ᠷᠠᠳᠢᠣ᠋ ᠲᠧᠯᠸᠢᠰ ᠬᠤᠷᠢᠶᠠᠨ ᠤ ᠦᠢᠯᠡᠳᠴᠤ᠂ ᠨᠡᠪᠳᠡᠷᠡᠭᠦᠯᠦᠭᠰᠡᠨ ᠫᠷᠤᠭ᠍ᠷᠠᠮ ᠪᠠᠶᠢᠬᠤ ᠬᠡᠷᠡᠭᠳᠡᠢ᠃
     ᠭᠤᠴᠢᠨ ᠳᠥᠷᠪᠡᠳᠦᠭᠡᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠨᠢ ᠨᠡᠪᠳᠡᠷᠡᠬᠦᠯᠬᠡ ᠶᠢᠨ ᠲᠠᠩᠰᠠ ᠡᠪᠬᠡᠮᠡᠯ ᠢ ᠪᠠᠶᠢᠭᠤᠯᠵᠦ᠂ ᠨᠢᠭᠡᠨᠲᠡ ᠨᠡᠪᠲᠡᠷᠡᠭᠦᠯᠦᠭᠰᠡᠨ ᠦᠵᠡᠬᠦᠯᠵᠦ ᠰᠤᠨᠤᠰᠬᠠᠬᠤ ᠫᠷᠤᠭ᠍ᠷᠠᠮ ᠢ ᠨᠠᠭᠠᠳᠤ ᠵᠠᠬ᠎ᠠ ᠳᠤ ᠪᠠᠨ ᠪᠦᠷᠢᠨ ᠪᠦᠲᠦᠨ ᠢᠶᠠᠷ ᠨᠢ ᠵᠢᠷᠠᠨ ᠡᠳᠦᠷ ᠬᠠᠳᠠᠭᠠᠯᠠᠬᠤ

ᠬᠡᠷᠡᠭᠳᠡᠢ᠃
     ᠭᠤᠴᠢᠨ ᠲᠠᠪᠤᠳᠤᠭᠠᠷ ᠵᠦᠢᠯ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠨᠢ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠤᠬᠢᠶᠠᠨ ᠤ ᠵᠠᠯᠭᠠᠭᠤᠯᠵᠦ ᠤᠷᠤᠭᠤᠯᠬᠤ ᠵᠦᠢᠯ ᠢᠶᠠᠨ ᠬᠠᠩᠭᠠᠬᠤ ᠬᠡᠷᠡᠭᠲᠡᠶ᠃
     ᠭᠤᠴᠢᠨ ᠵᠢᠷᠭᠤᠳᠤᠭᠠᠷ ᠵᠦᠢᠯ ᠪᠦᠷᠢᠳᠬᠡᠨ ᠳᠠᠩᠰᠠᠯᠠᠭᠤᠯᠤᠭᠰᠠᠨ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡᠨ ᠤ ᠨᠢᠬᠡᠴᠢ ᠨᠢ ᠵᠥᠪᠰᠢᠶᠡᠷᠡᠯ ᠦᠬᠡᠢ ᠪᠠᠷ ᠲᠤᠬᠠᠶᠢᠯᠠᠭᠰᠠᠨ ᠠᠵᠢᠯ ᠢᠶᠠᠨ ᠲᠠᠷᠠᠭᠠᠯᠠᠨ ᠵᠤᠨᠨᠰᠤᠭᠠᠵᠦ ᠵᠢᠷᠠᠨ ᠡᠳᠦᠷ ᠠᠴᠠ ᠲᠠᠪᠠᠭᠤᠯᠤᠨᠨᠰᠠᠨ ᠪᠠᠶᠢᠪᠠᠯ᠂ ᠪᠦᠷᠢᠳᠬᠡᠨ ᠳᠠᠩᠰᠠᠯᠠᠭᠤᠯᠤᠭᠰᠠᠨ ᠨᠣᠮᠧᠷ ᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠦᠴᠦᠨ ᠦᠭᠡᠢ ᠪᠣᠯᠭᠠᠬᠤ ᠶᠢᠨ ᠬᠠᠮᠲᠤ᠂ ᠨᠡᠶᠢᠭᠡᠮ ᠳᠤ ᠢᠯᠡ ᠪᠠᠷ ᠨᠡᠶᠢᠲᠡᠯᠡᠬᠦ ᠬᠡᠷᠡᠭᠲᠡᠶ᠃
     ᠭᠤᠴᠢᠨ ᠳᠣᠯᠣᠳᠤᠭᠠᠷ ᠵᠦᠢᠯ ᠵᠥᠪᠰᠢᠶᠡᠷᠡᠯ ᠤᠢᠭᠡᠢ ᠪᠠᠷ ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠷᠠᠳᠢᠣ᠋ ᠲᠧᠯᠸᠢᠰ ᠤᠨ ᠲᠤᠰᠬᠠᠶ ᠨᠡᠷᠡᠶᠢᠳᠦᠯ ᠢ ᠲᠤᠤᠷ ᠰᠦᠯᠵᠢᠶᠡᠨ ᠳᠤ ᠬᠡᠷᠡᠭᠯᠡᠵᠦ ᠪᠤᠯᠬᠤ ᠦᠬᠡᠢ᠃
     ᠭᠤᠴᠢᠨ ᠨᠠᠢᠮᠠᠳᠤᠭᠠᠷ ᠵᠦᠢᠯ ᠤᠯᠠᠨ ᠨᠡᠶᠢᠲᠡ ᠶᠢᠨ ᠦᠵᠡᠬᠦᠯᠵᠦ ᠰᠤᠨᠤᠰᠬᠠᠬᠤ ᠠᠴᠢᠶᠠᠯᠠᠪᠤᠷᠢ ᠪᠠᠷ ᠲᠠᠮᠵᠢᠭᠤᠯᠵᠦ ᠦᠵᠡᠬᠦᠯᠵᠦ ᠰᠤᠨᠤᠰᠬᠠᠬᠤ ᠫᠷᠤᠭ᠍ᠷᠠᠮ ᠢ ᠨᠡᠪᠳᠡᠷᠡᠬᠦᠯᠬᠦ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠬᠦᠯᠬᠦ ᠬᠡᠷᠡᠭᠳᠡᠢ᠃
     ᠭᠤᠴᠢ ᠶᠢᠰᠦᠳᠦᠭᠡᠷ ᠵᠦᠢᠯ ᠵᠣᠴᠢᠳ ᠤᠨ ᠪᠠᠭᠤᠳᠠᠯ᠂ ᠪᠠᠭᠤᠳᠠᠯ ᠨᠢ ᠷᠠᠳᠢᠣ᠋ ᠲᠧᠯᠸᠢᠰ ᠤᠨ ᠸᠢᠳᠢᠤ᠋ ᠵᠠᠬᠢᠶᠠᠯᠠᠨ ᠨᠡᠪᠳᠡᠷᠡᠭᠦᠯᠬᠦ ᠲᠤᠬᠠᠶᠢᠯᠠᠭᠰᠠᠨ ᠠᠵᠢᠯ ᠡᠷᠬᠢᠯᠡᠬᠦ ᠬᠡᠪᠡᠯ᠂ ︽ᠷᠠᠳᠢᠣ᠋ ᠲᠧᠯᠸᠢᠰ ᠤᠨ ᠸᠢᠳᠢᠤ᠋ ᠵᠠᠬᠢᠶᠠᠯᠠᠨ ᠨᠡᠪᠳᠡᠷᠡᠭᠦᠯᠬᠦ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠤᠨ ᠦᠨᠡᠮᠯᠡᠯ︾ ᠢ ᠬᠠᠤᠯᠢ ᠶᠣᠰᠣᠭᠠᠷ ᠤᠯᠤᠨᠨᠰᠠᠨ ᠪᠠᠶᠢᠬᠤ ᠬᠡᠷᠡᠭᠲᠡᠶ᠃


           ᠵᠢᠷᠭᠤᠳᠤᠭᠠᠷ ᠪᠦᠯᠦᠭ   ᠷᠠᠳᠢᠣ᠋ ᠲᠧᠯᠸᠢᠰ ᠤᠨ ᠪᠡᠯᠡᠳᠬᠡᠮᠵᠢ ᠶᠢ ᠬᠠᠮᠠᠭᠠᠯᠠᠬᠤ ᠬᠢᠬᠡᠳ ᠠᠮᠤᠷ ᠲᠦᠪᠰᠢᠨ ᠢᠶᠠᠷ ᠨᠡᠪᠲᠡᠷᠡᠭᠦᠯᠬᠦ


     ᠳᠥᠴᠢᠳᠦᠭᠡᠷ ᠵᠦᠢᠯ
ᠷᠠᠳᠢᠣ᠋ ᠲᠧᠯᠸᠢᠰ ᠤᠨ ᠪᠡᠯᠡᠳᠬᠡᠮᠵᠢ ᠶᠢᠨ ᠬᠠᠮᠢᠶᠠᠷᠤᠯᠳᠠ ᠶᠢᠨ ᠨᠢᠬᠡᠴᠢ ᠶᠢᠨ ᠲᠤᠰᠬᠠᠶ ᠬᠡᠷᠡᠭᠯᠡᠬᠦ ᠴᠠᠬᠢᠯᠭᠠᠨ ᠬᠠᠩᠭᠠᠯᠭ᠎ᠠ᠂ ᠤᠰᠤᠨ ᠤ ᠬᠠᠩᠭᠠᠯᠭ᠎ᠠ᠂ ᠴᠢᠮᠡᠭᠡ ᠬᠤᠯᠪᠣᠭ᠎ᠠ ᠵᠡᠷᠭᠡ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ ᠨᠦᠭᠦᠳ ᠪᠠᠳᠤᠯᠠᠨ ᠬᠠᠩᠭᠠᠬᠤ ᠬᠡᠷᠡᠭᠳᠡᠢ᠃
     ᠷᠠᠳᠢᠣ᠋ ᠲᠧᠯᠸᠢᠰ ᠤᠨ ᠪᠡᠯᠡᠳᠬᠡᠮᠵᠢ ᠶᠢᠨ ᠬᠠᠮᠢᠶᠠᠷᠤᠯᠳᠠ ᠶᠢᠨ ᠨᠢᠭᠡᠴᠢ ᠨᠢ ᠷᠠᠳᠢᠣ᠋ ᠲᠧᠯᠸᠢᠰ ᠤᠨ ᠴᠢᠬᠤᠯᠠ ᠪᠡᠯᠡᠳᠬᠡᠮᠵᠢ ᠳᠤ ᠪᠡᠯᠡᠳᠬᠡᠯ ᠴᠠᠬᠢᠯᠭᠠᠨ ᠡᠭᠦᠰᠭᠡᠭᠴᠢ᠂ ᠤᠰᠤᠨ ᠤ ᠰᠤᠷᠪᠤᠯᠵᠢ ᠵᠡᠷᠭᠡ ᠪᠡᠯᠡᠳᠬᠡᠮᠵᠢ ᠲᠤᠬᠢᠷᠠᠭᠤᠯᠬᠤ ᠬᠡᠷᠡᠭᠳᠡᠢ᠃
     ᠳᠥᠴᠢᠨ ᠨᠢᠭᠡᠳᠦᠭᠡᠷ ᠵᠦᠢᠯ ᠪᠠᠷᠢᠯᠭ᠎ᠠ ᠪᠠᠷᠢᠬᠤ ᠳᠤ ᠠᠯᠢ ᠴᠢᠳᠠᠬᠤ ᠪᠠᠷ ᠷᠠᠳᠢᠣ᠋ ᠲᠧᠯᠸᠢᠰ ᠤᠨ ᠪᠡᠯᠡᠳᠬᠡᠮᠵᠢ ᠠᠴᠠ ᠵᠠᠶᠢᠯᠠᠰᠬᠢᠬᠤ ᠬᠡᠷᠡᠭᠳᠡᠢ᠃ ᠦᠨᠡᠨ ᠬᠦ ᠵᠠᠶᠢᠯᠠᠭᠤᠯᠬᠤ ᠶᠢᠨ ᠠᠷᠭ᠎ᠠ ᠦᠬᠡᠢ ᠠᠴᠠ ᠪᠤᠯᠵᠦ ᠷᠠᠳᠢᠣ᠋ ᠲᠧᠯᠸᠢᠰ ᠤᠨ ᠪᠡᠯᠡᠳᠬᠡᠮᠵᠢ ᠶᠢ ᠰᠢᠯᠵᠢᠭᠦᠯᠬᠦ ᠯᠡ ᠴᠢᠬᠤᠯᠠᠳᠠᠢ ᠪᠤᠯᠪᠠᠯ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠵᠦᠪᠰᠢᠶᠡᠷᠡᠬᠦ ᠠᠴᠠ ᠡᠮᠦᠨ᠎ᠡ᠂ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠦᠪᠰᠢᠶᠡᠷᠡᠯ ᠢ ᠤᠯᠤᠨᠨᠰᠠᠨ ᠪᠠᠶᠢᠵᠦ᠂ ᠨᠡᠭᠦᠯᠭᠡᠨ ᠪᠠᠶᠢᠭᠤᠯᠬᠤ ᠳᠤ ᠬᠡᠷᠡᠭᠰᠡᠬᠦ ᠵᠠᠷᠤᠳᠠᠯ ᠢ ᠪᠦᠳᠦᠬᠡᠨ ᠪᠠᠶᠢᠭᠤᠯᠬᠤ ᠨᠢᠭᠡᠴᠢ ᠨᠢ ᠡᠭᠦᠷᠬᠡᠯᠡᠬᠦ ᠬᠡᠷᠡᠭᠳᠡᠢ᠃
     ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠨᠢ ᠷᠠᠳᠢᠣ᠋ ᠲᠧᠯᠸᠢᠰ ᠤᠨ ᠪᠡᠯᠡᠳᠬᠡᠮᠵᠢ ᠶᠢᠨ ᠬᠡᠪ ᠢᠶᠠᠷ ᠬᠡᠷᠡᠭᠯᠡᠭᠳᠡᠬᠦ ᠶᠢ ᠨᠦᠯᠦᠬᠡᠯᠡᠬᠦ ᠪᠤᠯᠤᠮᠵᠢ ᠲᠠᠢ ᠪᠠᠶᠢᠪᠠᠯ᠂ ᠪᠦᠳᠦᠬᠡᠨ ᠪᠠᠶᠢᠭᠤᠯᠬᠤ ᠨᠢᠬᠡᠴᠢ ᠨᠢ ᠪᠠᠷᠢᠯᠭ᠎ᠠ ᠡᠬᠢᠯᠡᠬᠦ ᠠᠴᠠ ᠠᠷᠪᠠᠨ ᠡᠳᠦᠷ ᠤᠨ ᠡᠮᠦᠨ᠎ᠡ ᠷᠠᠳᠢᠣ᠋ ᠲᠧᠯᠸᠢᠰ ᠤᠨ ᠪᠡᠯᠡᠳᠬᠡᠮᠵᠢ ᠶᠢᠨ ᠬᠠᠮᠢᠶᠠᠷᠤᠯᠳᠠ ᠶᠢᠨ ᠨᠢᠬᠡᠴᠢ ᠳᠤ ᠮᠡᠳᠡᠭᠳᠡᠬᠦ ᠶᠢᠨ ᠬᠠᠮᠳᠤ᠂ ᠴᠢᠬᠤᠯᠠ ᠪᠦᠬᠦᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠠᠷᠢᠯᠭ᠎ᠠ ᠪᠠᠷᠢᠬᠤ ᠨᠢ ᠵᠣᠬᠢᠰ ᠦᠭᠡᠢ ᠠᠴᠠ ᠪᠤᠯᠵᠦ ᠷᠠᠳᠢᠣ᠋ ᠲᠧᠯᠸᠢᠰ ᠤᠨ ᠪᠡᠯᠡᠳᠬᠡᠮᠵᠢ ᠶᠢ ᠡᠪᠳᠡᠭᠰᠡᠨ ᠪᠠᠶᠢᠪᠠᠯ᠂ ᠵᠠᠰᠠᠵᠤ ᠰᠡᠷᠭᠦᠭᠡᠬᠦ᠂ ᠬᠤᠬᠢᠷᠠᠯ ᠢ ᠨᠢ ᠲᠦᠯᠦᠬᠦ ᠵᠡᠷᠭᠡ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃
     ᠳᠥᠴᠢᠨ ᠬᠤᠶᠠᠳᠤᠭᠠᠷ ᠵᠦᠢᠯ ᠪᠠᠶᠢᠭᠤᠯᠬᠤ ᠪᠠᠷᠢᠯᠭ᠎ᠠ ᠨᠢ ᠠᠭᠠᠷ ᠢᠶᠠᠷ ᠲᠠᠮᠵᠢᠭᠤᠯᠬᠤ ᠲᠤᠰᠬᠠᠢ ᠬᠡᠷᠡᠭᠯᠡᠬᠦ ᠨᠡᠪᠳᠡᠷᠡᠯ ᠢ ᠬᠠᠷᠰᠢᠯᠠᠵᠦ᠂ ᠷᠠᠳᠢᠣ᠋ ᠲᠧᠯᠸᠢᠰ ᠤᠨ ᠠᠭᠠᠷ ᠢᠶᠠᠷ ᠲᠠᠮᠵᠢᠭᠤᠯᠬᠤ ᠲᠤᠬᠢᠶᠠᠨ ᠤ ᠵᠠᠯᠭᠠᠯ ᠦᠷᠲᠡᠭᠡ ᠶᠢ ᠪᠠᠶᠢᠭᠤᠯᠬᠤ ᠪᠤᠶᠤ ᠲᠠᠮᠵᠢᠭᠤᠯᠬᠤ ᠨᠡᠪᠳᠡᠷᠡᠯ ᠵᠠᠮ ᠤᠨ ᠵᠠᠮᠨᠠᠭᠤᠷ ᠢ ᠨᠢ ᠬᠤᠪᠢᠷᠠᠭᠤᠯᠬᠤ ᠴᠢᠬᠤᠯᠠᠲᠠᠶ ᠪᠠᠶᠢᠪᠠᠯ᠂ ᠪᠠᠶᠢᠭᠤᠯᠬᠤ ᠨᠢᠭᠡᠴᠢ ᠨᠢ ᠬᠡᠷᠡᠭᠰᠡᠬᠦ ᠵᠠᠷᠤᠳᠠᠯ ᠢ ᠡᠭᠦᠷᠬᠡᠯᠡᠬᠦ ᠶᠢᠨ ᠬᠠᠮᠳᠤ ᠠᠵᠤ ᠠᠬᠤᠶ ᠲᠠᠯ᠎ᠠ ᠪᠠᠷ ᠵᠤᠬᠢᠬᠤ ᠬᠡᠮᠵᠢᠶ᠎ᠡ ᠲᠠᠢ ᠨᠦᠭᠦᠪᠦᠷᠢᠯᠡᠬᠦ ᠬᠡᠷᠡᠭᠲᠡᠶ᠃
     ᠳᠥᠴᠢᠨ ᠭᠤᠷᠪᠠᠳᠤᠭᠠᠷ ᠵᠦᠢᠯ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠪᠠᠨ ᠳᠣᠲᠣᠷᠠᠬᠢ ᠷᠠᠳᠢᠣ᠋ ᠲᠧᠯᠸᠢᠰ ᠤᠨ ᠪᠡᠯᠡᠳᠬᠡᠮᠵᠢ ᠵᠢᠴᠢ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠪᠠ ᠦᠨᠡᠯᠡᠨ ᠵᠢᠱᠢᠬᠦ ᠬᠡᠷᠡᠭᠲᠡᠶ᠃
     ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠷᠠᠳᠢᠣ᠋ ᠲᠧᠯᠸᠢᠰ ᠤᠨ ᠪᠡᠯᠡᠳᠬᠡᠮᠵᠢ ᠵᠢᠴᠢ ᠮᠡᠳᠡᠭᠡ ᠵᠠᠩᠭᠢ ᠶᠢᠨ ᠲᠤᠤᠷ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠳᠤ ᠬᠠᠮᠢᠶ᠎ᠠ ᠪᠦᠬᠦᠢ ᠮᠡᠳᠡᠯᠭᠡ ᠶᠢᠨ ᠪᠤᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ᠃
     ᠳᠥᠴᠢᠨ ᠳᠥᠷᠪᠡᠳᠦᠭᠡᠷ ᠵᠦᠢᠯ ᠷᠠᠳᠢᠣ᠋ ᠲᠧᠯᠸᠢᠰ ᠤᠨ ᠫᠷᠤᠭ᠍ᠷᠠᠮ ᠢ ᠨᠡᠪᠲᠡᠷᠡᠭᠦᠯᠬᠦ᠂ ᠳᠠᠮᠵᠢᠭᠤᠯᠤᠨ ᠬᠦᠷᠭᠡᠬᠦ ᠪᠠ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠡᠷᠬᠢᠯᠡᠵᠦ ᠪᠠᠶᠢᠭ᠎ᠠ ᠨᠢᠭᠡᠴᠢ ᠨᠢ ᠷᠠᠳᠢᠣ᠋ ᠲᠧᠯᠸᠢᠰ ᠤᠨ ᠪᠡᠯᠡᠳᠬᠡᠮᠵᠢ ᠵᠢᠴᠢ ᠮᠡᠳᠡᠭᠡ ᠵᠠᠩᠭᠢ ᠶᠢᠨ ᠲᠤᠤᠷ ᠰᠦᠯᠵᠢᠶᠡᠨ ᠤ ᠰᠢᠰᠲ᠋ᠧᠮ ᠤᠨ ᠠᠮᠤᠷ ᠲᠦᠪᠰᠢᠨ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠲᠤᠷᠰᠢᠵᠤ ᠦᠨᠡᠯᠡᠨ ᠵᠢᠱᠢᠬᠦ ᠪᠠ ᠲᠠᠯᠳᠠ ᠭᠡᠮ ᠢ ᠨᠢ ᠵᠢᠭᠰᠠᠭᠠᠨ ᠪᠠᠶᠢᠴᠠᠭᠠᠵᠤ᠂ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠤᠨᠨᠳᠠᠭᠠᠨ ᠲᠡᠭᠦᠯᠳᠡᠷᠵᠢᠬᠦᠯᠬᠦ ᠬᠡᠷᠡᠭᠲᠡᠶ᠃ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠠᠷᠦ᠋ᠢᠬᠠᠨ ᠡᠬᠢᠯᠡᠬᠦᠯᠬᠦ ᠶᠢᠨ ᠬᠠᠮᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃
     ᠳᠥᠴᠢᠨ ᠲᠠᠪᠤᠳᠤᠭᠠᠷ ᠵᠦᠢᠯ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠷᠠᠳᠢᠣ᠋ ᠲᠧᠯᠸᠢᠰ ᠤᠨ ᠫᠷᠤᠭ᠍ᠷᠠᠮ ᠢ ᠨᠡᠪᠳᠡᠷᠡᠭᠦᠯᠬᠦ᠂ ᠳᠠᠮᠵᠢᠭᠤᠯᠤᠨ ᠬᠦᠷᠭᠡᠬᠦ ᠪᠠ ᠰᠦᠯᠵᠢᠶᠡᠨ ᠤ ᠦᠵᠡᠬᠦᠯᠵᠦ ᠰᠤᠨᠤᠰᠬᠠᠬᠤ ᠫᠷᠤᠭ᠍ᠷᠠᠮ ᠤᠨ ᠦᠢᠯᠡᠴᠢᠯᠡᠭᠡ ᠡᠷᠬᠢᠯᠡᠵᠦ ᠪᠠᠶᠢᠭ᠎ᠠ ᠨᠢᠭᠡᠴᠢ ᠨᠢ ᠴᠢᠬᠤᠯᠠ ᠶᠡᠭᠡ ᠠᠵᠢᠯᠯᠠᠭ᠎ᠠ᠂ ᠴᠢᠬᠤᠯᠠ ᠬᠤᠷᠠᠯ ᠤᠨ ᠬᠤᠭᠤᠴᠠᠭᠠᠨ ᠳᠤ᠂ ᠬᠤᠷᠢᠨ ᠲᠦᠷᠪᠡᠨ ᠴᠠᠭ ᠢᠶᠠᠷ ᠵᠢᠵᠢᠭᠦᠷᠯᠡᠬᠦ ᠲᠦᠷᠢᠮ ᠢ ᠪᠠᠶᠢᠭᠤᠯᠵᠤ᠂ ᠷᠠᠳᠢᠣ᠋ ᠲᠧᠯᠸᠢᠰ ᠤᠨ ᠠᠮᠤᠷ ᠲᠦᠪᠰᠢᠨ ᠤ ᠬᠡᠷᠡᠭ ᠢ ᠲᠠᠷᠦ᠋ᠢᠬᠠᠨ ᠢᠯᠡᠷᠡᠭᠦᠯᠬᠦ ᠪᠠ ᠰᠶᠢᠳᠪᠦᠷᠢᠯᠡᠬᠦ ᠬᠡᠷᠡᠭᠳᠡᠢ᠃


           ᠳᠣᠯᠣᠳᠤᠭᠠᠷ ᠪᠦᠯᠦᠭ   ᠬᠠᠤᠯᠢ ᠶᠢᠨ ᠬᠠᠷᠢᠭᠤᠴᠠᠯᠭ᠎ᠠ


     ᠳᠥᠴᠢᠨ ᠵᠢᠷᠭᠤᠳᠤᠭᠠᠷ ᠵᠦᠢᠯ
ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠵᠤ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ ᠰᠢᠢᠳᠬᠡᠵᠦ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃
     ᠳᠥᠴᠢᠨ ᠳᠣᠯᠣᠳᠤᠭᠠᠷ ᠵᠦᠢᠯ ᠲᠤᠰ ᠠᠷᠭ᠎ᠠ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠷᠠᠳᠢᠣ᠋ ᠲᠧᠯᠸᠢᠰ ᠬᠤᠷᠢᠶ᠎ᠠ ︵ᠦᠷᠲᠡᠭᠡ︶ ᠨᠢ ᠬᠤᠳᠠᠯ ᠬᠠᠭᠤᠷᠮᠠᠭ ᠰᠣᠨᠢᠨ ᠮᠡᠳᠡᠭᠡ᠂ ᠬᠠᠷᠠᠮᠵᠢ ᠲᠠᠢ ᠰᠣᠨᠢᠨ ᠮᠡᠳᠡᠭᠡ ᠶᠢ ᠨᠡᠪᠳᠡᠷᠡᠬᠦᠯᠪᠡᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠤᠨᠨᠰᠤᠭᠠᠨ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠲᠤ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠡ︔ ᠶᠠᠯ᠎ᠠ ᠳᠤ ᠭᠦᠷᠦᠭᠰᠡᠨ ᠪᠠᠶᠢᠪᠠᠯ᠂ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠎ᠡ᠃
     ᠳᠥᠴᠢᠨ ᠨᠠᠢᠮᠠᠳᠤᠭᠠᠷ ᠵᠦᠢᠯ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠳᠠᠳ ᠨᠢ ᠷᠠᠳᠢᠣ᠋ ᠲᠧᠯᠸᠢᠰ ᠤᠨ ᠬᠠᠮᠢᠶᠠᠷᠤᠯᠲᠠ ᠶᠢᠨ ᠠᠵᠢᠯ ᠳᠤ ᠲᠤᠰᠢᠶᠠᠯ ᠤᠨ ᠡᠷᠬᠡ ᠪᠠᠨ ᠲᠤᠷ᠎ᠠ ᠪᠠᠷ ᠬᠡᠷᠡᠭᠯᠡᠬᠦ᠂ ᠡᠭᠦᠷᠬᠡ ᠲᠤᠰᠢᠶᠠᠯ ᠳᠤ ᠪᠠᠨ ᠠᠯᠮᠠᠶᠢᠷᠠᠨ ᠤᠰᠤᠯᠳᠠᠬᠤ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠪᠡᠯ᠂ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠭᠦᠷᠦᠭᠰᠡᠨ ᠪᠠᠶᠢᠪᠠᠯ᠂ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠎ᠡ᠃


           ᠨᠠᠢᠮᠠᠳᠤᠭᠠᠷ ᠪᠦᠯᠦᠭ   ᠲᠠᠭᠠᠯᠳᠤᠭᠤᠯᠤᠯ ᠳᠦᠷᠢᠮ


     ᠳᠥᠴᠢ ᠶᠢᠰᠦᠳᠦᠭᠡᠷ ᠵᠦᠢᠯ
ᠲᠤᠰ ᠠᠷᠭ᠎ᠠ ᠶᠢ 2019 ᠤᠨ ᠤ 1 ᠳ᠋ᠤᠬᠡᠷ ᠰᠠᠷ᠎ᠠ ᠶᠢᠨ 10 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ