| ᠥᠪᠥᠷ ᠵᠠᠰᠠᠭ ᠲᠠᠷᠬᠠᠭᠠᠭᠰᠠᠨ ﹇2018﹈ 39 ᠳ᠋ᠤᠭᠡᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠢ ᠪᠦᠬᠦ ᠳᠠᠯ᠎ᠠ ᠪᠠᠷ ᠴᠢᠩᠭᠠᠳᠬᠠᠬᠤ ᠳᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠳᠠᠷᠬᠠᠭᠠᠭᠰᠠᠨ ﹇2018﹈ 4 ᠳ᠋ᠤᠭᠡᠷ ᠲᠣᠭᠠᠲᠤ︶ ᠤᠨ | ᠵᠤᠷᠢᠭ ᠰᠠᠨᠠᠭ᠎ᠠ ᠶᠢ ᠳᠣᠭᠤᠰᠢᠯᠠᠭᠤᠯᠣᠨ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠰᠠᠭᠤᠷᠢ | ᠰᠢᠨᠵᠢᠯᠡᠬᠦ ᠤᠬᠠᠭᠠᠨ ᠤ ᠰᠤᠳᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠩᠬᠠᠨ ᠤ ᠰᠢᠨ᠎ᠡ ᠶᠢ ᠡᠭᠦᠳᠬᠦ | ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠶᠢᠨ ᠲᠤᠰᠠᠲᠠ᠂ ᠦᠪᠡᠷᠳᠡᠭᠡᠨ ᠵᠠᠰᠠᠬᠤ ᠤᠷᠤᠨ ᠤ ᠪᠤᠳᠠᠲᠠᠢ ᠲᠠᠢ | ᠤᠶᠠᠯᠳᠤᠭᠤᠯᠤᠨ᠂ ᠡᠳᠦᠭᠡ ᠳᠤᠤᠷᠠᠬᠢ ᠮᠡᠳᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠳᠠᠯ᠎ᠠ ᠪᠠᠷ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠭᠰᠠᠨ ᠬᠦᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠨ ᠬᠡᠷᠡᠭᠵᠢᠭᠦᠯᠵᠦ᠂ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ ᠪᠦᠭᠡᠳ | ᠤᠨᠴᠠᠯᠢᠭᠲᠤ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠰᠢᠨᠵᠢᠯᠡᠭᠡᠨ ᠳᠤ ᠰᠠᠭᠤᠷᠢᠯᠠᠵᠤ᠂ ᠳᠡᠯᠡᠬᠡᠢ ᠶᠢᠨ | ᠬᠤᠰᠢᠭᠤᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠢ ᠬᠠᠷᠠᠭᠠᠯᠠᠵᠤ᠂ ᠤᠯᠤᠰ ᠤᠨ ᠪᠠ ᠦᠪᠡᠷᠳᠡᠭᠡᠨ ᠵᠠᠰᠠᠬᠤ | ᠤᠷᠤᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠶᠢᠨ ᠳᠤᠭᠤᠷᠢᠨ ᠳᠤ᠂ ᠰᠠᠭᠤᠷᠢ ᠰᠤᠳᠤᠯᠤᠯ ᠢ ᠴᠢᠩᠭᠠᠷᠠᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠰᠠᠭᠤᠷᠢ | ᠰᠤᠳᠤᠯᠤᠯ ᠢ ᠬᠡᠷᠡᠭᠯᠡᠭᠡᠨ ᠤ ᠰᠤᠳᠤᠯᠤᠯ ᠯᠤᠭ᠎ᠠ ᠠᠭᠤᠰᠤᠯᠴᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢ | ᠠᠬᠢᠭᠤᠯᠵᠤ᠂ ᠪᠠᠷᠠᠭᠠᠯᠭᠢᠯᠠᠯᠲᠤ ᠴᠢᠨᠠᠷᠳᠠᠢ ᠰᠠᠭᠤᠷᠢ ᠰᠤᠳᠤᠯᠤᠯ᠂ ᠬᠦᠳᠦᠯᠦᠨ ᠳᠠᠭᠠᠭᠤᠯᠬᠤ ᠴᠢᠨᠠᠷᠲᠠᠢ ᠠᠩᠬᠠᠨ ᠤ | ᠡᠭᠦᠳᠦᠯᠳᠡ ᠶᠢᠨ ᠦᠷ᠎ᠡ ᠪᠦᠳᠦᠭᠡᠯ ᠪᠠ ᠵᠠᠩᠭᠢᠯᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ᠂ ᠬᠤᠰᠢᠭᠤᠷᠠᠵᠤ | ᠬᠦᠳᠦᠯᠦᠨ ᠳᠠᠭᠠᠭᠤᠯᠬᠤ ᠮᠡᠷᠭᠡᠵᠢᠯ᠂ ᠤᠳᠤ ᠦᠶ᠎ᠡ ᠶᠢᠨ ᠢᠨᠵᠧᠨᠧᠷᠢᠩ ᠤᠨ ᠮᠡᠷᠭᠡᠵᠢᠯ ᠤᠨ ᠴᠢᠬᠤᠯᠠ ᠶᠡᠭᠡ | ᠰᠢᠪᠳᠤᠯᠤᠯᠲᠠ ᠵᠡᠷᠭᠡ ᠶᠢ ᠬᠦᠴᠦᠯᠡᠨ ᠪᠡᠶᠡᠯᠡᠭᠦᠯᠵᠦ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ | ᠴᠢᠨᠠᠷᠵᠢᠭᠤᠨ ᠬᠦᠭᠵᠢᠯᠳᠡ ᠶᠢ ᠪᠡᠶᠡᠯᠡᠭᠦᠯᠬᠦ ᠳᠤ ᠬᠦᠴᠦᠳᠡᠢ ᠳᠤᠯᠭᠠᠭᠤᠷᠢᠯᠠᠯ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | ᠰᠢᠨᠵᠢᠯᠡᠬᠦ ᠤᠬᠠᠭᠠᠨ ᠤ ᠵᠢᠮ᠎ᠡ ᠬᠠᠤᠯᠢ ᠶᠢ ᠵᠢᠷᠤᠮᠯᠠᠵᠤ᠂ ᠲᠦᠷᠥᠯ ᠬᠤᠪᠢᠶᠠᠨ ᠵᠢᠯᠤᠭᠤᠳᠬᠤ ᠶᠢ ᠪᠠᠷᠢᠮᠳᠠᠯᠠᠨ᠎ᠠ᠃ | ᠰᠢᠨᠵᠢᠯᠡᠬᠦ ᠤᠬᠠᠭᠠᠨ ᠤ ᠰᠤᠳᠤᠯᠤᠯ ᠤᠨ ᠬᠤᠷᠴᠠ ᠰᠡᠷᠡᠯ ᠤᠨ ᠠᠭᠱᠠᠨ ᠴᠢᠨᠠᠷ᠂ ᠬᠡᠯᠪᠡᠷᠢ ᠮᠠᠶ᠋ᠢᠭ ᠤᠨ ᠴᠢᠯᠦᠭᠡᠳᠦ | ᠴᠢᠨᠠᠷ᠂ ᠠᠷᠭ᠎ᠠ ᠵᠠᠮ ᠤᠨ ᠳᠤᠭᠳᠠᠭᠤᠨ ᠪᠤᠰᠤ ᠴᠢᠨᠠᠷ ᠤᠨ ᠤᠨᠴᠠᠯᠢᠭ ᠢ ᠴᠢᠬᠤᠯᠠᠴᠢᠯᠠᠨ᠂ ᠰᠢᠨ᠎ᠡ ᠶᠢ ᠡᠭᠦᠳᠬᠦ ᠳᠤ | ᠠᠰᠢᠭᠳᠠᠢ ᠤᠷᠴᠢᠨ ᠨᠦᠬᠦᠴᠡᠯ ᠪᠠ ᠰᠤᠶᠤᠯ ᠢ ᠪᠣᠢ ᠪᠣᠯᠭᠠᠵᠤ᠂ ᠰᠢᠨᠵᠢᠯᠡᠬᠦ ᠤᠬᠠᠭᠠᠨᠳᠠᠨ ᠤ ᠴᠢᠯᠦᠭᠡᠳᠡᠢ ᠤᠷᠠᠯᠠᠨ | ᠰᠡᠳᠬᠢᠬᠦ᠂ ᠵᠤᠷᠢᠭᠲᠠᠢ ᠵᠢᠱᠢᠨ ᠪᠤᠳᠤᠬᠤ᠂ ᠬᠢᠨᠠᠮᠠᠭᠠᠢ ᠬᠡᠷᠡᠴᠢᠯᠡᠵᠦ ᠪᠠᠳᠤᠯᠠᠬᠤ ᠶᠢ ᠵᠤᠷᠢᠬᠵᠢᠭᠤᠯᠤᠨ᠎ᠠ᠃ ᠴᠢᠯᠦᠭᠡᠳᠡᠢ | ᠰᠦᠪᠡᠭᠴᠢᠯᠡᠬᠦ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢᠨ ᠤᠷᠭᠠᠨᠢᠭ ᠤᠶᠠᠯᠳᠤᠭᠤᠯᠬᠤ ᠶᠢ ᠠᠬᠢᠭᠤᠯᠵᠤ᠂ | ᠴᠢᠯᠦᠭᠡᠳᠡᠢ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠤᠯ ᠢᠶᠠᠷ ᠲᠠᠨᠢᠭᠳᠠᠭᠠᠳᠤᠢ ᠰᠢᠨᠵᠢᠯᠡᠬᠦ ᠤᠬᠠᠭᠠᠨ ᠤ | ᠠᠰᠠᠭᠤᠳᠠᠯ ᠢ ᠰᠦᠪᠡᠭᠴᠢᠯᠡᠬᠦ ᠳᠤ ᠲᠦᠪᠯᠡᠷᠡᠭᠦᠯᠵᠦ᠂ ᠰᠢᠨᠵᠢᠯᠡᠬᠦ ᠤᠬᠠᠭᠠᠨ ᠤ ᠨᠤᠶᠠᠨ ᠤᠷᠬᠢᠯ ᠳᠡᠶᠢᠰᠢ | ᠵᠤᠷᠢᠭᠲᠠᠢ ᠪᠠᠷ ᠵᠣᠷᠢᠨ᠎ᠠ︔ ᠬᠠᠷᠠᠯᠲᠠ ᠪᠠᠷ ᠤᠳᠤᠷᠢᠳᠤᠮᠵᠢ ᠪᠣᠯᠭᠠᠬᠤ ᠲᠥᠷᠥᠯ ᠤᠨ ᠰᠠᠭᠤᠷᠢ ᠰᠤᠳᠤᠯᠤᠯ ᠢ | ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠡᠷᠡᠭᠴᠡᠭᠡ ᠱᠠᠭᠠᠷᠳᠠᠯᠭ᠎ᠠ ᠲᠠᠢ | ᠨᠢᠬᠲᠠ ᠤᠶᠠᠯᠳᠤᠭᠤᠯᠵᠤ᠂ ᠳᠠᠪᠠᠭᠤᠯᠢᠭ ᠪᠦᠭᠡᠳ ᠤᠨᠴᠠᠯᠢᠬᠳᠦ ᠬᠦᠷᠢᠶ᠎ᠡ ᠴᠠᠷᠠᠭᠠᠨ ᠳᠠᠬᠢ ᠪᠠᠷᠠᠭᠠᠯᠭᠢᠯᠠᠯᠲᠤ | ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠠᠩᠬᠠᠨ ᠤ ᠰᠢᠨ᠎ᠡ ᠡᠭᠦᠳᠦᠯᠳᠡ ᠶᠢ ᠳᠤᠪᠤᠶᠢᠯᠭᠠᠵᠤ᠂ ᠠᠭᠤᠰᠤᠯᠴᠠᠨ | ᠨᠡᠪᠳᠡᠷᠡᠯᠴᠡᠵᠦ ᠬᠦᠭᠵᠢᠬᠦ ᠶᠢ ᠠᠬᠢᠭᠤᠯᠤᠨ᠎ᠠ᠃ | ᠠᠩᠬᠠᠨ ᠤ ᠰᠢᠨ᠎ᠡ ᠡᠭᠦᠳᠦᠯᠳᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠡᠩᠳᠡ ᠴᠢᠬᠤᠯᠠᠴᠢᠯᠠᠵᠤ᠂ | ᠰᠢᠨ᠎ᠡ ᠶᠢ ᠡᠭᠦᠳᠬᠦ ᠢᠳᠡᠭᠡᠯ ᠢ ᠪᠠᠳᠤ ᠪᠤᠯᠭᠠᠵᠤ᠂ ᠬᠤᠰᠢᠭᠤᠷᠠᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ | ᠠᠰᠠᠭᠤᠳᠠᠯ ᠳᠤ ᠵᠤᠷᠢᠭᠲᠠᠢ ᠪᠠᠷ ᠤᠷᠤᠯᠴᠠᠨ᠂ ᠨᠡᠩ ᠤᠯᠠᠨ ᠠᠩᠬᠠᠨ ᠤ ᠡᠭᠦᠳᠦᠯᠳᠡ ᠶᠢᠨ ᠤᠨᠤᠯ ᠪᠠ ᠠᠩᠬᠠᠨ ᠤ | ᠡᠭᠦᠳᠦᠯᠲᠡ ᠶᠢᠨ ᠢᠯᠡᠷᠡᠭᠦᠯᠦᠯᠳᠡ ᠶᠢ ᠳᠤᠷᠠᠳᠤᠨ ᠭᠠᠷᠭᠠᠬᠤ ᠬᠡᠷᠡᠭᠳᠡᠢ᠃ ᠰᠢᠨᠵᠢᠯᠡᠬᠦ ᠤᠬᠠᠭᠠᠨ ᠪᠠ ᠰᠤᠷᠭᠠᠨ | ᠬᠦᠮᠦᠵᠢᠯ ᠢ ᠠᠭᠤᠰᠤᠯᠴᠠᠭᠤᠯᠬᠤ᠂ ᠴᠡᠷᠢᠭ ᠪᠠ ᠠᠷᠠᠳ ᠤᠨ ᠬᠡᠷᠡᠭᠴᠡᠭᠡ ᠶᠢ ᠠᠭᠤᠰᠤᠯᠴᠠᠭᠤᠯᠬᠤ ᠬᠢᠭᠡᠳ | ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨ ᠠᠭᠤᠰᠤᠯᠴᠠᠭᠤᠯᠬᠤ ᠪᠠᠨ ᠴᠢᠩᠭᠠᠷᠠᠭᠤᠯᠵᠤ᠂ ᠰᠤᠳᠤᠯᠤᠯ ᠤᠨ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠰᠠᠭᠤᠷᠢ ᠰᠤᠳᠤᠯᠤᠯ ᠪᠠ ᠬᠡᠷᠡᠭᠯᠡᠭᠡᠨ ᠤ | ᠰᠤᠳᠤᠯᠤᠯ ᠢ ᠠᠵᠤ ᠦᠢᠯᠡᠰᠵᠢᠭᠦᠯᠬᠦ ᠲᠠᠢ ᠵᠠᠯᠭᠠᠯᠳᠤᠭᠤᠯᠤᠨ ᠨᠡᠪᠳᠡᠷᠡᠯᠴᠡᠬᠦᠯᠬᠦ ᠶᠢ ᠠᠬᠢᠭᠤᠯᠵᠤ᠂ ᠠᠳᠠᠯᠢ ᠪᠤᠰᠤ | ᠠᠵᠢᠯ ᠲᠥᠷᠥᠯ ᠪᠠ ᠬᠦᠷᠢᠶ᠎ᠡ ᠴᠠᠷᠠᠭᠠᠨ ᠳᠠᠬᠢ ᠰᠢᠨ᠎ᠡ ᠶᠢ ᠡᠭᠦᠳᠬᠦ ᠬᠦᠴᠦᠨ ᠵᠦᠢᠯ ᠤᠨ ᠪᠦᠳᠦᠮᠵᠢᠳᠡᠢ | ᠵᠠᠯᠭᠠᠯᠳᠤᠬᠤ ᠶᠢ ᠲᠦᠯᠬᠢᠨ ᠠᠬᠢᠭᠤᠯᠤᠨ᠎ᠠ᠃ | ᠪᠠᠶᠢᠭᠤᠯᠤᠯ ᠳᠤᠭᠳᠠᠴᠠ ᠳᠤ ᠰᠢᠨ᠎ᠡ ᠶᠢ ᠡᠭᠦᠳᠴᠦ᠂ ᠰᠢᠨ᠎ᠡ ᠡᠭᠦᠳᠦᠯᠳᠡ ᠶᠢᠨ ᠠᠮᠢᠵᠢᠷᠠᠯ ᠤᠨ ᠬᠦᠴᠦᠨ ᠢ | ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠥᠯ ᠵᠦᠢᠯ ᠪᠠ ᠵᠠᠷᠤᠳᠠᠯ ᠤᠨ | ᠬᠠᠮᠢᠶᠠᠷᠤᠯᠲᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠳᠤ ᠠᠭᠤᠵᠢᠭᠤ | ᠴᠢᠯᠦᠭᠡᠳᠡᠢ ᠤᠷᠴᠢᠨ ᠨᠦᠬᠦᠴᠡᠯ ᠢ ᠪᠣᠢ ᠪᠤᠯᠭᠠᠨ᠂ ᠰᠤᠳᠤᠯᠭᠠᠳᠠᠳ ᠢ ᠰᠡᠳᠭᠢᠯ ᠰᠢᠭᠤᠳᠴᠦ ᠤᠷᠳᠤ | ᠬᠤᠭᠤᠴᠠᠭ᠎ᠠ ᠪᠠᠷ ᠰᠠᠭᠤᠷᠢ ᠰᠤᠳᠤᠯᠤᠯ ᠬᠢᠬᠦ ᠪᠣᠯᠭᠠᠨ᠎ᠠ᠃ ᠲᠦᠷᠥᠯ ᠠᠩᠭᠢᠯᠠᠨ ᠦᠨᠡᠯᠡᠬᠦ ᠳᠤᠭᠳᠠᠴᠠ ᠶᠢ | ᠳᠡᠭᠦᠯᠳᠡᠷᠵᠢᠭᠦᠯᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠮᠡᠷᠭᠡᠵᠢᠯᠳᠡᠳ ᠤᠨ ᠢᠳᠡᠪᠬᠢᠵᠢᠯ ᠪᠠ ᠪᠦᠳᠦᠭᠡᠯᠴᠢ ᠴᠢᠨᠠᠷ ᠢ | ᠳᠠᠶᠢᠴᠢᠯᠠᠨ᠎ᠠ᠃ ᠵᠠᠰᠠᠭ ᠤᠨ ᠤᠷᠳᠤᠨ ᠤ ᠬᠠᠮᠢᠶᠠᠷᠤᠯᠲᠠ ᠶᠢᠨ ᠬᠡᠯᠪᠡᠷᠢ ᠳᠤ ᠰᠢᠨ᠎ᠡ ᠶᠢ ᠡᠭᠦᠳᠦᠨ᠂ ᠠᠵᠤ | ᠠᠬᠤᠶᠢᠯᠠᠯ ᠢ ᠬᠦᠳᠦᠯᠦᠨ ᠵᠢᠯᠤᠭᠤᠳᠴᠦ ᠪᠠᠶᠢᠭᠠᠳ ᠰᠠᠭᠤᠷᠢ ᠰᠤᠳᠤᠯᠤᠯ ᠢ ᠴᠢᠩᠭᠠᠳᠬᠠᠵᠤ᠂ ᠠᠵᠢᠯ | ᠲᠥᠷᠥᠯ ᠤᠨ ᠬᠢᠨ ᠤ ᠦᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠴᠢᠯᠦᠭᠡᠳᠡᠢ ᠬᠠᠮᠲᠤᠷᠠᠯᠴᠠᠬᠤ ᠶᠢ ᠦᠷᠭᠡᠳᠭᠡᠨ᠎ᠡ᠃ | ᠬᠠᠮ ᠰᠢᠨᠵᠢᠯᠡᠬᠦ ᠤᠬᠠᠭᠠᠨ᠂ ᠲᠤᠮᠤ ᠳ᠋ᠠᠶᠢᠲ᠋ᠠ᠂ ᠢᠨᠲ᠋ᠧᠷ ᠰᠦᠯᠵᠢᠶᠡᠨ ᠤ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠳᠤ | ᠳᠤᠬᠢᠷᠠᠯᠴᠠᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠯᠠᠭ᠎ᠠ ᠶᠢᠨ ᠬᠠᠮᠵᠢᠯᠴᠠᠨ ᠬᠤᠷᠰᠢᠯᠴᠠᠬᠤ ᠶᠢ | ᠢᠳᠡᠪᠬᠢᠳᠡᠢ ᠰᠦᠪᠡᠭᠴᠢᠯᠡᠵᠤ᠂ ᠰᠢᠨᠵᠢᠯᠡᠬᠦ ᠤᠬᠠᠭᠠᠨ ᠤ ᠪᠡᠷᠬᠡ ᠠᠰᠠᠭᠤᠳᠠᠯ ᠢ ᠰᠢᠢᠳᠪᠦᠷᠢᠯᠡᠨ᠂ ᠰᠢᠨ᠎ᠡ | ᠡᠭᠦᠳᠦᠯᠳᠡ ᠶᠢᠨ ᠦᠷ᠎ᠡ ᠪᠦᠳᠦᠭᠡᠯ ᠢ ᠬᠠᠮᠳᠤ ᠳᠤ ᠪᠠᠨ ᠬᠦᠷᠲᠡᠨ᠎ᠡ᠃ ᠴᠢᠳᠠᠪᠤᠷᠢᠳᠠᠨ ᠬᠦᠮᠦᠵᠢᠭᠦᠯᠬᠦ ᠳᠤᠭᠳᠠᠴᠠ ᠳᠤ | ᠰᠢᠨ᠎ᠡ ᠶᠢ ᠡᠭᠦᠳᠴᠦ᠂ ᠤᠯᠠᠨ ᠳᠠᠯ᠎ᠠ ᠪᠠᠷ ᠴᠢᠳᠠᠪᠤᠷᠢᠳᠠᠨ ᠤᠷᠢᠵᠤ ᠤᠶᠤᠨ ᠤ ᠮᠡᠳᠡᠯᠭᠡ ᠶᠢ ᠣᠷᠤᠭᠤᠯᠤᠨ | ᠠᠪᠴᠢᠷᠠᠨ᠎ᠠ᠃ ᠪᠦᠬᠦ ᠪᠦᠮᠪᠦᠷᠴᠡᠭ ᠪᠠ ᠪᠦᠬᠦ ᠤᠯᠤᠰ ᠤᠨ ᠰᠢᠨ᠎ᠡ ᠶᠢ ᠡᠭᠦᠳᠬᠦ ᠰᠦᠯᠵᠢᠶᠡᠨ ᠳᠤ | ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠰᠢᠨ᠎ᠡ ᠶᠢ ᠡᠭᠦᠳᠬᠦ ᠴᠢᠳᠠᠪᠤᠷᠢ ᠶᠢᠨ ᠲᠠᠯ᠎ᠠ ᠪᠠᠷ ᠴᠢᠯᠦᠭᠡᠳᠡᠢ | ᠬᠠᠮᠲᠤᠷᠠᠯᠴᠠᠬᠤ ᠶᠢ ᠴᠢᠩᠭᠠᠳᠬᠠᠵᠤ᠂ ᠪᠦᠬᠦ ᠪᠦᠮᠪᠦᠷᠴᠡᠭ ᠤᠨ ᠠᠩᠬᠠᠷᠴᠦ ᠪᠠᠶᠢᠭ᠎ᠠ ᠴᠢᠬᠤᠯᠠ ᠶᠡᠭᠡ ᠰᠢᠨᠵᠢᠯᠡᠬᠦ | ᠤᠬᠠᠭᠠᠨ ᠤ ᠦᠷᠢᠰᠦᠯᠳᠦᠭᠡᠨ ᠢ ᠬᠠᠮᠳᠦ ᠪᠠᠷ ᠠᠷᠭᠠᠴᠠᠭᠠᠨ᠎ᠠ᠃ | ᠳᠤᠬᠳᠠᠭᠤᠨ ᠢᠶᠠᠷ ᠳᠡᠮᠵᠢᠬᠦ ᠶᠢ ᠴᠢᠩᠭᠠᠷᠠᠭᠤᠯᠵᠤ᠂ ᠤᠷᠤᠭᠤᠯᠤᠯᠲᠠ ᠶᠢᠨ ᠪᠦᠳᠦᠴᠡ ᠶᠢ ᠰᠢᠯᠢᠳᠡᠭᠵᠢᠭᠦᠯᠦᠨ᠎ᠡ᠃ | ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠰᠠᠭᠤᠷᠢ ᠰᠤᠳᠤᠯᠤᠯ ᠢ ᠳᠤᠬᠳᠠᠭᠤᠨ ᠢᠶᠠᠷ ᠳᠡᠮᠵᠢᠬᠦ | ᠡᠷᠴᠢᠮ ᠢ ᠴᠢᠩᠭᠠᠷᠠᠭᠤᠯᠵᠤ᠂ ᠰᠠᠭᠤᠷᠢ ᠰᠤᠳᠤᠯᠤᠯ ᠤᠨ ᠣᠯᠠᠨ ᠡᠰᠢᠵᠢᠭᠰᠡᠨ ᠤᠷᠤᠭᠤᠯᠤᠯᠲᠠ ᠶᠢᠨ ᠳᠤᠭᠳᠠᠴᠠ ᠶᠢ | ᠪᠠᠶᠢᠭᠤᠯᠵᠤ᠂ ᠠᠶᠢᠮᠠᠭ ᠬᠤᠳᠠ᠂ ᠠᠵᠤ ᠠᠬᠤᠶᠢᠯᠠᠯ ᠪᠠ ᠨᠡᠶᠢᠭᠡᠮ ᠤᠨ ᠬᠢᠨ ᠤ ᠬᠦᠴᠦᠨ ᠢ ᠵᠤᠷᠢᠬᠵᠢᠭᠤᠯᠤᠨ | ᠬᠦᠳᠦᠯᠦᠨ ᠵᠢᠯᠤᠭᠤᠳᠴᠦ ᠪᠠᠶᠢᠭᠠᠳ ᠰᠠᠭᠤᠷᠢ ᠰᠤᠳᠤᠯᠤᠯ ᠳᠤ ᠤᠷᠤᠭᠤᠯᠤᠯᠲᠠ ᠶᠢ ᠨᠢ ᠨᠡᠮᠡᠭᠳᠡᠭᠦᠯᠦᠨ᠎ᠡ᠃ | ᠳᠤᠬᠳᠠᠭᠤᠨ ᠢᠶᠠᠷ ᠳᠡᠮᠵᠢᠬᠦ ᠪᠠ ᠦᠷᠢᠰᠦᠯᠳᠦᠬᠦ ᠴᠢᠨᠠᠷ ᠲᠠᠢ ᠳᠡᠮᠵᠢᠬᠦ ᠶᠢ ᠬᠠᠷᠢᠯᠴᠠᠨ ᠵᠤᠬᠢᠴᠠᠭᠤᠯᠤᠭᠰᠠᠨ | ᠤᠷᠤᠭᠤᠯᠤᠯᠲᠠ ᠬᠢᠬᠦ ᠲᠤᠭᠳᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ᠂ ᠴᠢᠳᠠᠪᠤᠷᠢᠳᠠᠨ | ᠬᠦᠮᠦᠵᠢᠭᠦᠯᠬᠦ᠂ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠪᠦᠬᠦ ᠳᠠᠯ᠎ᠠ ᠪᠠᠷ ᠬᠦᠭᠵᠢᠬᠦ ᠶᠢ ᠲᠦᠯᠬᠢᠨ | ᠠᠬᠢᠭᠤᠯᠤᠨ᠎ᠠ᠃ | ︵ᠭᠤᠷᠪᠠ︶ ᠬᠦᠭᠵᠢᠯᠲᠡ ᠶᠢᠨ ᠬᠠᠷᠠᠯᠲᠠ | 2020 ᠣᠨ ᠪᠤᠯᠬᠤ ᠳᠤ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠢᠨᠵᠢᠯᠡᠬᠦ ᠤᠬᠠᠭᠠᠨ ᠤ | ᠰᠤᠳᠤᠯᠤᠯ ᠤᠨ ᠪᠦᠬᠦᠯᠢ ᠴᠤᠭᠴᠠ ᠶᠢᠨ ᠬᠢᠷᠢ ᠲᠦᠪᠰᠢᠨ ᠢ ᠳᠤᠪᠤᠶᠢᠮ᠎ᠠ ᠳᠡᠭᠡᠭᠰᠢᠯᠡᠭᠦᠯᠵᠦ᠂ ᠦᠪᠡᠷᠲᠡᠭᠡᠨ ᠵᠠᠰᠠᠬᠤ | ᠤᠷᠤᠨ ᠤ ᠰᠢᠨ᠎ᠡ ᠶᠢ ᠡᠭᠦᠳᠬᠦ ᠬᠦᠭᠵᠢᠯᠳᠡ ᠶᠢ ᠳᠤᠯᠭᠠᠭᠤᠷᠢᠯᠠᠵᠤ ᠪᠠᠶᠢᠭ᠎ᠠ ᠡᠬᠢ ᠡᠭᠦᠰᠦᠯ ᠠᠴᠠ ᠨᠢ ᠬᠠᠩᠭᠠᠬᠤ | ᠴᠢᠳᠠᠪᠤᠷᠢ ᠶᠢ ᠢᠯᠡᠷᠬᠡᠢ ᠨᠡᠮᠡᠭᠳᠡᠭᠦᠯᠵᠦ᠂ ᠠᠮᠢᠳᠤ ᠪᠤᠳᠠᠰ ᠤᠨ ᠤᠬᠠᠭᠠᠨ᠂ ᠮᠣᠩᠭᠤᠯ ᠠᠨᠠᠭᠠᠬᠤ ᠤᠬᠠᠭᠠᠨ᠂ | ᠮᠣᠩᠭᠤᠯ ᠡᠮ ᠤᠨ ᠤᠬᠠᠭᠠᠨ ᠵᠡᠷᠭᠡ ᠬᠢᠴᠢᠶᠡᠯ ᠰᠢᠨᠵᠢᠯᠡᠭᠡᠨ ᠢ ᠤᠯᠤᠰ ᠤᠨ ᠳᠤᠳᠤᠭᠠᠳᠤ ᠶᠢᠨ ᠲᠡᠷᠢᠭᠦᠨ ᠤ ᠬᠢᠴᠢᠶᠡᠯ | ᠰᠢᠨᠵᠢᠯᠡᠭᠡᠨ ᠤ ᠡᠮᠦᠨ᠎ᠡ ᠡᠩᠨᠡᠭᠡᠨ ᠳᠤ ᠤᠷᠤᠭᠤᠯᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠢᠭᠡ ᠪᠦᠯᠦᠭ ᠳᠠᠭᠠᠭᠤᠯᠬᠤ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠤᠣᠯᠯᠠᠭᠴᠢ | ᠬᠦᠴᠦᠨ ᠤ ᠵᠠᠯᠠᠭᠤᠴᠤᠳ ᠪᠠ ᠦᠨᠳᠦᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ | ᠬᠦᠮᠦᠵᠢᠭᠦᠯᠵᠦ᠂ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠤᠨ ᠶᠡᠷᠦᠩᠬᠡᠢ ᠲᠤᠭ᠎ᠠ ᠶᠢ 4 — | 5 ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠤᠨ ᠰᠢᠨ᠎ᠡ ᠶᠢ | ᠡᠭᠦᠳᠬᠦ ᠠᠮᠢᠵᠢᠷᠠᠯ ᠤᠨ ᠬᠦᠴᠦᠨ ᠢ ᠢᠯᠡᠷᠭᠡᠢ ᠨᠡᠮᠡᠭᠳᠡᠭᠦᠯᠵᠦ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠶᠢ | ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠡᠮ ᠡᠮᠨᠡᠯᠭᠡ᠂ ᠡᠯᠧᠺᠲᠷᠦᠨ ᠮᠡᠳᠡᠭᠡ ᠵᠠᠩᠭᠢ᠂ ᠡᠨᠧᠷᠬᠢ | ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ᠂ ᠣᠳᠣ ᠦᠶ᠎ᠡ ᠶᠢᠨ ᠮᠠᠯ ᠲᠠᠷᠢᠶᠠᠯᠠᠩ ᠵᠡᠷᠭᠡ ᠠᠵᠤ ᠦᠢᠯᠡᠰ ᠤᠨ | ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠰᠢᠨᠵᠢᠯᠡᠬᠦ ᠤᠬᠠᠭᠠᠨ ᠤ ᠴᠢᠬᠤᠯᠠ ᠶᠡᠭᠡ ᠠᠰᠠᠭᠤᠳᠠᠯ ᠤᠳ ᠢ | ᠰᠢᠢᠳᠪᠦᠷᠢᠯᠡᠵᠦ᠂ ᠴᠢᠬᠤᠯᠠ ᠶᠡᠭᠡ ᠠᠩᠬᠠᠨ ᠤ ᠡᠭᠦᠳᠦᠯᠳᠡ ᠶᠢᠨ ᠴᠢᠨᠠᠷᠲᠠᠢ ᠰᠢᠨᠵᠢᠯᠡᠬᠦ ᠤᠬᠠᠭᠠᠨ ᠤ ᠦᠷ᠎ᠡ | ᠪᠦᠳᠦᠭᠡᠯ ᠤᠳ ᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠳᠡᠢ | ᠲᠤᠯᠭᠠᠭᠤᠷᠢᠯᠠᠯ ᠬᠠᠩᠭᠠᠨ᠎ᠠ᠃ | 2035 ᠣᠨ ᠪᠤᠯᠬᠤ ᠳᠤ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠢᠨᠵᠢᠯᠡᠬᠦ ᠤᠬᠠᠭᠠᠨ ᠤ | ᠰᠤᠳᠤᠯᠤᠯ ᠤᠨ ᠪᠦᠬᠦᠯᠢ ᠴᠤᠭᠴᠠ ᠶᠢᠨ ᠬᠢᠷᠢ ᠲᠦᠪᠰᠢᠨ ᠪᠠ ᠨᠦᠯᠦᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ | ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠩᠬᠠᠨ ᠤ ᠰᠢᠨ᠎ᠡ ᠡᠭᠦᠳᠦᠯᠳᠡ ᠶᠢᠨ ᠲᠣᠯᠭᠠᠭᠤᠷᠢᠯᠠᠬᠤ ᠴᠢᠳᠠᠪᠤᠷᠢ ᠶᠢ | ᠤᠯᠠᠮ ᠨᠢᠭᠡ ᠠᠯᠬᠤᠮ ᠨᠡᠮᠡᠭᠳᠡᠭᠦᠯᠵᠦ᠂ ᠠᠮᠢᠳᠤ ᠪᠤᠳᠠᠰ ᠤᠨ ᠤᠬᠠᠭᠠᠨ᠂ ᠮᠣᠩᠭᠤᠯ ᠠᠨᠠᠭᠠᠬᠤ ᠤᠬᠠᠭᠠᠨ᠂ ᠮᠣᠩᠭᠤᠯ | ᠡᠮ ᠤᠨ ᠤᠬᠠᠭᠠᠨ ᠵᠡᠷᠭᠡ ᠬᠢᠴᠢᠶᠡᠯ ᠰᠢᠨᠵᠢᠯᠡᠭᠡᠨ ᠢ ᠪᠦᠬᠦ ᠳᠡᠯᠡᠬᠡᠢ ᠶᠢᠨ ᠲᠡᠷᠢᠭᠦᠨ ᠤ ᠬᠢᠴᠢᠶᠡᠯ ᠰᠢᠨᠵᠢᠯᠡᠭᠡᠨ ᠤ ᠬᠢᠷᠢ | ᠲᠦᠪᠰᠢᠨ ᠳᠤ ᠬᠦᠷᠭᠡᠬᠦ ᠪᠠᠷ ᠴᠢᠷᠮᠠᠶᠢᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠢᠭᠡ ᠪᠦᠯᠦᠭ ᠴᠢᠳᠠᠪᠤᠷᠢᠳᠠᠨ ᠪᠠ ᠳᠡᠯᠡᠬᠡᠢ ᠶᠢᠨ ᠬᠢᠷᠢ ᠲᠦᠪᠰᠢᠨ ᠳᠤ ᠬᠦᠷᠬᠦ ᠰᠢᠨ᠎ᠡ ᠶᠢ ᠡᠭᠦᠳᠬᠦ | ᠪᠦᠯᠬᠦᠮ ᠨᠡᠶᠢᠲᠡ ᠨᠦᠭᠦᠳ ᠢ ᠬᠦᠮᠦᠵᠢᠭᠦᠯᠦᠨ ᠪᠤᠶᠢᠵᠢᠭᠤᠯᠵᠤ᠂ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ | ᠳᠠᠰᠤᠭ ᠤᠨ ᠶᠡᠷᠦᠩᠬᠡᠢ ᠲᠤᠭ᠎ᠠ ᠶᠢ 8 — 10 ᠪᠣᠯᠭᠠᠵᠤ᠂ ᠣᠳᠣ ᠦᠶ᠎ᠡ ᠶᠢᠨ ᠲᠤᠨᠤᠭ ᠲᠦᠬᠦᠭᠡᠷᠦᠮᠵᠢ | ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠡᠮ ᠡᠮᠨᠡᠯᠭᠡ᠂ ᠡᠯᠧᠺᠲᠷᠦᠨ ᠮᠡᠳᠡᠭᠡ ᠵᠠᠩᠭᠢ᠂ ᠡᠨᠧᠷᠬᠢ | ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ᠂ ᠣᠳᠣ ᠦᠶ᠎ᠡ ᠶᠢᠨ ᠮᠠᠯ ᠲᠠᠷᠢᠶᠠᠯᠠᠩ ᠵᠡᠷᠭᠡ ᠠᠵᠤ ᠦᠢᠯᠡᠰ ᠤᠨ | ᠲᠣᠭᠤᠷᠢᠨ ᠳᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠳᠡ ᠪᠠ ᠪᠤᠯᠪᠠᠰᠤᠨ ᠤ ᠳᠠᠪᠰᠢᠯᠲᠠ ᠳᠤ | ᠴᠢᠬᠤᠯᠠ ᠨᠦᠯᠦᠭᠡ ᠪᠣᠯᠬᠤ ᠠᠩᠬᠠᠨ ᠤ ᠡᠭᠦᠳᠦᠯᠳᠡ ᠶᠢᠨ ᠴᠢᠨᠠᠷᠲᠠᠢ ᠨᠢᠭᠡ ᠪᠦᠯᠦᠭ ᠰᠢᠨᠵᠢᠯᠡᠬᠦ ᠤᠬᠠᠭᠠᠨ ᠤ ᠦᠷ᠎ᠡ | ᠪᠦᠳᠦᠭᠡᠯ ᠢ ᠭᠠᠷᠭᠠᠨ᠎ᠠ᠃ | ᠬᠤᠶᠠᠷ᠂ ᠰᠠᠭᠤᠷᠢ ᠰᠤᠳᠤᠯᠤᠯ ᠤᠨ ᠪᠠᠶᠢᠷᠢᠰᠢᠭᠤᠯᠤᠯᠲᠠ ᠶᠢ ᠳᠡᠭᠦᠯᠳᠡᠷᠵᠢᠭᠦᠯᠦᠨ᠎ᠡ | ︵ᠳᠦᠷᠪᠡ︶ ᠰᠠᠭᠤᠷᠢ ᠰᠤᠳᠤᠯᠤᠯ ᠤᠨ ᠰᠢᠰᠲ᠋ᠧᠮ ᠤᠨ ᠵᠢᠷᠤᠭ ᠲᠦᠯᠦᠪᠯᠡᠭᠡ ᠶᠢ ᠴᠢᠩᠭᠠᠷᠠᠭᠤᠯᠤᠨ᠎ᠠ᠃ | ᠰᠠᠭᠤᠷᠢ ᠰᠤᠳᠤᠯᠤᠯ ᠤᠨ ᠰᠢᠨᠵᠢᠯᠡᠭᠡᠨ ᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ | ᠳᠠᠪᠠᠭᠤᠯᠢᠭ ᠪᠦᠭᠡᠳ ᠣᠨᠴᠠᠯᠢᠬᠳᠦ ᠰᠢᠨᠵᠢᠯᠡᠭᠡᠨ ᠤ ᠬᠦᠭᠵᠢᠯᠳᠡ ᠶᠢ ᠠᠬᠢᠭᠤᠯᠤᠨ᠂ ᠰᠠᠭᠤᠷᠢ ᠰᠢᠨᠵᠢᠯᠡᠭᠡᠨ ᠬᠢᠭᠡᠳ | ᠬᠡᠷᠡᠭᠯᠡᠭᠡᠨ ᠤ ᠰᠢᠨᠵᠢᠯᠡᠭᠡᠨ ᠤ ᠳᠡᠩᠴᠡᠭᠦᠷᠢᠳᠡᠢ ᠪᠦᠭᠡᠳ ᠵᠤᠬᠢᠴᠠᠩᠭᠤᠢ ᠬᠦᠭᠵᠢᠬᠦ ᠶᠢ ᠲᠦᠯᠬᠢᠨ ᠠᠬᠢᠭᠤᠯᠵᠤ᠂ | ᠠᠳᠠᠯᠢ ᠪᠤᠰᠤ ᠰᠢᠨᠵᠢᠯᠡᠭᠡᠨ ᠤ ᠬᠤᠭᠤᠷᠤᠨᠳᠤᠬᠢ ᠰᠣᠯᠪᠢᠴᠠᠨ ᠠᠭᠤᠰᠤᠯᠴᠠᠬᠤ ᠶᠢ ᠨᠢ ᠠᠬᠢᠭᠤᠯᠤᠨ᠎ᠠ᠃ ᠬᠤᠰᠢᠭᠤᠷᠠᠯ | ᠰᠢᠨᠵᠢᠯᠡᠬᠦ ᠤᠬᠠᠭᠠᠨ ᠤ ᠰᠠᠭᠤᠷᠢ ᠰᠤᠳᠤᠯᠤᠯ ᠢ ᠴᠢᠩᠭᠠᠳᠬᠠᠵᠤ᠂ ᠰᠢᠨᠵᠢᠯᠡᠭᠡᠨ ᠤ ᠬᠤᠰᠢᠭᠤᠷᠠᠬᠤ ᠬᠦᠷᠢᠶ᠎ᠡ | ᠴᠠᠷᠠᠭᠠᠨ ᠳᠠᠬᠢ ᠴᠢᠯᠦᠭᠡᠳᠡᠢ ᠰᠦᠪᠡᠭᠴᠢᠯᠡᠯ ᠢ ᠦᠷᠨᠢᠭᠦᠯᠬᠦ ᠶᠢᠨ ᠳᠤᠭᠤᠷᠢᠨ ᠳᠤ᠂ ᠠᠩᠬᠠᠨ ᠤ ᠡᠭᠦᠳᠦᠯᠳᠡ ᠶᠢᠨ | ᠴᠢᠨᠠᠷᠲᠠᠢ ᠴᠢᠬᠤᠯᠠ ᠶᠡᠭᠡ ᠦᠷ᠎ᠡ ᠪᠦᠳᠦᠭᠡᠯ ᠢ ᠴᠢᠷᠮᠠᠶᠢᠨ ᠭᠠᠷᠭᠠᠵᠤ᠂ ᠬᠡᠷᠡᠭᠯᠡᠭᠡᠨ ᠤ ᠰᠠᠭᠤᠷᠢ ᠰᠤᠳᠤᠯᠤᠯ ᠳᠤ | ᠤᠨᠤᠯ ᠤᠨ ᠰᠠᠭᠤᠷᠢ ᠶᠢ ᠲᠠᠯᠪᠢᠨ᠎ᠠ᠃ ᠬᠡᠷᠡᠭᠯᠡᠭᠡᠨ ᠤ ᠰᠠᠭᠤᠷᠢ ᠰᠤᠳᠤᠯᠤᠯ ᠢ ᠴᠢᠩᠭᠠᠳᠬᠠᠵᠤ᠂ ᠦᠪᠡᠷᠳᠡᠭᠡᠨ ᠵᠠᠰᠠᠬᠤ | ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠪᠠ ᠠᠮᠤᠷ ᠲᠦᠪᠰᠢᠨ ᠤ ᠴᠢᠬᠤᠯᠠ ᠬᠡᠷᠡᠭᠴᠡᠭᠡ | ᠱᠠᠭᠠᠷᠳᠠᠯᠭ᠎ᠠ ᠶᠢᠨ ᠳᠤᠭᠤᠷᠢᠨ ᠳᠤ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ᠂ ᠬᠤᠰᠢᠭᠤᠷᠠᠵᠤ ᠬᠦᠳᠦᠯᠦᠨ | ᠳᠠᠭᠠᠭᠤᠯᠬᠤ ᠮᠡᠷᠭᠡᠵᠢᠯ᠂ ᠣᠳᠤ ᠦᠶ᠎ᠡ ᠶᠢᠨ ᠢᠨᠵᠧᠨᠧᠷᠢᠩ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ | ᠳᠤᠪᠤᠶᠢᠯᠭᠠᠵᠤ᠂ ᠤᠳᠤ ᠦᠶ᠎ᠡ ᠶᠢᠨ ᠮᠠᠯ ᠳᠠᠷᠢᠶᠠᠯᠠᠩ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠲᠤᠨᠤᠭ | ᠲᠦᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠳᠤᠭᠤᠷᠢᠨ ᠳᠤ᠂ ᠰᠠᠭᠤᠷᠢ ᠰᠢᠨᠵᠢᠯᠡᠬᠦ ᠤᠬᠠᠭᠠᠨ ᠤ | ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠨᠢᠭᠡ ᠪᠦᠯᠦᠭ ᠠᠰᠠᠭᠤᠳᠠᠯ ᠢ ᠬᠦᠴᠦ ᠪᠠᠨ ᠲᠦᠪᠯᠡᠷᠡᠭᠦᠯᠵᠤ ᠰᠢᠪᠳᠦᠯᠦᠨ | ᠰᠢᠢᠳᠪᠦᠷᠢᠯᠡᠨ᠎ᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠦᠷᠭᠦᠯᠵᠢᠯᠡᠭᠰᠡᠨ ᠬᠦᠭᠵᠢᠯᠳᠡ ᠶᠢ ᠠᠬᠢᠭᠤᠯᠬᠤ | ᠳᠤᠯᠭᠠᠮ᠎ᠠ ᠬᠡᠷᠡᠭᠴᠡᠭᠡ ᠱᠠᠭᠠᠷᠳᠠᠯᠭ᠎ᠠ ᠶᠢᠨ ᠳᠤᠭᠤᠷᠢᠨ ᠳᠤ᠂ ᠡᠬᠢ ᠪᠠᠶᠠᠯᠢᠭ ᠤᠨ ᠤᠷᠴᠢᠨ ᠨᠦᠬᠦᠴᠡᠯ᠂ ᠠᠮᠢ | ᠠᠬᠤᠢ ᠶᠢᠨ ᠬᠠᠮᠠᠭᠠᠯᠠᠯᠲᠠ᠂ ᠬᠦᠮᠦᠨ ᠠᠮᠠ ᠶᠢᠨ ᠡᠷᠡᠭᠦᠯ ᠮᠡᠨᠳᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠴᠢᠯᠠᠯᠲᠠ | ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠬᠦᠷᠢᠶᠡᠨ ᠳᠠᠬᠢ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠢ | ᠤᠯᠠᠮ ᠨᠢᠭᠡ ᠠᠯᠬᠤᠮ ᠴᠢᠩᠭᠠᠳᠬᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠬᠦᠭᠵᠢᠭᠦᠯᠦᠯᠲᠡ ᠪᠠ | ᠦᠭᠡᠷᠡᠴᠢᠯᠡᠯᠳᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ︶ | ︵ᠲᠠᠪᠤ︶ ᠰᠠᠭᠤᠷᠢ ᠰᠤᠳᠤᠯᠤᠯ ᠤᠨ ᠳᠡᠮᠵᠢᠬᠦ ᠰᠢᠰᠲ᠋ᠧᠮᠵᠢ ᠶᠢ ᠳᠡᠭᠦᠯᠳᠡᠷᠵᠢᠭᠦᠯᠦᠨ᠎ᠡ᠃ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠠᠵᠤ ᠠᠬᠤᠶᠢᠯᠠᠯ ᠢ | ᠵᠤᠷᠢᠬᠵᠢᠭᠤᠯᠵᠤ ᠬᠦᠳᠦᠯᠦᠨ ᠵᠢᠯᠤᠭᠤᠳᠴᠦ ᠪᠠᠶᠢᠭᠠᠳ ᠨᠡᠩ ᠤᠯᠠᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠦᠩᠬᠦ ᠪᠠ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠦᠯᠦᠪᠯᠡᠭᠡ ᠵᠡᠷᠭᠡ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠭᠡ ᠳᠠᠬᠢ ᠡᠯ᠎ᠡ ᠵᠦᠢᠯ ᠤᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ | ᠪᠠ ᠤᠷᠤᠯᠴᠠᠭᠤᠯᠤᠨ᠎ᠠ᠃ ᠡᠬᠢ ᠡᠭᠦᠰᠦᠯ ᠲᠠᠢ ᠰᠢᠨ᠎ᠡ ᠡᠭᠦᠳᠦᠯᠲᠡ ᠶᠢ ᠳᠡᠮᠵᠢᠬᠦ ᠦᠪᠡᠷᠳᠡᠭᠡᠨ ᠵᠠᠰᠠᠬᠤ ᠤᠷᠤᠨ ᠤ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ | ᠬᠤᠰᠢᠭᠤᠷᠠᠬᠤ ᠰᠦᠪᠡᠭᠴᠢᠯᠡᠯᠳᠡ ᠳᠤ ᠨᠡᠩ ᠢᠯᠡᠬᠦᠦ ᠲᠦᠪᠯᠡᠷᠡᠭᠦᠯᠵᠦ᠂ ᠴᠢᠳᠠᠪᠤᠷᠢᠳᠠᠨ ᠢ ᠬᠦᠮᠦᠵᠢᠭᠦᠯᠬᠦ ᠪᠠ | ᠰᠢᠨᠵᠢᠯᠡᠭᠡᠨ ᠤ ᠪᠠᠶᠢᠭᠤᠯᠤᠯᠲᠠ ᠶᠢ ᠳᠡᠮᠵᠢᠨ᠎ᠡ᠃ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠦᠯᠦᠪᠯᠡᠭᠡ ᠶᠢᠨ ᠲᠦᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠰᠠᠭᠤᠷᠢ ᠪᠣᠯᠬᠤ | ᠬᠤᠰᠢᠭᠤᠷᠠᠯ᠂ ᠴᠢᠬᠤᠯᠠ ᠶᠡᠭᠡ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠠᠴᠠ ᠬᠡᠷᠡᠭᠯᠡᠭᠡᠨ ᠤ ᠵᠢᠱᠢᠶ᠎ᠡ | ᠦᠵᠡᠭᠦᠯᠬᠦ ᠬᠦᠷᠲᠡᠯ᠎ᠡ ᠪᠦᠬᠦ ᠬᠡᠯᠬᠢᠶᠡᠰᠦ ᠪᠠᠷ ᠵᠢᠷᠤᠵᠤ ᠲᠦᠯᠦᠪᠯᠡᠬᠦ᠂ ᠨᠢᠭᠡ ᠴᠣᠬᠴᠠᠵᠢᠭᠤᠯᠬᠤ ᠶᠢ ᠬᠡᠷᠡᠭᠵᠢᠭᠦᠯᠵᠤ᠂ | ᠰᠠᠭᠤᠷᠢ ᠰᠤᠳᠤᠯᠤᠯ ᠪᠠ ᠬᠡᠷᠡᠭᠯᠡᠭᠡᠨ ᠤ ᠰᠤᠳᠤᠯᠤᠯ ᠢ ᠠᠵᠤ ᠦᠢᠯᠡᠰᠵᠢᠯᠲᠡ ᠲᠠᠢ ᠵᠠᠯᠭᠠᠯᠳᠤᠭᠤᠯᠬᠤ ᠶᠢ ᠨᠢ | ᠠᠬᠢᠭᠤᠯᠵᠤ᠂ ᠰᠠᠭᠤᠷᠢ ᠰᠤᠳᠤᠯᠤᠯ ᠤᠨ ᠦᠷ᠎ᠡ ᠪᠦᠳᠦᠭᠡᠯ ᠢ ᠪᠤᠳᠠᠳᠠᠶᠢᠵᠢᠭᠤᠯᠤᠨ ᠤᠯᠠᠷᠢᠭᠤᠯᠬᠤ ᠶᠢ ᠨᠢ ᠲᠦᠯᠬᠢᠨ | ᠠᠬᠢᠭᠤᠯᠤᠨ᠎ᠠ᠃ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ | ᠳᠠᠰᠤᠭ ᠤᠨ ᠰᠠᠭᠤᠷᠢ ᠰᠤᠳᠤᠯᠤᠯ ᠤᠨ ᠭᠤᠣᠯ ᠴᠤᠭᠴᠠ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠭᠡᠭᠡᠯᠲᠡ ᠬᠢᠵᠦ ᠬᠠᠮᠳᠤ ᠳᠤ ᠪᠠᠨ ᠬᠦᠷᠲᠡᠬᠦ ᠶᠢ ᠠᠬᠢᠭᠤᠯᠤᠨ᠎ᠠ᠃ ︵ᠬᠠᠷᠢᠭᠤᠴᠠᠯᠭᠠᠳᠤ | ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | ︵ᠵᠢᠷᠭᠤᠭ᠎ᠠ︶ ᠰᠠᠭᠤᠷᠢ ᠰᠤᠳᠤᠯᠤᠯ ᠤᠨ ᠤᠷᠤᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠦᠪᠯᠡᠷᠡᠭᠰᠡᠨ ᠭᠠᠵᠠᠷ | ᠤᠷᠤᠨ ᠳᠤ ᠬᠤᠰᠢᠭᠤᠷᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠪ ᠢ ᠪᠦᠷᠢᠯᠳᠦᠭᠦᠯᠤᠨ᠂ ᠰᠢᠨ᠎ᠡ ᠶᠢ | ᠡᠭᠦᠳᠬᠦ ᠡᠬᠢ ᠪᠠᠶᠠᠯᠢᠭ ᠢ ᠭᠦᠢᠴᠡᠳ ᠲᠥᠪᠯᠡᠷᠡᠭᠦᠯᠵᠦ᠂ ᠡᠮᠬᠢᠯᠡᠨ ᠨᠡᠶᠢᠯᠡᠬᠦᠯᠵᠦ᠂ ᠰᠢᠯᠢᠳᠡᠭᠵᠢᠭᠦᠯᠵᠦ᠂ ᠪᠦᠬᠦ | ᠤᠷᠤᠨ ᠳᠤ ᠨᠦᠯᠦᠭᠡᠯᠡᠨ ᠳᠠᠶᠢᠴᠢᠯᠠᠬᠤ ᠦᠢᠯᠡᠳᠦᠯ ᠢ ᠪᠣᠢ ᠪᠣᠯᠭᠠᠨ᠂ ᠰᠢᠨᠵᠢᠯᠡᠬᠦ ᠤᠬᠠᠭᠠᠨ ᠤ ᠬᠤᠰᠢᠭᠤᠷᠠᠬᠤ | ᠰᠦᠪᠡᠭᠴᠢᠯᠡᠯᠳᠡ ᠪᠠ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠡᠬᠦᠷᠭᠡ ᠶᠢ | ᠪᠡᠶᠡᠯᠡᠬᠦᠯᠬᠦ ᠳᠤ ᠴᠢᠬᠤᠯᠠ ᠳᠤᠯᠭᠠᠭᠤᠷᠢᠯᠠᠯ ᠬᠠᠩᠭᠠᠨ᠎ᠠ᠃ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ | ᠳᠠᠰᠤᠭ ᠢᠶᠠᠷ ᠬᠦᠳᠦᠯᠤᠨ ᠳᠠᠭᠠᠭᠤᠯᠤᠭᠴᠢ ᠪᠣᠯᠭᠠᠭᠰᠠᠨ᠂ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ | ᠲᠤᠷᠰᠢᠯᠳᠠ ᠶᠢᠨ ᠲᠠᠰᠤᠭ ᠲᠤ ᠲᠦᠰᠢᠭᠯᠡᠭᠰᠡᠨ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠲᠣᠣᠷ ᠰᠦᠯᠵᠢᠶ᠎ᠡ ᠶᠢ ᠪᠦᠷᠢᠯᠳᠦᠭᠦᠯᠵᠤ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠰᠢᠨᠵᠢᠯᠡᠬᠦ ᠤᠬᠠᠭᠠᠨ ᠤ ᠴᠢᠬᠤᠯᠠ | ᠶᠡᠭᠡ ᠬᠠᠷᠠᠯᠲᠠ ᠶᠢᠨ ᠳᠤᠭᠤᠷᠢᠨ ᠳᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠰᠠᠭᠤᠷᠢ ᠪᠡᠯᠡᠳᠭᠡᠮᠵᠢ | ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠪᠦᠬᠦ ᠤᠯᠤᠰ ᠤᠨ ᠰᠠᠭᠤᠷᠢ ᠰᠤᠳᠤᠯᠤᠯ ᠤᠨ ᠰᠢᠨ᠎ᠡ | ᠡᠭᠦᠳᠦᠯᠲᠡ ᠶᠢᠨ ᠦᠨᠳᠦᠷ ᠲᠦᠪᠰᠢᠨ ᠢ ᠪᠣᠢ ᠪᠣᠯᠭᠠᠨ᠂ ᠤᠷᠤᠨ ᠪᠦᠰᠡ ᠳᠠᠬᠢ ᠰᠢᠨ᠎ᠡ ᠶᠢ ᠡᠭᠦᠳᠬᠦ ᠵᠢᠴᠢ | ᠰᠢᠨᠵᠢᠯᠡᠭᠡᠨ ᠤ ᠬᠦᠭᠵᠢᠯᠳᠡ ᠶᠢ ᠳᠠᠶᠢᠴᠢᠯᠠᠨ᠎ᠠ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠤᠬᠴᠠ ᠶᠢᠨ ᠪᠠᠶᠢᠷᠢ ᠰᠠᠭᠤᠷᠢ ᠶᠢ ᠭᠦᠢᠴᠡᠳ ᠠᠰᠢᠭᠯᠠᠵᠤ᠂ ᠠᠵᠤ ᠠᠬᠤᠶᠢᠯᠠᠯ ᠢ ᠬᠦᠳᠦᠯᠦᠨ ᠵᠢᠯᠤᠭᠤᠳᠴᠦ | ᠪᠠᠶᠢᠭᠠᠳ ᠰᠠᠭᠤᠷᠢ ᠰᠤᠳᠤᠯᠤᠯ ᠢ ᠦᠷᠨᠢᠭᠦᠯᠣᠨ᠂ ᠠᠵᠤ ᠠᠬᠤᠶᠢᠯᠠᠯ ᠳᠠᠬᠢ ᠤᠯᠤᠰ ᠤᠨ ᠭᠤᠣᠯᠳᠠᠯᠭ᠎ᠠ ᠲᠠᠢ | ᠲᠤᠷᠰᠢᠯᠳᠠ ᠶᠢᠨ ᠳᠠᠰᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠦᠳᠦᠯᠤᠨ ᠳᠠᠭᠠᠭᠤᠯᠤᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠲᠦᠪᠯᠡᠷᠡᠭᠰᠡᠨ ᠭᠠᠵᠠᠷ ᠤᠷᠤᠨ ᠳᠤ | ᠮᠡᠷᠭᠡᠵᠢᠯ ᠤᠨ ᠰᠢᠨ᠎ᠡ ᠶᠢ ᠡᠭᠦᠳᠬᠦ ᠪᠦᠯᠦᠭᠵᠢᠯ ᠢ ᠪᠦᠷᠢᠯᠳᠦᠭᠦᠯᠦᠨ᠂ ᠠᠵᠢᠯ ᠲᠦᠷᠥᠯ ᠤᠨ ᠮᠡᠷᠭᠡᠵᠢᠯ ᠤᠨ | ᠳᠠᠪᠰᠢᠯᠲᠠ ᠪᠠ ᠠᠵᠤ ᠦᠢᠯᠡᠰ ᠤᠨ ᠬᠦᠭᠵᠢᠯᠳᠡ ᠶᠢ ᠳᠠᠶᠢᠴᠢᠯᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ | ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ | ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ︶ | ︵ᠳᠤᠯᠤᠭ᠎ᠠ︶ ᠰᠠᠭᠤᠷᠢ ᠰᠤᠳᠤᠯᠤᠯ ᠬᠢᠭᠡᠳ ᠬᠡᠷᠡᠭᠯᠡᠭᠡᠨ ᠤ ᠰᠤᠳᠤᠯᠤᠯ ᠤᠨ ᠠᠭᠤᠰᠤᠯᠴᠠᠨ | ᠨᠡᠪᠳᠡᠷᠡᠯᠴᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠡᠯᠬᠢᠶᠡᠨ ᠤ ᠳᠤᠭᠤᠷᠢᠨ ᠳᠤ ᠰᠢᠨ᠎ᠡ ᠶᠢ ᠡᠭᠦᠳᠬᠦ | ᠬᠡᠯᠬᠢᠶ᠎ᠡ ᠶᠢ ᠪᠠᠶᠢᠷᠢᠯᠠᠭᠤᠯᠵᠤ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ | ᠠᠮᠢᠳᠤ ᠪᠤᠳᠠᠰ ᠡᠮ ᠡᠮᠨᠡᠯᠭᠡ᠂ ᠡᠯᠧᠺᠲᠷᠦᠨ ᠮᠡᠳᠡᠭᠡ ᠵᠠᠩᠭᠢ᠂ ᠡᠨᠧᠷᠬᠢ ᠠᠷᠪᠢᠯᠠᠵᠤ ᠤᠷᠴᠢᠨ ᠲᠣᠭᠤᠷᠢᠨ ᠢ | ᠬᠠᠮᠠᠭᠠᠯᠠᠬᠤ᠂ ᠣᠳᠣ ᠦᠶ᠎ᠡ ᠶᠢᠨ ᠮᠠᠯ ᠲᠠᠷᠢᠶᠠᠯᠠᠩ ᠵᠡᠷᠭᠡ ᠠᠵᠤ ᠦᠢᠯᠡᠰ ᠤᠨ ᠬᠦᠷᠢᠶᠡᠨ ᠳᠤ ᠬᠡᠷᠡᠭᠯᠡᠭᠡᠨ ᠤ | ᠰᠤᠳᠤᠯᠤᠯ ᠢ ᠪᠠᠶᠢᠷᠢᠯᠠᠭᠤᠯᠤᠨ᠂ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠪᠣᠯᠪᠠᠰᠤᠷᠠᠭᠤᠯᠵᠤ᠂ | ᠠᠩᠬᠠᠨ ᠤ ᠡᠭᠦᠳᠦᠯᠲᠡ ᠴᠢᠨᠠᠷᠲᠠᠢ ᠰᠠᠭᠤᠷᠢ ᠰᠤᠳᠤᠯᠤᠯ ᠢ ᠦᠷᠨᠢᠭᠦᠯᠣᠨ᠂ ᠨᠡᠩ ᠤᠯᠠᠨ ᠠᠩᠬᠠᠨ ᠤ | ᠡᠭᠦᠳᠦᠯᠳᠡ ᠶᠢᠨ ᠤᠨᠤᠯ ᠢ ᠳᠤᠷᠠᠳᠤᠨ ᠭᠠᠷᠭᠠᠵᠤ᠂ ᠨᠡᠩ ᠤᠯᠠᠨ ᠠᠩᠬᠠᠨ ᠤ ᠡᠭᠦᠳᠦᠯᠳᠡ ᠶᠢ ᠢᠯᠡᠷᠡᠭᠦᠯᠬᠦ ᠶᠢ | ᠪᠡᠶᠡᠯᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠤ | ᠠᠬᠤᠶᠢᠯᠠᠯ ᠤᠳ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠢ ᠬᠠᠮᠵᠢᠯᠴᠠᠨ ᠭᠤᠶᠤᠴᠢᠯᠠᠵᠤ | ᠮᠡᠳᠡᠭᠦᠯᠬᠦ ᠶᠢ ᠳᠡᠮᠵᠢᠵᠦ᠂ ᠵᠠᠩᠭᠢᠯᠠᠭ᠎ᠠ ᠶᠢᠨ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠤ ᠠᠰᠠᠭᠤᠳᠠᠯ ᠪᠠ | ᠨᠡᠶᠢᠲᠡᠯᠢᠭ ᠴᠢᠨᠠᠷᠲᠠᠢ ᠮᠡᠷᠭᠡᠵᠢᠯ ᠢ ᠬᠤᠯᠪᠤᠭᠠᠯᠠᠵᠤ ᠪᠠᠶᠢᠭᠠᠳ ᠪᠣᠭᠤᠮᠲᠠ ᠰᠢᠪᠳᠤᠯᠬᠤ ᠶᠢ ᠦᠷᠨᠢᠭᠦᠯᠬᠦ ᠶᠢᠨ | ᠳᠤᠭᠤᠷᠢᠨ ᠳᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠴᠢᠳᠠᠪᠤᠷᠢᠳᠠᠨ ᠤ ᠦᠰᠦᠨ ᠪᠤᠶᠢᠵᠢᠬᠤ ᠶᠢ ᠬᠦᠮᠦᠵᠢᠭᠦᠯᠦᠨ | ᠳᠠᠶᠢᠴᠢᠯᠠᠨ᠎ᠠ᠃ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ | ᠵᠡᠷᠭᠡ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠬᠦᠳᠦᠯᠦᠨ ᠵᠢᠯᠤᠭᠤᠳᠴᠦ ᠪᠠᠶᠢᠭᠠᠳ | ᠠᠵᠢᠯ ᠲᠥᠷᠥᠯ ᠤᠨ ᠬᠦᠭᠵᠢᠭᠦᠯᠦᠯᠳᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠠᠯᠭᠠᠯᠳᠤᠭᠤᠯᠬᠤ ᠶᠢ ᠴᠢᠩᠭᠠᠳᠬᠠᠵᠤ᠂ | ᠳᠡᠯᠡᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠵᠤ ᠠᠩᠬᠠᠨ ᠤ ᠡᠭᠦᠳᠦᠯᠳᠡ ᠶᠢᠨ | ᠴᠢᠬᠤᠯᠠ ᠶᠡᠭᠡ ᠦᠷ᠎ᠡ ᠪᠦᠳᠦᠭᠡᠯ ᠢ ᠭᠠᠷᠭᠠᠬᠤ ᠪᠦᠭᠡᠳ ᠪᠠᠰᠠ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ | ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠳᠤ ᠲᠦᠪᠯᠡᠷᠡᠭᠦᠯᠵᠤ᠂ ᠮᠡᠷᠭᠡᠵᠢᠯ ᠤᠨ ᠪᠡᠷᠬᠡ | ᠪᠤᠭᠤᠮᠲᠠ ᠶᠢ ᠢᠯᠠᠨ ᠳᠠᠪᠠᠵᠦ᠂ ᠰᠠᠭᠤᠷᠢ ᠰᠤᠳᠤᠯᠤᠯ᠂ ᠬᠡᠷᠡᠭᠯᠡᠭᠡᠨ ᠤ ᠰᠠᠭᠤᠷᠢ ᠰᠤᠳᠤᠯᠤᠯ ᠪᠠ ᠬᠡᠷᠡᠭᠯᠡᠭᠡᠨ ᠤ | ᠰᠤᠳᠤᠯᠤᠯ ᠤᠨ ᠠᠭᠤᠰᠤᠯᠴᠠᠨ ᠨᠡᠪᠳᠡᠷᠡᠯᠴᠡᠬᠦ ᠶᠢ ᠦᠨᠡᠨ ᠬᠦ ᠠᠬᠢᠭᠤᠯᠤᠨ᠎ᠠ᠃ ︵ᠬᠠᠷᠢᠭᠤᠴᠠᠯᠭᠠᠳᠤ ᠨᠢᠭᠡᠴᠢ᠄ | ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ | ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠰᠤᠷᠭᠠᠨ | ᠬᠦᠮᠦᠵᠢᠯ ᠤᠨ ᠲᠢᠩᠭᠢᠮ︶ | ᠭᠤᠷᠪᠠ᠂ ᠦᠨᠳᠦᠷ ᠬᠢᠷᠢ ᠲᠦᠪᠰᠢᠨ ᠪᠦᠬᠦᠢ ᠰᠤᠳᠤᠯᠤᠯ ᠤᠨ ᠰᠠᠭᠤᠷᠢᠨ ᠭᠠᠵᠠᠷ ᠢ ᠪᠠᠶᠢᠭᠤᠯᠤᠨ᠎ᠠ | ︵ᠨᠠᠢᠮᠠ︶ ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠵᠢᠴᠢ ᠪᠡᠯᠡᠳᠭᠡᠯ ᠡᠩᠨᠡᠭᠡ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ ᠨᠢ ᠤᠯᠤᠰ ᠤᠨ | ᠳᠤᠳᠤᠭᠠᠳᠤ ᠭᠠᠳᠠᠭᠠᠳᠤ ᠶᠢᠨ ᠲᠡᠷᠢᠭᠦᠨ ᠳᠡᠰ ᠤᠨ ᠴᠢᠳᠠᠪᠤᠷᠢᠳᠠᠳ ᠢ ᠲᠦᠪᠯᠡᠷᠡᠭᠦᠯᠵᠦ᠂ ᠤᠯᠤᠰ ᠤᠨ ᠪᠠ | ᠦᠪᠡᠷᠳᠡᠭᠡᠨ ᠵᠠᠰᠠᠬᠤ ᠤᠷᠤᠨ ᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠠ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠰᠢᠨ᠎ᠡ ᠶᠢ ᠡᠭᠦᠳᠦᠨ ᠪᠤᠭᠤᠮᠳᠠ ᠰᠢᠪᠲᠤᠯᠵᠤ᠂ ᠤᠷᠤᠨ ᠪᠦᠰᠡ ᠵᠢᠴᠢ ᠠᠵᠢᠯ ᠲᠦᠷᠥᠯ ᠤᠨ | ᠮᠡᠷᠭᠡᠵᠢᠯ ᠤᠨ ᠪᠡᠷᠬᠡ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠭᠡᠨ ᠤ ᠬᠦᠭᠵᠢᠯᠳᠡ ᠶᠢ ᠳᠠᠶᠢᠴᠢᠯᠠᠨ᠂ ᠦᠪᠡᠷᠳᠡᠭᠡᠨ | ᠵᠠᠰᠠᠬᠤ ᠤᠷᠤᠨ ᠤ ᠰᠠᠭᠤᠷᠢ ᠰᠤᠳᠤᠯᠤᠯ ᠤᠨ ᠪᠦᠬᠦᠯᠢ ᠴᠤᠬᠴᠠ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠤᠬᠳᠠᠭᠤᠨ ᠢᠶᠠᠷ ᠳᠡᠮᠵᠢᠬᠦ ᠶᠢ ᠴᠢᠩᠭᠠᠷᠠᠭᠤᠯᠤᠨ᠎ᠠ᠃ | ᠬᠤᠪᠤᠷ ᠰᠢᠷᠤᠢ᠂ ᠮᠤᠩᠭᠤᠯ ᠬᠢᠲᠠᠳ ᠡᠮ ᠡᠮᠨᠡᠯᠭᠡ᠂ ᠴᠠᠭᠠᠨ ᠢᠳᠡᠭᠡ᠂ ᠠᠮᠢ ᠠᠬᠤᠢ᠂ ᠤᠰᠤᠨ ᠤ ᠡᠬᠢ | ᠰᠤᠷᠪᠤᠯᠵᠢ᠂ ᠮᠠᠯᠵᠢᠯ᠂ ᠣᠳᠣ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ ᠵᠡᠷᠭᠡ ᠦᠪᠡᠷᠳᠡᠭᠡᠨ ᠵᠠᠰᠠᠬᠤ | ᠤᠷᠤᠨ ᠤ ᠳᠠᠪᠠᠭᠤᠯᠢᠭ ᠪᠦᠭᠡᠳ ᠣᠨᠴᠠᠯᠢᠬᠳᠦ ᠠᠵᠤ ᠦᠢᠯᠡᠰ ᠤᠨ ᠬᠦᠷᠢᠶ᠎ᠡ ᠴᠠᠷᠠᠭᠠᠨ ᠠᠴᠠ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠡᠯᠡᠳᠭᠡᠯ ᠡᠩᠨᠡᠭᠡ ᠶᠢ ᠰᠢᠯᠢᠨ ᠰᠤᠩᠭᠤᠵᠤ ᠪᠠᠶᠢᠭᠤᠯᠤᠨ᠂ | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠦᠳᠦᠭᠡᠨ ᠪᠠᠶᠢᠭᠤᠯᠬᠤ ᠱᠠᠭᠠᠷᠳᠠᠯᠭ᠎ᠠ ᠶᠢᠨ | ᠪᠠᠷᠢᠮᠵᠢᠶᠠᠨ ᠳᠤ ᠳᠤᠬᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠳᠤᠭᠳᠠᠭᠠᠬᠤ᠂ | ᠴᠢᠳᠠᠪᠤᠷᠢᠳᠠᠨ ᠤ ᠪᠦᠯᠬᠦᠮ ᠨᠡᠶᠢᠲᠡ ᠶᠢ ᠪᠠᠶᠢᠭᠤᠯᠬᠤ ᠵᠡᠷᠭᠡ ᠳᠠᠯ᠎ᠠ ᠪᠠᠷ ᠤᠯᠤᠰ ᠤᠨ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ ᠤᠨ ᠪᠡᠯᠡᠳᠭᠡᠯ ᠡᠩᠨᠡᠭᠡ ᠶᠢ ᠳᠤᠬᠳᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠵᠤ᠂ | ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠤᠯᠵᠤ ᠲᠦᠷᠭᠡᠨ ᠢᠶᠠᠷ ᠳᠡᠰ ᠳᠡᠪᠰᠢᠬᠦ ᠶᠢ ᠳᠡᠮᠵᠢᠨ᠎ᠡ᠃᠂ | ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠡᠭᠦᠷᠬᠡ ᠶᠢ ᠡᠭᠦᠷᠭᠡᠯᠡᠵᠦ ᠪᠣᠯᠬᠤ | ᠤᠯᠤᠰ ᠤᠨ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠵᠢᠴᠢ ᠪᠡᠯᠡᠳᠭᠡᠯ ᠡᠩᠨᠡᠭᠡᠨ ᠳᠤ ᠰᠢᠭᠤᠳ ᠨᠠᠶᠢᠳᠠᠵᠤ | ᠬᠠᠷᠢᠭᠤᠴᠠᠭᠤᠯᠬᠤ ᠳᠤᠭᠳᠠᠴᠠ ᠶᠢ ᠪᠠᠶᠢᠭᠤᠯᠵᠤ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠡ | ᠵᠦᠢᠯ ᠤᠨ ᠲᠥᠷᠥ ᠶᠢᠨ ᠪᠤᠳᠤᠯᠭ᠎ᠠ ᠶᠢ ᠬᠦᠢᠴᠡᠳ ᠠᠰᠢᠭᠯᠠᠵᠤ ᠪᠠᠶᠢᠭᠠᠳ ᠤᠯᠤᠰ ᠤᠨ ᠭᠤᠣᠯᠳᠠᠯᠭ᠎ᠠ ᠲᠠᠢ | ᠲᠤᠷᠰᠢᠯᠳᠠ ᠶᠢᠨ ᠲᠠᠰᠤᠭ ᠵᠢᠴᠢ ᠪᠡᠯᠡᠳᠭᠡᠯ ᠡᠩᠨᠡᠭᠡ ᠶᠢ ᠪᠠᠶᠢᠭᠤᠯᠵᠤ ᠬᠦᠭᠵᠢᠭᠦᠯᠬᠦ ᠶᠢ ᠤᠷᠢᠳ ᠢᠶᠠᠷ ᠳᠡᠮᠵᠢᠨ᠎ᠡ᠃ ︵ | ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ | ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ︶ | ︵ᠶᠢᠰᠦ︶ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ᠳᠠᠪᠠᠭᠤᠯᠢᠭ | ᠪᠦᠭᠡᠳ ᠤᠨᠴᠠᠯᠢᠬᠳᠦ ᠠᠵᠤ ᠦᠢᠯᠡᠰ ᠪᠠ ᠭᠤᠣᠯᠳᠠᠯᠭ᠎ᠠ ᠲᠠᠢ ᠰᠢᠨᠵᠢᠯᠡᠭᠡᠨ ᠤ ᠬᠦᠷᠢᠶ᠎ᠡ ᠴᠠᠷᠠᠭ᠎ᠠ ᠶᠢ ᠨᠢᠭᠡᠳᠦᠯᠳᠡᠢ | ᠲᠦᠯᠦᠪᠯᠡᠵᠤ ᠲᠦᠯᠦᠪᠵᠢᠭᠦᠯᠬᠦ ᠶᠢᠨ ᠳᠤᠭᠤᠷᠢᠨ ᠳᠤ᠂ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ | ᠲᠤᠷᠰᠢᠯᠳᠠ ᠶᠢᠨ ᠲᠠᠰᠤᠭ ᠢ ᠲᠥᠯᠦᠪᠯᠡᠭᠡ ᠲᠠᠢ ᠪᠠᠷ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠨ᠎ᠠ᠃ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠤ ᠪᠠᠶᠢᠭᠤᠯᠤᠭᠰᠠᠨ ᠦᠪᠡᠷᠳᠡᠭᠡᠨ | ᠵᠠᠰᠠᠬᠤ ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠨᠢ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠰᠠᠭᠤᠷᠢ ᠰᠤᠳᠤᠯᠤᠯ ᠪᠠ ᠬᠡᠷᠡᠭᠯᠡᠭᠡᠨ ᠤ ᠰᠠᠭᠤᠷᠢ ᠰᠤᠳᠤᠯᠤᠯ ᠢ | ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢᠳᠠᠨ ᠢ ᠬᠦᠮᠦᠵᠢᠭᠦᠯᠬᠦ ᠪᠠ ᠤᠷᠤᠭᠤᠯᠤᠨ ᠠᠪᠴᠢᠷᠠᠬᠤ ᠶᠢ ᠲᠦᠯᠬᠢᠨ | ᠠᠬᠢᠭᠤᠯᠵᠤ᠂ ᠰᠢᠨᠵᠢᠯᠡᠭᠡᠨ ᠤ ᠳᠠᠪᠰᠢᠯᠲᠠ ᠶᠢ ᠳᠠᠶᠢᠴᠢᠯᠠᠵᠤ᠂ ᠠᠵᠤ ᠦᠢᠯᠡᠰ ᠤᠨ ᠬᠦᠭᠵᠢᠯᠳᠡ ᠶᠢ ᠬᠦᠳᠦᠯᠦᠨ | ᠳᠠᠭᠠᠭᠤᠯᠦᠨᠡ᠃ ᠠᠵᠤ ᠠᠬᠤᠶᠢᠯᠠᠯ ᠳᠤ ᠪᠠᠶᠢᠭᠤᠯᠤᠭᠰᠠᠨ ᠦᠪᠡᠷᠳᠡᠭᠡᠨ ᠵᠠᠰᠠᠬᠤ ᠤᠷᠤᠨ ᠤ ᠭᠤᠣᠯᠳᠠᠯᠭ᠎ᠠ ᠲᠠᠢ | ᠲᠣᠷᠰᠢᠯᠲᠠ ᠶᠢᠨ ᠲᠠᠰᠤᠭ ᠨᠢ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ᠂ | ᠭᠤᠣᠯᠯᠠᠬᠤ ᠦᠷᠢᠰᠦᠯᠳᠦᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠮᠡᠷᠭᠡᠵᠢᠯ ᠤᠨ ᠴᠢᠳᠠᠪᠤᠷᠢᠲᠠᠨ ᠬᠦᠮᠦᠵᠢᠭᠦᠯᠬᠦ ᠪᠠᠷ | ᠬᠠᠷᠠᠯᠲᠠ ᠪᠣᠯᠭᠠᠵᠤ᠂ ᠬᠡᠷᠡᠭᠯᠡᠭᠡᠨ ᠤ ᠰᠠᠭᠤᠷᠢ ᠰᠤᠳᠤᠯᠤᠯ ᠪᠠ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ | ᠰᠤᠳᠤᠯᠤᠯ ᠢ ᠴᠢᠩᠭᠠᠳᠬᠠᠵᠤ᠂ ᠠᠵᠢᠯ ᠲᠥᠷᠥᠯ ᠤᠨ ᠮᠡᠷᠭᠡᠵᠢᠯ ᠤᠨ ᠳᠠᠪᠰᠢᠯᠲᠠ ᠶᠢ ᠬᠦᠳᠦᠯᠦᠨ ᠳᠠᠭᠠᠭᠤᠯᠤᠨ᠎ᠠ᠃ | ᠳᠡᠭᠡᠳᠦ ᠰᠤᠷᠭᠠᠭᠤᠯᠢ ᠬᠢᠭᠡᠳ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠬᠠᠮᠳᠤᠷᠠᠯᠴᠠᠨ | ᠪᠠᠶᠢᠭᠤᠯᠬᠤ ᠶᠢ ᠳᠡᠮᠵᠢᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨ ᠤᠶᠠᠯᠳᠤᠭᠤᠯᠬᠤ ᠵᠢᠴᠢ ᠦᠷ᠎ᠡ | ᠪᠦᠳᠦᠭᠡᠯ ᠢ ᠤᠯᠠᠷᠢᠭᠤᠯᠬᠤ ᠶᠢ ᠨᠢ ᠲᠦᠯᠬᠢᠨ ᠠᠬᠢᠭᠤᠯᠤᠨ᠎ᠠ᠃ ᠣᠳᠤ ᠶᠢᠨ ᠪᠠᠶᠢᠭ᠎ᠠ ᠦᠪᠡᠷᠳᠡᠭᠡᠨ ᠵᠠᠰᠠᠬᠤ | ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠳᠠᠰᠤᠭ ᠢ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠵᠤ᠂ | ᠤᠷᠤᠭᠤᠯᠵᠤ ᠢᠷᠡᠬᠦ ᠪᠠ ᠭᠠᠷᠭᠠᠵᠤ ᠶᠠᠪᠤᠭᠤᠯᠬᠤ ᠶᠢ ᠬᠦᠳᠡᠯᠦᠩᠭᠦᠢ ᠪᠠᠷ ᠳᠤᠬᠢᠷᠠᠭᠤᠯᠵᠤ ᠪᠣᠯᠬᠤ ᠳᠤᠬᠳᠠᠴᠠ ᠶᠢ | ᠬᠡᠷᠡᠭᠵᠢᠭᠦᠯᠦᠨ᠎ᠡ᠃ ᠳᠤᠮᠤ ᠬᠡᠯᠪᠡᠷᠢ ᠶᠢᠨ ᠬᠡᠮᠵᠢᠭᠦᠷᠯᠢᠭ ᠢ ᠴᠢᠯᠦᠭᠡᠳᠡᠢ ᠨᠡᠭᠡᠭᠡᠵᠦ ᠬᠠᠮᠳᠤ ᠳᠤ ᠪᠠᠨ ᠬᠦᠷᠲᠡᠬᠦ | ᠰᠦᠯᠵᠢᠶᠡᠨ ᠤ ᠳᠠᠪᠴᠠᠩ ᠪᠠ ᠲᠣᠷᠰᠢᠯᠲᠠ ᠬᠢᠵᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠠᠬᠤᠢ | ᠪᠠ ᠮᠡᠳᠡᠭᠡ ᠵᠠᠩᠭᠢᠴᠢᠯᠠᠯᠲᠠ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠭᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠭᠢᠮ᠂ ᠣᠢ ᠰᠢᠭᠤᠢ ᠶᠢᠨ ᠲᠢᠩᠭᠢᠮ︶ | ᠳᠦᠷᠪᠡ᠂ ᠰᠠᠭᠤᠷᠢ ᠰᠤᠳᠤᠯᠤᠯ ᠤᠨ ᠴᠢᠳᠠᠪᠤᠷᠢᠳᠠᠨ ᠤ ᠡᠩᠨᠡᠭᠡ ᠶᠢ ᠪᠤᠵᠠᠭᠠᠶᠢᠷᠠᠭᠤᠯᠤᠨ᠎ᠠ | ︵ᠠᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ | ᠡᠭᠦᠳᠬᠦ ᠪᠦᠯᠬᠦᠮ ᠨᠡᠶᠢᠲᠡ ᠶᠢ ᠬᠦᠮᠦᠵᠢᠭᠦᠯᠬᠦ ᠪᠠ ᠤᠷᠤᠭᠤᠯᠤᠨ ᠠᠪᠠᠴᠢᠷᠠᠨᠠ᠃ ᠦᠪᠡᠷᠳᠡᠭᠡᠨ ᠵᠠᠰᠠᠬᠤ ᠤᠷᠤᠨ ᠤ | ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠶᠢᠨ ᠳᠤᠭᠤᠷᠢᠨ ᠳᠤ᠂ ᠴᠢᠳᠠᠪᠤᠷᠢᠳᠠᠨ ᠢ ᠬᠦᠮᠦᠵᠢᠭᠦᠯᠬᠦ᠂ ᠤᠷᠤᠭᠤᠯᠤᠨ | ᠠᠪᠴᠢᠷᠠᠬᠤ ᠪᠠ ᠬᠡᠷᠡᠭᠯᠡᠬᠦ ᠳᠤᠬᠳᠠᠴᠠ ᠳᠤ ᠰᠢᠨ᠎ᠡ ᠶᠢ ᠡᠭᠦᠳᠦᠨ᠎ᠡ᠃ ᠤᠯᠤᠰ ᠤᠨ ᠪᠠ ᠦᠪᠡᠷᠳᠡᠭᠡᠨ ᠵᠠᠰᠠᠬᠤ | ᠤᠷᠤᠨ ᠤ ᠭᠤᠣᠯᠳᠠᠯᠭ᠎ᠠ ᠲᠠᠢ ᠲᠤᠷᠰᠢᠯᠳᠠ ᠶᠢᠨ ᠲᠠᠰᠤᠭ ᠵᠡᠷᠭᠡ ᠰᠠᠭᠤᠷᠢ ᠰᠤᠳᠤᠯᠤᠯ ᠤᠨ ᠰᠢᠨ᠎ᠡ ᠶᠢ ᠡᠭᠦᠳᠬᠦ | ᠰᠠᠭᠤᠷᠢᠨ ᠭᠠᠵᠠᠷ ᠲᠤ ︽ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠢᠮᠢᠴᠢ ᠪᠠ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠢᠮᠢᠴᠢ︾ ︽ᠭᠠᠳᠠᠭᠠᠳᠤ ᠠᠴᠠ ᠳᠡᠭᠡᠳᠦ ᠳᠡᠰ ᠤᠨ | ᠴᠢᠳᠠᠪᠤᠷᠢᠳᠠᠨ ᠤᠷᠤᠭᠤᠯᠤᠨ ᠠᠪᠴᠢᠷᠠᠬᠤ ᠲᠦᠯᠦᠪᠯᠡᠭᠡ︾ ︽ᠤᠯᠤᠰ ᠤᠨ ᠳᠡᠭᠡᠳᠦ ᠳᠡᠰ ᠤᠨ ᠴᠢᠳᠠᠪᠤᠷᠢᠲᠠᠨ ᠢ | ᠣᠨᠴᠠᠭᠠᠢ ᠳᠡᠮᠵᠢᠬᠦ ᠲᠦᠯᠦᠪᠯᠡᠭᠡ︾ ᠵᠡᠷᠭᠡ ᠳᠡᠭᠡᠳᠦ ᠳᠡᠰ ᠤᠨ ᠴᠢᠳᠠᠪᠤᠷᠢᠳᠠᠨ ᠪᠠ ᠰᠢᠨ᠎ᠡ ᠶᠢ ᠡᠭᠦᠳᠬᠦ ᠪᠦᠯᠬᠦᠮ | ᠨᠡᠶᠢᠲᠡ ᠶᠢ ᠲᠦᠪᠯᠡᠷᠡᠭᠦᠯᠬᠦ ᠴᠢᠳᠠᠮᠵᠢ ᠶᠢ ᠨᠢ ᠭᠦᠢᠴᠡᠳ ᠪᠠᠳᠠᠷᠠᠭᠤᠯᠤᠨ᠎ᠠ᠃ ᠰᠠᠭᠤᠷᠢ ᠰᠢᠨᠵᠢᠯᠡᠭᠡᠨ ᠳᠤ | ᠲᠥᠪᠯᠡᠷᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠬᠴᠢ ᠴᠢᠳᠠᠪᠤᠷᠢᠲᠠᠨ ᠪᠠ | ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠳᠤᠬᠳᠠᠬᠤᠨ ᠳᠡᠮᠵᠢᠵᠦ ᠰᠠᠭᠤᠷᠢ ᠰᠤᠳᠤᠯᠤᠯ ᠤᠨ ᠠᠵᠢᠯ ᠬᠢᠯᠭᠡᠨ᠎ᠡ᠃ | ᠴᠢᠳᠠᠪᠤᠷᠢᠳᠠᠨ ᠬᠦᠮᠦᠵᠢᠭᠦᠯᠬᠦ ᠪᠠ ᠤᠷᠤᠭᠤᠯᠤᠨ ᠠᠪᠴᠢᠷᠠᠬᠤ ᠶᠠᠪᠤᠴᠠ ᠳᠠᠬᠢ ︽ᠲᠠᠯ᠎ᠠ ᠨᠤᠲᠤᠭ ᠤᠨ ᠰᠣᠳᠤᠨ | ᠴᠢᠳᠠᠪᠤᠷᠢᠲᠠᠨ︾ ᠤ ᠢᠨᠵᠧᠨᠧᠷᠢᠩ ᠵᠡᠷᠭᠡ ᠦᠪᠡᠷᠳᠡᠭᠡᠨ ᠵᠠᠰᠠᠬᠤ ᠤᠷᠤᠨ ᠤ ᠡᠯ᠎ᠡ ᠲᠥᠷᠥᠯ ᠤᠨ ᠴᠢᠳᠠᠪᠤᠷᠢᠳᠠᠨ | ᠬᠦᠮᠦᠵᠢᠭᠦᠯᠬᠦ ᠲᠥᠷᠥᠯ ᠵᠦᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠴᠢᠳᠠᠪᠤᠷᠢᠳᠠᠨ ᠤ | ᠰᠢᠯᠵᠢᠯᠲᠡ ᠶᠢᠨ ᠳᠤᠬᠳᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯᠳᠠᠨ ᠤ ᠶᠠᠪᠤᠳᠠᠯ ᠤᠨ ᠲᠥᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠬᠤᠭᠤᠷᠤᠨᠳᠤᠬᠢ ᠴᠢᠳᠠᠪᠤᠷᠢᠳᠠᠳ ᠤᠨ ᠵᠤᠬᠢᠰᠲᠠᠢ ᠰᠢᠯᠵᠢᠬᠦ ᠶᠢ | ᠵᠤᠷᠢᠬᠵᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠠᠺᠠᠳᠢᠮᠢᠴᠢ ᠪᠠ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠢᠮᠢᠴᠢ︾ ︽ | ᠭᠠᠳᠠᠭᠠᠳᠤ ᠠᠴᠠ ᠳᠡᠭᠡᠳᠦ ᠳᠡᠰ ᠤᠨ ᠴᠢᠳᠠᠪᠤᠷᠢᠳᠠᠨ ᠤᠷᠤᠭᠤᠯᠤᠨ ᠠᠪᠴᠢᠷᠠᠬᠤ ᠲᠦᠯᠦᠪᠯᠡᠭᠡ︾ ︽ᠤᠯᠤᠰ ᠤᠨ | ᠳᠡᠭᠡᠳᠦ ᠳᠡᠰ ᠤᠨ ᠴᠢᠳᠠᠪᠤᠷᠢᠲᠠᠨ ᠢ ᠣᠨᠴᠠᠭᠠᠢ ᠳᠡᠮᠵᠢᠬᠦ ᠲᠦᠯᠦᠪᠯᠡᠭᠡ︾ ︽ᠡᠷᠳᠡᠮᠳᠡᠨ ᠢ ᠱᠠᠩᠨᠠᠨ ᠬᠦᠬᠢᠭᠦᠯᠬᠦ | ᠬᠥᠬᠡ ᠮᠦᠷᠡᠨ ᠲᠦᠯᠦᠪᠯᠡᠭᠡ︾ ᠳᠤ ᠰᠤᠩᠭᠤᠭᠳᠠᠭᠰᠠᠳ ᠵᠢᠴᠢ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ | ᠤᠬᠠᠭᠠᠨ ᠤ ᠰᠠᠭᠤᠷᠢ ᠮᠦᠩᠭᠦ ᠪᠠ ᠤᠯᠤᠰ ᠤᠨ ᠰᠢᠯᠢᠳᠡᠭ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ | ᠮᠦᠩᠬᠦ ᠬᠦᠷᠳᠡᠭᠰᠡᠳ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠡᠳ᠋ ᠤᠨ ᠵᠠᠰᠠᠭ ᠤᠨ ᠲᠢᠩᠬᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ | ︵ᠠᠷᠪᠠᠨ ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠷ ᠵᠠᠯᠠᠭᠤ ᠪᠠ ᠪᠡᠯᠡᠳᠭᠡᠯ ᠴᠢᠳᠠᠪᠤᠷᠢᠳᠠᠨ ᠢ | ᠬᠦᠮᠦᠵᠢᠭᠦᠯᠵᠤ ᠤᠷᠤᠭᠤᠯᠵᠤ ᠢᠷᠡᠬᠦ ᠡᠷᠴᠢᠮ ᠢ ᠴᠢᠩᠭᠠᠷᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠦᠯᠦᠪᠯᠡᠭᠡ ᠪᠠᠷ ᠵᠠᠯᠠᠭᠤ ᠴᠢᠳᠠᠪᠤᠷᠢᠳᠠᠨ ᠢ ᠬᠦᠮᠦᠵᠢᠭᠦᠯᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠢᠳᠡᠷ ᠵᠠᠯᠠᠭᠤ ᠪᠠ ᠪᠡᠯᠡᠳᠭᠡᠯ ᠴᠢᠳᠠᠪᠤᠷᠢᠳᠠᠨ ᠤ ᠪᠡᠶ᠎ᠡ ᠪᠠᠨ ᠳᠠᠭᠠᠭᠠᠵᠤ ᠰᠡᠳᠦᠪ ᠰᠤᠩᠭᠤᠬᠤ | ᠂ ᠴᠢᠯᠦᠭᠡᠳᠡᠢ ᠰᠦᠪᠡᠭᠴᠢᠯᠡᠬᠦ ᠶᠢ ᠨᠢ ᠵᠤᠷᠢᠬᠵᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠳ᠋ᠤᠺᠲ᠋ᠤᠷᠠᠨᠲ ᠤᠨ | ᠴᠡᠭ ᠢ ᠪᠠᠶᠢᠭᠤᠯᠬᠤ ᠪᠠ ᠠᠬᠠᠯᠠᠭᠴᠢ ᠳ᠋ᠤᠺᠲ᠋ᠤᠷ ᠤᠨ ᠠᠵᠢᠯᠯᠠᠬᠤ ᠭᠠᠵᠠᠷ᠂ ᠰᠢᠯᠵᠢᠭᠦᠯᠬᠦ ᠦᠷᠳᠡᠭᠡ ᠪᠠᠶᠢᠭᠤᠯᠬᠤ ᠶᠢ | ᠴᠢᠩᠭᠠᠳᠬᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠰᠢᠯᠢᠳᠡᠭ ᠵᠠᠯᠠᠭᠤᠴᠤᠳ ᠢ ᠦᠪᠡᠷᠳᠡᠭᠡᠨ ᠵᠠᠰᠠᠬᠤ | ᠤᠷᠤᠨ ᠳᠤ ᠲᠠᠲᠠᠵᠤ ᠠᠪᠴᠢᠷᠠᠨ ᠳ᠋ᠤᠺᠲ᠋ᠤᠷ ᠴᠤᠯᠠ ᠣᠯᠬᠤ ᠪᠠᠷ ᠰᠢᠮᠳᠠᠨ ᠰᠤᠷᠬᠤ ᠪᠣᠶᠣ ᠠᠬᠠᠯᠠᠭᠴᠢ ᠳ᠋ᠤᠺᠲ᠋ᠤᠷ ᠤᠨ | ᠰᠤᠳᠤᠯᠤᠯ ᠤᠨ ᠠᠵᠢᠯ ᠬᠢᠯᠭᠡᠨ᠎ᠡ᠃ ᠠᠮᠢᠳᠤᠷᠠᠯ ᠤᠨ ᠨᠡᠮᠡᠭᠦᠷᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠳᠠᠬᠢ ᠵᠤᠭᠤᠰ ᠢᠶᠠᠷ ᠳᠤᠰᠠᠯᠠᠬᠤ ᠡᠷᠴᠢᠮ ᠢ ᠴᠢᠩᠭᠠᠷᠠᠭᠤᠯᠵᠤ᠂ ᠦᠷ᠎ᠡ ᠬᠡᠤᠬᠡᠳ ᠨᠢ ᠰᠤᠷᠭᠠᠭᠤᠯᠢ ᠳᠤ | ᠰᠤᠷᠤᠯᠴᠠᠬᠤ᠂ ᠬᠠᠨᠢ ᠨᠦᠬᠦᠷ ᠲᠤ ᠨᠢ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠤᠯᠤᠰ ᠤᠨ ᠳᠤᠳᠤᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ | ᠴᠢᠳᠠᠪᠤᠷᠢᠳᠠᠳ ᠢ ᠦᠪᠦᠷ ᠮᠤᠩᠭᠤᠯ ᠳᠤ ᠢᠳᠡᠪᠬᠢᠲᠡᠢ ᠳᠠᠳᠠᠨ ᠠᠪᠴᠢᠷᠠᠵᠤ ᠰᠢᠨ᠎ᠡ ᠶᠢ ᠡᠭᠦᠳᠴᠦ ᠦᠢᠯᠡᠰ | ᠴᠣᠭᠴᠠᠯᠠᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠤᠯ ᠤᠨ ᠬᠦᠷᠢᠶᠡᠯᠡᠩ ᠭᠠᠵᠠᠷ ᠪᠠ | ᠠᠵᠤ ᠠᠬᠤᠶᠢᠯᠠᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠳᠤᠮᠳᠠᠳᠤ ᠤᠯᠤᠰ ᠤᠨ ᠡᠪ ᠬᠠᠮᠳᠤ ᠨᠠᠮ ᠤᠨ | ᠲᠥᠪ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠰᠤᠷᠭᠠᠨ ᠬᠦᠮᠦᠵᠢᠯ ᠤᠨ ᠶᠠᠮᠤᠨ᠂ ᠬᠦᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠳᠤᠯᠠᠭ᠎ᠠ ᠶᠢᠨ ᠶᠠᠮᠤᠨ ᠵᠡᠷᠭᠡ ᠡᠯ᠎ᠡ ᠲᠥᠷᠥᠯ ᠤᠨ ᠴᠢᠳᠠᠪᠤᠷᠢᠳᠠᠨ ᠢ ᠬᠦᠮᠦᠵᠢᠭᠦᠯᠬᠦ | ᠲᠦᠯᠦᠪᠯᠡᠭᠡ ᠪᠠᠷ ᠬᠦᠮᠦᠵᠢᠭᠦᠯᠦᠭᠰᠡᠨ ᠭᠠᠷᠮᠠᠭᠠᠢ ᠵᠠᠯᠠᠭᠤᠴᠤᠳ ᠢ ᠤᠷᠤᠭᠤᠯᠤᠨ ᠠᠪᠴᠢᠷᠠᠬᠤ ᠶᠢ ᠨᠡᠩ ᠬᠦᠴᠦᠲᠡᠢ | ᠳᠡᠮᠵᠢᠨ᠎ᠡ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ | ᠪᠠᠶᠢᠭᠤᠯᠬᠤ ᠬᠡᠯᠲᠡᠰ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ | ᠬᠦᠮᠦᠵᠢᠯ ᠤᠨ ᠲᠢᠩᠭᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ︶ | ︵ᠠᠷᠪᠠᠨ ᠬᠤᠶᠠᠷ︶ ᠲᠤᠷᠰᠢᠯᠳᠠ ᠶᠢᠨ ᠦᠨᠳᠦᠷ ᠬᠢᠷᠢ ᠲᠥᠪᠰᠢᠨ ᠲᠠᠢ ᠮᠡᠷᠭᠡᠵᠢᠯ ᠤᠨ ᠴᠢᠳᠠᠪᠤᠷᠢᠳᠠᠨ ᠤ | ᠡᠩᠨᠡᠭᠡ ᠶᠢ ᠪᠠᠶᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠪᠤᠳᠠᠳᠠᠢ ᠳᠤ ᠨᠡᠶᠢᠴᠡᠭᠰᠡᠨ ᠲᠤᠷᠰᠢᠯᠲᠠ ᠶᠢᠨ | ᠮᠡᠷᠭᠡᠵᠢᠯ ᠤᠨ ᠴᠢᠳᠠᠪᠤᠷᠢᠳᠠᠨ ᠢ ᠰᠢᠯᠭᠠᠨ ᠦᠨᠡᠯᠡᠬᠦ ᠰᠢᠰᠲ᠋ᠧᠮᠵᠢ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠲᠤᠷᠰᠢᠯᠲᠠ ᠶᠢᠨ ᠮᠡᠷᠭᠡᠵᠢᠯ ᠤᠨ ᠴᠢᠳᠠᠪᠤᠷᠢᠳᠠᠨ ᠤ ᠪᠠᠶᠢᠷᠢ ᠰᠠᠭᠤᠷᠢ ᠪᠠ ᠣᠯᠭᠤᠮᠵᠢ ᠶᠢ | ᠳᠡᠭᠡᠭᠰᠢᠯᠡᠬᠦᠯᠦᠨ᠎ᠡ᠃ ᠲᠤᠷᠰᠢᠯᠳᠠ ᠶᠢᠨ ᠮᠡᠷᠭᠡᠵᠢᠯ ᠤᠨ ᠴᠢᠳᠠᠪᠤᠷᠢᠳᠠᠨ᠂ ᠢᠨᠵᠧᠨᠧᠷᠢᠩ ᠤᠨ ᠲᠤᠰᠬᠠᠢ ᠳᠤᠰᠢᠶᠠᠯᠳᠤ | ᠮᠡᠷᠭᠡᠵᠢᠯ ᠤᠨ ᠴᠢᠳᠠᠪᠤᠷᠢᠳᠠᠨ ᠪᠠ ᠨᠡᠭᠡᠭᠡᠯᠳᠦ ᠦᠢᠯᠡᠴᠢᠯᠡᠭᠡᠨ ᠤ ᠴᠢᠳᠠᠪᠤᠷᠢᠳᠠᠨ ᠬᠦᠮᠦᠵᠢᠭᠦᠯᠬᠦ ᠡᠷᠴᠢᠮ ᠢ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠡᠩᠨᠡᠭᠡ ᠶᠢᠨ ᠪᠦᠳᠦᠴᠡ ᠶᠢ ᠰᠢᠯᠢᠳᠡᠭᠵᠢᠭᠦᠯᠦᠨ᠎ᠡ᠃ | ᠲᠤᠷᠰᠢᠯᠲᠠ ᠶᠢᠨ ᠮᠡᠷᠭᠡᠵᠢᠯ ᠤᠨ ᠴᠢᠳᠠᠪᠤᠷᠢᠳᠠᠨ ᠤ ᠪᠤᠯᠪᠠᠰᠤᠷᠠᠭᠤᠯᠤᠯ ᠢ ᠴᠢᠩᠭᠠᠳᠬᠠᠵᠤ᠂ ᠮᠡᠷᠭᠡᠵᠢᠯ ᠤᠨ ᠴᠢᠳᠠᠪᠤᠷᠢ | ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ | ᠳᠠᠪᠤ᠂ ᠰᠠᠭᠤᠷᠢ ᠰᠤᠳᠤᠯᠤᠯ ᠤᠨ ᠴᠢᠯᠦᠭᠡᠳᠡᠢ ᠬᠠᠮᠳᠤᠷᠠᠯᠴᠠᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ | ︵ᠠᠷᠪᠠᠨ ᠭᠤᠷᠪᠠ︶ ᠰᠠᠭᠤᠷᠢ ᠰᠤᠳᠤᠯᠤᠯ ᠤᠨ ᠴᠢᠯᠦᠭᠡᠳᠡᠢ ᠬᠠᠮᠲᠤᠷᠠᠯᠴᠠᠬᠤ ᠶᠢ ᠠᠬᠢᠭᠤᠯᠤᠨ᠎ᠠ᠃ | ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠤᠨ ᠬᠦᠭᠵᠢᠯᠳᠡ ᠶᠢ ᠪᠦᠬᠦ ᠪᠦᠮᠪᠦᠷᠴᠡᠭ ᠤᠨ ᠬᠠᠷᠠᠭᠠᠰᠤ ᠠᠴᠠ | ᠤᠬᠠᠭᠠᠯᠠᠨ ᠲᠦᠯᠦᠪᠯᠡᠵᠤ᠂ ᠪᠦᠬᠦ ᠪᠦᠮᠪᠦᠷᠴᠡᠭ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠪᠦᠳᠦᠮᠵᠢᠳᠡᠢ | ᠠᠰᠢᠭᠯᠠᠵᠤ᠂ ᠦᠪᠡᠷᠳᠡᠭᠡᠨ ᠵᠠᠰᠠᠬᠤ ᠤᠷᠤᠨ ᠤ ᠰᠠᠭᠤᠷᠢ ᠰᠤᠳᠤᠯᠤᠯ ᠢ ᠤᠯᠠᠨ ᠳᠡᠰ ᠳᠠᠪᠬᠤᠷᠭ᠎ᠠ ᠲᠠᠢ᠂ ᠦᠨᠳᠦᠷ | ᠬᠢᠷᠢ ᠲᠦᠪᠰᠢᠨ ᠲᠠᠢ ᠪᠠᠷ ᠣᠯᠠᠨ ᠤᠯᠤᠰ ᠯᠤᠭ᠎ᠠ ᠬᠠᠮᠲᠤᠷᠠᠯᠴᠠᠬᠤ ᠶᠢ ᠲᠦᠯᠬᠢᠨ ᠠᠬᠢᠭᠤᠯᠵᠤ᠂ ᠦᠪᠡᠷᠳᠡᠭᠡᠨ | ᠵᠠᠰᠠᠬᠤ ᠤᠷᠤᠨ ᠤ ᠰᠠᠭᠤᠷᠢ ᠰᠤᠳᠤᠯᠤᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃ ᠤᠯᠠᠨ | ᠤᠯᠤᠰ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠯᠢᠯᠴᠠᠭ᠎ᠠ ᠬᠢᠭᠡᠳ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠭᠠᠳᠠᠭᠠᠳᠤ ᠶᠢᠨ ᠦᠨᠳᠦᠷ ᠬᠢᠷᠢ ᠲᠥᠪᠰᠢᠨ ᠲᠠᠢ ᠶᠡᠭᠡ ᠰᠤᠷᠭᠠᠭᠤᠯᠢ ᠵᠢᠴᠢ ᠰᠤᠳᠤᠯᠤᠯ ᠤᠨ | ᠪᠠᠶᠢᠭᠤᠯᠤᠮᠵᠢ ᠯᠤᠭ᠎ᠠ ᠶᠢᠨ ᠤᠷᠳᠦ ᠬᠤᠭᠤᠴᠠᠭᠠᠨ ᠤ ᠪᠦᠳᠦᠮᠵᠢᠳᠡᠢ ᠬᠠᠮᠲᠤᠷᠠᠯᠴᠠᠬᠤ ᠳᠤᠬᠳᠠᠴᠠ ᠪᠠ ᠰᠢᠨᠵᠢᠯᠡᠬᠦ | ᠤᠬᠠᠭᠠᠨᠳᠠᠳ ᠡᠷᠳᠡᠮᠳᠡᠳ ᠤᠨ ᠬᠠᠷᠢᠯᠴᠠᠨ ᠠᠶᠢᠯᠴᠢᠯᠠᠬᠤ ᠳᠤᠬᠳᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠰᠢᠯᠢᠳᠡᠭ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠳᠠᠳ ᠢ ᠰᠤᠩᠭᠤᠨ ᠲᠣᠮᠢᠯᠠᠵᠤ ᠭᠠᠳᠠᠭᠠᠳᠤ ᠶᠢᠨ ᠲᠡᠷᠢᠭᠦᠨ | ᠳᠡᠰ ᠤᠨ ᠰᠤᠳᠤᠯᠤᠯ ᠤᠨ ᠪᠠᠶᠢᠭᠤᠯᠤᠮᠵᠢ ᠳᠤ ᠬᠦᠷᠴᠦ ᠰᠤᠳᠤᠯᠤᠨ ᠰᠤᠷᠤᠯᠴᠠᠭᠤᠯᠤᠨ᠎ᠠ᠃ ᠭᠠᠳᠠᠭᠠᠳᠤ ᠳᠠᠬᠢ | ᠰᠢᠨᠵᠢᠯᠡᠬᠦ ᠤᠬᠠᠭᠠᠨᠳᠠᠳ ᠬᠢᠭᠡᠳ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠤ ᠰᠤᠳᠤᠯᠭᠠᠳᠠᠳ | ᠬᠠᠮᠳᠤ ᠪᠠᠷ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠭᠡ ᠶᠢᠨ ᠡᠯ᠎ᠡ | ᠲᠥᠷᠥᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠨᠢ ᠳᠡᠮᠵᠢᠨ᠎ᠡ᠃ ᠳᠤᠮᠳᠠᠳᠤ ᠮᠤᠩᠭᠤᠯ ᠤᠷᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠤᠯᠤᠰ ᠤᠨ | ᠳᠤᠳᠤᠭᠠᠳᠤ ᠶᠢᠨ ᠨᠡᠷᠡᠲᠠᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ | ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ ᠤᠨ ᠬᠤᠭᠤᠷᠤᠨᠳᠤᠬᠢ ᠬᠠᠮᠲᠤᠷᠠᠯᠴᠠᠭ᠎ᠠ ᠰᠤᠯᠢᠯᠴᠠᠭ᠎ᠠ ᠶᠢ | ᠭᠦᠨᠵᠡᠭᠡᠶᠢᠷᠡᠭᠦᠯᠵᠦ᠂ ᠬᠤᠯᠪᠤᠭᠠᠯᠠᠵᠤ ᠪᠠᠶᠢᠭᠠᠳ ᠰᠤᠷᠭᠠᠭᠤᠯᠢ ᠡᠷᠬᠢᠯᠡᠬᠦ᠂ ᠬᠠᠨᠢᠲᠠᠨ ᠢᠶᠠᠷ ᠠᠵᠢᠯᠯᠠᠬᠤ | ᠲᠤᠷᠰᠢᠯᠲᠠ ᠶᠢᠨ ᠲᠠᠰᠤᠭ ᠪᠠᠶᠢᠭᠤᠯᠬᠤ᠂ ᠨᠡᠭᠡᠭᠡᠯᠲᠡ ᠲᠠᠢ ᠰᠡᠳᠦᠪ ᠳᠣᠭᠲᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ | ᠤᠷᠤᠨ ᠤ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠡᠬᠢ ᠪᠠᠶᠠᠯᠢᠭ ᠢ ᠢᠳᠡᠪᠬᠢᠳᠡᠢ ᠣᠷᠤᠭᠤᠯᠵᠤ᠂ | ᠬᠤᠰᠢᠭᠤᠷᠠᠬᠤ ᠰᠤᠳᠤᠯᠤᠯ ᠢ ᠬᠤᠯᠪᠤᠭᠠᠯᠠᠨ ᠦᠷᠨᠢᠭᠦᠯᠵᠦ᠂ ᠦᠪᠡᠷᠳᠡᠭᠡᠨ ᠵᠠᠰᠠᠬᠤ ᠤᠷᠤᠨ ᠤ ᠰᠠᠭᠤᠷᠢ | ᠰᠤᠳᠤᠯᠤᠯ ᠤᠨ ᠬᠢᠷᠢ ᠲᠥᠪᠰᠢᠨ ᠬᠢᠭᠡᠳ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠲᠦᠷᠭᠡᠪᠴᠢᠯᠡᠨ | ᠳᠡᠭᠡᠭᠰᠢᠯᠡᠭᠦᠯᠦᠨ᠎ᠡ᠃ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠵᠦᠪᠯᠡᠯ ᠲᠠᠢ | ᠬᠠᠮᠳᠤ ᠪᠠᠷ ᠬᠤᠯᠪᠤᠭᠠᠳᠤ ᠰᠠᠭᠤᠷᠢ ᠮᠦᠩᠭᠦ ᠶᠢ ᠴᠢᠷᠮᠠᠶᠢᠨ ᠪᠠᠶᠢᠭᠤᠯᠵᠤ᠂ ᠪᠦᠬᠦ ᠤᠯᠤᠰ ᠤᠨ ᠤᠶᠤᠨ ᠤ ᠡᠬᠢ | ᠪᠠᠶᠠᠯᠢᠭ ᠢᠶᠠᠷ ᠪᠦᠬᠦ ᠤᠷᠤᠨ ᠤ ᠠᠵᠤ ᠦᠢᠯᠡᠰ ᠤᠨ ᠬᠦᠭᠵᠢᠯᠳᠡ ᠶᠢᠨ ᠶᠠᠪᠤᠴᠠ ᠳᠠᠬᠢ ᠴᠢᠬᠤᠯᠠ ᠶᠡᠭᠡ ᠰᠢᠨᠵᠢᠯᠡᠬᠦ | ᠤᠬᠠᠭᠠᠨ ᠤ ᠠᠰᠠᠭᠤᠳᠠᠯ ᠪᠠ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠵᠦ᠂ | ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠪᠠᠷ ᠬᠤᠯᠪᠤᠭᠠᠯᠠᠵᠤ | ᠪᠠᠶᠢᠭᠠᠳ ᠵᠤᠭᠤᠰ ᠢᠶᠠᠷ ᠲᠤᠰᠠᠯᠠᠬᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠦᠷᠭᠡᠳᠭᠡᠨ᠎ᠡ᠃ ︵ | ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ︶ | ᠵᠢᠷᠭᠤᠭ᠎ᠠ᠂ ᠰᠠᠭᠤᠷᠢ ᠰᠤᠳᠤᠯᠤᠯ ᠤᠨ ᠬᠦᠭᠵᠢᠭᠦᠯᠬᠦ ᠲᠤᠬᠳᠠᠴᠠ ᠪᠠ ᠤᠷᠴᠢᠨ ᠨᠦᠬᠦᠴᠡᠯ ᠢ | ᠰᠢᠯᠢᠳᠡᠭᠵᠢᠭᠦᠯᠦᠨ᠎ᠡ | ︵ᠠᠷᠪᠠᠨ ᠳᠦᠷᠪᠡ︶ ᠰᠠᠭᠤᠷᠢ ᠰᠤᠳᠤᠯᠤᠯ ᠤᠨ ᠣᠯᠠᠨ ᠡᠰᠢᠵᠢᠭᠦᠯᠦᠭᠰᠡᠨ ᠤᠷᠤᠭᠤᠯᠤᠯᠲᠠ ᠬᠢᠬᠦ | ᠲᠣᠭᠲᠠᠴᠠ ᠶᠢ ᠪᠠᠶᠢᠭᠤᠯᠤᠨ᠎ᠠ᠃ ᠰᠠᠭᠤᠷᠢ ᠰᠤᠳᠤᠯᠤᠯ ᠤᠨ ᠵᠠᠷᠤᠳᠠᠯ ᠤᠨ ᠤᠷᠤᠭᠤᠯᠤᠯᠲᠠ ᠶᠢ ᠠᠯᠬᠤᠮ | ᠠᠯᠬᠤᠮ ᠢᠶᠠᠷ ᠨᠡᠮᠡᠭᠳᠡᠭᠦᠯᠵᠦ᠂ ᠴᠢᠬᠤᠯᠠ ᠶᠡᠭᠡ ᠪᠠ ᠭᠠᠷᠮᠠᠭᠠᠢ ᠵᠠᠯᠠᠭᠤᠴᠤᠳ ᠵᠡᠷᠭᠡ ᠲᠥᠷᠥᠯ ᠵᠦᠢᠯ ᠢ ᠪᠦᠬᠦ | ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠶᠢᠨ ᠵᠤᠭᠤᠰ ᠢᠶᠠᠷ ᠲᠤᠰᠠᠯᠠᠬᠤ ᠡᠷᠴᠢᠮ ᠢ | ᠴᠢᠩᠭᠠᠷᠠᠭᠤᠯᠵᠤ᠂ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠢᠴᠢ ᠪᠡᠯᠡᠳᠭᠡᠯ ᠡᠩᠨᠡᠭᠡ ᠶᠢ | ᠲᠣᠭᠳᠠᠭᠤᠨ ᠢᠶᠠᠷ ᠳᠡᠮᠵᠢᠬᠦ ᠶᠢ ᠴᠢᠩᠭᠠᠳᠬᠠᠵᠤ᠂ ᠰᠢᠯᠢᠳᠡᠭ ᠳᠡᠰ ᠢᠶᠠᠷ ᠦᠨᠡᠯᠡᠨ ᠵᠢᠱᠢᠭᠳᠡᠭᠰᠡᠨ ᠦᠪᠡᠷᠳᠡᠭᠡᠨ ᠵᠠᠰᠠᠬᠤ | ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠳ ᠢ ᠳᠠᠷᠠᠭᠠᠴᠢ ᠨᠦᠬᠦᠪᠦᠷᠢ ᠪᠠᠷ ᠳᠡᠮᠵᠢᠬᠦ ᠡᠷᠴᠢᠮ ᠢ | ᠴᠢᠩᠭᠠᠷᠠᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ | ᠤᠷᠲᠤ ᠬᠤᠭᠤᠴᠠᠭ᠎ᠠ ᠲᠠᠢ ᠲᠤᠬᠳᠠᠭᠤᠨ ᠢᠶᠠᠷ ᠳᠡᠮᠵᠢᠬᠦ ᠲᠤᠬᠳᠠᠴᠠ ᠶᠢ ᠳᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ | ᠤᠷᠤᠨ ᠤ ᠵᠢᠩᠬᠢᠨᠢ ᠠᠩᠭᠢ ᠲᠠᠢ ᠳᠡᠭᠡᠳᠦ ᠰᠤᠷᠭᠠᠭᠤᠯᠢ ᠳᠤ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠤᠯ ᠬᠢᠬᠦ | ᠳᠤᠬᠠᠶᠢᠯᠠᠭᠰᠠᠨ ᠠᠵᠢᠯ ᠤᠨ ᠰᠦᠢᠳᠭᠡᠯ ᠲᠣᠬᠢᠷᠠᠭᠤᠯᠬᠤ ᠶᠢ ᠳᠡᠮᠵᠢᠨ᠎ᠡ᠃ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠵᠦ | ᠪᠣᠳᠣᠬᠤ ᠪᠠ ᠰᠠᠭᠤᠯᠭᠠᠵᠤ ᠠᠪᠬᠤ ᠵᠡᠷᠭᠡ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠ | ᠨᠡᠶᠢᠭᠡᠮ ᠤᠨ ᠬᠦᠴᠦᠨ ᠢ ᠬᠦᠳᠦᠯᠦᠨ ᠵᠢᠯᠤᠭᠤᠳᠴᠦ ᠵᠤᠷᠢᠬᠵᠢᠭᠤᠯᠵᠤ ᠪᠠᠶᠢᠭᠠᠳ ᠰᠠᠭᠤᠷᠢ ᠰᠤᠳᠤᠯᠤᠯ ᠳᠠᠬᠢ | ᠤᠷᠤᠭᠤᠯᠤᠯᠲᠠ ᠶᠢ ᠨᠢ ᠨᠡᠮᠡᠭᠳᠡᠭᠦᠯᠦᠨ᠎ᠡ᠃ ᠡᠯ᠎ᠡ ᠠᠶᠢᠮᠠᠭ ᠬᠤᠲᠠ ᠨᠢ ᠲᠤᠰ ᠭᠠᠵᠠᠷ ᠤᠷᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠰᠠᠭᠤᠷᠢ ᠰᠤᠳᠤᠯᠤᠯ ᠢ ᠳᠡᠮᠵᠢᠬᠦ ᠡᠷᠴᠢᠮ ᠢ | ᠴᠢᠩᠭᠠᠷᠠᠭᠤᠯᠬᠤ ᠬᠡᠷᠡᠭᠳᠡᠢ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ | ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠦᠪᠦᠷ | ᠮᠤᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠤᠷᠳᠤᠨ︶ | ︵ᠠᠷᠪᠠᠨ ᠲᠠᠪᠤ︶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠪᠠ ᠵᠠᠷᠤᠳᠠᠯ ᠤᠨ | ᠬᠠᠮᠢᠶᠠᠷᠤᠯᠲᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠰᠠᠭᠤᠷᠢ ᠰᠤᠳᠤᠯᠤᠯ ᠤᠨ ᠵᠢᠮ᠎ᠡ ᠬᠠᠤᠯᠢ ᠳᠤ | ᠨᠡᠶᠢᠴᠡᠭᠰᠡᠨ ᠲᠥᠷᠥᠯ ᠵᠦᠢᠯ ᠤᠨ ᠵᠤᠬᠢᠶᠠᠨ ᠪᠠᠶᠢᠭᠤᠯᠬᠤ᠂ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭᠠᠬᠤ ᠬᠢᠭᠡᠳ | ᠰᠢᠢᠳᠪᠦᠷᠢᠳᠦ ᠪᠤᠳᠤᠯᠭ᠎ᠠ ᠳᠤᠭᠲᠠᠭᠠᠬᠤ ᠲᠣᠬᠳᠠᠴᠠ ᠶᠢ ᠳᠡᠭᠦᠯᠳᠡᠷᠵᠢᠭᠦᠯᠵᠤ᠂ ᠰᠠᠭᠤᠷᠢ ᠰᠤᠳᠤᠯᠤᠯ ᠤᠨ ᠲᠦᠷᠥᠯ | ᠵᠦᠢᠯ ᠢ ᠰᠢᠯᠢᠨ ᠰᠤᠩᠭᠤᠬᠤ ᠳᠤ ᠪᠠᠨ ᠰᠤᠳᠤᠯᠤᠯ ᠤᠨ ᠴᠢᠭᠯᠡᠯ᠂ ᠴᠢᠳᠠᠪᠤᠷᠢᠳᠠᠨ ᠤ ᠪᠦᠯᠬᠦᠮ ᠨᠡᠶᠢᠲᠡ ᠵᠢᠴᠢ | ᠰᠢᠨ᠎ᠡ ᠶᠢ ᠡᠭᠦᠳᠬᠦ ᠴᠢᠳᠠᠪᠤᠷᠢ ᠵᠡᠷᠭᠡ ᠶᠢ ᠨᠢ ᠰᠢᠨᠵᠢᠯᠡᠨ ᠪᠠᠶᠢᠴᠠᠭᠠᠬᠤ ᠶᠢ ᠨᠡᠩᠳᠡ ᠴᠢᠬᠤᠯᠠᠴᠢᠯᠠᠬᠤ ᠬᠡᠷᠡᠭᠳᠡᠢ᠃ | ᠰᠠᠭᠤᠷᠢ ᠰᠤᠳᠤᠯᠤᠯ ᠤᠨ ᠵᠢᠮ᠎ᠡ ᠬᠠᠤᠯᠢ ᠳᠤ ᠨᠡᠶᠢᠴᠡᠭᠰᠡᠨ ᠵᠠᠷᠤᠳᠠᠯ ᠤᠨ ᠬᠠᠮᠢᠶᠠᠷᠤᠯᠲᠠ ᠶᠢᠨ ᠲᠥᠷᠢᠮ ᠢ ᠪᠠᠶᠢᠭᠤᠯᠵᠤ | ᠂ ᠰᠠᠭᠤᠷᠢ ᠰᠤᠳᠤᠯᠤᠯ ᠤᠨ ᠲᠥᠷᠥᠯ ᠵᠦᠢᠯ ᠤᠨ ᠲᠦᠯᠦᠪᠯᠡᠭᠡᠳᠦ ᠡᠭᠦᠷᠭᠡ ᠶᠢᠨ ᠪᠢᠴᠢᠭ ᠢ ᠳᠦᠭᠦᠮᠴᠢᠯᠡᠵᠦ᠂ | ᠬᠠᠤᠯᠢ ᠶᠢᠨ ᠡᠷᠭᠡᠳᠡᠨ ᠲᠠᠢ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠳᠠᠳ ᠤᠨ ᠵᠠᠷᠤᠳᠠᠯ ᠬᠡᠷᠡᠭᠯᠡᠬᠦ ᠶᠢᠨ ᠡᠵᠨ | ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠢ ᠰᠡᠳᠭᠢᠯ ᠰᠢᠭᠤᠳᠴᠦ | ᠰᠢᠨᠵᠢᠯᠡᠬᠦ ᠤᠬᠠᠭᠠᠨ ᠤ ᠰᠤᠳᠤᠯᠤᠯ ᠬᠢᠬᠦ ᠬᠠᠩᠭᠠᠮᠵᠢᠲᠠᠢ ᠴᠠᠭ ᠲᠠᠢ ᠪᠣᠯᠭᠠᠨ᠎ᠠ᠃ ︵ᠬᠠᠷᠢᠭᠤᠴᠠᠯᠭᠠᠳᠤ ᠨᠢᠭᠡᠴᠢ᠄ | ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠰᠤᠷᠭᠠᠨ ᠬᠦᠮᠦᠵᠢᠯ ᠤᠨ ᠲᠢᠩᠭᠢᠮ︶ | ︵ᠠᠷᠪᠠᠨ ᠵᠢᠷᠭᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠴᠢᠯᠦᠭᠡᠳᠡᠢ | ᠨᠡᠭᠡᠭᠡᠵᠦ ᠬᠠᠮᠳᠤ ᠳᠤ ᠪᠠᠨ ᠬᠦᠷᠲᠡᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠬᠠᠮᠳᠤ ᠳᠤ ᠪᠠᠨ ᠬᠦᠷᠲᠡᠵᠦ ᠦᠢᠯᠡᠴᠢᠯᠡᠬᠦ ᠲᠠᠪᠴᠠᠩ ᠢ ᠪᠦᠳᠦᠭᠡᠨ | ᠪᠠᠶᠢᠭᠤᠯᠬᠤ ᠪᠠ ᠰᠢᠨᠵᠢᠯᠡᠬᠦ ᠤᠬᠠᠭᠠᠨ ᠤ ᠳ᠋ᠡᠶᠢᠲ᠋ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠷᠢᠴᠢ ᠴᠢᠨᠠᠷᠲᠠᠢ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠶᠠᠨᠳᠠᠭᠠᠨ ᠪᠤᠢ ᠪᠤᠯᠤᠭᠰᠠᠨ ᠲᠤᠰ ᠡᠬᠡ ᠲᠤᠭ᠎ᠠ ᠪᠠᠷᠢᠮᠳᠠ᠂ ᠤᠳᠤᠮᠰᠢᠯ᠂ | ᠬᠡᠪ ᠦᠯᠢᠭᠡᠷ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠦᠬᠦᠴᠡᠯ ᠪᠣᠯᠬᠤ ᠡᠬᠢ ᠪᠠᠶᠠᠯᠢᠭ | ᠴᠤᠭᠯᠠᠭᠤᠯᠬᠤ ᠶᠢ ᠡᠷᠴᠢᠮᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠨᠡᠩ ᠤᠯᠠᠨ ᠴᠢᠬᠤᠯᠠ ᠶᠡᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠪᠡᠯᠡᠳᠭᠡᠮᠵᠢ᠂ ᠰᠢᠨᠵᠢᠯᠡᠬᠦ ᠤᠬᠠᠭᠠᠨ ᠤ ᠳ᠋ᠡᠶᠢᠲ᠋ᠠ ᠪᠠ ᠬᠡᠮᠵᠢᠭᠦᠷᠯᠢᠭ | ᠲᠦᠬᠦᠭᠡᠷᠦᠮᠵᠢ ᠶᠢ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠤᠭᠴᠠ ᠳᠤ ᠴᠢᠭᠯᠡᠭᠦᠯᠦᠨ ᠴᠢᠯᠦᠭᠡᠳᠡᠢ | ᠨᠡᠭᠡᠭᠡᠬᠦ ᠶᠢ ᠲᠦᠯᠬᠢᠨ ᠠᠬᠢᠭᠤᠯᠤᠨ᠎ᠠ᠃ ᠰᠢᠨ᠎ᠡ ᠬᠤᠳᠠᠯᠳᠤᠨ ᠠᠪᠤᠭᠰᠠᠨ ᠲᠤᠮᠤ ᠬᠡᠯᠪᠡᠷᠢ ᠶᠢᠨ ᠰᠢᠨᠵᠢᠯᠡᠬᠦ | ᠤᠬᠠᠭᠠᠨ ᠤ ᠰᠤᠳᠤᠯᠤᠯ ᠤᠨ ᠬᠡᠮᠵᠢᠭᠦᠷᠯᠢᠭ ᠢ ᠪᠠᠶᠢᠴᠠᠭᠠᠵᠤ ᠳᠠᠬᠢᠨ ᠵᠦᠪᠯᠡᠬᠦ ᠲᠤᠬᠳᠠᠴᠠ ᠪᠠ ᠰᠢᠨᠵᠢᠯᠡᠬᠦ | ᠤᠬᠠᠭᠠᠨ ᠤ ᠰᠤᠳᠤᠯᠤᠯ ᠤᠨ ᠪᠡᠯᠡᠳᠭᠡᠮᠵᠢ ᠬᠢᠭᠡᠳ ᠬᠡᠮᠵᠢᠭᠦᠷᠯᠢᠭ ᠢ ᠴᠢᠯᠦᠭᠡᠳᠡᠢ ᠨᠡᠭᠡᠭᠡᠵᠦ ᠬᠠᠮᠳᠤ ᠳᠤ ᠪᠠᠨ | ᠬᠦᠷᠲᠡᠵᠦ ᠬᠠᠮᠢᠶᠠᠷᠬᠤ ᠲᠤᠭᠳᠠᠴᠠ ᠵᠢᠴᠢ ᠳᠠᠷᠠᠭᠠᠴᠢ ᠨᠦᠬᠦᠪᠦᠷᠢ ᠶᠢᠨ ᠲᠤᠭᠳᠠᠴᠠ ᠶᠢ ᠪᠠᠶᠢᠭᠤᠯᠵᠤ | ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡᠳᠭᠡᠮᠵᠢ ᠬᠢᠭᠡᠳ ᠬᠡᠮᠵᠢᠭᠦᠷᠯᠢᠭ ᠢ ᠴᠢᠯᠦᠭᠡᠳᠡᠢ | ᠨᠡᠭᠡᠭᠡᠵᠦ ᠬᠠᠮᠳᠤ ᠳᠤ ᠪᠠᠨ ᠬᠦᠷᠲᠡᠬᠦ ᠶᠢ ᠠᠬᠢᠭᠤᠯᠬᠤ ᠲᠠᠯ᠎ᠠ ᠪᠠᠷ ᠬᠢ ᠬᠠᠤᠯᠢ ᠶᠢᠨ ᠡᠷᠬᠡᠳᠡᠨ ᠲᠠᠢ ᠨᠢᠭᠡᠴᠢ ᠶᠢᠨ | ᠭᠤᠣᠯ ᠴᠤᠭᠴᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ︵ᠬᠠᠷᠢᠭᠤᠴᠠᠯᠭᠠᠳᠤ ᠨᠢᠭᠡᠴᠢ᠄ | ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠦᠭᠵᠢᠭᠦᠯᠦᠯᠲᠡ ᠪᠠ | ᠦᠭᠡᠷᠡᠴᠢᠯᠡᠯᠳᠡ ᠶᠢᠨ ᠵᠦᠪᠯᠡᠯ᠂ ᠲᠣᠮᠤ ᠳ᠋ᠠᠶᠢᠲ᠋ᠠ ᠶᠢᠨ ᠬᠦᠭᠵᠢᠭᠦᠯᠦᠯᠳᠡ ᠬᠠᠮᠢᠶᠠᠷᠤᠯᠳᠠ ᠶᠢᠨ ᠲᠣᠪᠴᠢᠶ᠎ᠠ᠂ ᠰᠤᠷᠭᠠᠨ | ᠬᠦᠮᠦᠵᠢᠯ ᠤᠨ ᠲᠢᠩᠭᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ︶ | ︵ᠠᠷᠪᠠᠨ ᠳᠤᠯᠤᠭ᠎ᠠ︶ ᠰᠠᠭᠤᠷᠢ ᠰᠤᠳᠤᠯᠤᠯ ᠤᠨ ᠤᠨᠴᠠᠯᠢᠭ ᠪᠠ ᠵᠢᠮ᠎ᠡ ᠶᠤᠰᠤᠨ ᠳᠤ ᠨᠡᠶᠢᠴᠡᠭᠰᠡᠨ ᠰᠢᠯᠭᠠᠨ | ᠦᠨᠡᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠠᠭᠤᠷᠢ ᠰᠤᠳᠤᠯᠤᠯ ᠤᠨ ᠵᠦᠷᠢᠶᠡᠵᠢᠭᠰᠡᠨ ᠰᠢᠯᠭᠠᠨ | ᠦᠨᠡᠯᠡᠬᠦ ᠲᠤᠷᠰᠢᠯᠲᠠ ᠶᠢᠨ ᠴᠡᠭ ᠢ ᠦᠷᠨᠢᠭᠦᠯᠵᠦ᠂ ᠠᠳᠠᠯᠢ ᠪᠤᠰᠤ ᠰᠢᠨᠵᠢᠯᠡᠬᠦ ᠤᠬᠠᠭᠠᠨ ᠤ ᠰᠤᠳᠤᠯᠤᠯ ᠤᠨ ᠭᠤᠣᠯ | ᠴᠤᠭᠴᠠ ᠳᠤ ᠴᠢᠭᠯᠡᠭᠦᠯᠦᠨ ᠲᠦᠷᠥᠯ ᠬᠤᠪᠢᠶᠠᠨ ᠰᠢᠯᠭᠠᠨ ᠦᠨᠡᠯᠡᠬᠦ ᠶᠢ ᠬᠡᠷᠡᠭᠵᠢᠭᠦᠯᠵᠦ᠂ ᠵᠤᠬᠢᠬᠤ ᠪᠠᠷᠢᠮᠵᠢᠶ᠎ᠠ ᠪᠠ | ᠳᠡᠰ ᠳᠠᠷᠠᠭᠠᠯᠠᠯ ᠢ ᠳᠤᠭᠳᠠᠭᠠᠵᠤ᠂ ᠰᠢᠨ᠎ᠡ ᠡᠭᠦᠳᠦᠯᠲᠡ ᠶᠢᠨ ᠴᠢᠨᠠᠷ ᠴᠢᠨᠰᠠᠭ᠎ᠠ ᠪᠠ ᠡᠷᠳᠡᠮ ᠰᠢᠨᠵᠢᠯᠡᠭᠡᠨ ᠤ ᠬᠤᠪᠢ | ᠨᠡᠮᠡᠷᠢ ᠪᠠᠷ ᠭᠤᠣᠯᠯᠠᠭᠰᠠᠨ ᠰᠢᠯᠭᠠᠨ ᠦᠨᠡᠯᠡᠬᠦ ᠳᠤᠭᠳᠠᠴᠠ ᠶᠢ ᠳᠡᠭᠦᠯᠳᠡᠷᠵᠢᠭᠦᠯᠦᠨ᠎ᠡ᠃ ᠰᠠᠭᠤᠷᠢ ᠰᠤᠳᠤᠯᠤᠯ ᠤᠨ | ᠰᠢᠯᠢᠳᠡᠭ ᠦᠷ᠎ᠡ ᠪᠦᠳᠦᠭᠡᠯ ᠪᠠ ᠴᠢᠳᠠᠪᠤᠷᠢᠳᠠᠨ ᠢ ᠱᠠᠩᠨᠠᠨ ᠬᠦᠬᠢᠭᠦᠯᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ | ᠤᠬᠠᠭᠠᠨ ᠤ ᠰᠤᠳᠤᠯᠭᠠᠳᠠᠳ ᠤᠨ ᠢᠷᠠᠭᠤ ᠠᠯᠳᠠᠷᠳᠦ ᠰᠡᠳᠬᠢᠯᠭᠡ ᠶᠢ ᠨᠡᠮᠡᠭᠳᠡᠭᠦᠯᠦᠨ᠎ᠡ᠃ ︵ᠬᠠᠷᠢᠭᠤᠴᠠᠯᠭᠠᠳᠤ | ᠨᠢᠭᠡᠴᠢ᠄ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠰᠤᠷᠭᠠᠨ ᠬᠦᠮᠦᠵᠢᠯ ᠤᠨ ᠲᠢᠩᠭᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ | ︵ᠠᠷᠪᠠᠨ ᠨᠠᠢᠮᠠ︶ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ ᠬᠢᠨᠠᠯᠲᠠ ᠳᠠᠯᠪᠢᠬᠤ ᠬᠢᠭᠡᠳ ᠦᠨᠡᠨᠴᠢ ᠢᠳᠡᠭᠡᠮᠵᠢᠳᠦ ᠬᠦᠮᠦᠵᠢᠯ ᠤᠨ | ᠤᠶᠠᠯᠳᠤᠯ ᠢ ᠪᠠᠷᠢᠮᠳᠠᠯᠠᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠢ ᠵᠢᠭᠠᠨ ᠬᠦᠮᠦᠵᠢᠭᠦᠯᠵᠤ ᠬᠦᠳᠦᠯᠦᠨ | ᠵᠢᠯᠤᠭᠤᠳᠴᠦ ᠪᠠᠶᠢᠭᠠᠳ ᠡᠷᠳᠡᠮ ᠰᠢᠨᠵᠢᠯᠡᠭᠡᠨ ᠤ ᠦᠨᠡᠨᠴᠢ ᠢᠳᠡᠭᠡᠮᠵᠢ ᠲᠠᠢ ᠪᠠᠶᠢᠬᠤ ᠶᠢ ᠪᠠᠷᠢᠮᠳᠠᠯᠠᠵᠤ᠂ ᠡᠷᠳᠡᠮ | ᠰᠢᠨᠵᠢᠯᠡᠭᠡᠨ ᠤ ᠶᠣᠰᠣ ᠰᠤᠷᠳᠠᠬᠤᠨ ᠢ ᠬᠢᠴᠢᠶᠡᠩᠭᠦ᠋ᠢᠯᠡᠨ ᠰᠠᠬᠢᠵᠤ᠂ ᠡᠷᠳᠡᠮ ᠰᠢᠨᠵᠢᠯᠡᠭᠡᠨ ᠤ ᠬᠦᠮᠦᠨᠴᠢ ᠴᠢᠨᠠᠷ ᠢ | ᠳᠡᠭᠦᠯᠳᠡᠷᠵᠢᠭᠦᠯᠵᠤ᠂ ᠡᠷᠳᠡᠮ ᠰᠢᠨᠵᠢᠯᠡᠭᠡᠨ ᠤ ᠨᠡᠷ᠎ᠡ ᠲᠥᠷᠥ ᠶᠢ ᠬᠠᠮᠠᠭᠠᠯᠠᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠶᠢ ᠵᠢᠯᠤᠭᠤᠳᠴᠦ ᠪᠠᠶᠢᠭᠠᠳ ᠡᠷᠳᠡᠮ ᠰᠢᠨᠵᠢᠯᠡᠭᠡᠨ ᠤ | ᠬᠠᠮᠢᠶᠠᠷᠤᠯᠲᠠ ᠶᠢᠨ ᠲᠥᠷᠢᠮ ᠢ ᠪᠠᠶᠢᠭᠤᠯᠣᠨ ᠳᠡᠭᠦᠯᠳᠡᠷᠵᠢᠭᠦᠯᠵᠤ᠂ ᠰᠢᠨᠵᠢᠯᠡᠬᠦ ᠤᠬᠠᠭᠠᠨ ᠤ ᠰᠤᠳᠤᠯᠭᠠᠳᠠᠳ ᠤᠨ | ᠡᠷᠳᠡᠮ ᠰᠢᠨᠵᠢᠯᠡᠭᠡᠨ ᠤ ᠲᠠᠯ᠎ᠠ ᠪᠠᠷ ᠦᠰᠦᠨ ᠲᠠᠪᠰᠢᠬᠤ ᠵᠠᠮ ᠮᠦᠷ ᠪᠠ ᠡᠷᠳᠡᠮ ᠰᠢᠨᠵᠢᠯᠡᠭᠡᠨ ᠤ ᠬᠢᠷᠢ | ᠲᠦᠪᠰᠢᠨ ᠳᠤ ᠨᠢ ᠮᠦᠷᠳᠡᠵᠦ ᠪᠠᠶᠢᠭᠠᠳ ᠦᠨᠡᠯᠡᠯᠳᠡ ᠬᠢᠵᠦ᠂ ᠡᠷᠳᠡᠮ ᠰᠢᠨᠵᠢᠯᠡᠭᠡᠨ ᠤ ᠴᠢᠬᠤᠯᠠ ᠦᠷ᠎ᠡ ᠪᠦᠳᠦᠭᠡᠯ | ᠨᠡᠶᠢᠲᠡᠯᠡᠬᠦ ᠳᠤ ᠬᠢᠨᠠᠨ ᠬᠠᠷᠭᠤᠭᠤᠯᠬᠤ ᠶᠢ ᠡᠷᠴᠢᠮᠵᠢᠭᠦᠯᠬᠦ ᠪᠠ ᠡᠷᠳᠡᠮ ᠰᠢᠨᠵᠢᠯᠡᠭᠡᠨ ᠤ ᠳᠠᠯ᠎ᠠ ᠪᠠᠷ ᠴᠢᠩᠭ᠎ᠠ | ᠠᠳᠬᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠳᠠᠬᠢ ᠲᠥᠪ ᠪᠤᠰᠤ ᠦᠢᠯᠡ ᠠᠵᠢᠯᠯᠠᠭ᠎ᠠ ᠶᠢ ︽ᠣᠭᠲᠣ | ᠠᠭᠤᠴᠢᠯᠠᠬᠤ ᠦᠭᠡᠢ︾ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠤᠯ ᠢ ᠵᠦᠪ ᠰᠢᠯᠭᠠᠨ ᠦᠨᠡᠯᠡᠬᠦ ᠪᠠᠷ | ᠤᠳᠤᠷᠢᠳᠤᠮᠵᠢ ᠪᠣᠯᠭᠠᠭᠰᠠᠨ ᠲᠥᠷᠥ ᠶᠢᠨ ᠪᠤᠳᠤᠯᠭ᠎ᠠ ᠶᠢ ᠪᠣᠢ ᠪᠣᠯᠭᠠᠨ᠂ ᠰᠢᠨᠵᠢᠯᠡᠬᠦ ᠤᠬᠠᠭᠠᠨ ᠤ ᠰᠤᠳᠤᠯᠤᠯ ᠳᠠᠬᠢ | ᠬᠠᠭᠤᠷᠮᠠᠭᠯᠠᠨ ᠵᠤᠬᠢᠶᠠᠬᠤ ᠦᠢᠯᠡ ᠠᠵᠢᠯᠯᠠᠭ᠎ᠠ ᠶᠢ ᠵᠠᠯᠬᠠᠭᠠᠵᠤ ᠲᠤᠷᠠᠭᠠᠬᠤ ᠡᠷᠴᠢᠮ ᠢ ᠴᠢᠩᠭᠠᠷᠠᠭᠤᠯᠵᠤ᠂ ᠴᠡᠪᠡᠷ | ᠠᠷᠢᠭᠤᠨ ᠪᠦᠭᠡᠳ ᠲᠥᠪ ᠴᠢᠭᠡᠴᠢ ᠪᠠᠷ ᠰᠢᠨ᠎ᠡ ᠶᠢ ᠡᠭᠦᠳᠬᠦ ᠤᠷᠴᠢᠨ ᠨᠦᠬᠦᠴᠡᠯ ᠲᠠᠢ ᠪᠣᠯᠭᠠᠨ᠎ᠠ᠃ ︵ | ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ︶ | ︵ᠠᠷᠪᠠ ᠶᠢᠰᠦ︶ ᠰᠢᠨᠵᠢᠯᠡᠬᠦ ᠤᠬᠠᠭᠠᠨ ᠤ ᠵᠤᠷᠢᠭ ᠰᠠᠨᠠᠭ᠎ᠠ ᠪᠠ ᠰᠢᠨ᠎ᠡ ᠶᠢ ᠡᠬᠦᠳᠬᠦ ᠰᠤᠶᠤᠯ ᠢ | ᠪᠠᠳᠠᠷᠠᠭᠤᠯᠦᠨ᠎ᠡ᠃ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠵᠤᠷᠢᠭ | ᠰᠠᠨᠠᠭ᠎ᠠ ᠪᠠ ᠰᠢᠨ᠎ᠡ ᠶᠢ ᠡᠭᠦᠳᠬᠦ ᠰᠤᠶᠤᠯ ᠢ ᠪᠠᠳᠠᠷᠠᠭᠤᠯᠬᠤ ᠲᠠᠯ᠎ᠠ ᠳᠠᠬᠢ ᠰᠠᠭᠤᠷᠢ ᠰᠤᠳᠤᠯᠤᠯ ᠤᠨ ᠴᠢᠬᠤᠯᠠ | ᠦᠢᠯᠡᠳᠦᠯ ᠢ ᠬᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠳᠠᠳ ᠢ ᠵᠤᠷᠢᠬᠵᠢᠭᠤᠯᠵᠤ ᠪᠠᠶᠢᠭᠠᠳ ᠨᠡᠶᠢᠭᠡᠮ | ᠨᠡᠶᠢᠲᠡ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ ᠤᠯᠤᠰ ᠤᠨ ᠪᠠ ᠦᠪᠡᠷᠳᠡᠭᠡᠨ ᠵᠠᠰᠠᠬᠤ | ᠤᠷᠤᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ ᠰᠠᠭᠤᠷᠢᠨ ᠭᠠᠵᠠᠷ ᠨᠢ | ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠤᠯᠠᠨ ᠬᠡᠯᠪᠡᠷᠢ ᠪᠠᠷ ᠨᠡᠶᠢᠭᠡᠮ ᠳᠤ | ᠬᠠᠨᠳᠤᠭᠤᠯᠤᠨ ᠦᠷᠨᠢᠭᠦᠯᠬᠦ ᠶᠢ ᠲᠦᠯᠬᠢᠨ ᠠᠬᠢᠭᠤᠯᠤᠨ᠎ᠠ᠃ ᠰᠢᠨ᠎ᠡ ᠡᠭᠦᠳᠦᠯᠲᠡ ᠶᠢ ᠵᠤᠷᠢᠬᠵᠢᠭᠤᠯᠬᠤ᠂ ᠢᠯᠠᠭᠳᠠᠯ ᠢ | ᠪᠠᠭᠲᠠᠭᠠᠵᠤ ᠠᠯᠳᠠᠰᠢ ᠶᠢ ᠨᠢ ᠠᠭᠤᠴᠢᠯᠠᠵᠣ ᠵᠠᠯᠠᠷᠠᠭᠤᠯᠬᠤ ᠳᠤᠭᠳᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠳᠠᠳ ᠢ ᠵᠤᠷᠢᠬᠵᠢᠭᠤᠯᠵᠤ ᠪᠠᠶᠢᠭᠠᠳ ᠵᠤᠷᠢᠭᠳᠠᠢ ᠪᠠᠷ ᠰᠦᠪᠡᠭᠴᠢᠯᠡᠵᠤ᠂ ᠦᠯᠦ ᠮᠡᠳᠡᠬᠦ ᠵᠦᠢᠯ ᠢ | ᠵᠤᠷᠢᠭᠲᠠᠢ ᠪᠠᠷ ᠤᠷᠤᠯᠳᠤᠵᠤ᠂ ᠨᠡᠶᠢᠭᠡᠮ ᠳᠠᠶᠠᠭᠠᠷ ᠲᠤ ᠵᠤᠷᠢᠭᠳᠠᠢ ᠪᠠᠷ ᠰᠢᠨ᠎ᠡ ᠶᠢ ᠡᠭᠦᠳᠬᠦ᠂ ᠡᠷᠡᠯᠬᠡᠭ ᠢᠶᠠᠷ | ᠰᠢᠨ᠎ᠡ ᠶᠢ ᠡᠭᠦᠳᠬᠦ ᠪᠠᠭᠲᠠᠭᠠᠮᠵᠢ ᠲᠠᠢ ᠪᠠᠷ ᠰᠢᠨ᠎ᠡ ᠶᠢ ᠡᠭᠦᠳᠬᠦ ᠶᠢ ᠵᠣᠷᠢᠬᠵᠢᠭᠤᠯᠬᠤ ᠰᠠᠶᠢᠨ ᠰᠠᠶᠢᠬᠠᠨ ᠤᠷᠴᠢᠨ | ᠨᠦᠬᠦᠴᠡᠯ ᠢ ᠢᠳᠡᠪᠬᠢᠳᠡᠢ ᠪᠣᠢ ᠪᠣᠯᠭᠠᠨ᠎ᠠ᠃ ︵ᠬᠠᠷᠢᠭᠤᠴᠠᠯᠭᠠᠳᠤ ᠨᠢᠭᠡᠴᠢ᠄ ᠦᠪᠡᠷᠳᠡᠭᠡᠨ ᠵᠠᠰᠠᠬᠤ ᠤᠷᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ | ᠰᠤᠷᠭᠠᠨ ᠬᠦᠮᠦᠵᠢᠯ ᠤᠨ ᠲᠢᠩᠭᠢᠮ︶ | | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |