ᠥᠪᠥᠷ ᠮᠣᠩᠭᠤᠯ ᠤᠨ 3 ᠬᠤᠲᠠ ᠤᠯᠤᠰ ᠤᠨ ᠠᠷᠢᠭᠤᠨ ᠴᠡᠪᠡᠷ ᠬᠤᠲᠠ ᠪᠠᠷ ᠳᠠᠬᠢᠨᠲᠠ ᠦᠨᠡᠯᠡᠭᠳᠡᠪᠡ
ᠨᠡᠶᠢᠲᠡᠯᠡᠭᠰᠡᠨ ᠴᠠᠭ᠄
2019/3/21
    ᠣᠶᠢᠷ᠎ᠠ ᠳᠤ᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ 2018 ᠣᠨ ᠤ ᠤᠯᠤᠰ ᠤᠨ ᠠᠷᠢᠭᠤᠨ ᠴᠡᠪᠡᠷ ᠬᠤᠲᠠ ︵ᠲᠣᠭᠤᠷᠢᠭ︶ ᠪᠣᠯᠤᠨ ᠤᠯᠤᠰ ᠤᠨ ᠠᠷᠢᠭᠤᠨ ᠴᠡᠪᠡᠷ ᠰᠢᠶᠠᠨ ᠤ ᠬᠤᠲᠠ ︵ᠰᠢᠶᠠᠩ ᠪᠠᠯᠭᠠᠰᠤ︶᠎ ᠶᠢ ᠳᠠᠬᠢᠨ ᠬᠢᠨᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠪᠡ᠂ ᠮᠠᠨ ᠤ ᠣᠷᠣᠨ ᠤ ᠤᠯᠠᠭᠠᠨᠬᠠᠳᠠ ᠬᠤᠲᠠ᠂ ᠣᠷᠳᠣᠰ ᠬᠤᠲᠠ᠂ ᠪᠤᠭᠤᠲᠤ ᠬᠤᠲᠠ ᠳᠠᠬᠢᠨ ᠬᠢᠨᠠᠯᠲᠠ ᠳᠤ ᠬᠢᠷᠢ ᠲᠡᠩᠴᠡᠵᠦ᠂ ᠤᠯᠤᠰ ᠤᠨ ᠠᠷᠢᠭᠤᠨ ᠴᠡᠪᠡᠷ ᠬᠤᠲᠠ ᠪᠠᠷ ᠳᠠᠬᠢᠨᠲᠠ ᠦᠨᠡᠯᠡᠭᠳᠡᠪᠡ᠃      ᠨᠢᠭᠡ ᠬᠤᠭᠤᠴᠠᠭᠠᠨ ᠤ ᠲᠤᠷᠰᠢ᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠯᠤᠰ ᠤᠨ ᠠᠷᠢᠭᠤᠨ ᠴᠡᠪᠡᠷ ᠬᠤᠲᠠ ︵ᠲᠣᠭᠤᠷᠢᠭ︶᠎ ᠶᠢ ᠬᠢᠨᠠᠨ ᠲᠣᠭᠲᠠᠭᠠᠵᠤ᠂ ᠡᠯ᠎ᠡ ᠭᠠᠵᠠᠷ ᠤᠨ ᠳᠡᠭᠡᠭᠰᠢ ᠮᠡᠳᠡᠭᠦᠯᠦᠭᠰᠡᠨ ᠤᠯᠤᠰ ᠤᠨ ᠠᠷᠢᠭᠤᠨ ᠴᠡᠪᠡᠷ ᠰᠢᠶᠠᠨ ︵ᠰᠢᠶᠠᠩ ᠪᠠᠯᠭᠠᠰᠤ︶᠎ ᠶᠢ ᠳᠠᠬᠢᠨ ᠬᠢᠨᠠᠭᠰᠠᠨ ᠦᠷ᠎ᠡ ᠳ᠋ᠦᠩ ᠢ ᠰᠣᠩᠭᠤᠨ ᠪᠠᠶᠢᠴᠠᠭᠠᠪᠠ᠃ ᠲᠠᠬᠢᠨ ᠬᠢᠨᠠᠭᠰᠠᠨ ᠪᠠ ᠰᠣᠩᠭᠤᠨ ᠪᠠᠶᠢᠴᠠᠭᠠᠭᠰᠠᠨ ᠦᠷ᠎ᠡ ᠳ᠋ᠦᠩ ᠠᠴᠠ ᠦᠵᠡᠪᠡᠯ᠂ ᠡᠯ᠎ᠡ ᠭᠠᠵᠠᠷ ᠤᠨ ᠬᠢᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤᠨ ᠤ ᠢᠷᠠᠭᠤ ᠠᠯᠳᠠᠷ ᠤᠨ ᠴᠣᠯᠠ ᠶᠢ ᠣᠯᠤᠭᠰᠠᠨ ᠤ ᠳᠠᠷᠠᠭ᠎ᠠ᠂ ᠠᠷᠢᠭᠤᠨ ᠴᠡᠪᠡᠷ ᠪᠠᠶᠢᠯᠭᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ ᠥᠷᠨᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠲᠠ ᠶᠢᠨ ᠠᠷᠢᠭᠤᠨ ᠴᠡᠪᠡᠷ ᠤᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠡᠷᠡᠭᠦᠯ ᠮᠡᠨᠳᠦ ᠶᠢ ᠨᠥᠯᠥᠭᠡᠯᠡᠵᠦ  ᠪᠠᠶᠢᠭ᠎ᠠ ᠳᠣᠪᠤᠶᠢᠮ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠬᠤᠲᠠ ᠪᠠᠯᠭᠠᠰᠤᠨ ᠤ ᠨᠡᠶᠢᠭᠡᠮ ᠤᠨ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠠᠶ᠃ ᠭᠡᠪᠡᠴᠦ ᠣᠨᠴᠠ ᠵᠠᠷᠢᠮ ᠬᠤᠲᠠ ᠪᠠᠯᠭᠠᠰᠤ ᠨᠢ ᠢᠷᠠᠭᠤ ᠠᠯᠳᠠᠷ ᠣᠯᠤᠭᠰᠠᠨ ᠤ ᠳᠠᠷᠠᠭ᠎ᠠ᠂ ᠠᠷᠢᠭᠤᠨ ᠴᠡᠪᠡᠷ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ᠂ ᠠᠵᠢᠯ ᠨᠢ ᠵᠣᠬᠢᠬᠤ ᠬᠡᠮᠵᠢᠶ᠎ᠡ ᠪᠠᠷ ᠪᠠᠭᠤᠷᠠᠵᠤ᠂ ᠢᠯᠠᠩᠭᠤᠶ᠎ᠠ ᠵᠠᠷᠢᠮ ᠬᠠᠭᠤᠴᠢᠨ ᠬᠤᠲᠠ ᠲᠣᠭᠤᠷᠢᠭ᠂ ᠵᠡᠭᠡᠯᠢ ᠳᠠᠭᠠᠤ ᠵᠢᠵᠢᠭ ᠭᠤᠳᠤᠮᠵᠢ᠂ ᠬᠤᠲᠠ ᠶᠢᠨ ᠳᠤᠮᠳᠠᠬᠢ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ ᠪᠠ ︽ᠲᠠᠪᠤᠨ ᠵᠢᠵᠢᠭ︾ ᠠᠵᠢᠯ ᠲᠥᠷᠥᠯ ᠵᠡᠷᠭᠡ ᠲᠠᠯ᠎ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠭᠤᠷᠠᠶ ᠪᠠᠶᠢᠵᠤ᠂ ᠡᠳᠦᠷ ᠲᠣᠲᠤᠮ ᠤᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠬᠦᠷᠦᠯᠴᠡᠬᠦ ᠥᠬᠡᠶ᠂ ᠣᠯᠠᠨ ᠲᠦᠮᠡᠨ ᠤ ᠲᠤᠰᠬᠠᠯ ᠨᠡᠯᠢᠶᠡᠳ ᠴᠢᠩᠭ᠎ᠠ ᠪᠠᠶᠢᠵᠤ᠂ ᠪᠦᠬᠦᠯᠢ ᠴᠣᠭᠴᠠ ᠶᠢᠨ ᠠᠷᠢᠭᠤᠨ ᠴᠡᠪᠡᠷ ᠤᠨ ᠬᠢᠷᠢ ᠬᠡᠮᠵᠢᠶ᠎ᠡ ᠨᠢ ᠤᠯᠤᠰ ᠤᠨ ᠠᠷᠢᠭᠤᠨ ᠴᠡᠪᠡᠷ ᠬᠤᠲᠠ ᠪᠠᠯᠭᠠᠰᠤ ᠶᠢᠨ ᠪᠠᠷᠢᠮᠵᠢᠶ᠎ᠠ ᠲᠠᠢ ᠵᠣᠬᠢᠬᠤ ᠵᠥᠷᠢᠶ᠎ᠡ ᠲᠠᠢ ᠪᠠᠶᠢᠨ᠎ᠠ᠃      ᠳᠠᠯᠳᠠᠭᠤᠷ ᠰᠤᠷᠪᠤᠯᠵᠢᠯᠠᠬᠤ ᠪᠠ ᠬᠢᠨᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠪᠡᠭᠡᠵᠢᠩ ᠬᠤᠲᠠ ᠶᠢᠨ ᠬᠤᠸᠠᠢ ᠷᠸᠦ ᠲᠣᠭᠤᠷᠢᠭ ᠵᠡᠷᠭᠡ 93 ᠬᠤᠲᠠ ᠶᠢ ᠤᠯᠤᠰ ᠤᠨ ᠠᠷᠢᠭᠤᠨ ᠴᠡᠪᠡᠷ ᠬᠤᠲᠠ ︵ᠲᠣᠭᠤᠷᠢᠭ ︶᠎ ᠪᠠᠷ ᠰᠢᠨ᠎ᠡ ᠪᠠᠷ ᠨᠤᠲᠠᠯᠠᠵᠤ᠂ ᠪᠡᠭᠡᠵᠢᠩ ᠬᠤᠲᠠ ᠶᠢᠨ ᠱᠦᠨ ᠢ ᠲᠣᠭᠤᠷᠢᠭ ᠤᠨ ᠮᠠ ᠫᠦᠸᠧ ᠪᠠᠯᠭᠠᠰᠤ ᠵᠡᠷᠭᠡ 236 ᠰᠢᠶᠠᠨ ︵ᠰᠢᠶᠠᠩ ᠪᠠᠯᠭᠠᠰᠤ︶᠎ ᠶᠢ ᠤᠯᠤᠰ ᠤᠨ ᠠᠷᠢᠭᠤᠨ ᠴᠡᠪᠡᠷ ᠰᠢᠶᠠᠨ ︵ᠰᠢᠶᠠᠩ ᠪᠠᠯᠭᠠᠰᠤ︶᠎ ᠢᠶᠠᠷ ᠳᠠᠬᠢᠨᠲᠠ ᠦᠨᠡᠯᠡᠪᠡ᠃ ᠡᠭᠦᠨ ᠳᠤ᠂ ᠪᠡᠭᠡᠵᠢᠩ ᠬᠤᠲᠠ ᠶᠢᠨ ᠲᠢᠶᠠᠨ ᠠᠨ ᠮᠧᠨ ᠲᠣᠭᠤᠷᠢᠭ᠂ ᠪᠡᠭᠡᠵᠢᠩ ᠬᠤᠲᠠ ᠶᠢᠨ ᠲᠦᠩᠵᠸᠦ ᠲᠣᠭᠤᠷᠢᠭ᠂ ᠥᠪᠥᠷ ᠮᠣᠩᠭᠤᠯ ᠤᠨ ᠣᠷᠳᠣᠰ ᠬᠤᠲᠠ ᠵᠡᠷᠭᠡ 9 ᠬᠤᠲᠠ ︵ᠲᠣᠭᠤᠷᠢᠭ︶᠎ ᠨᠢ ᠤᠯᠤᠰ ᠤᠨ ᠠᠷᠢᠭᠤᠨ ᠴᠡᠪᠡᠷ ᠬᠤᠲᠠ ᠶᠢ ᠪᠠᠬᠢᠵᠢᠭᠦᠯᠬᠦ ᠠᠵᠢᠯ ᠤᠨ ᠲᠠᠯ᠎ᠠ ᠪᠠᠷ ᠢᠯᠡᠳᠲᠡ ᠠᠮᠵᠢᠯᠲᠠ ᠣᠯᠵᠤ᠂ ᠳᠠᠬᠢᠨ ᠬᠢᠨᠠᠬᠤ ᠳᠤᠮᠳᠠ  ᠳᠣᠪᠤᠶᠢᠮ᠎ᠠ ᠠᠮᠵᠢᠯᠲᠠ ᠲᠠᠢ ᠪᠠᠶᠢᠬᠤ ᠲᠤᠯᠠᠳᠠ᠂ ᠵᠠᠷᠯᠠᠨ ᠰᠠᠶᠢᠰᠢᠶᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号